《ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2021 ᠣᠨ᠎ᠤ 22 ᠳ᠋ᠤᠭ᠋ᠠᠷ ᠲᠣᠭ᠋ᠠᠲᠤ) ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ 2025 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠲᠤᠰᠬᠠᠶ ᠮᠡᠷᠭᠡᠵᠢᠯᠲᠡᠨ᠎ᠤ ᠬᠢᠨᠠᠨ ᠪᠠᠢ᠌ᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠡᠳᠦᠭᠡ ᠬᠢᠨᠠᠨ ᠪᠠᠢ᠌ᠴᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠢ᠌ᠲᠡᠯᠡᠨ᠎ᠡ (ᠳᠠᠭ᠋ᠠᠯᠳᠤᠭᠤᠯᠤᠯ᠎ᠳᠤ ᠦᠵᠡ)᠃
ᠨᠢᠭᠡ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2025 ᠣᠨ᠎ᠤ 9 ᠳ᠋ᠦ᠍ᠭᠡᠷ ᠰᠠᠷ᠎ᠠ ᠵᠢᠨ 22᠎ᠤᠨ ᠡᠳᠦᠷ᠎ᠠᠴᠠ 2025 ᠣᠨ᠎ᠤ 9 ᠳ᠋ᠦ᠍ᠭᠡᠷ ᠰᠠᠷ᠎ᠠ ᠵᠢᠨ 26᠎ᠤ ᠡᠳᠦᠷ (ᠲᠠᠪᠤᠨ ᠠᠵᠢᠯᠯᠠᠬᠤ ᠡᠳᠦᠷ) ᠪᠣᠯᠲᠠᠯ᠎ᠠ᠂ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠣᠯᠣᠨ ᠬᠤᠪᠢ ᠬᠥᠮᠦᠨ ᠴᠥᠮ ᠵᠠᠷᠯᠠᠨ ᠨᠡᠢ᠌ᠲᠡᠯᠡᠭᠰᠡᠨ ᠠᠵᠤ ᠠᠬᠤᠢ᠌ᠯᠠᠯ᠎ᠤᠨ ᠭᠤᠶᠤᠴᠢᠯᠠᠯ᠎ᠤᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠵᠠᠭ᠋ᠠᠯᠳᠤᠯᠭ᠎ᠠ ᠬᠢᠵᠦ ᠪᠣᠯᠤᠨ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠥᠬᠡᠶ (ᠰᠢᠦᠳᠠᠨ ᠵᠶ᠋ᠠᠷ ᠢᠯᠡᠭᠡᠭᠰᠡᠨ ᠮᠠᠲ᠋ᠧᠷᠢᠶᠠᠯ᠎ᠢ ᠰᠢᠦᠳᠠᠨ᠎ᠤ ᠲᠠᠮᠠᠭ᠎ᠠ ᠳᠠᠷᠤᠭᠰᠠᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ)᠂ ᠪᠢᠴᠢᠭ ᠵᠶ᠋ᠡᠷ ᠭᠣᠮᠣᠳᠠᠯ ᠲᠣᠭ᠋ᠠᠴᠢᠬᠤ᠎ᠳᠤ ᠭᠣᠮᠣᠳᠠᠯ ᠲᠣᠭ᠋ᠠᠴᠢᠬᠤ ᠵᠦᠢᠯᠡᠰ᠂ ᠤᠴᠢᠷ ᠰᠢᠯᠲᠠᠭ᠋ᠠᠨ᠂ ᠦᠨᠳᠦᠰᠦᠯᠡᠯ ᠵᠢᠴᠢ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ᠎ᠢ ᠪᠠᠭᠲᠠᠭ᠋ᠠᠬᠤ ᠬᠡᠷᠡᠭᠲᠡᠶ᠃
ᠬᠣᠶᠠᠷ᠂ ᠨᠢᠭᠡᠴᠢ ᠵᠢᠨ᠎ᠬᠢᠨ ᠭᠣᠮᠣᠳᠠᠯ ᠲᠣᠭ᠋ᠠᠴᠢᠬᠤ᠎ᠳᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠡᠷᠬᠡ ᠣᠯᠭᠣᠭᠰᠠᠨ ᠣᠷᠣᠯᠠᠭᠴᠢ ᠭᠠᠷᠤᠨ ᠦᠰᠦᠭ ᠵᠢᠷᠤᠵᠤ᠂ ᠨᠢᠭᠡᠴᠢ ᠵᠢᠨ᠎ᠬᠢᠨ ᠠᠯᠪᠠᠨ ᠲᠠᠮᠠᠭ᠎ᠠ᠎ᠪᠠᠨ ᠳᠠᠷᠤᠵᠤ᠂ ᠦᠨᠡᠨ ᠪᠣᠳᠠᠲᠠᠢ ᠤᠪᠤᠭ ᠨᠡᠷ᠎ᠡ᠎ᠪᠠᠨ ᠪᠢᠴᠢᠵᠦ᠂ ᠨᠢᠭᠡᠴᠢ ᠵᠢᠨ ᠨᠡᠷᠡᠢ᠌ᠳᠦᠯ᠂ ᠬᠦᠴᠦᠨ ᠪᠦᠬᠦᠢ ᠬᠠᠷᠢᠯᠴᠠᠬᠤ ᠤᠲᠠᠰᠤ ᠪᠠ ᠬᠠᠷᠢᠯᠴᠠᠬᠤ ᠬᠠᠶᠢᠭ ᠵᠶ᠋ᠠᠨ ᠬᠠᠩᠭ᠋ᠠᠬᠤ ᠬᠡᠷᠡᠭᠲᠡᠢ; ᠬᠤᠪᠢ ᠬᠥᠮᠦᠨ ᠭᠣᠮᠣᠳᠠᠯ ᠲᠣᠭ᠋ᠠᠴᠢᠬᠤᠳᠤᠪᠠᠨ ᠡᠷᠬᠡᠪᠰᠢ ᠦᠨᠡᠨ ᠪᠣᠳᠠᠲᠠᠢ ᠤᠪᠤᠭ ᠨᠡᠷ᠎ᠡ᠎ᠪᠠᠨ ᠪᠢᠴᠢᠵᠦ᠂ ᠬᠦᠴᠦᠨ ᠪᠦᠬᠦᠢ ᠬᠠᠷᠢᠯᠴᠠᠬᠤ ᠤᠲᠠᠰᠤ ᠪᠠ ᠬᠠᠷᠢᠯᠴᠠᠬᠤ ᠬᠠᠶᠢᠭ ᠵᠶ᠋ᠠᠨ ᠬᠠᠩᠭ᠋ᠠᠬᠤ ᠬᠡᠷᠡᠭᠲᠡᠢ ᠃
ᠭᠤᠷᠪᠠ᠂ ᠵᠠᠭ᠋ᠠᠯᠳᠤᠭᠰᠠᠨ ᠨᠢᠭᠡᠴᠢ ᠪᠣᠯᠣᠨ ᠬᠤᠪᠢ ᠬᠥᠮᠦᠨ᠎ᠠᠴᠠ ᠵᠠᠭ᠋ᠠᠯᠳᠤᠭᠰᠠᠨ ᠵᠦᠢ᠍ᠯᠡᠰᠯᠦᠭᠡ ᠰᠢᠭᠤᠳ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠵᠤ᠂ ᠪᠣᠳᠠᠲᠠᠢ ᠰᠦᠪᠡᠭᠴᠢ ᠬᠠᠩᠭ᠋ᠠᠬᠤ ᠪᠥᠭᠡᠳ ᠢᠯᠡᠴᠢᠯᠡᠨ ᠮᠡᠳᠡᠭᠦᠯᠦᠭᠰᠡᠨ ᠠᠭᠤᠯᠭ᠎ᠠ ᠵᠢᠨ ᠦᠨᠡᠨ ᠪᠣᠳᠠᠲᠤ ᠴᠢᠨᠠᠷ᠎ᠢ ᠬᠠᠷᠢᠭᠤᠴᠠᠬᠤ ᠬᠡᠷᠡᠭᠲᠡᠢ᠂ ᠳᠡᠭᠡᠷᠡᠬᠢ ᠨᠥᠬᠥᠴᠡᠯ᠎ᠳᠤ ᠨᠡᠢ᠌ᠴᠡᠬᠦ ᠦᠭᠡᠢ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
ᠳᠥᠷᠪᠡ᠂ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠵᠠᠰᠠᠮᠠᠯ ᠵᠠᠮ᠎ᠤᠨ ᠭᠠᠵᠠᠷ ᠪᠣᠯᠤᠨ᠎ᠠ᠃ ᠮᠠᠲ᠋ᠧᠷᠢᠶᠠᠯ ᠢᠯᠡᠭᠡᠬᠦ ᠬᠠᠶᠢᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶᠠᠨ᠎ᠤ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ᠂ ᠰᠢᠦᠳᠠᠨ᠎ᠤ ᠨᠣᠮᠧᠷ᠄ 010020᠂ ᠤᠲᠠᠰᠤ᠄ 0471 - 6267737᠃
ᠲᠠᠪᠤ᠂ ᠠᠰᠠᠭᠤᠨ ᠯᠠᠪᠯᠠᠬᠤ ᠤᠲᠠᠰᠤ 0471 - 6962049᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
2025 ᠣᠨ᠎ᠤ 9 ᠳ᠋ᠦ᠍ᠭᠡᠷ ᠰᠠᠷ᠎ᠠ ᠵᠢᠨ 22᠎ᠤᠨ ᠡᠳᠦᠷ