ᠡᠯ᠎ᠡ ᠠᠢᠮᠠᠭ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠎ᠳᠤ᠄
ᠱᠢᠨ᠎ᠡ ᠴᠠᠭ ᠦᠶ᠎ᠡ᠎ᠶ᠋ᠢᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠢ ᠴᠢᠩᠭᠠᠳᠭᠠᠬᠤ ᠲᠤᠬᠠᠶ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠮᠠᠱᠢᠨᠲᠤ ᠲᠡᠷᠭᠡ ᠵᠢᠯᠣᠭᠤᠳᠭᠤ ᠰᠤᠷᠭᠠᠭ᠍ᠴᠢ᠎ᠶ᠋ᠢᠨ ᠠᠵᠢᠯ ᠮᠡᠷᠭᠡᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠮᠠᠱᠢᠨᠲᠤ ᠲᠡᠷᠭᠡ ᠵᠢᠯᠣᠭᠤᠳᠭᠤ ᠪᠣᠯᠪᠠᠰᠤᠷᠠᠯ᠎ᠤᠨ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠤᠰᠠᠳᠠ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠲᠥᠪ᠎ᠤᠨ 《ᠠᠷᠪᠠᠨ ᠵᠢᠷᠭᠤᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠪᠡᠯᠡᠳᠭᠡᠯ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ( ᠠᠵᠢᠯ ᠱᠢᠯᠭᠠᠯᠲᠠ ᠵᠠᠬᠢᠳᠠᠯ [2025] 232 ᠳ᠋ᠤᠭᠠᠷ ᠲᠣᠭᠠᠲᠤ ) ᠤᠨ ᠱᠠᠭᠠᠷᠳᠠᠯᠭ᠎ᠠ᠎ᠶ᠋ᠢ ᠦᠨᠳᠦᠰᠦᠯᠡᠨ᠂ 2025 ᠣᠨ᠎ᠤ 12 ᠳ᠋ᠤᠭᠠᠷ ᠰᠠᠷ᠎ᠠ᠎ᠶ᠋ᠢᠨ ᠡᠬᠢ᠎ᠪᠠᠷ 2025 ᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠮᠠᠱᠢᠨᠲᠤ ᠲᠡᠷᠭᠡ ᠵᠢᠯᠣᠭᠤᠳᠭᠤ ᠰᠤᠷᠭᠠᠭ᠍ᠴᠢ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠥᠪᠥᠷ ᠮᠣᠩᠭᠤᠯ᠎ᠤᠨ ᠤᠷᠤᠯᠳᠤᠭᠠᠨ᠎ᠤ ᠲᠣᠭᠤᠷᠢᠭ᠎ᠤᠨ ᠪᠡᠯᠡᠳᠭᠡᠯ ᠤᠷᠤᠯᠳᠤᠭᠠᠨ᠎ᠢ ᠡᠷᠭᠢᠯᠡᠬᠦ᠌᠎ᠪᠠᠷ ᠲᠣᠭ᠍ᠲᠠᠪᠠ᠃ ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠠᠴᠠ ᠭᠤᠤᠯᠯᠠᠨ ᠡᠷᠭᠢᠯᠡᠵᠦ᠍᠂ ᠥᠪᠥᠷ ᠮᠣᠩᠭᠤᠯ᠎ᠤᠨ ᠮᠠᠱᠢᠨᠲᠤ ᠲᠡᠷᠭᠡᠨ᠎ᠤ ᠵᠢᠯᠣᠭᠤᠴᠢ᠎ᠶ᠋ᠢᠨ ᠪᠣᠯᠪᠠᠰᠤᠷᠠᠯ᠎ᠤᠨ ᠠᠵᠢᠯ ᠲᠥᠷᠥᠯ᠎ᠤᠨ ᠨᠡᠢᠭᠡᠮᠯᠢᠭ ᠳᠠᠭᠠᠭᠠᠨ ᠡᠷᠭᠢᠯᠡᠵᠦ᠍᠂ ᠡᠳᠦᠭᠡ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠄
ᠨᠢᠬᠡ᠂ ᠤᠷᠤᠯᠳᠤᠭᠠᠨ᠎ᠤ ᠠᠵᠢᠯ ( ᠲᠤᠭᠤᠢᠯᠠᠩ ᠬᠤᠪᠢᠶᠠᠬᠤ)
ᠤᠷᠤᠯᠳᠤᠭᠠᠨ᠎ᠤ ᠲᠤᠬᠠᠢᠯᠠᠭ᠍ᠰᠠᠨ ᠠᠵᠢᠯ᠎ᠨᠢ ᠮᠠᠱᠢᠨ ᠲᠡᠷᠭᠡ ᠵᠢᠯᠣᠭᠤᠳᠭᠤ ᠵᠢᠭᠠᠨ ᠰᠤᠷᠭᠠᠭ᠍ᠴᠢ ᠪᠣᠯᠤᠨ᠎ᠠ᠂ ᠪᠣᠳᠠᠲᠠᠶ᠎ᠪᠠᠷ ᠵᠢᠵᠢᠭ ᠬᠡᠯᠪᠡᠷᠢ᠎ᠶ᠋ᠢᠨ ᠮᠠᠱᠢᠨ ᠲᠡᠷᠭᠡᠨ᠎ᠤ ᠵᠢᠭᠠᠨ ᠰᠤᠷᠭᠠᠭ᠍ᠴᠢ ᠪᠠ ᠲᠣᠮᠣ ᠬᠡᠯᠪᠡᠷᠢ᠎ᠶ᠋ᠢᠨ ᠪᠠᠷᠠᠭᠠᠨ᠎ᠤ ᠲᠡᠷᠭᠡ᠎ᠶᠢ ᠵᠢᠯᠣᠭᠤᠳᠭᠤ ᠵᠢᠭᠠᠨ ᠰᠤᠷᠭᠠᠭ᠍ᠴᠢ ᠭᠡᠵᠦ᠍ ᠬᠤᠶᠠᠷ ᠪᠦᠯᠦᠭ ᠬᠤᠪᠢᠶᠠᠪᠠ᠃
ᠬᠤᠶᠠᠷ᠂ ᠤᠷᠤᠯᠳᠤᠭᠠᠨ᠎ᠳᠤ ᠣᠷᠣᠯᠴᠠᠭ᠍ᠰᠠᠳ᠎ᠤᠨ ᠱᠠᠭᠠᠷᠳᠠᠯᠭ᠎ᠠ
(ᠨᠢᠭᠡ) ᠬᠥᠮᠥᠰ᠎ᠦᠨ ᠬᠡᠪᠴᠢᠶ᠎ᠡ ᠨᠢ ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠥᠷᠥᠯ᠎ᠦᠨ ᠮᠠᠰᠢᠨᠲᠤ ᠲᠡᠷᠭᠡᠨ᠎ᠦ ᠲᠡᠷᠭᠡ ᠬᠥᠰᠬᠡ ᠵᠢᠴᠢ ᠲᠤᠰᠠᠯᠠᠬᠤ ᠵᠢᠭᠠᠨ ᠰᠤᠷᠭᠠᠯᠲᠠ᠎ᠶᠢᠨ ᠲᠥᠬᠦᠭᠡᠷᠦᠮᠵᠢ᠎ᠶᠢ ᠬᠡᠷᠡᠭᠯᠡᠨ ᠪᠣᠯᠪᠠᠰᠤᠷᠠᠭᠤᠯᠬᠤ ᠡᠲᠡᠭᠡᠳ᠎ᠲᠦ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠮᠡᠳᠡᠯᠭᠡ ᠪᠠ ᠠᠮᠤᠷ ᠲᠦᠪᠰᠢᠨ᠎ᠢᠶᠡᠷ ᠵᠢᠯᠤᠭᠣᠳᠬᠤ ᠮᠡᠷᠭᠡᠵᠢᠯ ᠴᠢᠳᠠᠪᠤᠷᠢ᠎ᠶᠢ ᠤᠯᠠᠮᠵᠢᠯᠠᠵᠤ ᠥᠭᠬᠦ ᠨᠢᠭᠡᠳᠦᠭᠡᠷ ᠹᠷᠣᠨᠲ᠎ᠤᠨ ᠠᠵᠢᠯᠲᠠᠨ ᠪᠣᠯᠣᠨ᠎ᠠ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠮᠠᠱᠢᠨᠲᠤ ᠲᠡᠷᠭᠡᠨ᠎ᠤ ᠵᠢᠯᠣᠭᠤᠴᠢ᠎ᠶ᠋ᠢᠨ ᠦᠨᠡᠮᠯᠡᠯ》 ( ᠵᠢᠯᠣᠭᠤᠳᠭᠤ ᠲᠡᠷᠭᠡᠨ᠎ᠤ ᠬᠡᠯᠪᠡᠷᠢ C1 ᠪᠤᠶᠤ B2᠂ ᠪᠡᠶ᠎ᠡ᠎ᠶ᠋ᠢᠨ ᠦᠨᠡᠮᠯᠡᠯ᠂ ᠵᠢᠯᠣᠭᠤᠴᠢ᠎ᠶ᠋ᠢᠨ ᠦᠨᠡᠮᠯᠡᠯ᠎ᠤᠨ ᠪᠠᠭᠤᠯᠭᠠᠪᠤᠷᠢ᠎ᠶ᠋ᠢ ᠬᠠᠩᠭ᠋ᠠᠨ᠎ᠠ )᠂ ᠲᠡᠷᠭᠡ ᠵᠢᠯᠣᠭᠣᠳᠤᠭᠰᠠᠨ ᠣᠨ ᠵᠢᠯ ᠨᠢ 5 ᠵᠢᠯ᠎ᠡᠴᠡ ᠳᠡᠭᠡᠭᠰᠢ ᠪᠥᠭᠡᠳ ᠵᠣᠬᠢᠴᠠᠩᠭᠤᠢ ᠪᠠᠷ ᠵᠢᠭᠠᠨ ᠰᠤᠷᠭᠠᠬᠤ᠎ᠶᠢ ᠵᠥᠪᠰᠢᠶᠡᠷᠡᠭᠰᠡᠨ ᠲᠡᠷᠭᠡᠨ᠎ᠦ ᠬᠡᠯᠪᠡᠷᠢ᠎ᠶᠢᠨ ᠠᠮᠤᠷ ᠲᠦᠪᠰᠢᠨ᠎ᠢᠶᠡᠷ ᠲᠡᠷᠭᠡ ᠵᠢᠯᠣᠭᠣᠳᠤᠭᠰᠠᠨ ᠥᠩᠭᠡᠷᠡᠯᠲᠡ ᠨᠢ 3 ᠵᠢᠯ᠎ᠡᠴᠡ ᠳᠡᠭᠡᠭᠰᠢ ᠪᠠᠢᠵᠤ᠂ ᠶᠠᠯ᠎ᠠ ᠬᠢᠭ᠌ᠰᠡᠨ ᠲᠡᠮᠳᠡᠭ᠌ᠯᠡᠯ ᠥᠬᠡᠶ (ᠶᠠᠯ᠎ᠠ ᠬᠢᠭ᠌ᠰᠡᠨ ᠥᠬᠡᠶ ᠲᠡᠮᠳᠡᠭ᠌ᠯᠡᠯ᠎ᠤᠨ ᠭᠡᠷᠡᠴᠢ ᠬᠠᠩᠭᠠᠨ᠎ᠠ) ᠨᠠᠰᠤ᠎ᠨᠢ ᠪᠦᠬᠦᠯᠢ 60 ᠨᠠᠰᠤᠨ᠎ᠠᠴᠠ ᠬᠡᠲᠦᠷᠡᠵᠦ᠍ ᠪᠣᠯᠬᠤ ᠦᠭᠡᠢ᠃
(ᠬᠤᠶᠠᠷ) ᠦᠵᠡᠯ ᠰᠠᠨᠠᠭ᠎ᠠ ᠤᠯᠤᠰ ᠲᠥᠷᠥ᠎ᠶ᠋ᠢᠨ ᠬᠡᠪ ᠴᠢᠨᠠᠷ ᠰᠠᠢᠨ᠂ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠣᠯᠪᠠᠰᠤᠷᠠᠯ ᠥᠨᠳᠥᠷ᠂ ᠪᠣᠯᠪᠠᠰᠤᠷᠠᠩᠭᠤᠶ ᠵᠢᠯᠣᠭᠤᠳᠭᠤ ᠮᠡᠷᠭᠡᠵᠢᠯ ᠴᠢᠳᠠᠪᠤᠷᠢ ᠪᠠ ᠨᠡᠯᠢᠶᠡᠳ ᠴᠢᠩᠭ᠎ᠠ ᠬᠢᠴᠢᠶᠡᠯᠯᠡᠬᠦ᠌ ᠴᠢᠳᠠᠪᠤᠷᠢ᠎ᠲᠠᠢ ᠪᠠᠢᠵᠤ᠂ 1 ᠵᠢᠯ᠎ᠠᠴᠠ ᠳᠡᠭᠡᠭ᠌ᠰᠢ ( 2025 ᠣᠨ᠎ᠤ 9 ᠳ᠋ᠦ᠍ᠭᠡᠷ ᠰᠠᠷ᠎ᠠ᠎ᠶ᠋ᠢᠨ 30 ᠤ ᠡᠳᠦᠷ᠎ᠠᠴᠠ ᠡᠮᠦᠨ᠎ᠡ ᠠᠵᠢᠯ᠎ᠳᠤ ᠣᠷᠣᠯᠴᠠᠭ᠍ᠰᠠᠨ ) ᠵᠢᠭᠠᠨ ᠰᠤᠷᠭᠠᠭ᠍ᠰᠠᠨ ᠥᠩᠭᠡᠷᠡᠯᠲᠡ᠎ᠲᠠᠢ ᠮᠥᠷᠲᠡᠭᠡᠨ ᠵᠢᠭᠠᠨ ᠰᠤᠷᠭᠠᠭ᠍ᠰᠠᠨ ᠬᠤᠭᠤᠴᠠᠭᠠᠨ᠎ᠳᠤ ᠮᠠᠭᠤ ᠠᠵᠢᠯ ᠡᠷᠭᠢᠯᠡᠭ᠌ᠰᠡᠨ ᠲᠡᠮᠳᠡᠭ᠌ᠯᠡᠯ ᠥᠬᠡᠶ ( ᠡᠯ᠎ᠡ ᠠᠢᠮᠠᠭ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠵᠢᠯᠣᠭᠤᠳᠭᠤ ᠪᠣᠯᠪᠠᠰᠤᠷᠠᠯ᠎ᠤᠨ ᠬᠢᠨᠠᠨ ᠬᠠᠮᠢᠶᠠᠷᠬᠤ ᠦᠢᠯᠡᠴᠢᠯᠡᠭᠡᠨ᠎ᠤ ᠲᠠᠪᠴᠠᠩ᠎ᠢᠶᠠᠷ ᠳᠡᠮᠵᠢᠨ ᠬᠢᠨᠠᠨ ᠪᠠᠢᠴᠠᠭᠠᠭᠠᠳ ᠬᠤᠯᠪᠣᠭ᠍ᠳᠠᠯ ᠪᠥᠬᠦᠶ ᠭᠡᠷᠡᠴᠢ ᠮᠠᠲ᠋ᠧᠷᠢᠶᠠᠯ᠎ᠢ ᠬᠠᠩᠭᠠᠵᠤ ᠥᠭ᠌ᠭᠦᠨ᠎ᠡ )᠃
(ᠭᠤᠷᠪᠠ) ᠨᠢᠭᠡᠨᠲᠡ 《ᠳᠤᠮᠳᠠᠳᠤ᠎ᠶ᠋ᠢᠨ ᠤᠷ᠎ᠠ ᠴᠢᠳᠠᠪᠤᠷᠢ᠎ᠶ᠋ᠢᠨ ᠶᠡᠭᠡ ᠱᠠᠩᠨᠠᠯ》᠂ 《ᠪᠥᠬᠦ᠌ ᠤᠯᠤᠰ᠎ᠤᠨ ᠲᠠᠪᠤᠨ ᠰᠠᠷ᠎ᠠ᠎ᠶ᠋ᠢᠨ ᠨᠢᠭᠡᠨ᠎ᠤ ᠬᠥᠳᠡᠯᠮᠦᠷᠢ᠎ᠶ᠋ᠢᠨ ᠱᠠᠩᠨᠠᠯ》᠂ 《ᠪᠥᠬᠦ᠌ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ》 ᠤ ᠴᠣᠯᠠ ᠪᠠ ᠮᠡᠳᠡᠭᠦᠯᠬᠦ᠌ ᠬᠢᠷᠢ ᠬᠡᠮ᠎ᠢ ᠭᠥᠷᠳᠡᠭ᠌ᠰᠡᠨ ᠬᠥᠮᠦᠰ ᠵᠢᠴᠢ ᠠᠳᠠᠯᠢ ᠲᠥᠷᠥᠯ᠎ᠤᠨ ᠠᠵᠢᠯ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠷᠤᠯᠳᠤᠭᠠᠨ᠎ᠤ ᠨᠢᠭᠡᠳᠦᠭᠡᠷ᠎ᠲᠤ ᠣᠷᠣᠵᠤ᠂ ᠤᠯᠤᠰ᠎ᠤᠨ ᠲᠠᠰ᠎ᠤᠨ ᠨᠢᠭᠡᠳᠦᠭᠡᠷ ᠲᠥᠷᠥᠯ᠎ᠤᠨ ᠤᠷᠤᠯᠳᠤᠭᠠᠨ᠎ᠳᠤ ᠲᠦᠷᠦᠭᠦᠤ 5 ᠨᠡᠷᠡᠰ᠎ᠲᠤ ᠤᠷᠤᠭ᠍ᠰᠠᠨ ᠬᠥᠮᠦᠰ᠂ ᠣᠷᠣᠯᠴᠠᠭ᠍ᠴᠢ᠎ᠶᠢᠨ ᠬᠤᠪᠢ᠎ᠪᠠᠷ ᠤᠷᠤᠯᠳᠤᠭᠠᠨ᠎ᠳᠤ ᠣᠷᠣᠯᠴᠠᠵᠤ ᠪᠣᠯᠬᠤ ᠦᠭᠡᠢ᠃
ᠭᠤᠷᠪᠠ᠂ ᠳᠤᠭᠤᠢᠯᠠᠩ ᠪᠠᠢᠭᠤᠯᠬᠤ ᠠᠷᠭ᠎ᠠ ᠮᠠᠶᠢᠭ
ᠮᠠᠱᠢᠨᠲᠤ ᠲᠡᠷᠭᠡ ᠵᠢᠯᠣᠭᠤᠳᠭᠤ ᠰᠤᠷᠭᠠᠭ᠍ᠴᠢ ᠨᠢ ᠭᠠᠭ᠍ᠴᠠ ᠬᠥᠮᠦᠨ᠎ᠤ ᠤᠷᠤᠯᠳᠤᠭᠠᠨ᠎ᠤ ᠲᠥᠷᠥᠯ ᠵᠦᠢᠯ ᠪᠣᠯᠤᠨ᠎ᠠ᠂ ᠡᠯ᠎ᠡ ᠠᠢᠮᠠᠭ ᠬᠤᠳᠠ᠎ᠶᠢᠨ ᠬᠢᠨ 1 ᠨᠡᠷᠡᠰ ᠳᠠᠭᠠᠭᠤᠯᠤᠭ᠍ᠴᠢ ᠰᠣᠩᠭᠣᠨ ᠲᠣᠮᠢᠯᠠᠬᠤ᠎ᠶᠢᠨ ᠬᠠᠮᠲᠤ 2 ᠨᠡᠷᠡᠰ ᠤᠷᠤᠯᠳᠤᠭᠠᠨ᠎ᠳᠤ ᠤᠷᠤᠯᠴᠠᠭᠴᠢ᠎ᠶᠢ ᠰᠣᠩᠭᠣᠨ ᠲᠣᠮᠢᠯᠠᠵᠤ ᠤᠷᠤᠯᠳᠤᠭᠠᠨ᠎ᠳᠤ ᠣᠷᠣᠯᠴᠠᠬᠤ ᠠᠩᠭᠢ᠎ᠶᠢ ᠵᠣᠬᠢᠶᠠᠨ ᠪᠠᠢᠭᠤᠯᠤᠨ᠎ᠠ᠃ ᠡᠭᠦᠨ᠎ᠳᠤ ᠵᠢᠵᠢᠭ ᠬᠡᠯᠪᠡᠷᠢ᠎ᠶ᠋ᠢᠨ ᠮᠠᠱᠢᠨ ᠲᠡᠷᠬᠡᠨ᠎ᠤ ᠵᠢᠯᠤᠭᠤᠴᠢ᠎ᠶ᠋ᠢᠨ ᠰᠤᠷᠭᠠᠨᠨᠴᠢ (C1) ᠤᠷᠤᠯᠳᠤᠭ᠋ᠠᠨ᠎ᠳᠤ ᠤᠷᠤᠯᠴᠠᠬ᠍ᠴᠢ 1 ᠬᠦᠮᠦᠨ ᠨᠡᠷ᠎ᠡ ᠮᠡᠳᠡᠭᠦᠯᠬᠦ᠎ᠪᠡᠷ ᠬᠢᠵᠠᠭ᠋ᠠᠷᠯᠠᠵᠤ᠂ ᠲᠤᠮᠤ ᠬᠡᠯᠪᠡᠷᠢ᠎ᠶ᠋ᠢᠨ ᠪᠠᠷᠠᠭᠠᠨ᠎ᠤ ᠲᠡᠷᠬᠡᠨ᠎ᠤ ᠵᠢᠯᠤᠭᠤᠴᠢ᠎ᠶ᠋ᠢᠨ ᠰᠤᠷᠭᠠᠨᠨᠴᠢ (B2)᠎ᠤᠨ ᠤᠷᠤᠯᠳᠤᠭ᠋ᠠᠨ᠎ᠳᠤ ᠤᠷᠤᠯᠴᠠᠬ᠍ᠴᠢ 1 ᠬᠦᠮᠦᠨ ᠨᠡᠷ᠎ᠡ ᠮᠡᠳᠡᠭᠦᠯᠬᠦ᠎ᠪᠡᠷ ᠬᠢᠵᠠᠭ᠋ᠠᠷᠯᠠᠵᠤ᠂ ᠵᠠᠷᠴᠢᠮ ᠳᠡᠭᠡᠷ᠎ᠡ᠎ᠪᠡᠨ 2 ᠤᠷᠤᠯᠳᠤᠭᠠᠨ᠎ᠳᠤ ᠣᠷᠣᠯᠴᠠᠭᠴᠢᠢ ᠠᠳᠠᠯᠢ ᠨᠢᠭᠡ ᠵᠢᠯᠣᠭᠣᠴᠢ᠎ᠶᠢᠨ ᠰᠤᠷᠭᠠᠭᠤᠯᠢ᠎ᠠᠴᠠ ᠰᠣᠩᠭᠣᠵᠤ ᠪᠣᠯᠬᠤ ᠦᠭᠡᠢ᠂ ᠤᠷᠤᠯᠳᠤᠭᠠᠨ᠎ᠳᠤ ᠣᠷᠣᠯᠴᠠᠭᠴᠢ ᠨᠢᠭᠡᠪᠦᠷᠢ ᠨᠢᠭᠡ ᠯᠡ ᠤᠷᠤᠯᠳᠤᠭᠠᠨ᠎ᠤ ᠵᠦᠢᠯ᠎ᠳᠦ ᠨᠡᠷ᠎ᠡ ᠮᠡᠳᠡᠭᠦᠯᠵᠦ ᠪᠣᠯᠣᠨ᠎ᠠ᠃
ᠳᠥᠷᠪᠡ᠂ ᠤᠷᠤᠯᠳᠤᠭᠠᠨ᠎ᠤ ᠴᠠᠭ ᠪᠠ ᠭᠠᠵᠠᠷ
(ᠨᠢᠭᠡ) ᠨᠡᠷ᠎ᠡ ᠮᠡᠳᠡᠭᠦᠯᠬᠦ᠌ ᠴᠠᠭ᠄ 2025 ᠣᠨ᠎ᠤ 12 ᠳ᠋ᠤᠭ᠋ᠠᠷ ᠰᠠᠷ᠎ᠠ᠎ᠶ᠋ᠢᠨ 8 ᠤ ᠡᠳᠦᠷ᠎ᠤᠨ 17᠄ 00 ᠴᠠᠭ᠎ᠠᠴᠠ ᠡᠮᠦᠨ᠎ᠡ᠃
ᠨᠡᠷ᠎ᠡ ᠮᠡᠳᠡᠭᠦᠯᠬᠦ᠌ ᠭᠠᠵᠠᠷ᠄ ᠥᠪᠥᠷ ᠮᠣᠩᠭᠤᠯ᠎ᠤᠨ ᠳᠤᠯᠠᠭ᠋ᠠᠨ ᠪᠠᠭᠤᠳᠠᠯ (ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠵᠢᠨᠴᠢᠶᠤᠤ ᠨᠡᠭᠡᠭᠡᠨ ᠬᠥᠭ᠌ᠵᠢᠭᠦᠯᠬᠦ᠌ ᠲᠣᠭᠤᠷᠢᠭ᠎ᠤᠨ ᠳᠠᠷᠳᠠᠩ ᠬᠤᠢᠲᠤ ᠵᠠᠮ ᠬᠢᠭᠡᠳ ᠠᠯᠲᠠᠨ ᠶᠡᠭᠡ ᠵᠡᠭᠡᠯᠢ᠎ᠶ᠋ᠢᠨ ᠠᠭᠤᠯᠵᠠᠷ ᠭᠠᠵᠠᠷ)᠃
(ᠬᠤᠶᠠᠷ) ᠣᠨᠣᠯ᠎ᠤᠨ ᠮᠡᠳᠡᠯᠭᠡ᠎ᠶ᠋ᠢᠨ ᠤᠷᠤᠯᠳᠤᠭᠠᠨ᠎ᠤ ᠴᠠᠭ᠄ 2025 ᠣᠨ᠎ᠤ 12 ᠳ᠋ᠤᠭ᠋ᠠᠷ ᠰᠠᠷ᠎ᠠ᠎ᠶ᠋ᠢᠨ 8 ᠤ ᠡᠳᠦᠷ᠃
(ᠭᠤᠷᠪᠠ) ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠴᠠᠭ᠄ 2025 ᠣᠨ᠎ᠤ 12 ᠳ᠋ᠤᠭ᠋ᠠᠷ ᠰᠠᠷ᠎ᠠ᠎ᠶ᠋ᠢᠨ 9 ᠤ ᠡᠳᠦᠷ᠎ᠠᠴᠠ 10 ᠤ ᠡᠳᠦᠷ ᠪᠣᠯᠲᠠᠯ᠎ᠠ᠃
ᠲᠠᠪᠤ᠂ ᠤᠷᠤᠯᠳᠤᠭᠠᠨ᠎ᠤ ᠠᠭᠤᠯᠭ᠎ᠠ
ᠤᠷᠤᠯᠳᠤᠭᠠᠨ᠎ᠨᠢ ᠣᠨᠣᠯ᠎ᠤᠨ ᠮᠡᠳᠡᠯᠭᠡ ᠪᠠ ᠤᠷ᠎ᠠ ᠴᠢᠳᠠᠪᠤᠷᠢ᠎ᠶ᠋ᠢᠨ ᠠᠵᠢᠯᠯᠠᠭ᠎ᠠ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠠᠪᠴᠤ᠌᠂ ᠣᠨᠣᠯ᠎ᠤᠨ ᠮᠡᠳᠡᠯᠭᠡ ᠪᠠ ᠤᠷ᠎ᠠ ᠴᠢᠳᠠᠪᠤᠷᠢ᠎ᠶ᠋ᠢᠨ ᠠᠵᠢᠯᠯᠠᠭᠠᠨ᠎ᠤ ᠬᠢᠷᠢ ᠪᠦᠲᠦᠮᠵᠢ᠎ᠨᠢ ᠴᠥᠮ ᠵᠠᠭᠤᠨ᠎ᠤ ᠬᠤᠪᠢ᠎ᠶ᠋ᠢᠨ ᠳᠦᠷᠢᠮ᠎ᠢ ᠬᠡᠷᠡᠭ᠌ᠵᠢᠭᠦᠯᠵᠦ᠍᠂ ᠤᠷᠤᠯᠴᠠᠭᠴᠢ᠎ᠶᠢᠨ ᠶᠡᠷᠦᠩᠬᠡᠶ ᠬᠢᠷᠢ ᠪᠦᠲᠦᠮᠵᠢ᠎ᠨᠢ ᠣᠨᠣᠯ᠎ᠤᠨ ᠱᠢᠯᠭᠠᠯᠲᠠ᠎ᠶ᠋ᠢᠨ ᠬᠢᠷᠢ ᠪᠦᠲᠦᠮᠵᠢ᠎ᠶ᠋ᠢᠨ 30% ᠪᠠ ᠤᠷ᠎ᠠ ᠴᠢᠳᠠᠪᠤᠷᠢ᠎ᠶ᠋ᠢᠨ ᠠᠵᠢᠯᠯᠠᠭᠠᠨ᠎ᠤ 70% ᠶ᠋ᠢᠨ ᠨᠡᠢᠯᠡᠪᠦᠷᠢ ᠪᠠᠢᠵᠤ᠂ ᠬᠢᠷᠢ ᠪᠦᠲᠦᠮᠵᠢ᠎ᠶᠢ ᠳᠥᠷᠪᠡ᠎ᠶᠢ ᠬᠠᠶᠠᠵᠤ ᠲᠠᠪᠤ᠎ᠶᠢ ᠳᠡᠪᠰᠢᠭᠦᠯᠦᠭᠰᠡᠨᠦ ᠳᠠᠷᠠᠭ᠎ᠠ ᠴᠥᠮ ᠠᠷᠪᠠᠲᠤ᠎ᠶᠢᠨ ᠪᠤᠲᠠᠷᠬᠠᠢ᠎ᠶᠢᠨ ᠴᠡᠭ᠎ᠦᠨ ᠠᠷᠤ᠎ᠳᠤ 2 ᠣᠷᠣᠨ ᠬᠦᠷᠲᠡᠯ᠎ᠡ ᠪᠣᠳᠣᠨ᠎ᠠ᠃ ᠤᠷᠤᠯᠳᠤᠭᠠᠨ᠎ᠤ ᠮᠡᠷᠭᠡᠵᠢᠯ᠎ᠤᠨ ᠲᠥᠰᠦᠯ ( ᠳᠠᠭᠠᠯᠳᠤᠭᠤᠯᠤᠯ 1 ᠳᠦ ᠦᠵᠡ ) ᠨᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠯᠪᠠᠨ ᠰᠦᠯᠵᠢᠶ᠎ᠡ (https://jtyst.nmg.gov.cn/) ᠶᠢᠨ ᠠᠵᠢᠯᠲᠠᠨ᠎ᠤ ᠶᠠᠪᠤᠳᠠᠯ᠎ᠤᠨ ᠮᠡᠳᠡᠭᠡ ᠵᠠᠩᠭᠢ᠎ᠶ᠋ᠢᠨ ᠪᠤᠯᠤᠩ᠎ᠠᠴᠠ ᠥᠪᠡᠰᠦᠪᠡᠨ ᠪᠠᠭᠤᠯᠭᠠᠵᠤ ᠪᠣᠯᠣᠨ᠎ᠠ᠃
ᠵᠢᠷᠭᠤᠭ᠎ᠠ᠂ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠮᠵᠢ
2025 ᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠮᠠᠱᠢᠨᠲᠤ ᠲᠡᠷᠭᠡ ᠵᠢᠯᠣᠭᠤᠳᠭᠤ ᠰᠤᠷᠭᠠᠭ᠍ᠴᠢ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠥᠪᠥᠷ ᠮᠣᠩᠭᠤᠯ᠎ᠤᠨ ᠤᠷᠤᠯᠳᠤᠭᠠᠨ᠎ᠤ ᠲᠣᠭᠤᠷᠢᠭ᠎ᠤᠨ ᠪᠡᠯᠡᠳᠭᠡᠯ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠢ ᠪᠠᠢᠭᠤᠯᠬᠤ᠎ᠳᠤ᠂ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠢ ᠪᠦᠷᠢᠯᠳᠦᠭᠦᠯᠦᠭ᠌ᠰᠡᠨ᠎ᠨᠢ ᠳᠣᠤᠷᠠᠬᠢ ᠮᠡᠲᠦ᠍᠄
ᠡᠷᠬᠢᠯᠡᠭ᠌ᠴᠢ᠄
ᠷᠦᠩ ᠶᠤᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ
ᠳᠡᠳ᠋ ᠡᠷᠬᠢᠯᠡᠭ᠌ᠴᠢ᠄
ᠵᠢᠶᠠ ᡁᠢ ᠳ᠋ᠦᠩ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠰᠤᠷᠭᠠᠨ ᠬᠥᠮᠦᠵᠢᠯ᠎ᠤᠨ ᠭᠠᠵᠠᠷ᠎ᠤᠨ ᠳᠠᠷᠤᠭ᠎ᠠ
ᠭᠦᠸᠧ ᠶᠢᠩ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠤ ᠭᠠᠵᠠᠷ ( ᠣᠷᠣᠨ ᠨᠤᠲᠤᠭ᠎ᠤᠨ ᠲᠡᠯᠡᠶ᠎ᠶ᠋ᠢᠨ ᠶᠠᠪᠤᠳᠠᠯ᠎ᠤᠨ ᠲᠣᠪᠴᠢᠶ᠎ᠠ ) ᠤᠨ ᠳᠠᠷᠤᠭ᠎ᠠ ( ᠲᠣᠪᠴᠢᠶᠠᠨ
ᠳᠠᠷᠤᠭ᠎ᠠ ) ᠂ ᠨᠢᠭᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ
ᠯᠢᠦ ᠢᠦᠶ ᠬᠤᠶ ᠳᠤᠮᠳᠠᠳᠤ ᠤᠯᠤᠰ᠎ᠤᠨ ᠵᠠᠮ ᠲᠡᠭᠡᠭᠡᠪᠦᠷᠢ᠎ᠶ᠋ᠢᠨ ᠨᠡᠢᠭᠡᠮᠯᠢᠭ᠎ᠤᠨ ᠵᠢᠯᠣᠭᠤᠴᠢ᠎ᠶ᠋ᠢᠨ ᠪᠣᠯᠪᠠᠰᠤᠷᠠᠯ᠎ᠤᠨ ᠠᠵᠢᠯ ᠲᠥᠷᠥᠯ᠎ᠤᠨ ᠨᠡᠢᠭᠡᠮᠯᠢᠭ᠎ᠤᠨ ᠳᠠᠷᠤᠭ᠎ᠠ
ᠲᠤᠰ ᠤᠳᠠᠭᠠᠨ᠎ᠤ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠲᠤ ᠠᠯᠪᠠᠨ ᠭᠡᠷ ᠭᠠᠷᠭᠠᠵᠤ᠂ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠰᠤᠷᠭᠠᠨ ᠬᠥᠮᠦᠵᠢᠯ᠎ᠤᠨ ᠭᠠᠵᠠᠷ᠎ᠲᠤ ᠲᠣᠬᠢᠷᠠᠭᠤᠯᠵᠤ᠂ ᠤᠷᠤᠯᠳᠤᠭᠠᠨ᠎ᠤ ᠡᠳᠦᠷ ᠲᠤᠲᠤᠮ᠎ᠤᠨ ᠠᠵᠢᠯ᠎ᠢ ᠪᠣᠳᠠᠲᠠᠶ ᠬᠠᠷᠢᠭᠤᠴᠠᠨ᠎ᠠ᠃
ᠬᠦᠮᠦᠰ᠎ᠦᠨ ᠬᠡᠰᠢᠭᠦᠨ᠎ᠨᠢ ᠳᠣᠤᠷᠠᠬᠢ ᠮᠡᠲᠦ᠍᠄
ᠠᠯᠪᠠᠨ ᠭᠡᠷ᠎ᠤᠨ ᠡᠷᠭᠢᠯᠡᠭ᠌ᠴᠢ᠄
ᠵᠢᠶᠠ ᡁᠢ ᠳ᠋ᠦᠩ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠰᠤᠷᠭᠠᠨ ᠬᠥᠮᠦᠵᠢᠯ᠎ᠤᠨ ᠭᠠᠵᠠᠷ᠎ᠤᠨ ᠳᠠᠷᠤᠭ᠎ᠠ
ᠭᠡᠱᠢᠭᠦᠨ᠄
ᠸᠠᠩ ᠱᠢᠶᠤᠤ ᠢᠦᠶ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠰᠤᠷᠭᠠᠨ ᠬᠥᠮᠦᠵᠢᠯ᠎ᠤᠨ ᠭᠠᠵᠠᠷ᠎ᠤᠨ ᠺᠠᠳ᠋ᠷ
ᠯᠢᠦᠶ ᠶᠠ ᠯᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠤ ᠭᠠᠵᠠᠷ ( ᠣᠷᠣᠨ ᠨᠤᠲᠤᠭ᠎ᠤᠨ ᠲᠡᠯᠡᠶ᠎ᠶ᠋ᠢᠨ ᠶᠠᠪᠤᠳᠠᠯ᠎ᠤᠨ ᠲᠣᠪᠴᠢᠶ᠎ᠠ ) ᠤᠨ ᠺᠠᠳ᠋ᠷ
ᠵᠠᠩ ᠵᠢᠶᠠ ᠶᠠᠩ ᠥᠪᠥᠷ ᠮᠣᠩᠭᠤᠯ᠎ᠤᠨ ᠮᠠᠱᠢᠨᠲᠤ ᠲᠡᠷᠭᠡᠨ᠎ᠤ ᠵᠢᠯᠣᠭᠤᠴᠢ᠎ᠶ᠋ᠢᠨ ᠪᠣᠯᠪᠠᠰᠤᠷᠠᠯ᠎ᠤᠨ ᠠᠵᠢᠯ ᠲᠥᠷᠥᠯ᠎ᠤᠨ ᠨᠡᠢᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ
ᠯᠢᠦ ᠬᠤᠩ ᠪᠥᠸᠧ ᠥᠪᠥᠷ ᠮᠣᠩᠭᠤᠯ᠎ᠤᠨ ᠮᠠᠱᠢᠨᠲᠤ ᠲᠡᠷᠭᠡᠨ᠎ᠤ ᠵᠢᠯᠣᠭᠤᠴᠢ᠎ᠶ᠋ᠢᠨ ᠪᠣᠯᠪᠠᠰᠤᠷᠠᠯ ᠤᠨ ᠠᠵᠢᠯ ᠲᠥᠷᠥᠯ᠎ᠤᠨ ᠨᠡᠢᠭᠡᠮᠯᠢᠭ᠎ᠤᠨ ᠠᠯᠪᠠᠨ ᠭᠡᠷ᠎ᠤᠨ ᠡᠷᠬᠢᠯᠡᠭ᠌ᠴᠢ
ᠬᠢᠨᠠᠨ ᠲᠠᠰᠤᠯᠤᠯᠲᠠ᠎ᠶ᠋ᠢᠨ ᠳᠠᠷᠤᠭ᠎ᠠ᠄
ᠲᠤᠤ ᠴᠦᠨ ᠴᠧᠩ ᠦᠪᠦᠷ ᠮᠤᠩᠭᠤᠯ᠎ᠤᠨ ᠬᠤᠸᠠᠨ ᠴᠧᠩ ᠮᠡᠷᠭᠡᠵᠢᠯ᠎ᠤᠨ ᠠᠵᠢᠯᠴᠢᠨ᠎ᠤ ᠰᠤᠷᠭᠠᠭᠤᠯᠢ᠎ᠶ᠋ᠢᠨ ᠳᠡᠳ᠋ ᠵᠠᠬᠢᠷᠤᠯ᠂ ᠳᠡᠭᠡᠲᠦ ᠮᠠᠰᠲ᠋ᠧᠷ
ᠬᠢᠨᠠᠭᠴᠢ᠎ᠶᠢᠨ ᠳᠤᠭᠤᠢᠯᠠᠩ᠎ᠤᠨ ᠭᠡᠰᠢᠭᠦᠨ᠄
ᠬᠢᠨᠠᠭ᠍ᠴᠢ᠎ᠶᠢᠨ ᠲᠤᠰᠢᠶᠠᠯ᠎ᠢ ᠲᠠᠰᠤᠯᠤᠨ ᠲᠣᠭᠲᠠᠭᠠᠬᠤ ᠲᠤᠰᠢᠶᠠᠯ ᠬᠠᠷᠢᠭᠤᠴᠠᠯᠭ᠎ᠠ᠎ᠶᠢ ᠬᠡᠪ᠎ᠦᠨ ᠶᠣᠰᠣᠭᠠᠷ ᠭᠦᠢᠴᠡᠳᠬᠡᠵᠦ ᠪᠣᠯᠬᠤ ᠠᠵᠢᠯ ᠲᠦᠷᠦᠯ᠎ᠦᠨ ᠲᠤᠰᠬᠠᠢ ᠮᠡᠷᠭᠡᠵᠢᠯᠲᠡᠨ ᠵᠡᠷᠭᠡ ᠬᠥᠮᠥᠰ ᠡᠭᠦᠷᠭᠡᠯᠡᠨ᠎ᠡ᠂ ᠭᠡᠰᠢᠭᠦᠨ᠎ᠦ ᠨᠡᠷᠡᠰ᠎ᠢ ᠵᠠᠢᠯᠠᠬᠤ ᠵᠠᠷᠴᠢᠮ᠎ᠢᠶᠠᠷ ᠠᠰ ᠲᠤᠨᠢ ᠨᠡᠢᠲᠡᠯᠡᠨ᠎ᠡ᠃
ᠳᠣᠯᠤᠭ᠎ᠠ᠂ ᠱᠠᠩᠨᠠᠬᠤ ᠠᠷᠭ᠎ᠠ
ᠵᠢᠵᠢᠭ ᠬᠡᠯᠪᠡᠷᠢ᠎ᠶ᠋ᠢᠨ ᠮᠠᠱᠢᠨ ᠲᠡᠷᠬᠡᠨ᠎ᠤ ᠵᠢᠯᠤᠭᠤᠴᠢ᠎ᠶ᠋ᠢᠨ ᠰᠤᠷᠭᠠᠨᠨᠴᠢ ᠪᠠ ᠲᠤᠮᠤ ᠬᠡᠯᠪᠡᠷᠢ᠎ᠶ᠋ᠢᠨ ᠪᠠᠷᠠᠭᠠᠨ᠎ᠤ ᠲᠡᠷᠬᠡᠨ᠎ᠤ ᠵᠢᠯᠤᠭᠤᠴᠢ᠎ᠶ᠋ᠢᠨ ᠰᠤᠷᠭᠠᠨᠨᠴᠢ ᠨᠢᠬᠡᠪᠦᠷᠢ᠎ᠨᠢ ᠲᠤᠰ ᠪᠦᠷᠢ ᠡᠮᠦᠨ᠎ᠠ 3 ᠨᠡᠷᠡᠰ ᠤᠷᠤᠯᠴᠠᠭᠴᠢ᠎ᠳᠤ ᠦᠨᠡᠮᠯᠡᠯ ᠤᠯᠭᠤᠬᠤ᠎ᠶ᠋ᠢᠨ ᠬᠠᠮᠲᠦ ᠵᠤᠬᠢᠬᠤ ᠱᠠᠩᠨᠠᠯ ᠤᠯᠭᠤᠨ᠎ᠠ᠃
ᠨᠠᠶ᠋ᠮᠠ᠂ ᠪᠤᠰᠤᠳ ᠵᠦᠢᠯ
(ᠨᠢᠭᠡ) ᠡᠯ᠎ᠡ ᠤᠷᠤᠯᠳᠤᠭᠠᠨ᠎ᠳᠤ ᠣᠷᠣᠯᠴᠠᠭ᠍ᠰᠠᠨ ᠨᠢᠭᠡᠴᠢ ᠤᠷᠤᠯᠳᠤᠭᠠᠨ᠎ᠤ ᠱᠠᠭᠠᠷᠳᠠᠯᠭ᠎ᠠ᠎ᠶ᠋ᠢ ᠦᠨᠳᠦᠰᠦᠯᠡᠨ ᠤᠷᠤᠯᠳᠤᠭᠠᠨ᠎ᠳᠤ ᠣᠷᠣᠯᠴᠠᠬᠤ ᠶᠠᠪᠤᠳᠠᠯ᠎ᠢ ᠰᠠᠢᠲᠤᠷ ᠲᠣᠬᠢᠷᠠᠭᠤᠯᠵᠤ᠂ ᠤᠷᠤᠯᠳᠤᠭᠠᠨ᠎ᠳᠤ ᠣᠷᠣᠯᠴᠠᠭ᠍ᠰᠠᠨ ᠲᠠᠮᠢᠷᠴᠢᠳ᠎ᠲᠤ ᠪᠣᠯᠪᠠᠰᠤᠷᠠᠯ᠎ᠤᠨ ᠠᠵᠢᠯ᠎ᠢ ᠰᠠᠢᠲᠤᠷ ᠬᠢᠵᠦ᠍᠂ ᠤᠷᠤᠯᠳᠤᠭᠠᠨ᠎ᠤ ᠤᠷᠤᠭ᠍ᠰᠢᠲᠠᠶ ᠥᠷᠨᠢᠬᠦ᠌᠎ᠶ᠋ᠢ ᠦᠨᠡᠨ ᠬᠦ᠌ ᠪᠠᠲᠤᠯᠠᠨ᠎ᠠ᠃
(ᠬᠤᠶᠠᠷ) ᠡᠯ᠎ᠡ ᠠᠢᠮᠠᠭ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ 2025 ᠣᠨ᠎ᠤ 11 ᠳ᠋ᠦ᠍ᠭᠡᠷ ᠰᠠᠷ᠎ᠠ᠎ᠶ᠋ᠢᠨ 26 ᠤ ᠡᠳᠦᠷ᠎ᠠᠴᠠ ᠡᠮᠦᠨ᠎ᠡ 《ᠤᠷᠤᠯᠳᠤᠭᠠᠨ᠎ᠳᠤ ᠣᠷᠣᠯᠴᠠᠭ᠍ᠴᠢ᠎ᠶ᠋ᠢ ᠳᠠᠩᠰᠠᠯᠠᠬᠤ ᠬᠦᠰᠦᠨᠦᠭ᠌ᠲᠦ》 (ᠳᠠᠭᠠᠯᠳᠤᠭᠤᠯᠤᠯ 2)᠂ 《ᠤᠷᠤᠯᠳᠤᠭᠠᠨ᠎ᠳᠤ ᠣᠷᠣᠯᠴᠠᠬᠤ ᠠᠩᠭᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ》 (ᠳᠠᠭᠠᠯᠳᠤᠭᠤᠯᠤᠯ 3) ᠶ᠋ᠢᠨ ᠡᠯᠧᠺᠲᠷᠣᠨ ᠬᠡᠪᠯᠡᠯ᠎ᠤᠨ ᠮᠠᠲ᠋ᠧᠷᠢᠶᠠᠯ᠎ᠢ ᠨᠡᠷ᠎ᠡ ᠮᠡᠳᠡᠭᠦᠯᠬᠦ᠌ ᠱᠢᠦᠳᠠᠨ ᠬᠠᠢᠷᠴᠠᠭ᠎ᠲᠤ ᠢᠯᠡᠭᠡᠵᠦ᠍᠂ 《ᠳᠠᠩᠰᠠᠯᠠᠬᠤ ᠬᠦᠰᠦᠨᠦᠭ᠌ᠲᠦ》 ᠂ 《ᠨᠡᠷ᠎ᠡ ᠮᠡᠳᠡᠭᠦᠯᠬᠦ᠌ ᠬᠦᠰᠦᠨᠦᠭ᠌ᠲᠦ》᠂ ᠨᠢᠭᠡᠴᠢ᠎ᠶ᠋ᠢᠨ ᠠᠮᠠᠯᠠᠯᠲᠠ᠎ᠶ᠋ᠢᠨ ᠪᠢᠴᠢᠭ (ᠳᠠᠭᠠᠯᠳᠤᠭᠤᠯᠤᠯ 4)᠂ ᠣᠷᠣᠯᠴᠠᠭ᠍ᠴᠢ᠎ᠶ᠋ᠢᠨ ᠠᠮᠠᠯᠠᠯᠲᠠ᠎ᠶ᠋ᠢᠨ ᠪᠢᠴᠢᠭ (ᠳᠠᠭᠠᠯᠳᠤᠭᠤᠯᠤᠯ 5) ᠪᠣᠯᠤᠨ ᠪᠡᠶ᠎ᠡ᠎ᠶ᠋ᠢᠨ ᠦᠨᠡᠮᠯᠡᠯ᠂ ᠵᠢᠯᠣᠭᠤᠴᠢ᠎ᠶ᠋ᠢᠨ ᠦᠨᠡᠮᠯᠡᠯ᠎ᠤᠨ ᠬᠠᠭᠤᠯᠪᠤᠷᠢ᠂ ᠶᠠᠯ᠎ᠠ ᠦᠭᠡᠢ ᠲᠡᠮᠳᠡᠭ᠌ᠯᠡᠯ᠎ᠤᠨ ᠭᠡᠷᠡᠴᠢ ᠵᠢᠴᠢ ᠥᠪᠡᠷᠲᠡᠭᠡᠨ ᠵᠠᠰᠠᠬᠤ ᠣᠷᠣᠨ᠎ᠤ ᠵᠢᠯᠣᠭᠤᠴᠢ᠎ᠶ᠋ᠢᠨ ᠪᠣᠯᠪᠠᠰᠤᠷᠠᠯ᠎ᠤᠨ ᠬᠢᠨᠠᠨ ᠬᠠᠮᠢᠶᠠᠷᠬᠤ ᠦᠢᠯᠡᠴᠢᠯᠡᠭᠡᠨ᠎ᠤ ᠲᠠᠪᠴᠠᠩ᠎ᠨᠢ ᠬᠠᠮᠢᠶ᠎ᠠ ᠪᠦᠬᠦᠢ ᠭᠡᠷᠡᠴᠢᠯᠡᠬᠦ᠌ ᠮᠠᠲ᠋ᠧᠷᠢᠶᠠᠯ ᠵᠡᠷᠭᠡ ᠴᠠᠭᠠᠰᠤᠨ ᠬᠡᠪᠯᠡᠯ᠎ᠤᠨ ᠮᠠᠲ᠋ᠧᠷᠢᠶᠠᠯ᠎ᠢ ᠬᠢᠨᠠᠨ ᠱᠢᠯᠭᠠᠬᠤ ᠦᠶ᠎ᠡ᠎ᠳᠤ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠲᠤ ᠲᠤᠱᠢᠶᠠᠨ᠎ᠠ᠃
(ᠭᠤᠷᠪᠠ) ᠲᠣᠰ ᠤᠳᠠᠭᠠᠨ᠎ᠤ ᠤᠷᠤᠯᠳᠤᠭᠠᠨ᠎ᠳᠤ ᠬᠡᠷᠡᠭ᠌ᠯᠡᠬᠦ᠌ ᠲᠣᠨᠤᠭ ᠲᠥᠬᠦᠭᠡᠷᠦᠮᠵᠢ᠂ ᠪᠠᠭᠠᠵᠢ ᠬᠡᠷᠡᠭ᠌ᠰᠡᠯ᠂ ᠡᠳ᠋ ᠪᠣᠳᠠᠰ᠎ᠢ ᠤᠷᠤᠯᠳᠤᠭᠠᠨ᠎ᠤ ᠭᠤᠤᠯᠯᠠᠨ ᠡᠷᠭᠢᠯᠡᠬᠦ᠌ ᠲᠠᠯ᠎ᠠ᠎ᠠᠴᠠ ᠨᠢᠭᠡᠳᠦᠯᠲᠡᠶ ᠬᠠᠩᠭᠠᠨ᠎ᠠ᠃
(ᠲᠠᠪᠤ) ᠲᠤᠰ ᠤᠳᠠᠭᠠᠨ᠎ᠤ ᠤᠷᠤᠯᠳᠤᠭᠠᠨ᠎ᠳᠤ ᠰᠦᠢᠳᠭᠡᠯ ᠬᠤᠷᠢᠶᠠᠬᠤ ᠦᠭᠡᠢ᠃ ᠤᠷᠤᠯᠳᠤᠭᠠᠨ᠎ᠳᠤ ᠣᠷᠣᠯᠴᠠᠭ᠍ᠰᠠᠳ ᠢᠳᠡᠵᠦ᠍ ᠤᠤᠭᠤᠬᠤ ᠬᠤᠨᠣᠵᠤ ᠬᠡᠪᠲᠡᠬᠦ᠌᠎ᠶ᠋ᠢ ᠨᠢᠭᠡᠳᠦᠯᠲᠡᠶ ᠲᠣᠬᠢᠷᠠᠭᠤᠯᠵᠤ᠂ ᠢᠳᠡᠵᠦ᠍ ᠤᠤᠭᠤᠬᠤ ᠬᠤᠨᠣᠵᠤ ᠬᠡᠪᠲᠡᠬᠦ᠌ ᠰᠦᠢᠳᠭᠡᠯ᠎ᠢ ᠭᠤᠤᠯᠯᠠᠨ ᠡᠷᠭᠢᠯᠡᠭ᠌ᠰᠡᠨ ᠨᠢᠭᠡᠴᠢ᠎ᠠᠴᠠ ᠡᠭᠦᠷᠭᠡᠯᠡᠵᠦ᠍᠂ ᠨᠠᠭᠠᠰᠢ ᠴᠠᠭᠠᠰᠢ ᠶᠠᠪᠤᠬᠤ ᠵᠠᠮ ᠬᠠᠷᠢᠯᠴᠠᠭᠠᠨ᠎ᠤ ᠰᠦᠢᠳᠭᠡᠯ᠎ᠢ ᠤᠷᠤᠯᠳᠤᠭᠠᠨ᠎ᠳᠤ ᠣᠷᠣᠯᠴᠠᠭ᠍ᠰᠠᠨ ᠨᠢᠭᠡᠴᠢ ᠡᠭᠦᠷᠭᠡᠯᠡᠨ᠎ᠡ᠃
(ᠵᠢᠷᠭᠤᠭ᠎ᠠ) ᠲᠤᠰ ᠤᠳᠠᠭᠠᠨ᠎ᠤ ᠤᠷᠤᠯᠳᠤᠭᠠᠨ ᠳᠠᠭᠤᠰᠤᠭᠠᠳᠤᠶ ᠤᠴᠢᠷ ᠶᠠᠪᠤᠳᠠᠯ᠎ᠢ ᠠᠰᠲᠤᠨᠢ ᠮᠡᠳᠡᠭ᠌ᠳᠡᠨ᠎ᠡ᠃
ᠶᠢᠰᠦ᠂ ᠬᠠᠷᠢᠯᠴᠠᠬᠤ ᠠᠷᠭ᠎ᠠ ᠮᠠᠶᠢᠭ
(ᠨᠢᠭᠡ) ᠥᠪᠡᠷᠲᠡᠭᠡᠨ ᠵᠠᠰᠠᠬᠤ ᠣᠷᠣᠨ᠎ᠤ᠋ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮᠦ᠋ᠨ ᠠᠵᠢᠯᠲᠠᠨᠤ᠋ ᠶᠠᠪᠤᠳᠠᠯ᠎ᠤ᠋ᠨ ᠰᠤᠷᠭᠠᠨ ᠬᠥᠮᠦᠵᠢᠯ᠎ᠦ᠋ᠨ ᠭᠠᠵᠠᠷ
ᠬᠠᠷᠢᠯᠴᠠᠬᠤ ᠬᠥᠮᠦᠨ᠄ ᠸᠠᠩ ᠱᠢᠶᠤᠤ ᠢᠦᠶ᠂ ᠤᠲᠠᠰᠤ᠄ 0471-6916876
(ᠬᠤᠶᠠᠷ) ᠥᠪᠥᠷ ᠮᠤᠩᠭᠤᠯ᠎ᠤᠨ ᠮᠠᠰᠢᠨᠲᠦ ᠲᠡᠷᠭᠡᠨᠦ᠌ ᠵᠢᠯᠣᠭᠣᠴᠢ᠎ᠶᠢᠨ ᠪᠣᠯᠪᠠᠰᠤᠷᠠᠯ᠎ᠤᠨ ᠠᠵᠢᠯ ᠲᠥᠷᠥᠯ᠎ᠦ᠋ᠨ ᠨᠡᠢᠭᠡᠮᠯᠢᠭ
ᠬᠠᠷᠢᠯᠴᠠᠬᠤ ᠬᠥᠮᠦᠨ᠄ ᠵᠠᠩ ᠵᠢᠶᠠ ᠶᠠᠩ᠂ ᠯᠢᠦ ᠬᠤᠩ ᠪᠥᠸᠧ (ᠨᠡᠷ᠎ᠡ ᠮᠡᠳᠡᠭᠦᠯᠬᠦ᠌ ᠪᠣᠳᠠᠲᠠᠶ ᠶᠠᠪᠤᠳᠠᠯ᠎ᠢ ᠬᠠᠷᠢᠭᠤᠴᠠᠨ᠎ᠠ)
ᠤᠲᠠᠰᠤ᠄ 0471- 4343434
ᠨᠡᠷ᠎ᠡ ᠮᠡᠳᠡᠭᠦᠯᠬᠦ᠌ ᠱᠢᠦᠳᠠᠨ ᠬᠠᠢᠷᠴᠠᠭ᠄ nmgjpxh@126.com
ᠳᠠᠭᠠᠯᠳᠤᠭᠤᠯᠤᠯ᠄
2. ᠤᠷᠤᠯᠳᠤᠭᠠᠨ᠎ᠳᠤ ᠤᠷᠤᠯᠴᠠᠭᠴᠢ᠎ᠶᠢᠨ ᠪᠦᠷᠢᠳᠭᠡᠯ᠎ᠤᠨ ᠬᠦᠰᠦᠨᠦᠭ᠌ᠲᠦ.doc
3. ᠤᠷᠤᠯᠳᠤᠭᠠᠨ᠎ᠳᠤ ᠣᠷᠣᠯᠴᠠᠬᠤ ᠠᠩᠭᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ.doc
4. ᠨᠢᠭᠡᠴᠢ᠎ᠶᠢᠨ ᠠᠮᠠᠯᠠᠯᠲᠠ᠎ᠶᠢᠨ ᠪᠢᠴᠢᠭ .doc
5. ᠤᠷᠤᠯᠠᠭ᠍ᠴᠢᠶ᠋ᠢᠨ ᠠᠮᠠᠯᠠᠯᠲᠠ᠎ᠶ᠋ᠢᠨ ᠪᠢᠴᠢᠭ .doc
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ
2025 ᠣᠨ᠎ᠤ 11 ᠳ᠋ᠤᠭᠡᠷ ᠰᠠᠷ᠎ᠠ᠎ᠶ᠋ᠢᠨ 17 ᠤ ᠡᠳᠦᠷ