ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
2025 ᠣᠨ᠎ᠤ ᠠᠶᠠᠨᠴᠢᠳ᠎ᠤᠨ ᠵᠥᠭᠡᠭᠡᠪᠦᠷᠢ ᠪᠠ ᠪᠠᠷᠠᠭ᠎ᠠ ᠰᠢᠤᠳᠠᠨ᠎ᠤ ᠲᠡᠭᠡᠭᠡᠪᠦᠷᠢ ᠵᠢ ᠠᠭᠤᠰᠤᠯᠴᠠᠭᠤᠯᠬᠤ ᠲᠠᠯᠠᠪᠤᠷ ᠥᠷᠲᠡᠭᠡ ᠵᠢᠨ ᠳᠤᠲᠠᠭᠤᠳᠠᠯ᠎ᠢ ᠨᠥᠬᠦᠪᠥᠷᠢᠯᠡᠬᠦ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-09-12

ᠬᠦᠳᠡᠭᠡ ᠲᠣᠰᠬᠤᠨ᠎ᠤ ᠠᠶᠠᠨᠴᠢᠳ᠎ᠤᠨ ᠵᠥᠭᠡᠭᠡᠪᠦᠷᠢ ᠪᠠ ᠪᠠᠷᠠᠭ᠎ᠠ ᠰᠢᠤᠳᠠᠨ᠎ᠤ ᠲᠡᠭᠡᠭᠡᠪᠦᠷᠢ ᠵᠢ ᠠᠭᠤᠰᠤᠯᠴᠠᠭᠤᠯᠤᠨ ᠬᠥᠭᠵᠢᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ ᠬᠤᠲᠠ ᠬᠥᠳᠡᠭᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 《2025 ᠣᠨ᠎ᠤ ᠠᠶᠠᠨᠴᠢᠳ᠎ᠤᠨ ᠵᠥᠭᠡᠭᠡᠪᠦᠷᠢ ᠪᠠ ᠪᠠᠷᠠᠭ᠎ᠠ ᠰᠢᠤᠳᠠᠨ᠎ᠤ ᠲᠡᠭᠡᠭᠡᠪᠦᠷᠢ ᠵᠢ ᠠᠭᠤᠰᠤᠯᠴᠠᠭᠤᠯᠬᠤ ᠲᠠᠯᠠᠪᠤᠷ ᠥᠷᠲᠡᠭᠡ ᠵᠢᠨ ᠳᠤᠲᠠᠭᠤᠳᠠᠯ᠎ᠢ ᠨᠥᠬᠦᠪᠥᠷᠢᠯᠡᠬᠦ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ》 (ᠦᠪᠦᠷ ᠵᠠᠮ ᠬᠠᠷᠢᠯᠴᠠᠭ᠎ᠠ ᠲᠡᠭᠡᠭᠡᠪᠦᠷᠢ ᠵᠠᠬᠢᠳᠠᠯ [2025] 1090 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠪᠥᠬᠦ ᠣᠷᠣᠨ᠎ᠤ 2025 ᠣᠨ᠎ᠤ ᠠᠶᠠᠨᠴᠢᠳ᠎ᠤᠨ ᠵᠥᠭᠡᠭᠡᠪᠦᠷᠢ ᠪᠠ ᠪᠠᠷᠠᠭ᠎ᠠ ᠰᠢᠤᠳᠠᠨ᠎ᠤ ᠲᠡᠭᠡᠭᠡᠪᠦᠷᠢ ᠵᠢ ᠠᠭᠤᠰᠤᠯᠴᠠᠭᠤᠯᠬᠤ ᠲᠠᠯᠠᠪᠤᠷ ᠥᠷᠲᠡᠭᠡ ᠵᠢᠨ ᠳᠤᠲᠠᠭᠤᠳᠠᠯ᠎ᠢ ᠨᠥᠬᠦᠪᠥᠷᠢᠯᠡᠬᠦ ᠲᠤᠷᠰᠢᠯᠲᠠ ᠵᠢᠨ ᠴᠡᠭ᠎ᠤᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠳᠦᠭᠡ ᠪᠠᠲᠤᠯᠠᠭᠰᠠᠨ ᠲᠤᠷᠰᠢᠯᠲᠠ ᠵᠢᠨ ᠴᠡᠭ᠎ᠤᠨ ᠬᠤᠰᠢᠭᠤ ᠰᠢᠶᠠᠨ ᠲᠣᠭᠤᠷᠢᠭ᠎ᠢ ᠵᠠᠷᠯᠠᠨ ᠨᠡᠢ᠌ᠲᠡᠯᠡᠶ᠎ᠡ (ᠪᠣᠳᠠᠲᠠᠶ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠤᠨ ᠨᠠᠷᠢᠨ ᠬᠠᠭᠤᠳᠠᠰᠤ ᠵᠢ ᠠᠷᠤ᠎ᠳᠤ ᠳᠠᠭ᠋ᠠᠯᠳᠤᠭᠤᠯᠪᠠ)᠃

ᠪᠤᠭᠤᠲᠤ ᠬᠤᠲᠠ᠄ ᠲᠦᠮᠡᠳ ᠪᠠᠷᠠᠭᠤᠨ ᠬᠤᠰᠢᠭᠤ᠂ ᠭᠦᠶᠡᠩ ᠰᠢᠶᠠᠨ

ᠪᠠᠶᠠᠨᠨᠠᠭᠤᠷ ᠬᠤᠲᠠ᠄ ᠯᠢᠨ ᠾᠧ ᠲᠣᠭᠤᠷᠢᠭ᠂ ᠬᠠᠩᠭᠢᠨ ᠬᠤᠶ᠋ᠢᠲᠤ ᠬᠤᠰᠢᠭᠤ᠂ ᠦᠶᠤᠸᠠᠨ ᠰᠢᠶᠠᠨ

ᠣᠷᠳᠤᠰ ᠬᠣᠲᠠ᠄ ᠣᠲᠣᠭ ᠬᠣᠰᠢᠭᠤ᠂ ᠵᠡᠭᠦᠨᠭ᠋ᠠᠷ ᠬᠣᠰᠢᠭᠤ᠂ ᠡᠵᠡᠨ ᠬᠣᠷᠣᠭ᠎ᠠ ᠬᠣᠰᠢᠭᠤ

ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2025 ᠣᠨ᠎ᠤ 9 ᠳ᠋ᠦ᠍ᠭᠡᠷ ᠰᠠᠷ᠎ᠠ ᠵᠢᠨ 9᠎ᠤ ᠡᠳᠦᠷ᠎ᠠᠴᠠ 9 ᠳ᠋ᠦ᠍ᠭᠡᠷ ᠰᠠᠷ᠎ᠠ ᠵᠢᠨ 15᠎ᠤ ᠡᠳᠦᠷ ᠪᠣᠯᠲᠠᠯ᠎ᠠ᠃ ᠵᠠᠷᠯᠠᠨ ᠨᠡᠶ᠋ᠢᠲᠡᠯᠡᠭᠰᠡᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠠᠶ᠋ᠢᠪᠠᠯ᠂ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠪᠢᠴᠢᠭ᠎ᠤᠨ ᠬᠡᠯᠪᠡᠷᠢ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠭᠠᠵᠠᠷ᠎ᠲᠤ ᠳᠤᠷᠠᠳᠬᠤ ᠵᠢᠨ ᠬᠠᠮᠲᠤ ᠪᠣᠳᠠᠲᠠᠶ ᠣᠨᠳᠣᠤ ᠰᠠᠨᠠᠯ᠎ᠤᠨ ᠠᠭᠤᠯᠭ᠎ᠠ᠂ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ᠂ ᠬᠠᠷᠢᠯᠴᠠᠬᠤ ᠬᠥᠮᠦᠨ᠎ᠤ ᠦᠨᠡᠨ ᠪᠣᠳᠠᠲᠠᠶ ᠣᠪᠣᠭ ᠨᠡᠷ᠎ᠡ᠂ ᠨᠢᠭᠡᠴᠢ ᠵᠢᠨ ᠤᠲᠠᠰᠤ ᠪᠠ ᠬᠠᠶᠢᠭ᠎ᠢ ᠲᠣᠳᠣᠷᠬᠠᠶ ᠪᠢᠴᠢᠭᠡᠷᠡᠢ᠃

ᠬᠠᠷᠢᠯᠴᠠᠬᠤ ᠤᠲᠠᠰᠤ᠄ 0471 - 6368307᠂ ᠰᠢᠦᠳᠠᠨ ᠬᠠᠶ᠋ᠢᠷᠴᠠᠭ᠄ nmgygj@126.com᠃

ᠳᠠᠭ᠋ᠠᠯᠳᠤᠭᠤᠯᠤᠯ᠄ 2025 ᠣᠨ᠎ᠤ ᠠᠶᠠᠨᠴᠢᠳ᠎ᠤᠨ ᠵᠥᠭᠡᠭᠡᠪᠦᠷᠢ ᠪᠠ ᠪᠠᠷᠠᠭ᠎ᠠ ᠰᠢᠤᠳᠠᠨ᠎ᠤ ᠲᠡᠭᠡᠭᠡᠪᠦᠷᠢ ᠵᠢ ᠠᠭᠤᠰᠤᠯᠴᠠᠭᠤᠯᠬᠤ ᠲᠠᠯᠠᠪᠤᠷ ᠥᠷᠲᠡᠭᠡ ᠵᠢᠨ ᠳᠤᠲᠠᠭᠤᠳᠠᠯ᠎ᠢ ᠨᠥᠬᠦᠪᠥᠷᠢᠯᠡᠬᠦ ᠵᠢ ᠬᠢᠨᠠᠨ ᠬᠠᠷᠭᠤᠭᠤᠯᠤᠨ ᠪᠠᠲᠤᠯᠠᠭᠰᠠᠨ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠤᠨ ᠨᠠᠷᠢᠨ ᠬᠠᠭᠤᠳᠠᠰᠤ᠂ xls

 

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ

              2025 ᠣᠨ᠎ᠤ 9 ᠳ᠋ᠤᠭᠡᠷ ᠰᠠᠷ᠎ᠠ ᠵᠢᠨ 9᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            