ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠵᠢᠩ ᠴᠧᠩ ᠪᠥᠲᠥᠭᠡᠨ ᠪᠠᠢᠭᠤᠯᠤᠯᠲᠠ(ᠥᠪᠥᠷ ᠮᠣᠩᠭᠤᠯ)᠎ᠶ᠋ᠢᠨ ᠬᠢᠵᠠᠭᠠᠷᠲᠤ ᠺᠣᠮᠫᠠᠨᠢ ᠵᠡᠷᠭᠡ 10 ᠪᠠᠷᠢᠯᠭ᠎ᠠ᠎ᠶᠢᠨ ᠠᠵᠤ ᠠᠬᠤᠢᠯᠠᠯ᠎ᠤᠨ ᠬᠢᠷᠢ ᠬᠡᠮ᠎ᠢ ᠮᠡᠳᠡᠭᠦᠯᠬᠦ᠌ ᠮᠠᠲ᠋ᠧᠷᠢᠶᠠᠯ᠎ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠯᠪᠠᠨ ᠵᠠᠷ
ᠨᠡᠶ᠋ᠢᠲᠡᠯᠡᠭᠰᠡᠨ ᠴᠠᠭ᠄ 2025-11-20

《ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠎ᠤᠨ ᠬᠢᠷᠢ ᠬᠡᠮ᠎ᠤᠨ ᠪᠠᠷᠢᠮᠵᠢᠶ᠎ᠠ》᠂ 《ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ》᠂ 《ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ ᠪᠠ ᠬᠢᠷᠢ ᠬᠡᠮ᠎ᠤᠨ ᠪᠠᠷᠢᠮᠵᠢᠶ᠎ᠠ᠎ᠶ᠋ᠢᠨ ᠬᠡᠷᠡᠭ᠌ᠵᠢᠭᠦᠯᠬᠦ᠌ ᠰᠠᠨᠠᠯ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠲᠢᠩᠬᠢᠮ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠢ ᠬᠠᠮᠵᠢᠨ ᠵᠠᠰᠠᠮᠠᠯ ᠵᠠᠮ᠎ᠤᠨ ᠪᠠᠷᠢᠯᠭ᠎ᠠ᠎ᠶ᠋ᠢᠨ ᠬᠠᠮᠢᠶ᠎ᠠ ᠪᠥᠬᠦᠶ ᠬᠢᠷᠢ ᠬᠡᠮ᠎ᠤᠨ ᠮᠡᠳᠡᠭᠦᠯᠬᠦ᠌ ᠮᠠᠲ᠋ᠧᠷᠢᠶᠠᠯ᠎ᠳᠤ ᠠᠵᠢᠯ ᠲᠥᠷᠥᠯ᠎ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠵᠢᠩ ᠴᠧᠩ ᠪᠥᠲᠥᠭᠡᠨ ᠪᠠᠢᠭᠤᠯᠤᠯᠲᠠ (ᠥᠪᠥᠷ ᠮᠣᠩᠭᠤᠯ) ᠎ᠶ᠋ᠢᠨ ᠬᠢᠵᠠᠭᠠᠷᠲᠤ ᠺᠣᠮᠫᠠᠨᠢ ᠵᠡᠷᠭᠡ 10 ᠪᠠᠷᠢᠯᠭ᠎ᠠ᠎ᠶ᠋ᠢᠨ ᠠᠵᠤ ᠠᠬᠤᠢᠯᠠᠯ᠎ᠤᠨ ᠬᠢᠷᠢ ᠬᠡᠮ᠎ᠢ ᠮᠡᠳᠡᠭᠦᠯᠬᠦ᠌ ᠮᠠᠲ᠋ᠧᠷᠢᠶᠠᠯ᠎ᠤᠨ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠭ᠍ᠰᠠᠨ ᠪᠠᠢᠳᠠᠯ᠎ᠢ ᠵᠠᠷᠯᠠᠨ ᠨᠡᠢᠲᠡᠯᠡᠵᠦ᠍᠂ ᠨᠡᠢᠭᠡᠮ᠎ᠤᠨ ᠬᠢᠨᠠᠯᠲᠠ᠎ᠶ᠋ᠢ ᠬᠦᠯᠢᠶᠡᠨ᠎ᠡ᠃ ᠵᠠᠷᠯᠠᠨ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 11 ᠳ᠋ᠤᠭᠡᠷ ᠰᠠᠷ᠎ᠠ᠎ᠶ᠋ᠢᠨ 18 ᠎ᠤ ᠡᠳᠦᠷ᠎ᠠᠴᠠ 2025 ᠣᠨ᠎ᠤ 11 ᠳ᠋ᠤᠭᠡᠷ ᠰᠠᠷ᠎ᠠ᠎ᠶ᠋ᠢᠨ 24 ᠎ᠤ ᠡᠳᠦᠷ ᠪᠣᠯᠤᠨ᠎ᠠ᠃

ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠢᠯᠠᠯ᠎ᠤᠨ ᠮᠡᠳᠡᠭᠦᠯᠦᠭ᠌ᠰᠡᠨ ᠮᠡᠳᠡᠭᠡ ᠵᠠᠩᠭᠢ᠎ᠳᠠᠬᠢ ᠬᠤᠳᠠᠯ ᠬᠠᠭᠤᠷᠮᠠᠭ ᠠᠭᠤᠯᠭ᠎ᠠ᠎ᠶ᠋ᠢ ᠮᠠᠨ᠎ᠤ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠢᠯᠡᠴᠢᠯᠡᠨ ᠮᠡᠳᠡᠭᠦᠯᠵᠦ᠍ ᠪᠣᠯᠤᠨ᠎ᠠ᠃ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ (ᠰᠢᠤᠳᠠᠨ᠎ᠢᠶᠠᠷ ᠶᠠᠪᠤᠭᠤᠯᠤᠭᠰᠠᠨ ᠮᠠᠲᠧᠷᠢᠶᠠᠯ᠎ᠢ ᠰᠢᠤᠳᠠᠨ᠎ᠤ ᠲᠠᠮᠠᠭ᠎ᠠ ᠳᠠᠷᠤᠭᠰᠠᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ)᠃ ᠬᠠᠷᠭᠤᠭᠤᠯᠤᠨ ᠪᠠᠢᠴᠠᠭᠠᠬᠤ᠎ᠳᠤ ᠳᠥᠭᠦᠮ ᠦᠵᠡᠭᠦᠯᠬᠦ᠌᠎ᠶ᠋ᠢᠨ ᠲᠥᠯᠥᠭᠡ᠂ ᠢᠯᠡᠴᠢᠯᠡᠨ ᠮᠡᠳᠡᠭᠦᠯᠦᠭ᠌ᠰᠡᠨ ᠮᠠᠲ᠋ᠧᠷᠢᠶᠠᠯ᠎ᠤᠨ ᠠᠭᠤᠯᠭ᠎ᠠ᠎ᠶ᠋ᠢ ᠪᠣᠳᠠᠲᠠᠶ ᠪᠠᠢᠯᠭᠠᠵᠤ᠂ ᠬᠠᠷᠢᠯᠴᠠᠬᠤ ᠤᠲᠠᠰᠤ᠂ ᠬᠠᠶᠢᠭ ᠪᠠ ᠱᠢᠤᠳᠠᠨ᠎ᠤ ᠳ᠋ᠤᠭᠠᠷ᠎ᠢ ᠲᠣᠳᠣᠷᠬᠠᠶ ᠪᠢᠴᠢᠵᠦ᠍᠂  ᠨᠢᠭᠡᠴᠢ ᠢᠯᠡᠴᠢᠯᠡᠨ ᠮᠡᠳᠡᠭᠦᠯᠬᠦ᠎ᠳᠦ᠎ᠪᠡᠨ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠢᠯᠡᠴᠢᠯᠡᠨ ᠮᠡᠳᠡᠭᠦᠯᠬᠦ᠎ᠳᠦ᠎ᠪᠡᠨ ᠦᠨᠡᠨ ᠪᠣᠳᠠᠲᠠᠢ ᠣᠪᠣᠭ ᠨᠡᠷ᠎ᠡ᠎ᠪᠡᠨ ᠪᠢᠴᠢᠬᠦ ᠬᠡᠷᠡᠭᠲᠡᠢ᠃

ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠭᠠᠵᠠᠷ ᠱᠢᠨᠵᠢᠯᠡᠭᠡᠨ᠎ᠤ ᠲᠣᠪᠴᠢᠶ᠎ᠠ᠎ᠶ᠋ᠢᠨ ᠡᠮᠦᠨ᠎ᠡ ᠵᠡᠭᠡᠯᠢ᠎ᠶ᠋ᠢᠨ 68 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ; ᠱᠢᠤᠳᠠᠨ᠎ᠤ ᠳ᠋ᠤᠭᠠᠷ᠄ 010020

ᠬᠠᠷᠢᠯᠴᠠᠭ᠍ᠴᠢ᠄ ᠶᠠᠩ ᠯᠢ ᠱ᠌ᠢ   ᠵᠠᠩ ᠵᠢᠶᠦ᠋ᠨ ᠪᠢᠨ

ᠬᠠᠷᠢᠯᠴᠠᠬᠤ ᠤᠲᠠᠰᠤ᠄ 0471 - 6969040

ᠢᠮᠧᠯ᠄ JTYSTJSGLCSCGL@163.com

 

ᠳᠠᠭᠠᠯᠳᠤᠭᠤᠯᠤᠯ᠄ ᠵᠠᠰᠠᠮᠠᠯ ᠵᠠᠮ᠎ᠤᠨ ᠪᠠᠷᠢᠯᠭ᠎ᠠ ᠪᠠᠷᠢᠬᠤ ᠠᠵᠤ ᠠᠬᠤᠢᠯᠠᠯ᠎ᠤᠨ ᠬᠢᠷᠢ ᠬᠡᠮ᠎ᠤᠨ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠭ᠍ᠰᠠᠨ ᠰᠠᠨᠠᠯ.xls

 

    ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ

              2025 ᠣᠨ᠎ᠤ 11 ᠳ᠋ᠦ᠍ᠭᠡᠷ ᠰᠠᠷ᠎ᠠ᠎ᠶ᠋ᠢᠨ 18 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            