ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
2025 ᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠪᠠᠷᠢᠬᠤ ᠨᠢᠭᠡᠴᠢ ᠵᠢᠨ ᠠᠶᠦᠯᠭᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠭᠦᠢ ᠦᠢᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ ᠵᠢ ᠵᠣᠬᠢᠶᠠᠨ ᠪᠠᠢ᠌ᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-09-05

《ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠪᠠᠷᠢᠬᠤ ᠨᠢᠭᠡᠴᠢ ᠵᠢᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢᠯ᠎ᠤᠨ ᠬᠠᠷᠢᠭᠤᠴᠠᠯᠭ᠋ᠠᠲᠠᠨ ᠪᠠ ᠲᠣᠰᠬᠠᠢ ᠲᠤᠰᠢᠶᠠᠯᠲᠤ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠬᠦᠢ ᠦᠢᠯᠡᠳᠪᠦᠷᠢᠯᠡᠯ᠎ᠤᠨ ᠰᠢᠯᠭ᠋ᠠᠨ ᠬᠢᠨᠠᠬᠤ ᠬᠠᠮᠢᠶᠠᠷᠤᠯᠲᠠ ᠵᠢᠨ ᠠᠷᠭ᠎ᠠ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2024 ᠣᠨ᠎ᠤ 2 ᠳ᠋ᠤᠭ᠋ᠠᠷ ᠲᠣᠭ᠋ᠠᠲᠤ᠂ ᠳᠣᠷᠣᠭᠰᠢ 《ᠰᠢᠯᠭ᠋ᠠᠨ ᠬᠢᠨᠠᠬᠤ ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠪᠠ 《ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ 〈ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠪᠠᠷᠢᠬᠤ ᠨᠢᠭᠡᠴᠢ ᠵᠢᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠣᠰᠬᠠᠢ ᠲᠤᠰᠢᠶᠠᠯᠲᠤ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠭᠦᠢ ᠦᠢ᠍ᠯᠡᠳᠪᠦᠷᠢᠯᠡᠯ᠎ᠤᠨ ᠰᠢᠯᠭ᠋ᠠᠨ ᠬᠢᠨᠠᠬᠤ ᠬᠠᠮᠢᠶᠠᠷᠤᠯᠲᠠ ᠵᠢᠨ ᠠᠷᠭ᠎ᠠ〉 ᠵᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ 》 (ᠵᠠᠮ ᠬᠠᠷᠢᠯᠴᠠᠭ᠎ᠠ ᠲᠡᠭᠡᠭᠡᠪᠦᠷᠢ ᠵᠢᠨ ᠠᠶᠦᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠬᠤ [2024] 13 ᠳ᠋ᠤᠭ᠋ᠠᠷ ᠲᠣᠭ᠋ᠠᠲᠤ)᠎ᠢ ᠦᠨᠳᠦᠰᠦᠯᠡᠵᠦ᠂ ᠮᠠᠨ᠎ᠤ ᠲᠢᠩᠬᠢᠮ 2025 ᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠪᠠᠷᠢᠬᠤ ᠨᠢᠭᠡᠴᠢ ᠵᠢᠨ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠭᠦᠢ ᠦᠢᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ ᠵᠢ ᠥᠷᠨᠢᠭᠦᠯᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄

ᠨᠢᠭᠡ᠂ ᠨᠡᠷ᠎ᠡ ᠮᠡᠳᠡᠭᠦᠯᠬᠦ ᠴᠠᠭ ᠵᠢᠴᠢ ᠠᠷᠭ᠎ᠠ ᠮᠠᠶᠢᠭ

ᠨᠡᠷ᠎ᠡ ᠮᠡᠳᠡᠭᠦᠯᠬᠦ ᠴᠠᠭ᠄ 2025 ᠣᠨ᠎ᠤ 9 ᠳ᠋ᠦ᠍ᠭᠡᠷ ᠰᠠᠷ᠎ᠠ ᠵᠢᠨ 8᠎ᠤ ᠡᠳᠦᠷ᠎ᠤᠨ 9᠄ 00 - 9 ᠳ᠋ᠦ᠍ᠭᠡᠷ ᠰᠠᠷ᠎ᠠ ᠵᠢᠨ 15᠎ᠤ ᠡᠳᠦᠷ᠎ᠤᠨ 17᠄ 00

ᠨᠡᠷ᠎ᠡ ᠮᠡᠳᠡᠭᠦᠯᠬᠦ ᠠᠷᠭ᠎ᠠ ᠮᠠᠶᠢᠭ᠄ ᠰᠢᠯᠭ᠋ᠠᠭᠤᠯᠤᠭᠴᠢ ᠵᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ᠎ᠠᠴᠠ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠪᠠᠷᠢᠬᠤ ᠨᠢᠭᠡᠴᠢ ᠵᠢᠨ ᠠᠶᠦᠯᠭᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠭᠦᠢ ᠦᠢᠯᠡᠳᠪᠦᠷᠢᠯᠡᠯ᠎ᠤᠨ ᠰᠢᠯᠭ᠋ᠠᠨ ᠬᠢᠨᠠᠬᠤ ᠬᠠᠮᠢᠶᠠᠷᠤᠯᠲᠠ ᠵᠢᠨ ᠰᠢᠰᠲ᠋ᠧᠮ ᠵᠶ᠋ᠡᠷ ᠳᠠᠮᠵᠢᠭᠤᠯᠤᠨ ᠨᠢᠭᠡᠳᠦᠯᠲᠡᠶ ᠨᠡᠷ᠎ᠡ ᠮᠡᠳᠡᠭᠦᠯᠦᠨ᠎ᠡ᠃ ᠰᠢᠯᠭ᠋ᠠᠨ ᠬᠢᠨᠠᠬᠤ ᠬᠠᠮᠢᠶᠠᠷᠤᠯᠲᠠ ᠵᠢᠨ ᠰᠢᠰᠲ᠋ᠧᠮ᠎ᠤᠨ ᠰᠦᠯᠵᠢᠶᠡᠨ ᠬᠠᠶᠢᠭ᠄ http᠄ / / nmg . safetyams . cn᠃

ᠬᠣᠶᠠᠷ᠂ ᠰᠢᠯᠭ᠋ᠠᠯᠲᠠ᠎ᠳᠤ ᠡᠷᠬᠡᠪᠰᠢ ᠮᠡᠳᠡᠬᠦ ᠵᠦᠢ᠍ᠯ

ᠰᠢᠯᠭ᠋ᠠᠯᠲᠠ ᠵᠢᠨ ᠡᠳᠦᠷ ᠬᠤᠭᠤᠴᠠᠭ᠎ᠠ᠄ 2025 ᠣᠨ᠎ᠤ 9 ᠳ᠋ᠦ᠍ᠭᠡᠷ ᠰᠠᠷ᠎ᠠ ᠵᠢᠨ ᠬᠣᠷᠢᠳ ᠵᠶ᠋ᠠᠷ᠃ ᠪᠣᠳᠠᠲᠠᠶ ᠰᠢᠯᠭ᠋ᠠᠬᠤ ᠴᠠᠭ᠎ᠢ ᠰᠢᠯᠭ᠋ᠠᠨ ᠬᠢᠨᠠᠬᠤ ᠬᠠᠮᠢᠶᠠᠷᠤᠯᠲᠠ ᠵᠢᠨ ᠰᠢᠰᠲ᠋ᠧᠮ᠎ᠠᠴᠠ ᠳᠠᠷᠤᠮᠠᠯᠯᠠᠭᠰᠠᠨ ᠰᠢᠯᠭ᠋ᠠᠭᠤᠯᠬᠤ ᠲᠡᠮᠳᠡᠭ ᠵᠶ᠋ᠡᠷ ᠪᠠᠷᠢᠮᠵᠢᠶ᠎ᠠ ᠪᠣᠯᠭ᠋ᠠᠨ᠎ᠠ (9 ᠳ᠋ᠦ᠍ᠭᠡᠷ ᠰᠠᠷ᠎ᠠ ᠵᠢᠨ 17᠎ᠤ ᠡᠳᠦᠷ᠎ᠠᠴᠠ 9 ᠳ᠋ᠦ᠍ᠭᠡᠷ ᠰᠠᠷ᠎ᠠ ᠵᠢᠨ 21᠎ᠤ ᠡᠳᠦᠷ᠎ᠤᠨ ᠬᠤᠭᠤᠷᠤᠨᠳᠤ ᠳᠠᠷᠤᠮᠠᠯᠯᠠᠵᠤ ᠪᠣᠯᠣᠨ᠎ᠠ) ᠃

ᠰᠢᠯᠭ᠋ᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠪᠥᠲᠥᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠥᠷᠲᠡᠭᠡ ᠵᠢᠨ (ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠥᠯᠥᠨ ᠪᠣᠢ᠌ᠷ ᠬᠣᠢ᠌ᠲᠤ ᠵᠠᠮ᠎ᠤᠨ 105 ᠳ᠋ᠤᠭ᠋ᠠᠷ ᠲᠣᠭ᠋ᠠᠲᠤ) ᠠᠯᠤᠰ᠎ᠠᠴᠠ ᠬᠢᠴᠢᠶᠡᠯᠯᠡᠬᠦ ᠬᠡᠷ᠃

ᠰᠢᠯᠭ᠋ᠠᠯᠲᠠ ᠵᠢᠨ ᠴᠠᠭ᠎ᠤᠨ ᠣᠷᠳᠣ ᠵᠢᠴᠢ ᠬᠢᠷᠢ ᠪᠦᠲᠦᠮᠵᠢ ᠵᠢ ᠬᠢᠨᠠᠨ ᠲᠣᠭᠲᠠᠭ᠋ᠠᠬᠤ᠄ ᠴᠠᠭ᠎ᠤᠨ ᠣᠷᠳᠣ᠎ᠨᠢ 90 ᠮᠢᠨᠦ᠋ᠲ (ᠣᠯᠠᠨ ᠤᠳᠠᠭ᠎ᠠ ᠰᠡᠳᠦᠪ ᠬᠠᠷᠢᠭᠤᠯᠵᠤ ᠪᠣᠯᠤᠨ᠎ᠠ) ᠪᠣᠯᠤᠨ᠎ᠠ᠃ ᠰᠢᠯᠭ᠋ᠠᠯᠲᠠ ᠵᠢᠨ ᠪᠦᠷᠢᠨ ᠬᠤᠪᠢ᠎ᠨᠢ 100 ᠬᠤᠪᠢ᠂ 70 ᠬᠤᠪᠢ ᠵᠢᠴᠢ ᠲᠡᠭᠦᠨ᠎ᠠᠴᠠ ᠳᠡᠭᠡᠭᠰᠢ ᠪᠣᠯ ᠬᠢᠷᠢ ᠲᠡᠩᠴᠡᠭᠰᠡᠨ᠎ᠳᠤ ᠲᠣᠭ᠋ᠠᠴᠠᠭᠳᠠᠨ᠎ᠠ᠃

ᠭᠤᠷᠪᠠ᠂ ᠰᠢᠯᠭ᠋ᠠᠯᠲᠠ ᠵᠢᠨ ᠠᠭᠤᠯᠭ᠎ᠠ

ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ 《ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠪᠠᠷᠢᠬᠤ ᠨᠢᠭᠡᠴᠢ ᠵᠢᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢᠯ᠎ᠤᠨ ᠬᠠᠷᠢᠭᠤᠴᠠᠯᠭ᠋ᠠᠲᠠᠨ ᠪᠠ ᠲᠣᠰᠬᠠᠢ ᠲᠤᠰᠢᠶᠠᠯᠲᠤ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠬᠦᠢ ᠦᠢᠯᠡᠳᠪᠦᠷᠢᠯᠡᠯ᠎ᠤᠨ ᠰᠢᠯᠭ᠋ᠠᠯᠲᠠ ᠵᠢᠨ ᠬᠥᠲᠥᠯᠪᠦᠷᠢ》 ᠵᠢ ᠦᠨᠳᠦᠰᠦᠯᠡᠪᠡᠯ᠂ ᠭᠣᠤᠯ ᠰᠢᠯᠭ᠋ᠠᠯᠲᠠ ᠵᠢᠨ ᠠᠭᠤᠯᠭ᠎ᠠ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠦᠷᠢᠮ ᠲᠣᠭᠲᠠᠭ᠋ᠠᠯ᠎ᠤᠨ ᠵᠢᠷᠤᠮᠵᠢᠯ᠂ ᠠᠶᠦᠯᠭᠦᠢ ᠦᠢᠯᠡᠳᠪᠦᠷᠢᠯᠡᠯ᠎ᠤᠨ ᠬᠠᠮᠢᠶᠠᠷᠤᠯᠲᠠ᠂ ᠠᠶᠦᠯᠬᠦᠢ ᠦᠢᠯᠡᠳᠪᠦᠷᠢᠯᠡᠯ᠎ᠤᠨ ᠮᠡᠷᠭᠡᠵᠢᠯ᠂ ᠶᠡᠷᠦᠩᠬᠡᠢ᠌ᠯᠡᠭᠰᠡᠨ ᠮᠡᠳᠡᠯᠭᠡ ᠪᠣᠯᠤᠨ ᠴᠢᠳᠠᠪᠤᠷᠢ ᠪᠣᠯᠤᠨ᠎ᠠ᠃

ᠳᠥᠷᠪᠡ᠂ ᠠᠩᠬᠠᠷᠬᠤ ᠵᠦᠢ᠍ᠯ

(ᠨᠢᠭᠡ) ᠪᠠᠷᠢᠯᠭ᠎ᠠ ᠪᠠᠷᠢᠬᠤ ᠨᠢᠭᠡᠴᠢ ᠨᠡᠷ᠎ᠡ ᠮᠡᠳᠡᠭᠦᠯᠬᠦ᠎ᠳᠤ᠎ᠪᠠᠨ ᠰᠢᠯᠭ᠋ᠠᠭᠤᠯᠤᠭᠴᠢ ᠵᠢᠨ ᠮᠡᠳᠡᠭᠡ ᠵᠠᠩᠭᠢ ᠵᠢ ᠬᠢᠨᠠᠮᠠᠭ᠋ᠠᠶ ᠬᠠᠷᠭᠤᠭᠤᠯᠵᠤ᠂ ᠡᠷᠬᠡᠪᠰᠢ ᠲᠣᠭᠲᠠᠭᠰᠠᠨ ᠴᠠᠭ᠎ᠤᠨ ᠳᠣᠲᠣᠷ᠎ᠠ ᠰᠢᠯᠭ᠋ᠠᠭᠤᠯᠬᠤ ᠲᠡᠮᠳᠡᠭ ᠵᠶ᠋ᠡᠨ ᠳᠠᠷᠤᠮᠠᠯᠯᠠᠬᠤ ᠵᠢᠨ ᠬᠠᠮᠲᠤ ᠲᠣᠰ ᠨᠢᠭᠡᠴᠢ ᠵᠢᠨ ᠵᠶ᠋ᠡᠨ ᠰᠢᠯᠭ᠋ᠠᠭᠤᠯᠤᠭᠴᠢ᠎ᠳᠤ ᠮᠡᠳᠡᠭᠳᠡᠬᠦ ᠬᠡᠷᠡᠭᠲᠡᠶ᠃ ᠰᠢᠯᠭ᠋ᠠᠭᠤᠯᠤᠭᠴᠢ ᠬᠦᠴᠦᠨ ᠪᠥᠬᠥᠶ ᠪᠡᠶ᠎ᠡ ᠵᠢᠨ ᠦᠨᠡᠮᠯᠡᠯ᠎ᠤᠨ ᠣᠭ ᠵᠦᠢᠯ᠂ ᠰᠢᠯᠭ᠋ᠠᠭᠤᠯᠬᠤ ᠲᠡᠮᠳᠡᠭ ᠵᠶ᠋ᠡᠨ ᠠᠪᠴᠤ᠂ 30 ᠮᠢᠨᠦ᠋ᠲ ᠤᠷᠢᠳᠴᠢᠯᠠᠨ ᠰᠢᠯᠭ᠋ᠠᠬᠤ ᠭᠠᠵᠠᠷ᠎ᠲᠤ ᠬᠥᠷᠬᠥ ᠬᠡᠷᠡᠭᠲᠡᠶ᠃

(ᠬᠣᠶᠠᠷ) ᠰᠢᠯᠭ᠋ᠠᠯᠲᠠ ᠵᠢᠨ ᠳᠤᠮᠳᠠ ᠰᠠᠬᠢᠯᠭ᠎ᠠ ᠪᠠᠲᠤ ᠲᠦᠷᠢᠮ ᠲᠣᠭᠲᠠᠭ᠋ᠠᠯ᠎ᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠢ᠌ᠭ᠎ᠠ ᠰᠢᠯᠭ᠋ᠠᠭᠤᠯᠤᠭᠴᠢ ᠵᠢ ᠪᠠᠢ᠌ᠴᠠᠭ᠋ᠠᠨ ᠳᠣᠲᠣᠯᠠᠪᠠᠯ᠂ ᠲᠦᠷᠢᠮ ᠲᠣᠭᠲᠠᠭ᠋ᠠᠯ ᠵᠶ᠋ᠠᠷ ᠴᠢᠩᠭ᠎ᠠ ᠰᠢᠢᠳᠪᠦᠷᠢᠯᠡᠬᠦ ᠵᠢᠨ ᠬᠠᠮᠲᠤ ᠵᠠᠷᠯᠠᠨ ᠮᠡᠳᠡᠭᠳᠡᠨ᠎ᠡ᠃

(ᠭᠤᠷᠪᠠ) ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠢᠷᠢ ᠲᠡᠩᠴᠡᠭᠰᠡᠨ᠎ᠤ ᠳᠠᠷᠠᠭ᠎ᠠ᠂ ᠰᠢᠯᠭ᠋ᠠᠭᠤᠯᠤᠭᠴᠢ ᠵᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ᠎ᠨᠢ ᠰᠢᠯᠭ᠋ᠠᠨ ᠬᠢᠨᠠᠬᠤ ᠬᠠᠮᠢᠶᠠᠷᠤᠯᠲᠠ ᠵᠢᠨ ᠰᠢᠰᠲ᠋ᠧᠮ ᠵᠶ᠋ᠡᠷ ᠳᠠᠮᠵᠢᠭᠤᠯᠤᠨ ᠠᠶᠦᠯᠭᠦᠢ ᠦᠢᠯᠡᠳᠪᠦᠷᠢᠯᠡᠯ᠎ᠤᠨ ᠰᠢᠯᠭ᠋ᠠᠨ ᠬᠢᠨᠠᠬᠤ ᠵᠢ ᠭᠤᠶᠤᠴᠢᠯᠠᠵᠤ᠂ 《ᠰᠢᠯᠭ᠋ᠠᠨ ᠬᠢᠨᠠᠬᠤ ᠬᠠᠮᠢᠶᠠᠷᠤᠯᠲᠠ ᠵᠢᠨ ᠠᠷᠭ᠎ᠠ》 ᠵᠢᠨ ᠲᠣᠭᠲᠠᠭ᠋ᠠᠯ᠎ᠳᠤ ᠨᠡᠢ᠌ᠴᠡᠪᠡᠯ᠂ ᠠᠶᠦᠯᠬᠦᠢ ᠦᠢᠯᠡᠳᠪᠦᠷᠢᠯᠡᠯ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ ᠣᠯᠭᠣᠨ᠎ᠠ᠃

(ᠳᠥᠷᠪᠡ) ᠰᠢᠯᠭ᠋ᠠᠯᠲᠠ᠎ᠨᠢ ᠺᠣᠮᠫᠢᠦ᠋ᠲ᠋ᠧᠷ᠎ᠢ ᠬᠡᠷᠡᠭᠯᠡᠨ ᠰᠦᠯᠵᠢᠶ᠎ᠡ᠎ᠪᠠᠷ ᠰᠡᠳᠦᠪ ᠬᠠᠷᠢᠭᠤᠯᠬᠤ ᠬᠡᠯᠪᠡᠷᠢ ᠵᠢ ᠠᠪᠤᠭᠰᠠᠨ᠎ᠠᠴᠠ ᠪᠣᠯᠵᠤ᠂ ᠰᠢᠯᠭ᠋ᠠᠯᠲᠠ ᠵᠢᠨ ᠶᠠᠪᠤᠴᠠ᠎ᠳᠤ ᠬᠡᠷᠪᠡ ᠰᠢᠰᠲ᠋ᠧᠮ᠎ᠤᠨ ᠰᠠᠭ᠋ᠠᠳ ᠭᠠᠷᠬᠤ᠂ ᠴᠠᠬᠢᠯᠭ᠋ᠠᠨ ᠲᠠᠰᠤᠷᠠᠬᠤ ᠵᠡᠷᠭᠡ ᠪᠤᠰᠤᠳᠴᠢ ᠬᠣᠷᠢᠭᠯᠠᠭᠳᠠᠰᠢ ᠦᠭᠡᠶ ᠬᠦᠴᠦᠨ ᠵᠦᠢ᠍ᠯ ᠭᠠᠷᠪᠠᠯ᠂ ᠠᠵᠢᠯᠲᠠᠨ᠎ᠤ ᠲᠣᠬᠢᠷᠠᠭᠤᠯᠤᠭᠰᠠᠨ ᠶᠣᠰᠣᠭ᠋ᠠᠷ ᠰᠢᠢᠳᠪᠦᠷᠢᠯᠡᠨ᠎ᠡ᠃

(ᠲᠠᠪᠤ) ᠰᠢᠯᠭ᠋ᠠᠯᠲᠠ᠎ᠳᠤ ᠰᠦᠢ᠍ᠳᠬᠡᠯ ᠬᠤᠷᠢᠶᠠᠬᠤ ᠦᠭᠡᠶ᠂ ᠪᠣᠯᠪᠠᠰᠤᠷᠠᠯ᠎ᠢ ᠵᠣᠬᠢᠶᠠᠨ ᠪᠠᠢ᠌ᠭᠤᠯᠬᠤ ᠦᠭᠡᠶ᠂ ᠶᠠᠮᠠᠷ ᠴᠦ᠍ ᠰᠢᠯᠭ᠋ᠠᠯᠲᠠ᠎ᠳᠤ ᠬᠡᠷᠡᠭᠯᠡᠬᠦ ᠨᠣᠮ ᠪᠢᠴᠢᠭ᠎ᠢ ᠵᠢᠭ᠋ᠠᠨ ᠲᠣᠭᠲᠠᠭ᠋ᠠᠬᠤ ᠦᠭᠡᠶ᠃

ᠲᠠᠪᠤ᠂ ᠬᠠᠷᠢᠯᠴᠠᠬᠤ ᠠᠷᠭ᠎ᠠ ᠮᠠᠶᠢᠭ

ᠬᠠᠷᠢᠯᠴᠠᠬᠤ ᠬᠥᠮᠦᠨ᠄ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠥᠷᠲᠡᠭᠡ ᠹᠧᠩ ᠵᠢᠤᠢ ᠺᠠᠶ; ᠬᠠᠷᠢᠯᠴᠠᠬᠤ ᠤᠲᠠᠰᠤ᠄ 0471 - 6551886᠂ 15754883463

           

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ

                         2025 ᠣᠨ᠎ᠤ 9 ᠳ᠋ᠦ᠍ᠭᠡᠷ ᠰᠠᠷ᠎ᠠ ᠵᠢᠨ 3᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            