ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
2025 ᠣᠨ᠎ᠤ ᠪᠥᠬᠦ ᠤᠯᠤᠰ᠎ᠤᠨ ᠵᠠᠮ ᠲᠡᠭᠡᠭᠡᠪᠦᠷᠢ ᠵᠢᠨ ᠠᠮᠤᠷ ᠲᠦᠪᠰᠢᠨ ᠵᠶ᠋ᠠᠷ ᠵᠠᠭᠤᠨ ᠲᠦᠮᠡᠨ ᠺᠢᠯᠦᠮᠸᠲᠷ ᠲᠡᠷᠭᠡ ᠶᠠᠪᠤᠭᠤᠯᠤᠭᠰᠠᠨ ᠵᠢᠯᠣᠭᠤᠴᠢ ᠵᠢᠨ ᠬᠥᠳᠡᠯᠮᠦᠷᠢ ᠵᠢᠨ ᠤᠷᠤᠯᠳᠤᠭ᠋ᠠᠨ᠎ᠳᠤ ᠣᠷᠣᠯᠴᠠᠭᠴᠢ ᠵᠢ ᠲᠠᠨᠢᠯᠴᠠᠭᠤᠯᠬᠤ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-08-19

    《2025 ᠣᠨ᠎ᠤ ᠪᠥᠬᠦ ᠤᠯᠤᠰ᠎ᠤᠨ ᠵᠠᠮ ᠲᠡᠭᠡᠭᠡᠪᠦᠷᠢ ᠵᠢᠨ ᠠᠮᠤᠷ ᠲᠦᠪᠰᠢᠨ ᠵᠶ᠋ᠠᠷ ᠵᠠᠭᠤᠨ ᠲᠦᠮᠡᠨ ᠺᠢᠯᠦᠮᠸᠲᠷ ᠲᠡᠷᠭᠡ ᠶᠠᠪᠤᠭᠤᠯᠤᠭᠰᠠᠨ ᠵᠢᠯᠣᠭᠤᠴᠢ ᠵᠢᠨ ᠬᠥᠳᠡᠯᠮᠦᠷᠢ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠬᠦ ᠲᠤᠬᠠᠶ ᠳᠤᠮᠳᠠᠳᠤ ᠤᠯᠤᠰ᠎ᠤᠨ ᠵᠠᠮ ᠲᠡᠭᠡᠭᠡᠪᠦᠷᠢ ᠵᠢᠨ ᠨᠡᠶ᠋ᠢᠭᠡᠮᠯᠢᠭ ᠳᠤᠮᠳᠠᠳᠤ ᠤᠯᠤᠰ᠎ᠤᠨ ᠳᠠᠯᠠᠢ᠍ᠴᠢᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯᠴᠢᠨ᠎ᠤ ᠡᠪᠯᠡᠯ᠎ᠤᠨ ᠪᠥᠬᠦ ᠤᠯᠤᠰ᠎ᠤᠨ ᠵᠥᠪᠯᠡᠯ᠎ᠤᠨ ᠮᠡᠳᠡᠭᠳᠡᠯ》 (ᠳᠤᠮᠳᠠᠳᠤ ᠤᠯᠤᠰ᠎ᠤᠨ ᠵᠠᠮ ᠲᠡᠭᠡᠭᠡᠪᠦᠷᠢ ᠵᠢᠨ ᠨᠡᠶ᠋ᠢᠭᠡᠮᠯᠢᠭ ᠲᠠᠷᠬᠠᠭ᠋ᠠᠭᠰᠠᠨ [2025] 50 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠢᠯᠡ᠂ ᠡᠷᠬᠡ ᠲᠡᠭᠰᠢ᠂ ᠲᠥᠪ ᠭᠤᠤᠯᠴᠢ ᠪᠠᠶ᠋ᠢᠬᠤ ᠵᠠᠷᠴᠢᠮ᠎ᠢ ᠢᠯᠡᠷᠡᠭᠦᠯᠵᠦ᠂ ᠠᠷᠠᠳᠴᠢᠯᠠᠯ᠎ᠢ ᠭᠦᠢ᠍ᠴᠡᠳ ᠪᠠᠳᠠᠷᠠᠭᠤᠯᠤᠨ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠵᠦ᠂ ᠲᠠᠨᠢᠯᠴᠠᠭᠤᠯᠬᠤ ᠶᠠᠪᠤᠴᠠ᠎ᠳᠤ ᠣᠯᠠᠨ ᠲᠦᠮᠡᠨ᠎ᠢ ᠣᠷᠣᠯᠴᠠᠭᠤᠯᠵᠤ᠂ ᠲᠠᠨᠢᠯᠴᠠᠭᠤᠯᠤᠭᠰᠠᠨ ᠦᠷ᠎ᠡ ᠳ᠋ᠦᠩ᠎ᠢ ᠣᠯᠠᠨ ᠲᠦᠮᠡᠨ᠎ᠳᠤ ᠮᠡᠳᠡᠷᠡᠭᠳᠡᠭᠦᠯᠬᠦ ᠵᠢ ᠪᠡᠶᠡᠯᠡᠬᠦᠯᠬᠦ ᠵᠢᠨ ᠲᠦᠯᠦᠭᠡ᠂ ᠡᠳᠦᠭᠡ 2025 ᠣᠨ᠎ᠤ ᠪᠥᠬᠦ ᠤᠯᠤᠰ᠎ᠤᠨ ᠵᠠᠮ ᠲᠡᠭᠡᠭᠡᠪᠦᠷᠢ ᠵᠢᠨ ᠠᠮᠤᠷ ᠲᠦᠪᠰᠢᠨ ᠵᠶ᠋ᠠᠷ ᠵᠠᠭᠤᠨ ᠲᠦᠮᠡᠨ ᠺᠢᠯᠦᠮᠸᠲᠷ ᠲᠡᠷᠭᠡ ᠶᠠᠪᠤᠭᠤᠯᠤᠭᠰᠠᠨ ᠵᠢᠯᠣᠭᠤᠴᠢ ᠵᠢᠨ ᠬᠥᠳᠡᠯᠮᠦᠷᠢ ᠵᠢᠨ ᠤᠷᠤᠯᠳᠤᠭ᠋ᠠᠨ᠎ᠳᠤ ᠣᠷᠤᠯᠴᠠᠭᠤᠯᠬᠤ 7 ᠤᠷᠤᠯᠴᠠᠭᠴᠢ ᠵᠢᠨ ᠨᠡᠷᠡᠰ᠎ᠢ ᠵᠠᠷᠯᠠᠨ ᠨᠡᠶ᠋ᠢᠲᠡᠯᠡᠪᠡ᠃    

   ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2025 ᠣᠨ᠎ᠤ 8 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 22᠎ᠤᠨ ᠡᠳᠦᠷ ᠪᠣᠯᠲᠠᠯ᠎ᠠ᠂ ᠨᠡᠶ᠋ᠢᠲᠡ 5 ᠠᠵᠢᠯᠯᠠᠬᠤ ᠡᠳᠦᠷ ᠪᠠᠶ᠋ᠢᠵᠤ᠂ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 - 12᠄ 00᠂ ᠦᠳᠡ ᠵᠢᠨ ᠬᠤᠶ᠋ᠢᠨ᠎ᠠ 13᠄ 30 - 17᠄ 00 ᠪᠣᠯᠤᠨ᠎ᠠ᠃     ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠨᠢᠭᠡᠴᠢ ᠪᠠ ᠬᠤᠪᠢ ᠬᠥᠮᠦᠨ ᠲᠠᠨᠢᠯᠴᠠᠭᠤᠯᠬᠤ᠎ᠪᠠᠷ ᠵᠢᠱ᠌ᠢᠭᠳᠡᠭᠴᠢ᠎ᠳᠤ ᠣᠨᠳᠣᠤ ᠰᠠᠨᠠᠯ᠎ᠲᠠᠢ ᠪᠠᠢ᠌ᠪᠠᠯ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠥᠪᠥᠷ ᠮᠣᠩᠭᠤᠯ᠎ᠤᠨ ᠵᠠᠮ ᠲᠡᠭᠡᠭᠡᠪᠦᠷᠢ ᠵᠢᠨ ᠨᠡᠶ᠋ᠢᠭᠡᠮᠯᠢᠭ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠮᠠᠲ᠋ᠧᠷᠢᠶᠠᠯ᠎ᠤᠨ ᠵᠠᠮ ᠬᠠᠷᠢᠯᠴᠠᠭ᠋ᠠᠨ᠎ᠤ ᠮᠠᠰᠢᠨ ᠲᠡᠮᠦᠷᠯᠢᠭ ᠪᠣᠯᠪᠠᠰᠤᠷᠠᠭᠤᠯᠬᠤ ᠠᠵᠢᠯᠴᠢᠨ᠎ᠤ ᠡᠪᠯᠡᠯ᠎ᠳᠤ ᠲᠤᠰᠬᠠᠨ᠎ᠠ (ᠵᠠᠬᠢᠳᠠᠯ᠎ᠢ ᠬᠦᠷᠦᠭᠰᠡᠨ ᠡᠳᠦᠷ᠎ᠤᠨ ᠰᠢᠤᠳᠠᠨ᠎ᠤ ᠲᠠᠮᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ)᠃ ᠪᠠᠶ᠋ᠢᠳᠠᠯ᠎ᠢ ᠲᠤᠰᠬᠠᠬᠤ᠎ᠳᠤ ᠡᠷᠬᠡᠪᠰᠢ ᠦᠨᠡᠨ᠎ᠠᠴᠠ ᠵᠥᠪ᠎ᠢ ᠡᠷᠢᠵᠦ᠂ ᠪᠤᠰᠤᠳᠴᠢ ᠪᠥᠭᠡᠳ ᠲᠥᠪ ᠭᠤᠣᠯᠴᠢ ᠪᠠᠶ᠋ᠢᠵᠤ᠂ ᠪᠣᠳᠠᠲᠠᠶ ᠰᠦᠪᠡᠭᠴᠢ ᠪᠤᠶᠤ ᠪᠣᠳᠠᠲᠤ ᠶᠠᠪᠤᠳᠠᠯ᠎ᠤᠨ ᠦᠨᠳᠦᠰᠦ ᠪᠠᠷᠢᠮᠲᠠ ᠵᠢ ᠬᠠᠩᠭ᠋ᠠᠵᠤ᠂ ᠦᠨᠡᠨ ᠨᠡᠷ᠎ᠡ᠎ᠪᠠᠷ ᠠᠰᠠᠭᠤᠳᠠᠯ᠎ᠢ ᠲᠤᠰᠬᠠᠬᠤ ᠵᠢ ᠰᠠᠨᠠᠭ᠋ᠠᠴᠢᠯᠠᠵᠤ ᠪᠠᠢ᠌ᠨ᠎ᠠ᠃ 

    ᠥᠪᠥᠷ ᠮᠣᠩᠭᠤᠯ᠎ᠤᠨ ᠵᠠᠮ ᠲᠡᠭᠡᠭᠡᠪᠦᠷᠢ ᠵᠢᠨ ᠨᠡᠶ᠋ᠢᠭᠡᠮᠯᠢᠭ᠎ᠤᠨ ᠬᠠᠷᠢᠯᠴᠠᠬᠤ ᠬᠥᠮᠦᠨ᠄ ᠾᠧ ᠯᠢᠩ; ᠬᠠᠷᠢᠯᠴᠠᠬᠤ ᠤᠲᠠᠰᠤ᠄ 13948718812; ᠢᠮᠸᠯ᠄ 745221136@qq.com; ᠬᠠᠷᠢᠯᠴᠠᠬᠤ ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠲᠡᠷᠭᠡᠨ ᠥᠷᠲᠡᠭᠡᠨ᠎ᠤ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠧᠷ; ᠰᠢᠤᠳᠠᠨ᠎ᠤ ᠳ᠋ᠤᠭ᠋ᠠᠷ᠄ 010010    

    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠪᠦᠲᠦᠭᠡᠨ ᠪᠠᠶ᠋ᠢᠭᠤᠯᠤᠯᠲᠠ ᠵᠢᠨ ᠮᠠᠰᠢᠨ ᠬᠠᠶ᠋ᠢᠯᠤᠭᠤᠯᠬᠤ ᠠᠵᠢᠯᠴᠢᠨ᠎ᠤ ᠡᠪᠯᠡᠯ᠎ᠤᠨ ᠬᠠᠷᠢᠯᠴᠠᠬᠤ ᠬᠥᠮᠦᠨ᠄ ᠯᠢ ᠢᠦᠶ ᠴᠢᠩ᠄ ᠬᠠᠷᠢᠯᠴᠠᠬᠤ ᠤᠲᠠᠰᠤ᠄ 15049111762; ᠢᠮᠸᠯ᠄ nmgjzgh@163.com; ᠬᠠᠷᠢᠯᠴᠠᠬᠤ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠠᠵᠠᠲᠠᠢ ᠵᠠᠮ᠎ᠤᠨ 18 ᠳ᠋ᠤᠭ᠋ᠠᠷ ᠨᠣᠮᠧᠷ; ᠰᠢᠤᠳᠠᠨ᠎ᠤ ᠳ᠋ᠤᠭ᠋ᠠᠷ᠄ 010050    

    ᠳᠠᠭ᠋ᠠᠯᠳᠤᠭᠤᠯᠤᠯ᠄ 2025 ᠣᠨ᠎ᠤ ᠪᠥᠬᠦ ᠤᠯᠤᠰ᠎ᠤᠨ ᠵᠠᠮ ᠲᠡᠭᠡᠭᠡᠪᠦᠷᠢ ᠵᠢᠨ ᠠᠮᠤᠷ ᠲᠦᠪᠰᠢᠨ ᠵᠶ᠋ᠠᠷ ᠵᠠᠭᠤᠨ ᠲᠦᠮᠡᠨ ᠺᠢᠯᠦᠮᠸᠲᠷ ᠲᠡᠷᠭᠡ ᠶᠠᠪᠤᠭᠤᠯᠤᠭᠰᠠᠨ ᠵᠢᠯᠣᠭᠤᠴᠢ ᠵᠢᠨ ᠬᠥᠳᠡᠯᠮᠦᠷᠢ ᠵᠢᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠬᠤ᠎ᠪᠠᠷ ᠲᠠᠨᠢᠯᠴᠠᠭᠤᠯᠬᠤ ᠨᠡᠷᠡᠰ᠂ doc    

 

      ᠥᠪᠥᠷ ᠮᠣᠩᠭᠤᠯ᠎ᠤᠨ ᠵᠠᠮ ᠲᠡᠭᠡᠭᠡᠪᠦᠷᠢ ᠵᠢᠨ ᠨᠡᠢ᠍ᠭᠡᠮᠯᠢᠭ  

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠨ ᠪᠠᠷᠢᠯᠭ᠎ᠠ ᠵᠢᠨ ᠮᠠᠲ᠋ᠧᠷᠢᠶᠠᠯ᠎ᠤᠨ ᠵᠠᠮ ᠬᠠᠷᠢᠯᠴᠠᠭ᠋ᠠᠨ᠎ᠤ ᠮᠠᠰᠢᠨ ᠲᠡᠮᠦᠷᠯᠢᠭ ᠪᠣᠯᠪᠠᠰᠤᠷᠠᠭᠤᠯᠬᠤ ᠠᠵᠢᠯᠴᠢᠨ᠎ᠤ ᠡᠪᠯᠡᠯ    

                2025 ᠣᠨ᠎ᠤ 8 ᠳ᠋ᠤᠭ᠋ᠠᠷ ᠰᠠᠷ᠎ᠠ ᠵᠢᠨ 18᠎ᠤ ᠡᠳᠦᠷ

ᠢᠷᠡᠯᠲᠡ᠄ ᠥᠪᠥᠷ ᠮᠣᠩᠭᠤᠯ᠎ᠤᠨ ᠵᠠᠮ ᠲᠡᠭᠡᠭᠡᠪᠦᠷᠢ ᠵᠢᠨ ᠨᠡᠢ᠍ᠭᠡᠮᠯᠢᠭ
          
ᠬᠠᠮᠢᠶ᠎ᠡ ᠪᠦᠬᠦᠢ ᠰᠣᠨᠢᠨ
 
            