ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠠᠯᠪᠠᠨ ᠵᠠᠷ
ᠨᠡᠶ᠋ᠢᠲᠡᠯᠡᠭᠰᠡᠨ ᠴᠠᠭ᠄ 2025-08-07

    《2025 ᠣᠨ᠎ᠤ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠣᠯᠪᠣᠭᠳᠠᠯ ᠪᠥᠬᠥᠶ ᠵᠦᠢᠯᠡᠰ᠎ᠤᠨ ᠲᠤᠬᠠᠶ ᠮᠡᠳᠡᠭᠳᠡᠯ》 (ᠠᠵᠢᠯ ᠮᠡᠷᠭᠡᠵᠢᠯ᠎ᠤᠨ ᠬᠢᠷᠢ ᠲᠦᠪᠰᠢᠨ ᠵᠠᠬᠢᠳᠠᠯ [2025] 246 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢ 10 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 26᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠳᠤ ᠶᠠᠪᠤᠭᠳᠠᠭᠤᠯᠬᠤ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄

    ᠨᠢᠭᠡ᠂ ᠰᠢᠯᠭ᠋ᠠᠬᠤ ᠴᠠᠭ᠂ ᠲᠠᠰ ᠪᠣᠯᠤᠨ ᠬᠢᠴᠢᠶᠡᠯ ᠲᠥᠷᠥᠯ

    ᠬᠣᠶᠠᠷ᠂ ᠨᠡᠷ᠎ᠡ ᠮᠡᠳᠡᠭᠦᠯᠬᠦ ᠨᠥᠬᠥᠴᠡᠯ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ ᠡᠷᠬᠡᠪᠰᠢ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠲᠦᠷᠢᠮ᠎ᠤᠨ ᠲᠣᠭᠲᠠᠭ᠋ᠠᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [2015] 59 ᠳ᠋ᠦ᠍ᠭᠡᠷ ᠲᠣᠭ᠋ᠠᠲᠤ)᠎ᠤᠨ ᠨᠡᠷ᠎ᠡ ᠮᠡᠳᠡᠭᠦᠯᠬᠦ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃ ᠰᠢᠶᠠᠩᠭ᠋ᠠᠩ᠂ ᠣᠣᠮᠧᠨ ᠣᠷᠣᠨ᠎ᠤ ᠲᠤᠰᠬᠠᠶ ᠮᠡᠷᠭᠡᠵᠢᠯ᠎ᠤᠨ ᠠᠵᠢᠯᠲᠠᠨ ᠲᠤᠷᠰᠢᠨ ᠪᠠᠢ᠌ᠴᠠᠭ᠋ᠠᠬᠤ ᠰᠢᠯᠭ᠋ᠠᠯᠲᠠ᠎ᠳᠤ ᠣᠷᠣᠯᠴᠠᠬᠤ᠎ᠳᠤ᠎ᠪᠠᠨ᠂ ᠨᠡᠷ᠎ᠡ ᠮᠡᠳᠡᠭᠦᠯᠬᠦ ᠦᠶ᠎ᠡ᠎ᠳᠤ ᠬᠤᠪᠢ ᠬᠥᠮᠦᠨ᠎ᠤ ᠪᠡᠶ᠎ᠡ ᠵᠢᠨ ᠭᠡᠷᠡᠴᠢ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠮᠡᠳᠡᠷᠡᠭᠰᠡᠨ ᠲᠤᠰᠬᠠᠶ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ ᠪᠤᠶᠤ ᠡᠷᠳᠡᠮ᠎ᠤᠨ ᠴᠣᠯᠠ ᠵᠢᠨ ᠦᠨᠡᠮᠯᠡᠯ᠂ ᠲᠣᠰ ᠲᠤᠰᠬᠠᠶ ᠮᠡᠷᠭᠡᠵᠢᠯ᠎ᠤᠨ ᠠᠵᠢᠯ᠎ᠤᠨ ᠦᠢᠯᠡᠳᠦᠯᠭᠡ᠎ᠳᠤ ᠣᠷᠣᠯᠴᠠᠭᠰᠠᠨ ᠭᠡᠷᠡᠴᠢᠯᠡᠯ ᠵᠶ᠋ᠠᠨ ᠲᠤᠰᠢᠶᠠᠬᠤ ᠬᠡᠷᠡᠭᠲᠡᠶ᠃ ᠲᠠᠢ᠌ᠸᠠᠨ ᠣᠷᠣᠨ᠎ᠤ ᠲᠤᠰᠬᠠᠶ ᠮᠡᠷᠭᠡᠵᠢᠯ᠎ᠤᠨ ᠠᠵᠢᠯᠲᠠᠨ ᠲᠤᠷᠰᠢᠨ ᠪᠠᠢ᠌ᠴᠠᠭ᠋ᠠᠬᠤ ᠰᠢᠯᠭ᠋ᠠᠯᠲᠠ᠎ᠳᠤ ᠣᠷᠣᠯᠴᠠᠬᠤ᠎ᠳᠤ᠂ 《ᠲᠠᠢ᠌ᠸᠠᠨ᠎ᠤ ᠠᠬ᠎ᠠ ᠳᠡᠭᠦᠦ ᠨᠡᠷ᠎ᠢ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ ᠵᠡᠷᠭᠡ ᠬᠣᠶᠠᠷ ᠵᠦᠢᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠭᠤᠯᠬᠤ ᠬᠣᠯᠪᠣᠭᠳᠠᠯ ᠪᠥᠬᠥᠶ ᠵᠦᠢᠯᠡᠰ᠎ᠤᠨ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠲᠥᠪ᠎ᠤᠨ ᠮᠡᠳᠡᠭᠳᠡᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠲᠥᠪ᠎ᠤᠨ ᠮᠡᠳᠡᠭᠳᠡᠯ 2018 ᠣᠨ᠎ᠤ 13 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠭᠠᠳᠠᠭ᠋ᠠᠳᠤ ᠵᠢᠨ ᠬᠥᠮᠦᠨ ᠲᠤᠷᠰᠢᠨ ᠪᠠᠢ᠌ᠴᠠᠭ᠋ᠠᠬᠤ ᠰᠢᠯᠭ᠋ᠠᠯᠲᠠ᠎ᠳᠤ ᠣᠷᠣᠯᠴᠠᠬᠤ᠎ᠳᠤ᠂ ᠬᠤᠪᠢ ᠬᠥᠮᠦᠨ᠎ᠤ ᠪᠡᠶ᠎ᠡ ᠵᠢᠨ ᠭᠡᠷᠡᠴᠢ (ᠭᠠᠳᠠᠭ᠋ᠠᠳᠤ ᠵᠢᠨ ᠬᠥᠮᠦᠨ᠎ᠤ ᠬᠦᠴᠦᠨ ᠪᠥᠬᠥᠶ ᠫᠠᠰᠫᠣᠷᠲ᠂ ᠸᠢᠰᠠ ᠪᠤᠶᠤ ᠭᠠᠳᠠᠭ᠋ᠠᠳᠤ ᠵᠢᠨ ᠬᠥᠮᠦᠨ᠎ᠤ ᠥᠨᠢᠳᠡ ᠣᠷᠣᠰᠢᠨ ᠰᠠᠭᠤᠬᠤ ᠪᠡᠶ᠎ᠡ ᠵᠢᠨ ᠦᠨᠡᠮᠯᠡᠯ)᠂ ᠰᠤᠷᠤᠯᠭ᠎ᠠ ᠵᠢᠨ ᠨᠠᠮᠲᠠᠷ ᠪᠤᠶᠤ ᠡᠷᠳᠡᠮ᠎ᠤᠨ ᠴᠣᠯᠠ ᠵᠢᠨ ᠦᠨᠡᠮᠯᠡᠯ᠎ᠤᠨ ᠭᠡᠷᠡᠴᠢᠯᠡᠯ᠂ ᠲᠤᠰᠬᠠᠶ ᠮᠡᠷᠭᠡᠵᠢᠯ᠎ᠤᠨ ᠠᠵᠢᠯᠯᠠᠭᠰᠠᠨ ᠣᠨ ᠵᠢᠯ᠎ᠤᠨ ᠭᠡᠷᠡᠴᠢ (ᠬᠢᠯᠢ ᠵᠢᠨ ᠭᠠᠳᠠᠨ᠎ᠠ ᠠᠵᠢᠯ ᠡᠷᠭᠢᠯᠡᠭᠰᠡᠨ ᠥᠩᠭᠡᠷᠡᠯᠲᠡ ᠵᠢ ᠤᠯᠤᠰ᠎ᠤᠨ ᠳᠣᠲᠣᠭ᠋ᠠᠳᠤ᠎ᠳᠤ ᠠᠵᠢᠯ ᠡᠷᠭᠢᠯᠡᠭᠰᠡᠨ ᠥᠩᠭᠡᠷᠡᠯᠲᠡ᠎ᠲᠠᠢ ᠠᠳᠠᠯᠢ᠎ᠪᠠᠷ ᠦᠵᠡᠨ᠎ᠡ) ᠲᠤᠰᠢᠶᠠᠬᠤ ᠬᠡᠷᠡᠭᠲᠡᠶ᠃ ᠨᠡᠷ᠎ᠡ ᠮᠡᠳᠡᠭᠦᠯᠬᠦ ᠨᠥᠬᠥᠴᠡᠯ᠎ᠤᠨ ᠬᠣᠯᠪᠣᠭᠳᠠᠯ ᠪᠥᠬᠥᠶ ᠠᠭᠤᠯᠭ᠎ᠠ ᠵᠢ ᠳᠣᠤᠷᠠᠬᠢ ᠮᠡᠲᠦ ᠲᠣᠳᠣᠷᠬᠠᠢ᠌ᠯᠠᠪᠠ᠄

    (ᠨᠢᠭᠡ) ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ᠃ ᠨᠡᠷ᠎ᠡ ᠮᠡᠳᠡᠭᠦᠯᠬᠦ ᠨᠥᠬᠥᠴᠡᠯ᠎ᠳᠠᠬᠢ ᠰᠤᠷᠤᠯᠭ᠎ᠠ ᠵᠢᠨ ᠨᠠᠮᠲᠠᠷ ᠪᠠ ᠡᠷᠳᠡᠮ᠎ᠤᠨ ᠴᠣᠯᠠ ᠵᠢᠨ ᠲᠤᠬᠠᠶ ᠱᠠᠭ᠋ᠠᠷᠳᠠᠯᠭ᠎ᠠ ᠭᠡᠳᠡᠭ᠎ᠨᠢ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠠᠴᠠ ᠮᠡᠳᠡᠷᠡᠭᠰᠡᠨ ᠵᠢᠩᠬᠢᠨᠢ ᠰᠤᠷᠤᠯᠭ᠎ᠠ ᠵᠢᠨ ᠨᠠᠮᠲᠠᠷ ᠪᠠ ᠡᠷᠳᠡᠮ᠎ᠤᠨ ᠴᠣᠯᠠ ᠵᠢ ᠵᠢᠭ᠋ᠠᠵᠤ ᠪᠠᠢ᠌ᠨ᠎ᠠ᠃

    (ᠬᠣᠶᠠᠷ) ᠰᠢᠨᠵᠢᠯᠡᠭᠡᠨ᠎ᠤ ᠰᠠᠯᠠᠭ᠎ᠠ ᠵᠢᠨ ᠲᠥᠷᠥᠯ᠃ ᠲᠧᠭᠨᠢᠭ᠎ᠤᠨ ᠤᠬᠠᠭ᠋ᠠᠨ᠂ ᠪᠠᠢ᠌ᠭ᠋ᠠᠯᠢ ᠵᠢᠨ ᠤᠬᠠᠭ᠋ᠠᠨ᠂ ᠬᠠᠮᠢᠶᠠᠷᠤᠯᠲᠠ ᠵᠢᠨ ᠤᠬᠠᠭ᠋ᠠᠨ᠎ᠤ ᠰᠢᠨᠵᠢᠯᠡᠭᠡᠨ᠎ᠤ ᠲᠤᠰᠬᠠᠶ ᠮᠡᠷᠭᠡᠵᠢᠯ᠎ᠤᠨ ᠲᠥᠷᠥᠯ᠎ᠤᠨ ᠬᠤᠪᠢᠶᠠᠷᠢᠯᠠᠯ᠎ᠢ ᠰᠤᠷᠭ᠋ᠠᠨ ᠬᠥᠮᠦᠵᠢᠯ᠎ᠤᠨ ᠶᠠᠮᠤᠨ᠎ᠤ 《ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠤᠨ ᠭᠠᠷᠴᠠᠭ》 ᠪᠣᠯᠤᠨ 《ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠶ ᠠᠩᠭᠢ (ᠲᠤᠰᠬᠠᠶ ᠮᠡᠷᠭᠡᠵᠢᠯ) ᠵᠢᠨ ᠭᠠᠷᠴᠠᠭ》 ᠵᠶ᠋ᠠᠷ ᠯᠠᠪᠯᠠᠯᠲᠠ ᠪᠣᠯᠭ᠋ᠠᠨ᠎ᠠ᠃

    (ᠭᠤᠷᠪᠠ) ᠨᠡᠢ᠌ᠲᠡ ᠠᠵᠢᠯᠯᠠᠭᠰᠠᠨ ᠬᠤᠭᠤᠴᠠᠭ᠎ᠠ᠃ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ ᠰᠤᠷᠤᠯᠭ᠎ᠠ ᠵᠢᠨ ᠨᠠᠮᠲᠠᠷ ᠣᠯᠤᠭᠰᠠᠨ᠎ᠤ ᠡᠮᠦᠨ᠎ᠡ ᠬᠣᠢ᠌ᠨᠠᠬᠢ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯ ᠬᠢᠭᠰᠡᠨ ᠴᠠᠭ᠎ᠤᠨ ᠨᠡᠢ᠌ᠯᠡᠪᠦᠷᠢ ᠵᠢ ᠵᠢᠭ᠋ᠠᠵᠤ ᠪᠠᠢ᠌ᠨ᠎ᠠ᠂ ᠲᠡᠭᠦᠨ᠎ᠤ ᠪᠤᠳᠤᠬᠤ ᠬᠤᠭᠤᠴᠠᠭ᠎ᠠ᠎ᠨᠢ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠤᠨ᠎ᠠ᠃ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠤᠰᠤ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯ ᠬᠢᠭᠰᠡᠨ ᠴᠠᠭ᠎ᠢ ᠨᠡᠢ᠌ᠲᠡ ᠠᠵᠢᠯᠯᠠᠭᠰᠠᠨ ᠬᠤᠭᠤᠴᠠᠭ᠋ᠠᠨ᠎ᠳᠤ ᠣᠷᠣᠭᠤᠯᠬᠤ ᠥᠬᠡᠶ᠂ ᠳᠠᠳᠤᠯᠭ᠎ᠠ ᠵᠢᠨ ᠬᠤᠭᠤᠴᠠᠭ᠎ᠠ ᠵᠢ ᠲᠤᠰᠬᠠᠶ ᠮᠡᠷᠭᠡᠵᠢᠯ᠎ᠤᠨ ᠠᠵᠢᠯ᠎ᠤᠨ ᠬᠤᠭᠤᠴᠠᠭ᠋ᠠᠨ᠎ᠳᠤ ᠪᠤᠳᠤᠵᠤ ᠣᠷᠣᠭᠤᠯᠬᠤ ᠥᠬᠡᠶ᠃

    ᠭᠤᠷᠪᠠ᠂ ᠦᠯᠦ ᠰᠢᠯᠭ᠋ᠠᠬᠤ ᠨᠥᠬᠥᠴᠡᠯ

    (ᠨᠢᠭᠡ) 2014 ᠣᠨ ᠵᠢᠴᠢ ᠲᠡᠭᠦᠨ᠎ᠠᠴᠠ ᠡᠮᠦᠨ᠎ᠡ ᠬᠢᠨᠠᠨ ᠣᠯᠭᠣᠭᠰᠠᠨ ᠲᠤᠷᠰᠢᠨ ᠪᠠᠢ᠌ᠴᠠᠭ᠋ᠠᠵᠤ ᠰᠢᠯᠭ᠋ᠠᠬᠤ ᠢᠨᠵᠧᠨᠧᠷ᠎ᠤᠨ ᠦᠨᠡᠮᠯᠡᠯ᠎ᠲᠠᠢ ᠪᠥᠭᠡᠳ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠨᠥᠬᠥᠴᠡᠯ᠎ᠳᠤ ᠨᠡᠢ᠌ᠴᠡᠬᠦ ᠬᠥᠮᠦᠰ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠮᠡᠷᠭᠡᠵᠢᠯᠲᠡᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠪᠠᠯ᠂ ᠣᠯᠠᠨ ᠨᠡᠢ᠌ᠲᠡ ᠵᠢᠨ ᠰᠠᠭᠤᠷᠢ ᠬᠢᠴᠢᠶᠡᠯ ᠲᠥᠷᠥᠯ᠎ᠢ ᠰᠢᠯᠭ᠋ᠠᠬᠤ ᠥᠬᠡᠶ ᠪᠠᠢ᠌ᠵᠤ ᠪᠣᠯᠤᠨ᠎ᠠ᠃ ᠣᠯᠠᠨ ᠨᠡᠢ᠌ᠲᠡ ᠵᠢᠨ ᠰᠠᠭᠤᠷᠢ ᠬᠢᠴᠢᠶᠡᠯ ᠲᠥᠷᠥᠯ᠎ᠢ ᠰᠢᠯᠭ᠋ᠠᠬᠤ ᠥᠬᠡᠶ ᠬᠥᠮᠦᠰ ᠡᠷᠬᠡᠪᠰᠢ 1 ᠰᠢᠯᠭ᠋ᠠᠯᠲᠠ ᠵᠢᠨ ᠣᠨ᠎ᠤ ᠳᠣᠲᠣᠷ᠎ᠠ ᠲᠤᠰᠬᠠᠶ ᠮᠡᠷᠭᠡᠵᠢᠯ᠎ᠤᠨ ᠬᠢᠴᠢᠶᠡᠯ ᠲᠥᠷᠥᠯ᠎ᠢ ᠥᠩᠭᠡᠷᠡᠭᠦᠯᠪᠡᠯ ᠰᠠᠶᠢ ᠬᠠᠷᠠᠭ᠋ᠠᠯᠵᠠᠭᠰᠠᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠣᠯᠵᠤ ᠪᠣᠯᠤᠨ᠎ᠠ᠃

    (ᠬᠣᠶᠠᠷ) ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠨᠢᠭᠡ ᠵᠦᠢᠯ᠎ᠤᠨ ᠲᠤᠰᠬᠠᠶ ᠮᠡᠷᠭᠡᠵᠢᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ᠎ᠢ ᠣᠯᠤᠭᠰᠠᠨ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ᠂ ᠠᠳᠠᠯᠢ ᠲᠠᠰ᠎ᠤᠨ ᠪᠤᠰᠤᠳ ᠲᠤᠰᠬᠠᠶ ᠮᠡᠷᠭᠡᠵᠢᠯ᠎ᠤᠨ ᠬᠢᠴᠢᠶᠡᠯ ᠲᠥᠷᠥᠯ᠎ᠤᠨ ᠰᠢᠯᠭ᠋ᠠᠯᠲᠠ᠎ᠳᠤ ᠣᠷᠣᠯᠴᠠᠬᠤ᠎ᠪᠠᠷ ᠨᠡᠷ᠎ᠡ ᠮᠡᠳᠡᠭᠦᠯᠪᠡᠯ᠂ ᠣᠯᠠᠨ ᠨᠡᠢ᠌ᠲᠡ ᠵᠢᠨ ᠰᠠᠭᠤᠷᠢ ᠬᠢᠴᠢᠶᠡᠯ ᠲᠥᠷᠥᠯ᠎ᠢ ᠰᠢᠯᠭ᠋ᠠᠬᠤ ᠥᠬᠡᠶ ᠪᠠᠢ᠌ᠵᠤ ᠪᠣᠯᠤᠨ᠎ᠠ᠃

    ᠳᠥᠷᠪᠡ᠂ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠳᠡᠰ ᠳᠠᠷᠠᠭ᠋ᠠᠯᠠᠯ

    ᠥᠩᠭᠡᠷᠡᠭᠰᠡᠨ ᠵᠢᠯ᠎ᠳᠤ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠭᠰᠡᠨ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ (ᠲᠤᠷᠰᠢᠨ ᠪᠠᠢ᠌ᠴᠠᠭ᠋ᠠᠬᠤ ᠰᠢᠯᠭ᠋ᠠᠯᠲᠠ᠎ᠳᠤ Ⅱ ᠲᠥᠷᠥᠯ᠂Ⅲ ᠲᠥᠷᠥᠯ᠎ᠤᠨ ᠰᠠᠬᠢᠯᠭ᠎ᠠ ᠪᠠᠲᠤ ᠲᠦᠷᠢᠮ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠲᠠᠢ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ᠎ᠠᠴᠠ ᠭᠠᠳᠠᠨ᠎ᠠ) ᠠᠳᠠᠯᠢ ᠲᠠᠰ᠎ᠤᠨ ᠲᠤᠷᠰᠢᠨ ᠪᠠᠢ᠌ᠴᠠᠭ᠋ᠠᠬᠤ ᠰᠢᠯᠭ᠋ᠠᠯᠲᠠ᠎ᠳᠤ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠦᠶᠡᠰ᠂ ᠬᠢᠨᠠᠨ ᠬᠠᠷᠭᠤᠭᠤᠯᠤᠯᠲᠠ᠎ᠠᠴᠠ ᠬᠡᠯᠲᠦᠷᠢᠭᠦᠯᠵᠦ ᠪᠣᠯᠤᠨ᠎ᠠ᠃

    (ᠨᠢᠭᠡ) ᠮᠡᠳᠡᠭᠳᠡᠬᠦ ᠠᠮᠠᠯᠠᠯᠲᠠ ᠵᠢᠨ ᠳᠦᠷᠢᠮ ᠲᠤᠷᠰᠢᠨ ᠪᠠᠢ᠌ᠴᠠᠭ᠋ᠠᠬᠤ ᠰᠢᠯᠭ᠋ᠠᠯᠲᠠ᠎ᠳᠤ ᠨᠡᠷ᠎ᠡ ᠮᠡᠳᠡᠭᠦᠯᠵᠦ ᠭᠡᠷᠡᠴᠢᠯᠡᠬᠦ ᠵᠦᠢᠯᠡᠰ᠎ᠢ ᠮᠡᠳᠡᠭᠳᠡᠬᠦ ᠠᠮᠠᠯᠠᠯᠲᠠ ᠵᠢᠨ ᠲᠦᠷᠢᠮ (ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ᠎ᠳᠤ ᠮᠡᠳᠡᠬᠦ ᠵᠦᠢ᠍ᠯ᠂ ᠮᠡᠳᠡᠭᠳᠡᠬᠦ ᠪᠢᠴᠢᠭ᠂ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠠᠮᠠᠯᠠᠯᠲᠠ ᠵᠢᠨ ᠪᠢᠴᠢᠭ᠎ᠢ ᠳᠠᠭ᠋ᠠᠯᠳᠤᠭᠤᠯᠤᠯ 1᠂ ᠳᠠᠭ᠋ᠠᠯᠳᠤᠭᠤᠯᠤᠯ 2᠂ ᠳᠠᠭ᠋ᠠᠯᠳᠤᠭᠤᠯᠤᠯ 3᠎ᠳᠤ ᠨᠠᠷᠢᠨ ᠦᠵᠡᠭᠡᠷᠡᠶ)᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ ᠲᠣᠭᠲᠠᠭ᠋ᠠᠭᠰᠠᠨ ᠭᠡᠷᠡᠴᠢᠯᠡᠬᠦ ᠡᠭᠦᠷᠭᠡ ᠪᠠ ᠭᠡᠷᠡᠴᠢᠯᠡᠬᠦ ᠠᠭᠤᠯᠭ᠎ᠠ ᠵᠢ ᠥᠪᠡᠷ ᠵᠶ᠋ᠡᠨ ᠨᠢᠭᠡᠨᠲᠡ ᠮᠡᠳᠡᠭᠰᠡᠨ᠂ ᠮᠡᠳᠡᠭᠳᠡᠭᠰᠡᠨ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠨᠥᠬᠥᠴᠡᠯ᠎ᠳᠤ ᠨᠡᠢ᠌ᠴᠡᠭᠰᠡᠨ᠂ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠦᠶ᠎ᠡ᠎ᠳᠤ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠵᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠬᠦᠴᠦᠨ᠎ᠲᠠᠢ ᠪᠠᠢ᠌ᠬᠤ ᠵᠢ ᠠᠮᠠᠯᠳᠠᠬᠤ ᠵᠢᠨ ᠬᠠᠮᠲᠤ ᠬᠤᠳᠠᠯ ᠬᠠᠭᠤᠷᠮᠠᠭ ᠠᠮᠠᠯᠳᠠᠭᠰᠠᠨ ᠬᠠᠷᠢᠭᠤᠴᠠᠯᠭ᠎ᠠ ᠵᠢ ᠳᠤᠷᠠᠲᠠᠶ᠎ᠠ ᠡᠭᠦᠷᠭᠡᠯᠡᠨ᠎ᠡ᠃ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ ᠦᠨᠡᠨ ᠪᠠᠢ᠌ᠳᠠᠯ ᠵᠶ᠋ᠠᠨ ᠵᠣᠷᠢᠭᠤᠳᠠ ᠨᠢᠭᠤᠨ ᠳᠠᠯᠳᠠᠯᠠᠬᠤ᠂ ᠬᠤᠳᠠᠯ ᠬᠠᠭᠤᠷᠮᠠᠭ ᠠᠮᠠᠯᠠᠯᠲᠠ ᠬᠠᠩᠭ᠋ᠠᠬᠤ ᠵᠡᠷᠭᠡ ᠦᠢᠯᠡ ᠠᠵᠢᠯᠯᠠᠭ᠎ᠠ᠎ᠲᠠᠢ ᠪᠠᠢ᠌ᠪᠠᠯ᠂ 《ᠲᠤᠰᠬᠠᠶ ᠮᠡᠷᠭᠡᠵᠢᠯ᠎ᠤᠨ ᠠᠵᠢᠯᠲᠠᠨ᠎ᠤ ᠬᠢᠷᠢ ᠬᠡᠮ᠎ᠤᠨ ᠰᠢᠯᠭ᠋ᠠᠯᠲᠠ ᠵᠢᠨ ᠰᠠᠬᠢᠯᠭ᠎ᠠ ᠪᠠᠲᠤ ᠲᠦᠷᠢᠮ ᠲᠣᠭᠲᠠᠭ᠋ᠠᠯ᠎ᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠲᠣᠭᠲᠠᠭ᠋ᠠᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠷᠯᠢᠭ 2017 ᠣᠨ᠎ᠤ 31 ᠳ᠋ᠦ᠍ᠭᠡᠷ ᠲᠣᠭ᠋ᠠᠲᠤ) ᠵᠡᠷᠭᠡ ᠬᠠᠮᠢᠶ᠎ᠠ ᠪᠥᠬᠥᠶ ᠲᠣᠭᠲᠠᠭ᠋ᠠᠯ᠎ᠢ ᠦᠨᠳᠦᠰᠦᠯᠡᠨ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢ ᠬᠢᠷᠢ ᠬᠡᠮ᠎ᠤᠨ ᠰᠢᠯᠭ᠋ᠠᠯᠲᠠ ᠵᠢᠨ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ᠎ᠳᠤ ᠲᠡᠮᠳᠡᠭᠯᠡᠵᠦ᠂ ᠲᠡᠮᠳᠡᠭᠯᠡᠬᠦ ᠬᠤᠭᠤᠴᠠᠭ᠎ᠠ᠎ᠨᠢ ᠲᠠᠪᠤᠨ ᠵᠢᠯ᠂ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠦᠯᠵᠢᠶᠡᠨ ᠳᠡᠭᠡᠷ᠎ᠡ ᠨᠡᠢ᠌ᠲᠡᠯᠡᠨ᠎ᠡ᠃

    (ᠬᠣᠶᠠᠷ) ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ

    1. ᠴᠠᠭ᠄ 2025 ᠣᠨ᠎ᠤ 8 ᠳ᠋ᠤᠭ᠋ᠠᠷ ᠰᠠᠷ᠎ᠠ ᠵᠢᠨ 13᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ

    2. ᠠᠷᠭ᠎ᠠ ᠮᠠᠶᠢᠭ᠄ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠬᠠᠮᠢᠶᠠᠷᠤᠯᠲᠠ ᠵᠢᠨ ᠰᠢᠰᠲ᠋ᠧᠮ (syjc . jtzyzg . org . cn)》᠎ᠳᠤ ᠭᠠᠷᠴᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠬᠠᠮᠢᠶ᠎ᠠ ᠪᠥᠬᠥᠶ ᠮᠡᠳᠡᠭᠡ ᠵᠠᠩᠭᠢ ᠵᠢ ᠲᠠᠭᠯᠠᠬᠤ ᠵᠢᠨ ᠬᠠᠮᠲᠤ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ᠎ᠳᠤ ᠭᠡᠷᠡᠴᠢᠯᠡᠬᠦ ᠵᠦᠢᠯᠡᠰ᠎ᠢ ᠮᠡᠳᠡᠭᠳᠡᠬᠦ ᠠᠮᠠᠯᠠᠯᠲᠠ ᠵᠢᠨ ᠲᠦᠷᠢᠮ᠎ᠤᠨ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠠᠮᠠᠯᠠᠯᠲᠠ ᠵᠢᠨ ᠪᠢᠴᠢᠭ》 (ᠡᠯᠧᠺᠲᠷᠣᠨ ᠲᠣᠪᠬᠢᠮᠠᠯ)᠎ᠲᠤ ᠭᠠᠷ᠎ᠤᠨ ᠥᠰᠥᠭ ᠵᠢᠷᠤᠵᠤ᠂ ᠨᠢᠭᠡ ᠢᠮᠠᠬᠤ ᠴᠠᠭ᠋ᠠᠨ ᠳᠡᠪᠢᠰᠬᠡᠷᠲᠦ ᠥᠩᠭᠡᠲᠦ ᠦᠨᠡᠮᠯᠡᠯ᠎ᠤᠨ ᠰᠡᠭᠦᠳᠡᠷ ᠵᠢᠴᠢ ᠪᠤᠰᠤᠳ ᠭᠡᠷᠡᠴᠢᠯᠡᠬᠦ ᠮᠠᠲ᠋ᠧᠷᠢᠶᠠᠯ᠎ᠢ ᠳᠡᠭᠡᠭᠰᠢ ᠳᠠᠮᠵᠢᠭᠤᠯᠵᠤ᠂ ᠰᠢᠰᠲ᠋ᠧᠮ᠎ᠤᠨ ᠰᠠᠨᠠᠭᠤᠯᠤᠮᠵᠢ ᠵᠢᠨ ᠠᠯᠬᠤᠮ ᠳᠠᠷᠠᠭ᠎ᠠ ᠶᠣᠰᠣᠭ᠋ᠠᠷ ᠰᠢᠯᠭ᠋ᠠᠯᠲᠠ᠎ᠳᠤ ᠨᠡᠷ᠎ᠡ ᠮᠡᠳᠡᠭᠦᠯᠬᠦ ᠵᠢ ᠪᠡᠶᠡᠯᠡᠭᠦᠯᠦᠨ᠎ᠡ᠃ ᠥᠨᠳᠥᠷ ᠳᠤᠮᠳᠠᠳᠤ᠂ ᠳᠤᠮᠳᠠᠳᠤ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠪᠤᠶᠤ 2001 ᠣᠨ᠎ᠠᠴᠠ ᠡᠮᠦᠨᠡᠬᠢ ᠰᠤᠷᠤᠯᠭ᠎ᠠ ᠵᠢᠨ ᠨᠠᠮᠲᠠᠷ ᠵᠶ᠋ᠠᠨ ᠡᠷᠬᠡᠪᠰᠢ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠰᠢᠰᠲ᠋ᠧᠮ᠎ᠳᠤ ᠪᠦᠷᠢᠨ ᠪᠦᠲᠦᠨ᠂ ᠲᠣᠳᠣᠷᠬᠠᠶ ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠲᠠᠢ ᠬᠡᠷᠡᠯ ᠵᠢᠷᠤᠭ ᠵᠶ᠋ᠠᠨ ᠳᠠᠮᠵᠢᠭᠤᠯᠬᠤ ᠬᠡᠷᠡᠭᠲᠡᠶ᠃

    3. ᠱᠠᠭ᠋ᠠᠷᠳᠠᠯᠭ᠎ᠠ᠄ ᠬᠤᠪᠢ ᠬᠥᠮᠦᠨ᠎ᠤ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠪᠠ ᠳᠡᠭᠡᠭᠰᠢ ᠳᠠᠮᠵᠢᠭᠤᠯᠬᠤ ᠬᠣᠯᠪᠣᠭᠳᠠᠯ ᠪᠦᠬᠦᠢ ᠮᠠᠲ᠋ᠧᠷᠢᠶᠠᠯ᠎ᠨᠢ ᠡᠷᠬᠡᠪᠰᠢ ᠦᠨᠡᠨ ᠪᠣᠳᠠᠲᠠᠶ᠂ ᠬᠦᠴᠦᠨ᠎ᠲᠠᠢ ᠪᠠᠢ᠌ᠬᠤ ᠬᠡᠷᠡᠭᠲᠡᠶ᠃

    (ᠭᠤᠷᠪᠠ) ᠲᠣᠬᠠᠢ ᠵᠢᠨ ᠲᠠᠯᠠᠪᠠᠢ᠎ᠳᠤ ᠬᠢᠨᠠᠨ ᠬᠠᠷᠭᠤᠭᠤᠯᠬᠤ    

    ᠲᠣᠰ ᠤᠳᠠᠭ᠋ᠠᠨ᠎ᠤ ᠰᠢᠯᠭ᠋ᠠᠯᠲᠠ᠎ᠳᠤ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠵᠢ ᠬᠡᠷᠡᠭᠵᠢᠭᠦᠯᠵᠦ᠂ ᠵᠠᠷᠴᠢᠮ ᠳᠡᠭᠡᠷ᠎ᠡ᠎ᠪᠠᠨ ᠲᠤᠬᠠᠶ ᠵᠢᠨ ᠲᠠᠯᠠᠪᠠᠢ᠎ᠳᠤ ᠬᠢᠨᠠᠨ ᠬᠠᠷᠭᠤᠭᠤᠯᠬᠤ ᠵᠢ ᠵᠣᠬᠢᠶᠠᠨ ᠪᠠᠶ᠋ᠢᠭᠤᠯᠬᠤ ᠥᠬᠡᠶ᠃ ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠵᠢᠨ ᠠᠷᠭ᠎ᠠ ᠦᠭᠡᠢ ᠨᠡᠷ᠎ᠡ ᠮᠡᠳᠡᠭᠦᠯᠦᠭᠰᠡᠨ ᠬᠥᠮᠦᠰ᠂ ᠬᠢᠷᠢ ᠬᠡᠮ᠎ᠤᠨ ᠰᠢᠯᠭ᠋ᠠᠯᠲᠠ ᠵᠢᠨ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ ᠵᠢᠨ ᠲᠡᠮᠳᠡᠭᠯᠡᠯ᠎ᠤᠨ ᠬᠤᠭᠤᠴᠠᠭ᠋ᠠᠨ᠎ᠳᠤ ᠢᠲᠡᠭᠡᠯ ᠠᠯᠳᠠᠭᠰᠠᠨ ᠬᠥᠮᠦᠰ ᠲᠣᠭᠲᠠᠭᠰᠠᠨ ᠬᠤᠭᠤᠴᠠᠭ᠋ᠠᠨ ᠳᠣᠲᠣᠷ᠎ᠠ ᠲᠤᠬᠠᠶ ᠵᠢᠨ ᠲᠠᠯᠠᠪᠠᠢ ᠵᠢᠨ ᠬᠢᠨᠠᠨ ᠬᠠᠷᠭᠤᠭᠤᠯᠤᠯᠲᠠ ᠵᠢ ᠤᠷᠢᠳᠴᠢᠯᠠᠨ ᠪᠣᠯᠵᠤᠬᠤ ᠵᠢᠨ ᠬᠠᠮᠲᠤ ᠭᠡᠷᠡᠴᠢ ᠮᠠᠲ᠋ᠧᠷᠢᠶᠠᠯ ᠬᠠᠩᠭ᠋ᠠᠨ᠎ᠠ᠃ ᠪᠤᠰᠤᠳ ᠰᠢᠯᠭ᠋ᠠᠭᠤᠯᠤᠬᠰᠠᠳ ᠲᠤᠬᠠᠶ ᠵᠢᠨ ᠲᠠᠯᠠᠪᠠᠢ᠎ᠳᠤ ᠬᠦᠷᠴᠦ ᠬᠢᠨᠠᠨ ᠬᠠᠷᠭᠤᠭᠤᠯᠤᠯᠲᠠ ᠬᠢᠬᠦ ᠥᠬᠡᠶ᠃    

    1. ᠴᠠᠭ᠄ 2025 ᠣᠨ᠎ᠤ 8 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ      

      (ᠠᠵᠢᠯᠯᠠᠬᠤ ᠡᠳᠦᠷ᠎ᠤᠨ 9᠄ 00-12᠄ 00᠂ 14᠄ 30-17᠄ 30)    

    2. ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ      (ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠸᠷ)    

    3. ᠠᠷᠭ᠎ᠠ ᠮᠠᠶᠢᠭ᠄ ᠤᠲᠠᠰᠤ᠎ᠪᠠᠷ ᠲᠤᠬᠠᠶ ᠵᠢᠨ ᠲᠠᠯᠠᠪᠠᠢ ᠵᠢᠨ ᠬᠢᠨᠠᠨ ᠬᠠᠷᠭᠤᠭᠤᠯᠤᠯᠲᠠ ᠵᠢ ᠤᠷᠢᠳᠴᠢᠯᠠᠨ ᠪᠣᠯᠵᠤᠨ᠎ᠠ  

       (ᠬᠠᠷᠢᠯᠴᠠᠬᠤ ᠤᠲᠠᠰᠤ᠄ 0471 - 6968595)    

    4. ᠱᠠᠭ᠋ᠠᠷᠳᠠᠯᠭ᠎ᠠ᠄ ᠳᠡᠭᠡᠷᠡᠬᠢ ᠬᠥᠮᠥᠰ ᠰᠢᠯᠭ᠋ᠠᠭᠤᠯᠤᠭᠴᠢ ᠵᠢᠨ ᠨᠡᠷ᠎ᠡ ᠮᠡᠳᠡᠭᠦᠯᠦᠭᠰᠡᠨ ᠬᠦᠰᠦᠨᠦᠭᠲᠦ᠂ ᠪᠡᠶ᠎ᠡ ᠵᠢᠨ ᠦᠨᠡᠮᠯᠡᠯ᠂ ᠰᠤᠷᠤᠯᠭ᠎ᠠ ᠵᠢᠨ ᠨᠠᠮᠲᠠᠷ᠎ᠤᠨ ᠦᠨᠡᠮᠯᠡᠯ (ᠰᠤᠷᠭ᠋ᠠᠭᠤᠯᠢ ᠵᠢᠨ ᠬᠠᠷᠢᠶ᠎ᠠ ᠪᠤᠶᠤ ᠰᠤᠷᠤᠯᠭ᠎ᠠ ᠵᠢᠨ ᠨᠠᠮᠲᠠᠷ᠎ᠢ ᠰᠢᠯᠭ᠋ᠠᠨ ᠪᠠᠲᠤᠯᠠᠭᠰᠠᠨ ᠮᠡᠳᠡᠭᠦᠯᠦᠯᠲᠡ)᠂ ᠠᠵᠢᠯᠯᠠᠭᠰᠠᠨ ᠣᠨ ᠵᠢᠯ᠎ᠤᠨ ᠭᠡᠷᠡᠴᠢ (ᠳᠠᠭ᠋ᠠᠯᠳᠤᠭᠤᠯᠤᠯ 4᠎ᠳᠤ ᠨᠠᠷᠢᠨ ᠦᠵᠡᠭᠡᠷᠡᠢ) ᠵᠡᠷᠭᠡ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠤᠭ ᠮᠠᠲ᠋ᠧᠷᠢᠶᠠᠯ᠂ ᠪᠠᠭᠤᠯᠭ᠋ᠠᠪᠤᠷᠢ ᠵᠢ ᠠᠪᠴᠤ ᠲᠤᠬᠠᠶ ᠵᠢᠨ ᠲᠠᠯᠠᠪᠠᠢ᠎ᠳᠤ᠎ᠨᠢ ᠬᠢᠨᠠᠨ ᠬᠠᠷᠭᠤᠭᠤᠯᠤᠯᠲᠠ ᠬᠢᠨ᠎ᠡ᠃ ᠡᠭᠦᠨ᠎ᠳᠤ᠂ ᠰᠤᠷᠭ᠋ᠠᠭᠤᠯᠢ ᠵᠢᠨ ᠬᠠᠷᠢᠶ᠎ᠠ ᠪᠤᠶᠤ ᠰᠤᠷᠤᠯᠭ᠎ᠠ ᠵᠢᠨ ᠨᠠᠮᠲᠠᠷ᠎ᠢ ᠰᠢᠯᠭ᠋ᠠᠨ ᠪᠠᠲᠤᠯᠠᠭᠰᠠᠨ ᠮᠡᠳᠡᠭᠦᠯᠦᠯᠲᠡ᠎ᠨᠢ ᠺᠣᠳ᠋ ᠰᠢᠷᠪᠢᠵᠦ ᠪᠠᠶ᠋ᠢᠴᠠᠭ᠋ᠠᠵᠤ ᠪᠣᠯᠬᠤ ᠬᠦᠴᠦᠨ ᠪᠦᠬᠦᠢ ᠮᠡᠳᠡᠭᠦᠯᠦᠯᠲᠡ ᠪᠠᠶ᠋ᠢᠵᠤ᠂ ᠠᠵᠢᠯᠯᠠᠭᠰᠠᠨ ᠣᠨ ᠵᠢᠯ᠎ᠤᠨ ᠭᠡᠷᠡᠴᠢ ᠵᠢ ᠨᠡᠷ᠎ᠡ ᠮᠡᠳᠡᠭᠦᠯᠦᠭᠴᠢ ᠵᠢᠨ ᠪᠠᠶ᠋ᠢᠭ᠎ᠠ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠠᠮᠠᠭ᠎ᠠ ᠳᠠᠷᠤᠬᠤ ᠬᠡᠷᠡᠭᠲᠡᠶ᠃    

    (ᠲᠦᠷᠪᠡ) ᠰᠢᠯᠭ᠋ᠠᠭᠤᠯᠬᠤ ᠲᠡᠮᠳᠡᠭ᠎ᠢ ᠳᠠᠷᠤᠮᠯᠠᠬᠤ    

    1. ᠴᠠᠭ᠄ 2025 ᠣᠨ᠎ᠤ 9 ᠳ᠋ᠦ᠍ᠭᠡᠷ ᠰᠠᠷ᠎ᠠ ᠵᠢᠨ 29᠎ᠤ ᠡᠳᠦᠷ᠎ᠠᠴᠠ 10 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ᠃    

    2. ᠠᠷᠭ᠎ᠠ ᠮᠠᠶᠢᠭ᠄ ᠰᠢᠯᠭ᠋ᠠᠭᠤᠯᠤᠭᠴᠢ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠦᠯᠵᠢᠶᠡᠨ᠎ᠳᠤ ᠭᠠᠷᠴᠤ ᠰᠢᠯᠭ᠋ᠠᠭᠤᠯᠬᠤ ᠲᠡᠮᠳᠡᠭ᠎ᠢ ᠥᠪᠡᠷᠲᠡᠭᠡᠨ ᠳᠠᠷᠤᠮᠠᠯᠯᠠᠨ᠎ᠠ᠃    

    ᠲᠠᠪᠤ᠂ ᠰᠢᠯᠭ᠋ᠠᠯᠲᠠ ᠵᠢᠨ ᠬᠦᠲᠦᠯᠪᠦᠷᠢ ᠪᠠ ᠵᠢᠭ᠋ᠠᠬᠤ ᠮᠠᠲ᠋ᠧᠷᠢᠶᠠᠯ    

    ᠲᠤᠷᠰᠢᠨ ᠪᠠᠢ᠌ᠴᠠᠭ᠋ᠠᠬᠤ ᠰᠢᠯᠭ᠋ᠠᠯᠲᠠ ᠵᠢ 《2025 ᠣᠨ᠎ᠤ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠥᠲᠥᠯᠪᠦᠷᠢ》 ᠵᠢ ᠦᠨᠳᠦᠰᠦᠯᠡᠨ᠂ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠬᠠᠮᠢᠶᠠᠷᠤᠯᠲᠠ ᠵᠢᠨ ᠰᠢᠰᠲ᠋ᠧᠮ》᠎ᠳᠤ ᠨᠡᠶ᠋ᠢᠲᠡᠯᠡᠵᠦ᠂ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ ᠲᠦᠯᠦᠪᠦᠷᠢ ᠥᠬᠡᠶ᠎ᠪᠠᠷ ᠪᠠᠭᠤᠯᠭ᠋ᠠᠵᠤ ᠪᠣᠯᠤᠨ᠎ᠠ; ᠰᠢᠯᠭ᠋ᠠᠯᠲᠠ᠎ᠳᠤ ᠬᠡᠷᠡᠭᠯᠡᠬᠦ ᠨᠣᠮ᠎ᠢ ᠠᠷᠠᠳ᠎ᠤᠨ ᠵᠠᠮ ᠬᠠᠷᠢᠯᠴᠠᠭ᠋ᠠᠨ᠎ᠤ ᠬᠡᠪᠯᠡᠯ᠎ᠤᠨ ᠬᠤᠷᠢᠶᠠᠨ᠎ᠤ ᠬᠡᠪᠯᠡᠭᠦᠯᠦᠭᠰᠡᠨ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠬᠡᠷᠡᠭᠯᠡᠬᠦ ᠨᠣᠮ (2025 ᠣᠨ᠎ᠤ ᠬᠡᠪᠯᠡᠯ)》᠎ᠢ ᠯᠠᠪᠯᠠᠨ ᠦᠵᠡᠵᠦ ᠪᠣᠯᠤᠨ᠎ᠠ᠃    

    ᠵᠢᠷᠭᠤᠭ᠎ᠠ᠂ ᠰᠢᠯᠭ᠋ᠠᠯᠳᠠ ᠵᠢᠨ ᠰᠦᠢ᠍ᠳᠬᠡᠯ    

    《ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠬᠢᠷᠢ ᠬᠡᠮ᠎ᠤᠨ ᠰᠢᠯᠭ᠋ᠠᠯᠲᠠ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠬᠢᠨᠠᠨ ᠲᠣᠭᠲᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠲᠢᠩᠬᠢᠮ᠎ᠤᠨ ᠬᠠᠷᠢᠭᠤ ᠵᠠᠬᠢᠳᠠᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢ᠍ᠳᠬᠡᠯ ᠵᠠᠬᠢᠳᠠᠯ [2018] 454 ᠳ᠋ᠤᠭᠡᠷ ᠲᠣᠭ᠋ᠠᠲᠤ)᠎ᠢ ᠦᠨᠳᠦᠰᠦᠯᠡᠨ᠂ ᠰᠢᠯᠭ᠋ᠠᠯᠲᠠ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ᠎ᠨᠢ ᠳᠣᠤᠷᠠᠬᠢ ᠮᠡᠲᠦ᠄

   

    ᠬᠢᠨᠠᠨ ᠬᠠᠷᠭᠤᠭᠤᠯᠬᠤ ᠵᠢ ᠦᠩᠭᠡᠷᠡᠭᠰᠡᠨ ᠨᠡᠷ᠎ᠡ ᠮᠡᠳᠡᠭᠦᠯᠦᠭᠰᠡᠨ ᠬᠥᠮᠥᠰ 2025 ᠣᠨ᠎ᠤ 9 ᠳ᠋ᠦ᠍ᠭᠡᠷ ᠰᠠᠷ᠎ᠠ ᠵᠢᠨ 5᠎ᠤ ᠡᠳᠦᠷ᠎ᠠᠴᠠ ᠡᠮᠦᠨ᠎ᠡ ᠰᠢᠯᠭ᠋ᠠᠯᠲᠠ ᠵᠢᠨ ᠰᠦᠢ᠍ᠳᠬᠡᠯ ᠵᠶ᠋ᠠᠨ ᠲᠤᠰᠢᠶᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠰᠦᠢ᠍ᠳᠬᠡᠯ ᠲᠤᠰᠢᠶᠠᠭᠰᠠᠨ ᠦᠭᠡᠢ ᠬᠥᠮᠥᠰ᠎ᠢ ᠰᠢᠯᠭ᠋ᠠᠯᠲᠠ᠎ᠳᠤ ᠣᠷᠤᠯᠴᠠᠬᠤ ᠦᠭᠡᠢ᠎ᠪᠠᠷ ᠦᠵᠡᠨ᠎ᠡ᠃ ᠨᠡᠷ᠎ᠡ ᠮᠡᠳᠡᠭᠦᠯᠵᠦ ᠨᠤᠲᠠᠯᠠᠭᠰᠠᠨ᠎ᠤ ᠳᠠᠷᠠᠭ᠎ᠠ᠂ ᠨᠡᠷ᠎ᠡ ᠮᠡᠳᠡᠭᠦᠯᠦᠭᠰᠡᠨ ᠰᠦᠢ᠍ᠳᠬᠡᠯ᠎ᠢ ᠪᠤᠴᠠᠭ᠋ᠠᠵᠤ ᠥᠭᠬᠦ ᠦᠭᠡᠢ᠃    

    ᠳᠣᠯᠤᠭ᠎ᠠ᠂ ᠬᠢᠷᠢ ᠪᠦᠲᠦᠮᠵᠢ ᠵᠢᠨ ᠬᠠᠮᠢᠶᠠᠷᠤᠯᠲᠠ    

    ᠲᠤᠷᠰᠢᠨ ᠪᠠᠢ᠌ᠴᠠᠭ᠋ᠠᠬᠤ ᠰᠢᠯᠭ᠋ᠠᠯᠲᠠ ᠵᠢᠨ ᠬᠢᠷᠢ ᠪᠦᠲᠦᠮᠵᠢ᠎ᠳᠤ ᠦᠷᠭᠦᠯᠵᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠵᠦ᠂ ᠦᠷᠭᠦᠯᠵᠢᠯᠡᠨ ᠬᠤᠶᠠᠷ ᠰᠢᠯᠭ᠋ᠠᠯᠲᠠ ᠵᠢᠨ ᠣᠨ᠎ᠤ ᠳᠣᠲᠣᠷ᠎ᠠ᠂ ᠣᠯᠠᠨ ᠨᠡᠶ᠋ᠢᠲᠡ ᠵᠢᠨ ᠰᠠᠭᠤᠷᠢ ᠬᠢᠴᠢᠶᠡᠯ ᠲᠥᠷᠥᠯ ᠪᠠ ᠳᠤᠷ᠎ᠠ ᠵᠢᠨ ᠨᠢᠭᠡᠨ ᠲᠤᠰᠬᠠᠶ ᠮᠡᠷᠭᠡᠵᠢᠯ᠎ᠤᠨ ᠬᠢᠴᠢᠶᠡᠯ ᠲᠦᠷᠦᠯ᠎ᠤᠨ ᠰᠢᠯᠭ᠋ᠠᠯᠲᠠ᠎ᠳᠤ ᠣᠷᠣᠯᠴᠠᠬᠤ ᠵᠢᠨ ᠬᠠᠮᠲᠤ ᠬᠢᠷᠢ ᠲᠡᠩᠴᠡᠪᠡᠯ᠂ ᠵᠣᠬᠢᠴᠠᠩᠭᠤᠶ ᠲᠤᠰᠬᠠᠶ ᠮᠡᠷᠭᠡᠵᠢᠯ ᠪᠠ ᠲᠠᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠣᠯᠵᠤ ᠪᠣᠯᠤᠨ᠎ᠠ᠃

    ᠨᠠᠢ᠍ᠮᠠ᠂ ᠪᠤᠰᠤᠳ ᠵᠦᠢ᠍ᠯ    

    (ᠨᠢᠭᠡ) ᠨᠡᠷ᠎ᠡ ᠮᠡᠳᠡᠭᠦᠯᠦᠭᠰᠡᠨ ᠬᠥᠮᠦᠰ ᠬᠢᠷᠢ ᠬᠡᠮ᠎ᠤᠨ ᠬᠢᠨᠠᠨ ᠬᠠᠷᠭᠤᠭᠤᠯᠤᠯᠲᠠ ᠵᠢ ᠦᠩᠭᠡᠷᠡᠭᠰᠡᠨ᠎ᠤ ᠰᠡᠭᠦᠯᠡᠷ ᠳᠤᠤᠷᠠᠬᠢ QQ᠎ᠤᠨ ᠴᠤᠭᠯᠠᠷᠠᠯ᠎ᠳᠤ ᠡᠷᠬᠡᠪᠰᠢ ᠣᠷᠤᠬᠤ ᠬᠡᠷᠡᠭᠲᠡᠶ᠄ ᠴᠤᠭᠯᠠᠷᠠᠯ᠎ᠤᠨ ᠳ᠋ᠤᠭ᠋ᠠᠷ᠎ᠨᠢ 762723661 ᠪᠤᠶᠤ 653697228 (ᠠᠳᠠᠯᠢ ᠨᠢᠭᠡᠨ ᠰᠢᠯᠭ᠋ᠠᠭᠤᠯᠤᠭᠴᠢ ᠬᠤᠶᠠᠷ ᠴᠤᠭᠯᠠᠷᠠᠯ᠎ᠳᠤ ᠵᠡᠷᠭᠡᠪᠡᠷ ᠣᠷᠣᠵᠤ ᠪᠣᠯᠬᠤ ᠥᠬᠡᠶ᠃) ᠴᠤᠭᠯᠠᠷᠠᠯ᠎ᠳᠤ ᠤᠷᠤᠭᠰᠠᠨ᠎ᠤ ᠳᠠᠷᠠᠭ᠎ᠠ QQ᠎ᠤᠨ ᠡᠩᠭᠦᠷᠡᠢ᠌ᠯᠡᠭᠰᠡᠨ ᠳᠠᠭᠤᠳᠠᠯᠭ᠎ᠠ ᠵᠢ 《ᠣᠪᠣᠭ ᠨᠡᠷ᠎ᠡ + ᠲᠤᠰᠠᠯᠠᠬᠤ ᠲᠤᠷᠰᠢᠯᠲᠠ ᠵᠢᠨ ᠪᠠᠶ᠋ᠢᠴᠠᠭ᠋ᠠᠨ ᠰᠢᠯᠭ᠋ᠠᠭᠴᠢ ᠪᠤᠶᠤ ᠲᠤᠷᠰᠢᠯᠲᠠ ᠵᠢᠨ ᠪᠠᠶ᠋ᠢᠴᠠᠭ᠋ᠠᠨ ᠰᠢᠯᠭ᠋ᠠᠭᠴᠢ + ᠭᠠᠷ ᠤᠲᠠᠰᠤᠨ᠎ᠤ ᠨᠣᠮᠸᠷ᠎ᠤᠨ ᠠᠷᠤ ᠵᠢᠨ ᠳᠥᠷᠪᠡᠨ ᠨᠣᠮᠸᠷ》 ᠵᠶ᠋ᠠᠷ ᠰᠣᠯᠢᠵᠤ᠂ ᠴᠤᠭᠯᠠᠷᠠᠯ᠎ᠤᠨ ᠳᠣᠲᠣᠷ᠎ᠠ ᠣᠷᠣᠯᠠᠨ ᠲᠤᠰᠢᠶᠠᠬᠤ ᠪᠤᠶᠤ ᠥᠪᠡᠰᠦᠪᠡᠨ ᠲᠤᠰᠢᠶᠠᠬᠤ ᠬᠡᠯᠪᠡᠷᠢ᠎ᠪᠠᠷ ᠰᠦᠢ᠍ᠳᠬᠡᠯ ᠲᠤᠰᠢᠶᠠᠬᠤ ᠵᠢ ᠪᠡᠶᠡᠯᠡᠭᠦᠯᠦᠨ᠎ᠡ᠃    

    (ᠬᠤᠶᠠᠷ) ᠢᠯᠡᠴᠢᠯᠡᠨ ᠮᠡᠳᠡᠭᠦᠯᠬᠦ ᠤᠲᠠᠰᠤ ᠪᠠ ᠰᠢᠤᠳᠠᠨ᠎ᠤ ᠬᠠᠶ᠋ᠢᠷᠴᠠᠭ    

    ᠤᠲᠠᠰᠤ᠄ 0471 - 6968595᠂ ᠰᠢᠤᠳᠠᠨ᠎ᠤ ᠬᠠᠶ᠋ᠢᠷᠴᠠᠭ᠄ jtystzyzgks@163.com    

    (ᠭᠤᠷᠪᠠ) ᠰᠢᠯᠭ᠋ᠠᠯᠲᠠ ᠵᠢᠨ ᠯᠠᠪᠯᠠᠯᠭ᠎ᠠ    

    ᠠᠰᠠᠭᠤᠨ ᠯᠠᠪᠯᠠᠬᠤ ᠤᠲᠠᠰᠤ᠄ 0471 - 6968595 ᠃   

    ᠠᠰᠠᠭᠤᠨ ᠯᠠᠪᠯᠠᠬᠤ ᠴᠠᠭ᠄ ᠠᠵᠢᠯᠯᠠᠬᠤ ᠡᠳᠦᠷ᠎ᠤᠨ 9᠄ 00-12᠄ 00᠂ 14᠄ 30-17᠄ 30᠃

 

    ᠳᠠᠭ᠋ᠠᠯᠳᠤᠭᠤᠯᠤᠯ᠄ 1. ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠬᠤ ᠮᠡᠳᠡᠬᠦ ᠵᠦᠢᠯ. doc

    2. ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠭᠡᠷᠡᠴᠢᠯᠡᠬᠦ ᠵᠦᠢᠯᠡᠰ᠎ᠢ ᠮᠡᠳᠡᠭᠳᠡᠬᠦ ᠠᠮᠠᠯᠠᠯᠲᠠ ᠵᠢᠨ ᠲᠦᠷᠢᠮ᠎ᠤᠨ ᠮᠡᠳᠡᠭᠳᠡᠬᠦ ᠪᠢᠴᠢᠭ . doc

    3. ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠭᠡᠷᠡᠴᠢᠯᠡᠬᠦ ᠵᠦᠢᠯᠡᠰ᠎ᠢ ᠮᠡᠳᠡᠭᠳᠡᠬᠦ ᠠᠮᠠᠯᠠᠯᠲᠠ ᠵᠢᠨ ᠲᠦᠷᠢᠮ᠎ᠤᠨ ᠨᠡᠷ᠎ᠡ ᠮᠡᠳᠡᠭᠦᠯᠬᠦ ᠠᠮᠠᠯᠠᠯᠲᠠ ᠵᠢᠨ ᠪᠢᠴᠢᠭ . docx

    4. 2025 ᠣᠨ᠎ᠤ ᠵᠠᠰᠠᠮᠠᠯ ᠵᠠᠮ ᠤᠰᠤᠨ ᠲᠡᠭᠡᠭᠡᠪᠦᠷᠢ ᠵᠢᠨ ᠢᠨᠵᠧᠨᠧᠷᠢᠩ᠎ᠤᠨ ᠲᠤᠷᠰᠢᠨ ᠪᠠᠢ᠌ᠴᠠᠭ᠋ᠠᠵᠤ ᠰᠢᠯᠭ᠋ᠠᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠰᠢᠯᠭ᠋ᠠᠯᠲᠠ᠎ᠳᠤ ᠣᠷᠣᠯᠴᠠᠭᠰᠠᠳ᠎ᠤᠨ ᠠᠵᠢᠯᠯᠠᠭᠰᠠᠨ ᠬᠤᠭᠤᠴᠠᠭ᠎ᠠ ᠵᠢᠨ ᠭᠡᠷᠡᠴᠢ (ᠶᠠᠩᠵᠤ ᠦᠯᠢᠭᠡᠷ) . doc

 

          ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ       

                    2025 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            