ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
2025 ᠣᠨ᠎ᠤ ᠵᠢᠷᠭᠤᠲᠤᠭ᠋ᠠᠷ ᠪᠦᠯᠦᠭ᠎ᠤᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-10-31

ᠣᠶ᠋ᠢᠷ᠎ᠠ᠎ᠳᠤ᠂ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠥᠷᠲᠡᠭᠡ ᠵᠢ ᠵᠣᠬᠢᠶᠠᠨ ᠪᠠᠶ᠋ᠢᠭᠤᠯᠵᠤ᠂ ᠰᠢᠯᠢ ᠵᠢᠨ ᠭᠣᠤᠯ ᠠᠢ᠌ᠮᠠᠭ᠎ᠤᠨ ᠲᠥᠩ ᠵᠧᠦ ᠵᠠᠮ ᠬᠠᠷᠢᠯᠴᠠᠭ᠋ᠠᠨ᠎ᠤ ᠵᠦᠪᠯᠡᠯᠭᠡ ᠦᠭᠬᠦ ᠬᠢᠨᠠᠨ ᠬᠠᠮᠢᠶᠠᠷᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ 4 ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠥᠷᠲᠡᠭᠡ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2023 ᠣᠨ᠎ᠤ 9 ᠳ᠋ᠦ᠍ᠭᠡᠷ ᠲᠣᠭ᠋ᠠᠲᠤ) ᠵᠢᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ》 ᠵᠶ᠋ᠠᠷ ᠳᠠᠮᠵᠢᠭᠤᠯᠤᠨ ᠲᠣᠰ ᠲᠣᠰ 3 ᠲᠤᠰᠬᠠᠶ ᠮᠡᠷᠭᠡᠵᠢᠯᠲᠡᠨ᠎ᠢ ᠰᠣᠩᠭᠤᠨ 4 ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ᠎ᠳᠤ ᠲᠤᠬᠠᠶ ᠵᠢᠨ ᠲᠠᠯᠠᠪᠤᠷ᠎ᠤᠨ ᠬᠢᠨᠠᠨ ᠲᠣᠭᠲᠠᠭ᠋ᠠᠯᠲᠠ ᠬᠢᠪᠠ᠃ ᠡᠳᠦᠭᠡ ᠶᠡᠷᠦᠩᠬᠡᠢ᠌ᠯᠡᠭᠰᠡᠨ ᠦᠨᠡᠯᠡᠨ ᠲᠣᠭᠲᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠢ᠌ᠲᠡᠯᠡᠨ᠎ᠡ (ᠳᠠᠭ᠋ᠠᠯᠳᠤᠭᠤᠯᠤᠯ᠎ᠳᠤ ᠦᠵᠡ)᠃      

ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ᠎ᠨᠢ ᠵᠠᠷᠯᠠᠨ ᠨᠡᠢ᠌ᠲᠡᠯᠡᠭᠰᠡᠨ ᠶᠠᠰᠤ ᠴᠢᠨᠠᠷ᠎ᠤᠨ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠳᠤ ᠬᠡᠷᠪᠡ ᠣᠨᠳᠣᠤ ᠰᠠᠨᠠᠯ᠎ᠲᠠᠢ ᠪᠠᠶ᠋ᠢᠪᠠᠯ᠂ ᠪᠢᠴᠢᠭ᠎ᠤᠨ ᠬᠡᠯᠪᠡᠷᠢ᠎ᠪᠠᠷ ᠢᠯᠡᠴᠢᠯᠡᠨ ᠮᠡᠳᠡᠭᠦᠯᠬᠦ ᠪᠤᠶᠤ ᠭᠤᠮᠣᠳᠠᠯ ᠲᠣᠭ᠋ᠠᠴᠢᠬᠤ ᠬᠡᠷᠡᠭᠲᠡᠶ᠃ ᠨᠢᠭᠡᠴᠢ ᠵᠢᠨ ᠢᠯᠡᠴᠢᠯᠡᠨ ᠮᠡᠳᠡᠭᠦᠯᠬᠦ᠎ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ᠎ᠤ ᠢᠯᠡᠴᠢᠯᠡᠨ ᠮᠡᠳᠡᠭᠦᠯᠬᠦ᠎ᠳᠤ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ᠎ᠪᠠᠨ ᠪᠢᠴᠢᠵᠦ᠂ ᠢᠯᠡᠴᠢᠯᠡᠨ ᠮᠡᠳᠡᠭᠦᠯᠬᠦ᠎ᠳᠤ ᠨᠠᠷᠢᠨ ᠲᠣᠳᠣᠷᠬᠠᠶ ᠭᠡᠷᠡᠴᠢᠯᠡᠬᠦ ᠮᠠᠲ᠋ᠧᠷᠢᠶᠠᠯ᠎ᠢ ᠳᠠᠭ᠋ᠠᠯᠳᠤᠭᠤᠯᠵᠤ᠂ ᠬᠠᠷᠭᠤᠭᠤᠯᠤᠨ ᠪᠠᠶ᠋ᠢᠴᠠᠭ᠋ᠠᠬᠤ᠎ᠳᠤ ᠲᠥᠬᠦᠮ ᠪᠣᠯᠭ᠋ᠠᠬᠤ ᠬᠡᠷᠡᠭᠲᠡᠶ᠃ ᠨᠡᠷ᠎ᠡ ᠪᠤᠷᠤᠭᠤᠯᠠᠭᠰᠠᠨ ᠣᠨᠳᠣᠣ ᠰᠠᠨᠠᠯ ᠪᠠ ᠵᠠᠷᠯᠠᠨ ᠨᠡᠶ᠋ᠢᠲᠡᠯᠡᠬᠦ ᠬᠤᠭᠤᠴᠠᠭ᠎ᠠ᠎ᠠᠴᠠ ᠬᠡᠲᠦᠷᠡᠭᠰᠡᠨ ᠣᠨᠳᠣᠣ ᠰᠠᠨᠠᠯ ᠪᠦᠬᠦᠨ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2025 ᠣᠨ᠎ᠤ 10 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ 2025 ᠣᠨ᠎ᠤ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠤᠨ᠎ᠠ᠃    

ᠬᠠᠷᠢᠯᠴᠠᠬᠤ ᠬᠥᠮᠦᠨ᠄ ᠵᠠᠩ ᠵᠢᠶᠦ᠋ᠨ ᠪᠢᠨ     ᠹᠠᠨ ᠢᠦᠶ ᠬᠤᠤ    

ᠬᠠᠷᠢᠯᠴᠠᠬᠤ ᠤᠲᠠᠰᠤ᠄ 0471 - 6969040   0471 - 6550408    

ᠬᠠᠷᠢᠯᠴᠠᠬᠤ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠸᠷ    

ᠰᠢᠤᠳᠠᠨ ᠳ᠋ᠤᠭ᠋ᠠᠷ᠄ 010050    

 

ᠳᠠᠭ᠋ᠠᠯᠳᠤᠭᠤᠯᠤᠯ᠄ 2025 ᠣᠨ᠎ᠤ ᠵᠢᠷᠭᠤᠲᠤᠭ᠋ᠠᠷ ᠪᠦᠯᠦᠭ᠎ᠤᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠂ pdf    

 

            ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ      

                        2025 ᠣᠨ᠎ᠤ 10 ᠳ᠋ᠤᠭ᠋ᠠᠷ ᠰᠠᠷ᠎ᠠ ᠵᠢᠨ 28᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            