ᠥᠪᠥᠷ ᠮᠣᠩᠭᠤᠯ᠎ᠤᠨ ᠲᠢᠶᠠᠨ ᠢ ᠪᠥᠲᠥᠭᠡᠨ ᠪᠠᠶ᠋ᠢᠭᠤᠯᠤᠯᠲᠠ ᠵᠢᠨ ᠬᠢᠵᠠᠭ᠋ᠠᠷᠲᠤ ᠺᠣᠮᠫᠠᠨᠢ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠢᠴᠢ ᠥᠪᠥᠷ ᠮᠣᠩᠭᠤᠯ᠎ᠤᠨ ᠴᠧᠨ ᠸᠠᠩ ᠪᠥᠲᠥᠭᠡᠨ ᠪᠠᠶ᠋ᠢᠭᠤᠯᠤᠯᠲᠠ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ 2 ᠪᠠᠷᠢᠯᠭ᠎ᠠ ᠵᠢᠨ ᠠᠵᠤ ᠠᠬᠤᠶ᠋ᠢᠯᠠᠯ᠎ᠤᠨ ᠲᠣᠭ᠋ᠠᠴᠠᠵᠤ ᠨᠥᠬᠥᠪᠦᠷᠢᠯᠡᠭᠰᠡᠨ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠭᠰᠠᠨ ᠪᠠᠶ᠋ᠢᠳᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠵᠠᠷᠯᠠᠯ 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠪᠠᠷᠢᠮᠵᠢᠶ᠎ᠠ》᠂ 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ》᠂ 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠪᠠ ᠬᠢᠷᠢ ᠬᠡᠮ᠎ᠤᠨ ᠪᠠᠷᠢᠮᠵᠢᠶ᠎ᠠ ᠵᠢᠨ ᠬᠡᠷᠡᠭᠵᠢᠭᠦᠯᠬᠦ ᠰᠠᠨᠠᠯ》 ᠵᠡᠷᠭᠡ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠢ ᠬᠠᠮᠵᠢᠨ ᠵᠠᠰᠠᠮᠠᠯ ᠵᠠᠮ᠎ᠤᠨ ᠪᠠᠷᠢᠯᠭ᠎ᠠ ᠵᠢᠨ ᠬᠠᠮᠢᠶ᠎ᠠ ᠪᠥᠬᠦᠶ ᠬᠢᠷᠢ ᠬᠡᠮ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠳᠤ ᠠᠵᠢᠯ ᠲᠥᠷᠥᠯ᠎ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ ᠮᠣᠩᠭᠤᠯ᠎ᠤᠨ ᠲᠢᠶᠠᠨ ᠢ ᠪᠥᠲᠥᠭᠡᠨ ᠪᠠᠶ᠋ᠢᠭᠤᠯᠤᠯᠲᠠ ᠵᠢᠨ ᠬᠢᠵᠠᠭ᠋ᠠᠷᠲᠤ ᠺᠣᠮᠫᠠᠨᠢ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠢᠴᠢ ᠥᠪᠥᠷ ᠮᠣᠩᠭᠤᠯ᠎ᠤᠨ ᠴᠧᠨ ᠸᠠᠩ ᠪᠥᠲᠥᠭᠡᠨ ᠪᠠᠶ᠋ᠢᠭᠤᠯᠤᠯᠲᠠ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ 2 ᠪᠠᠷᠢᠯᠭ᠎ᠠ ᠵᠢᠨ ᠠᠵᠤ ᠠᠬᠤᠶ᠋ᠢᠯᠠᠯ᠎ᠤᠨ ᠲᠣᠭ᠋ᠠᠴᠠᠵᠤ ᠨᠥᠬᠥᠪᠦᠷᠢᠯᠡᠭᠰᠡᠨ ᠮᠠᠲ᠋ᠧᠷᠢᠶᠠᠯ᠎ᠢ ᠲᠤᠰᠬᠠᠶ ᠮᠡᠷᠭᠡᠵᠢᠯᠲᠡᠨ᠎ᠠᠴᠠ ᠬᠢᠨᠠᠨ ᠲᠣᠭᠲᠠᠭ᠋ᠠᠭᠰᠠᠨ ᠪᠠᠶ᠋ᠢᠳᠠᠯ᠎ᠤᠨ ᠲᠣᠬᠠᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠵᠠᠷᠯᠠᠨ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠨ᠎ᠡ᠃ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2025 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2025 ᠣᠨ᠎ᠤ 8 ᠳ᠋ᠤᠭ᠋ᠠᠷ ᠰᠠᠷ᠎ᠠ ᠵᠢᠨ 7᠎ᠤ ᠡᠳᠦᠷ ᠪᠣᠯᠲᠠᠯ᠎ᠠ᠃
ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠡᠳᠡᠭᠡ ᠵᠠᠩᠭᠢ᠎ᠳᠠᠬᠢ ᠬᠤᠳᠠᠯ ᠬᠠᠭᠤᠷᠮᠠᠭ ᠠᠭᠤᠯᠭ᠎ᠠ ᠵᠢ ᠮᠠᠨ᠎ᠤ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠬᠡᠲᠦᠷᠡᠭᠰᠡᠨ᠎ᠢ ᠭᠥᠯᠢᠶᠡᠨ ᠠᠪᠴᠤ ᠰᠢᠢᠳᠪᠦᠷᠢᠯᠡᠬᠦ ᠥᠬᠡᠶ (ᠰᠢᠦᠳᠠᠨ ᠵᠶ᠋ᠠᠷ ᠢᠯᠡᠭᠡᠭᠰᠡᠨ ᠮᠠᠲ᠋ᠧᠷᠢᠶᠠᠯ᠎ᠢ ᠰᠢᠦᠳᠠᠨ ᠲᠠᠮᠠᠭ᠎ᠠ ᠵᠢᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ)᠃ ᠬᠠᠷᠭᠤᠭᠤᠯᠤᠨ ᠪᠠᠶ᠋ᠢᠴᠠᠭ᠋ᠠᠬᠤ᠎ᠳᠤ ᠳᠥᠭᠦᠮ ᠦᠵᠡᠭᠦᠯᠬᠦ ᠵᠢᠨ ᠲᠥᠯᠥᠭᠡ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ᠎ᠤᠨ ᠠᠭᠤᠯᠭ᠎ᠠ ᠵᠢ ᠪᠣᠳᠠᠲᠠᠶ ᠪᠠᠶ᠋ᠢᠯᠭ᠋ᠠᠵᠤ᠂ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ᠎ᠤ ᠳ᠋ᠤᠭ᠋ᠠᠷ᠎ᠢ ᠲᠣᠳᠣᠷᠬᠠᠶ ᠪᠢᠴᠢᠵᠦ᠂ ᠨᠢᠭᠡᠴᠢ ᠵᠢᠨ ᠢᠯᠡᠴᠢᠯᠡᠨ ᠮᠡᠳᠡᠭᠦᠯᠬᠦ᠎ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ᠎ᠤ ᠢᠯᠡᠴᠢᠯᠡᠨ ᠮᠡᠳᠡᠭᠦᠯᠬᠦ᠎ᠳᠤ ᠦᠨᠡᠨ ᠪᠣᠳᠠᠲᠠᠶ ᠣᠪᠣᠭ ᠨᠡᠷ᠎ᠡ᠎ᠪᠠᠨ ᠪᠢᠴᠢᠬᠦ ᠬᠡᠷᠡᠭᠲᠡᠶ᠃
ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ; ᠰᠢᠤᠳᠠᠨ᠎ᠤ ᠳ᠋ᠤᠭ᠋ᠠᠷ᠄ 010020
ᠬᠠᠷᠢᠯᠴᠠᠬᠤ ᠬᠥᠮᠦᠨ᠄ ᠶᠠᠩ ᠯᠢ ᠱ᠌ᠢ ᠵᠠᠩ ᠵᠢᠶᠦ᠋ᠨ ᠪᠢᠨ
ᠬᠠᠷᠢᠯᠴᠠᠬᠤ ᠤᠲᠠᠰᠤ᠄ 0471 - 6969040
ᠢᠮᠧᠯ᠄ JTYSTJSGLCSCGL@163.com᠃
ᠳᠠᠭ᠋ᠠᠯᠳᠤᠭᠤᠯᠤᠯ᠄ ᠵᠠᠰᠠᠮᠠᠯ ᠵᠠᠮ᠎ᠤᠨ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠲᠤᠰᠬᠠᠶ ᠮᠡᠷᠭᠡᠵᠢᠯᠲᠡᠨ᠎ᠤ ᠬᠢᠨᠠᠨ ᠪᠠᠶ᠋ᠢᠴᠠᠭ᠋ᠠᠭᠰᠠᠨ ᠰᠠᠨᠠᠯ᠂ xls
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
2025 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ