ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠥᠪᠥᠷ ᠮᠣᠩᠭᠤᠯ᠎ᠤᠨ ᠯᠥᠩ ᠲᠧᠩ ᠪᠦᠲᠦᠭᠡᠨ ᠪᠠᠢ᠌ᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠡᠷᠭᠡ 10 ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠭᠰᠠᠨ ᠪᠠᠶ᠋ᠢᠳᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-09-01

《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠪᠠᠷᠢᠮᠵᠢᠶ᠎ᠠ》᠂ 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ》᠂ 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠪᠠ ᠬᠢᠷᠢ ᠬᠡᠮ᠎ᠤᠨ ᠪᠠᠷᠢᠮᠵᠢᠶ᠎ᠠ ᠵᠢᠨ ᠬᠡᠷᠡᠭᠵᠢᠭᠦᠯᠬᠦ ᠰᠠᠨᠠᠯ》 ᠵᠡᠷᠭᠡ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠢ ᠬᠠᠮᠵᠢᠨ ᠵᠠᠰᠠᠮᠠᠯ ᠵᠠᠮ᠎ᠤᠨ ᠪᠠᠷᠢᠯᠭ᠎ᠠ ᠵᠢᠨ ᠬᠠᠮᠢᠶ᠎ᠠ ᠪᠥᠬᠦᠶ ᠬᠢᠷᠢ ᠬᠡᠮ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠳᠤ ᠠᠵᠢᠯ ᠲᠥᠷᠥᠯ᠎ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠯᠥᠩ ᠲᠧᠩ ᠪᠦᠲᠦᠭᠡᠨ ᠪᠠᠢ᠌ᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠡᠷᠭᠡ 10 ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠭᠰᠠᠨ ᠪᠠᠶ᠋ᠢᠳᠠᠯ᠎ᠢ ᠵᠠᠷᠯᠠᠨ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠨ᠎ᠡ᠃ ᠵᠠᠷᠯᠠᠨ ᠨᠡᠶ᠋ᠢᠲᠡᠯᠡᠬᠦ ᠴᠠᠭ᠎ᠨᠢ 2025 ᠣᠨ᠎ᠤ 8 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 2025 ᠣᠨ᠎ᠤ 9 ᠳ᠋ᠦ᠍ᠭᠡᠷ ᠰᠠᠷ᠎ᠠ ᠵᠢᠨ 4᠎ᠤ ᠡᠳᠦᠷ ᠪᠣᠯᠤᠨ᠎ᠠ᠃    

ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ᠎ᠳᠠᠬᠢ ᠬᠤᠳᠠᠯ ᠬᠠᠭᠤᠷᠮᠠᠭ ᠠᠭᠤᠯᠭ᠎ᠠ ᠵᠢ ᠮᠠᠨ᠎ᠤ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠶ (ᠰᠢᠦᠳᠠᠨ ᠵᠶ᠋ᠠᠷ ᠢᠯᠡᠭᠡᠬᠦ ᠮᠠᠲ᠋ᠧᠷᠢᠶᠠᠯ᠎ᠢ ᠰᠢᠦᠳᠠᠨ᠎ᠤ ᠲᠠᠮᠠᠭ᠎ᠠ ᠵᠢᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ)᠃ ᠬᠠᠷᠭᠤᠭᠤᠯᠤᠨ ᠪᠠᠶ᠋ᠢᠴᠠᠭ᠋ᠠᠬᠤ᠎ᠳᠤ ᠳᠥᠭᠦᠮ ᠦᠵᠡᠭᠦᠯᠬᠦ ᠵᠢᠨ ᠲᠥᠯᠥᠭᠡ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ᠎ᠤᠨ ᠠᠭᠤᠯᠭ᠎ᠠ ᠵᠢ ᠪᠣᠳᠠᠲᠠᠶ ᠪᠠᠶ᠋ᠢᠯᠭ᠋ᠠᠵᠤ᠂ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ᠎ᠤ ᠳ᠋ᠤᠭ᠋ᠠᠷ᠎ᠢ ᠲᠣᠳᠣᠷᠬᠠᠶ ᠪᠢᠴᠢᠵᠦ᠂ ᠨᠢᠭᠡᠴᠢ ᠵᠢᠨ ᠢᠯᠡᠴᠢᠯᠡᠨ ᠮᠡᠳᠡᠭᠦᠯᠬᠦ᠎ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ᠎ᠤ ᠢᠯᠡᠴᠢᠯᠡᠨ ᠮᠡᠳᠡᠭᠦᠯᠬᠦ᠎ᠳᠤ ᠦᠨᠡᠨ ᠪᠣᠳᠠᠲᠠᠶ ᠣᠪᠣᠭ ᠨᠡᠷ᠎ᠡ ᠵᠢᠨ ᠭᠠᠷ᠎ᠤᠨ ᠥᠰᠥᠭ ᠵᠢᠷᠤᠬᠤ ᠬᠡᠷᠡᠭᠲᠡᠶ᠃    

ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠸᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ; ᠰᠢᠤᠳᠠᠨ᠎ᠤ ᠳ᠋ᠤᠭ᠋ᠠᠷ᠄ 010020

ᠬᠠᠷᠢᠯᠴᠠᠬᠤ ᠬᠥᠮᠦᠨ᠄ ᠶᠠᠩ ᠯᠢ ᠱ᠌ᠢ  ᠵᠠᠩ ᠵᠢᠶᠦ᠋ᠨ ᠪᠢᠨ    

ᠬᠠᠷᠢᠯᠴᠠᠬᠤ ᠤᠲᠠᠰᠤ᠄ 0471 - 6969040    

ᠢᠮᠧᠯ᠄ JTYSTJSGLCSCGL@163.com    

ᠳᠠᠭ᠋ᠠᠯᠳᠤᠭᠤᠯᠤᠯ᠄ ᠵᠠᠰᠠᠮᠠᠯ ᠵᠠᠮ᠎ᠤᠨ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠲᠤᠰᠬᠠᠢ ᠮᠡᠷᠭᠡᠵᠢᠯᠲᠡᠨ᠎ᠤ ᠬᠢᠨᠠᠨ ᠪᠠᠶ᠋ᠢᠴᠠᠭ᠋ᠠᠭᠰᠠᠨ ᠰᠠᠨᠠᠯ . xls      

 

                 ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ    

                               2025 ᠣᠨ᠎ᠤ 8 ᠳ᠋ᠤᠭ᠋ᠠᠷ ᠰᠠᠷ᠎ᠠ ᠵᠢᠨ 29᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            