《ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠎ᠤᠨ ᠬᠢᠷᠢ ᠬᠡᠮ᠎ᠤᠨ ᠪᠠᠷᠢᠮᠵᠢᠶ᠎ᠠ》᠂ 《ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ》᠂ 《ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ ᠪᠠ ᠬᠢᠷᠢ ᠬᠡᠮ᠎ᠤᠨ ᠪᠠᠷᠢᠮᠵᠢᠶ᠎ᠠ᠎ᠶ᠋ᠢᠨ ᠬᠡᠷᠡᠭ᠌ᠵᠢᠭᠦᠯᠬᠦ᠌ ᠰᠠᠨᠠᠯ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠲᠢᠩᠬᠢᠮ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ ᠲᠠᠢ ᠬᠠᠮᠵᠢᠨ ᠵᠠᠰᠠᠮᠠᠯ ᠵᠠᠮ᠎ᠤᠨ ᠪᠠᠷᠢᠯᠭ᠎ᠠ᠎ᠶ᠋ᠢᠨ ᠬᠠᠮᠢᠶ᠎ᠠ ᠪᠥᠬᠦᠶ ᠬᠢᠷᠢ ᠬᠡᠮ᠎ᠤᠨ ᠮᠡᠳᠡᠭᠦᠯᠬᠦ᠌ ᠮᠠᠲ᠋ᠧᠷᠢᠶᠠᠯ᠎ᠳᠤ ᠠᠵᠢᠯ ᠲᠥᠷᠥᠯ᠎ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ ᠮᠣᠩᠭᠤᠯ᠎ᠤᠨ ᠾᠧᠩ ᠴᠧᠩ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠬᠢᠵᠠᠭᠠᠷᠲᠤ ᠺᠣᠮᠫᠠᠨᠢ ᠵᠡᠷᠭᠡ 9 ᠪᠠᠷᠢᠯᠭ᠎ᠠ᠎ᠶ᠋ᠢᠨ ᠠᠵᠤ ᠠᠬᠤᠢᠯᠠᠯ᠎ᠤᠨ ᠬᠢᠷᠢ ᠬᠡᠮ᠎ᠢ ᠮᠡᠳᠡᠭᠦᠯᠬᠦ᠌ ᠮᠠᠲ᠋ᠧᠷᠢᠶᠠᠯ ᠵᠢᠴᠢ ᠥᠪᠥᠷ ᠮᠣᠩᠭᠤᠯ᠎ᠤᠨ ᠵᠢᠨᠴᠢᠶᠤᠤ ᠪᠠᠷᠢᠯᠭ᠎ᠠ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠪᠠᠷᠢᠯᠭ᠎ᠠ᠎ᠶ᠋ᠢᠨ ᠠᠵᠤ ᠠᠬᠤᠢᠯᠠᠯ᠎ᠤᠨ ᠨᠥᠬᠦᠵᠦ᠍ ᠵᠠᠯᠠᠷᠠᠭᠤᠯᠬᠤ ᠮᠠᠲ᠋ᠧᠷᠢᠶᠠᠯ᠎ᠤᠨ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠭ᠍ᠰᠠᠨ ᠪᠠᠢᠳᠠᠯ᠎ᠢ ᠵᠠᠷᠯᠠᠨ ᠨᠡᠢᠲᠡᠯᠡᠵᠦ᠍᠂ ᠨᠡᠢᠭᠡᠮ᠎ᠤᠨ ᠬᠢᠨᠠᠯᠲᠠ᠎ᠶ᠋ᠢ ᠬᠦᠯᠢᠶᠡᠨ᠎ᠡ᠃ ᠵᠠᠷᠯᠠᠨ ᠨᠡᠢᠲᠡᠯᠡᠬᠦ᠌ ᠴᠠᠭ᠎ᠨᠢ 2025 ᠣᠨ᠎ᠤ 12 ᠳ᠋ᠤᠭ᠋ᠠᠷ ᠰᠠᠷ᠎ᠠ᠎ᠶ᠋ᠢᠨ 10 ᠤ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ᠎ᠶ᠋ᠢᠨ 16 ᠤ ᠡᠳᠦᠷ ᠪᠣᠯᠤᠨ᠎ᠠ᠃
ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠢᠯᠠᠯ᠎ᠤᠨ ᠮᠡᠳᠡᠭᠦᠯᠦᠭ᠌ᠰᠡᠨ ᠮᠡᠳᠡᠭᠡ ᠵᠠᠩᠭᠢ᠎ᠳᠠᠬᠢ ᠬᠤᠳᠠᠯ ᠬᠠᠭᠤᠷᠮᠠᠭ ᠠᠭᠤᠯᠭ᠎ᠠ᠎ᠶ᠋ᠢ ᠮᠠᠨ᠎ᠤ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠢᠯᠡᠴᠢᠯᠡᠨ ᠮᠡᠳᠡᠭᠦᠯᠵᠦ᠍ ᠪᠣᠯᠤᠨ᠎ᠠ᠃ ᠬᠤᠭᠤᠴᠠᠭ᠎ᠠ ᠨᠢ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ ( ᠰᠢᠤᠳᠠᠨ᠎ᠢᠶᠠᠷ ᠶᠠᠪᠤᠭᠤᠯᠤᠭᠰᠠᠨ ᠮᠠᠲᠧᠷᠢᠶᠠᠯ᠎ᠢ ᠰᠢᠤᠳᠠᠨ᠎ᠤ ᠲᠠᠮᠠᠭ᠎ᠠ ᠳᠠᠷᠤᠭᠰᠠᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ )᠃ ᠬᠠᠷᠭᠤᠭᠤᠯᠤᠨ ᠪᠠᠢᠴᠠᠭᠠᠬᠤ᠎ᠳᠤ ᠲᠥᠬᠥᠮ ᠪᠣᠯᠭᠠᠬᠤ᠎ᠶᠢᠨ ᠲᠤᠰᠠᠳᠠ᠂ ᠢᠯᠡᠴᠢᠯᠡᠨ ᠮᠡᠳᠡᠭᠦᠯᠦᠭᠰᠡᠨ ᠮᠠᠲᠧᠷᠢᠶᠠᠯ᠎ᠤᠨ ᠠᠭᠤᠯᠭ᠎ᠠ ᠨᠢ ᠪᠣᠳᠠᠲᠠᠢ ᠪᠠᠢᠵᠤ᠂ ᠬᠠᠷᠢᠯᠴᠠᠬᠤ ᠤᠲᠠᠰᠤ᠂ ᠬᠠᠶᠢᠭ᠋ ᠪᠠ ᠰᠢᠤᠳᠠᠨ ᠳ᠋ᠤᠭᠠᠷ᠎ᠢᠶᠠᠨ ᠲᠤᠳᠤᠷᠬᠠᠢ ᠪᠢᠴᠢᠵᠦ᠂ ᠨᠢᠭᠡᠴᠢ ᠢᠯᠡᠴᠢᠯᠡᠨ ᠮᠡᠳᠡᠭᠦᠯᠬᠦ᠎ᠳᠦ᠎ᠪᠡᠨ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠢᠯᠡᠴᠢᠯᠡᠨ ᠮᠡᠳᠡᠭᠦᠯᠬᠦ ᠳᠦ ᠪᠡᠨ ᠦᠨᠡᠨ ᠪᠣᠳᠠᠲᠠᠢ ᠣᠪᠣᠭ ᠨᠡᠷ᠎ᠡ᠎ᠪᠡᠨ ᠪᠢᠴᠢᠬᠦ ᠬᠡᠷᠡᠭᠲᠡᠢ᠃
ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠭᠠᠵᠠᠷ ᠱᠢᠨᠵᠢᠯᠡᠭᠡᠨ᠎ᠤ ᠲᠣᠪᠴᠢᠶ᠎ᠠ᠎ᠶ᠋ᠢᠨ ᠡᠮᠦᠨ᠎ᠡ ᠵᠡᠭᠡᠯᠢ᠎ᠶ᠋ᠢᠨ 68 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ; ᠱᠢᠤᠳᠠᠨ᠎ᠤ ᠳ᠋ᠤᠭᠠᠷ᠄ 0100 20
ᠬᠠᠷᠢᠯᠴᠠᠬᠤ ᠬᠥᠮᠥᠨ᠄ ᠵᠠᠩ ᠵᠢᠶᠦ᠋ᠨ ᠪᠢᠨ᠂ ᠭᠦ᠋ ᠷᠦᠢ ᠴᠢ
ᠬᠠᠷᠢᠯᠴᠠᠬᠤ ᠤᠲᠠᠰᠤ᠄ 0471 - 6969040
ᠢᠮᠧᠯ᠄ JTYSTJSGLCSCGL@163.com
ᠳᠠᠭᠠᠯᠳᠤᠭᠤᠯᠤᠯ᠄ ᠵᠠᠰᠠᠮᠠᠯ ᠵᠠᠮ᠎ᠤᠨ ᠢᠨᠵᠧᠨᠧᠷᠢᠩ᠎ᠤᠨ ᠪᠠᠷᠢᠯᠭ᠎ᠠ ᠪᠠᠷᠢᠬᠤ ᠠᠵᠤ ᠠᠬᠤᠢᠯᠠᠯ᠎ᠤᠨ ᠬᠢᠷᠢ ᠬᠡᠮ᠎ᠤᠨ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠭ᠍ᠰᠠᠨ ᠰᠠᠨᠠᠯ .xls
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ
2025 ᠣᠨ᠎ᠤ 12 ᠳ᠋ᠤᠭ᠋ᠠᠷ ᠰᠠᠷ᠎ᠠ᠎ᠶ᠋ᠢᠨ 9 ᠤ ᠡᠳᠦᠷ