ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠣᠷᠳᠣᠰ ᠬᠤᠲᠠ᠎ᠶᠢᠨ ᠾᠧᠩ ᠰᠢᠨ ᠯᠦ᠍ ᠴᠢᠶᠤᠤ ᠢᠨᠵᠧᠨᠧᠷᠢᠩ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 10 ᠪᠠᠷᠢᠯᠭ᠎ᠠ᠎ᠶᠢᠨ ᠠᠵᠤ ᠠᠬᠤᠶ᠋ᠢᠯᠠᠯ᠎ᠤᠨ ᠬᠢᠷᠢ ᠬᠡᠮ᠎ᠢ᠎ᠮᠡᠳᠡᠭᠦᠯᠬᠦ ᠮᠠᠲᠧᠷᠢᠶᠠᠯ᠎ᠢ ᠬᠢᠨᠠᠨ ᠪᠠᠶ᠋ᠢᠴᠠᠭᠠᠭᠰᠠᠨ ᠪᠠᠶ᠋ᠢᠳᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠤᠨ ᠢᠯᠡ ᠨᠡᠶ᠋ᠢᠳᠡᠯᠡᠯ
ᠨᠡᠶ᠋ᠢᠲᠡᠯᠡᠭᠰᠡᠨ ᠴᠠᠭ᠄ 2025-11-14

《ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠪᠠᠷᠢᠮᠵᠢᠶ᠎ᠠ》᠂ 《ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶᠢᠨ ᠲᠣᠭᠲᠠᠭᠠᠯ》᠂ 《ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶᠢᠨ ᠲᠣᠭᠲᠠᠭᠠᠯ ᠪᠠ ᠬᠢᠷᠢ ᠬᠡᠮ᠎ᠤᠨ ᠪᠠᠷᠢᠮᠵᠢᠶ᠎ᠠ᠎ᠶᠢᠨ ᠬᠡᠷᠡᠭᠵᠢᠭᠦᠯᠬᠦ ᠰᠠᠨᠠᠯ》 ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ᠎ᠶᠢ ᠦᠨᠳᠦᠰᠦᠯᠡᠨ᠂ ᠮᠠᠨ᠎ᠤ ᠲᠢᠩᠬᠢᠮ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠎ᠢ ᠬᠠᠮᠵᠢᠨ ᠵᠠᠰᠠᠮᠠᠯ ᠵᠠᠮ᠎ᠤᠨ ᠢᠨᠵᠸᠨ᠋ᠸᠷᠢᠩ᠎ᠦᠨ ᠬᠠᠮᠢᠶ᠎ᠠ ᠪᠥᠬᠦᠶ ᠬᠢᠷᠢ ᠬᠡᠮ᠎ᠢ ᠮᠡᠳᠡᠭᠦᠯᠬᠦ ᠮᠠᠲᠧᠷᠢᠶᠠᠯ᠎ᠳᠤ ᠠᠵᠢᠯ ᠲᠥᠷᠥᠯ᠎ᠤᠨ ᠬᠢᠨᠠᠨ ᠬᠠᠷᠭᠤᠭᠤᠯᠤᠯᠲᠠ ᠬᠢᠪᠠ ᠃ ᠡᠳᠦᠭᠡ ᠣᠷᠳᠣᠰ ᠬᠤᠲᠠ᠎ᠶᠢᠨ ᠾᠧᠩ ᠰᠢᠨ ᠯᠦ᠍ ᠴᠢᠶᠤᠤ ᠢᠨᠵᠧᠨᠧᠷᠢᠩ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 10 ᠪᠠᠷᠢᠯᠭ᠎ᠠ᠎ᠶᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠮᠡᠳᠡᠭᠦᠯᠬᠦ ᠮᠠᠲᠧᠷᠢᠶᠠᠯ᠎ᠤᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭᠠᠭᠰᠠᠨ ᠪᠠᠶ᠋ᠢᠳᠠᠯ᠎ᠢ ᠢᠯᠡ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ᠎ᠶᠢ ᠬᠦᠯᠢᠶᠡᠨ᠎ᠡ ᠃ ᠢᠯᠡ ᠨᠡᠶ᠋ᠢᠲᠡᠯᠡᠬᠦ ᠴᠠᠭ᠎ᠨᠢ 2025 ᠣᠨ᠎ᠤ 11 ᠳ᠋ᠦ᠍ᠭᠡᠷ ᠰᠠᠷ᠎ᠠ᠎ᠶᠢᠨ 11᠎ᠤ ᠡᠳᠦᠷ᠎ᠠᠴᠠ 2025 ᠣᠨ᠎ᠤ 11 ᠳ᠋ᠦ᠍ᠭᠡᠷ ᠰᠠᠷ᠎ᠠ᠎ᠶᠢᠨ 17᠎ᠤ ᠡᠳᠦᠷ ᠪᠣᠯᠲᠠᠯ᠎ᠠ ᠃

ᠢᠯᠡ ᠨᠡᠶ᠋ᠢᠲᠡᠯᠡᠬᠦ ᠬᠤᠭᠤᠴᠠᠭᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠡᠳᠡᠭᠡ ᠵᠠᠩᠭᠢ᠎ᠳᠠᠬᠢ ᠬᠤᠳᠠᠯ ᠬᠠᠭᠤᠷᠮᠠᠭ ᠠᠭᠤᠯᠭ᠎ᠠ᠎ᠶᠢ ᠮᠠᠨ᠎ᠤ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠢᠯᠡᠴᠢᠯᠡᠨ ᠮᠡᠳᠡᠭᠦᠯᠵᠦ ᠪᠣᠯᠤᠨ᠎ᠠ᠂ ᠬᠤᠭᠤᠴᠠᠭ᠎ᠠ ᠥᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ (ᠰᠢᠤᠳᠠᠨ᠎ᠢᠶᠠᠷ ᠢᠯᠡᠭᠡᠭᠰᠡᠨ ᠮᠠᠲᠸᠷᠢᠶᠠᠯ᠎ᠢ ᠰᠢᠤᠳᠠᠨ᠎ᠤ ᠲᠠᠮᠠᠭ᠎ᠠ᠎ᠶᠢᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ )᠃ ᠬᠠᠷᠭᠤᠭᠤᠯᠤᠨ ᠪᠠᠶ᠋ᠢᠴᠠᠭᠠᠬᠤ᠎ᠳᠤ ᠳᠦᠭᠦᠮ᠎ᠦᠨ ᠲᠤᠰᠠᠳᠠ᠂ ᠢᠯᠡᠴᠢᠯᠡᠨ ᠮᠡᠳᠡᠭᠦᠯᠦᠭᠰᠡᠨ ᠮᠠᠲᠧᠷᠢᠶᠠᠯ᠎ᠤᠨ ᠠᠭᠤᠯᠭ᠎ᠠ ᠨᠢ ᠪᠣᠲᠠᠲᠠᠢ ᠪᠠᠢᠵᠤ᠂ ᠬᠠᠷᠢᠯᠴᠠᠬᠤ ᠤᠲᠠᠰᠤ᠂ ᠬᠠᠶᠢᠭ᠋ ᠪᠠ ᠰᠢᠤᠳᠠᠨ᠎ᠤ ᠳ᠋ᠤᠭᠠᠷ᠎ᠢᠶᠠᠨ ᠲᠣᠳᠣᠷᠬᠠᠶ ᠪᠢᠴᠢᠵᠦ᠂ ᠪᠠᠢᠭᠤᠯᠭ᠎ᠠ ᠨᠢᠭᠡᠴᠢ ᠢᠯᠡᠴᠢᠯᠡᠨ ᠮᠡᠳᠡᠭᠦᠯᠬᠦ᠎ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠢᠯᠡᠴᠢᠯᠡᠨ ᠮᠡᠳᠡᠭᠦᠯᠬᠦ᠎ᠳᠤ ᠦᠨᠡᠨ ᠪᠣᠳᠠᠲᠠᠶ ᠣᠪᠣᠭ ᠨᠡᠷ᠎ᠡ᠎ᠳᠤ ᠭᠠᠷ᠎ᠤᠨ ᠥᠰᠥᠭ ᠵᠢᠷᠤᠬᠤ ᠬᠡᠷᠡᠭᠲᠡᠶ ᠃

ᠬᠠᠶᠢᠭ᠋ ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶᠢᠨ ᠰᠠᠶ᠋ᠢᠬᠠᠨ ᠲᠣᠭᠤᠷᠢᠭ᠋᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ᠎ᠶᠢᠨ ᠡᠮᠦᠨ᠎ᠡ ᠵᠡᠭᠡᠯᠢ᠎ᠶᠢᠨ 68 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠤᠨ ᠪᠥᠲᠥᠭᠡᠨ ᠪᠠᠶ᠋ᠢᠭᠤᠯᠤᠯᠲᠠ᠎ᠶᠢᠨ ᠬᠠᠮᠢᠶᠠᠷᠤᠯᠲᠠ᠎ᠶᠢᠨ ᠭᠠᠵᠠᠷ ; ᠰᠢᠤᠳᠠᠨ᠎ᠤ ᠳ᠋ᠤᠭᠠᠷ ᠄ 010020

ᠬᠠᠷᠢᠯᠴᠠᠬᠤ ᠬᠦᠮᠦᠨ ᠄ ᠶᠠᠩ ᠯᠢ ᠱᠢ   ᠵᠠᠩ ᠵᠢᠶᠦ᠋ᠨ ᠪᠢᠨ

ᠬᠠᠷᠢᠯᠴᠠᠬᠤ ᠤᠲᠠᠰᠤ ᠄ 0471 - 6969040

ᠢᠮᠧᠯ ᠄ JTYSTJSGLCSCGL@163.com

 

ᠳᠠᠭᠠᠯᠳᠤᠭᠤᠯᠤᠯ ᠄ ᠵᠠᠰᠠᠮᠠᠯ ᠵᠠᠮ᠎ᠤᠨ ᠢᠨᠵᠸᠨ᠋ᠸᠷᠢᠩ᠎ᠦᠨ ᠪᠠᠷᠢᠯᠭ᠎ᠠ᠎ᠶ᠋ᠢᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠲᠤᠰᠬᠠᠶ ᠮᠡᠷᠭᠡᠵᠢᠯᠲᠡᠨ᠎ᠤ ᠬᠢᠨᠠᠨ ᠪᠠᠶ᠋ᠢᠴᠠᠭᠠᠭᠰᠠᠨ ᠰᠠᠨᠠᠯ.xls

 

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ

            2025 ᠣᠨ᠎ᠤ 11 ᠳ᠋ᠦ᠍ᠭᠡᠷ ᠰᠠᠷ᠎ᠠ᠎ᠶᠢᠨ 11᠎ᠦ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            