ᠣᠢ᠌ᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠥᠭᠵᠢᠯᠲᠡ ᠲᠡᠤᠬᠡᠲᠦ ᠴᠢᠨᠠᠷᠲᠠᠶ ᠠᠮᠵᠢᠯᠲᠠ ᠣᠯᠪᠠ᠃ 2019 ᠣᠨ᠎ᠳᠤ ᠪᠥᠬᠥ ᠤᠯᠤᠰ᠎ᠲᠤ ᠰᠢᠨ᠎ᠡ᠎ᠪᠠᠷ ᠥᠭᠡᠷᠡᠴᠢᠯᠡᠨ ᠵᠠᠰᠠᠭᠰᠠᠨ ᠬᠥᠳᠡᠭᠡ ᠲᠣᠰᠬᠣᠨ᠎ᠤ ᠵᠠᠰᠠᠮᠠᠯ ᠵᠠᠮ 29 ᠲᠦᠮᠡᠨ ᠺᠢᠯᠤᠮᠸᠲᠷ᠎ᠲᠤ ᠬᠦᠷᠴᠦ᠂ 24 ᠮᠤᠵᠢ ᠣᠷᠣᠨ᠎ᠨᠢ ᠪᠣᠶ ᠪᠥᠬᠥᠶ ᠨᠥᠬᠥᠴᠡᠯ ᠪᠦᠷᠢᠳᠦᠭᠦᠯᠦᠭᠰᠡᠨ ᠰᠢᠶᠠᠩ ᠪᠠᠯᠭ᠋ᠠᠰᠤ᠂ ᠪᠠᠢ᠌ᠭᠤᠯᠤᠯᠲᠤ ᠲᠣᠰᠬᠣᠨ᠎ᠳᠤ ᠠᠶᠠᠨᠴᠢᠳ᠎ᠤᠨ ᠮᠠᠰᠢᠨ ᠲᠡᠷᠭᠡ ᠨᠡᠪᠲᠡᠷᠡᠭᠦᠯᠬᠦ ᠵᠢ ᠪᠡᠶᠡᠯᠡᠭᠦᠯᠪᠡ᠃ ᠬᠥᠨᠳᠡᠯᠡᠨ ᠭᠤᠯᠳᠤ ᠰᠦᠯᠵᠢᠯᠳᠦᠵᠦ᠂ ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠭᠰᠡᠨ ᠬᠥᠳᠡᠭᠡ ᠲᠣᠰᠬᠣᠨ᠎ᠤ ᠵᠠᠰᠠᠮᠠᠯ ᠵᠠᠮ ᠪᠣᠯ 《ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ》᠎ᠳᠤ ᠦᠢ᠍ᠯᠡᠴᠢᠯᠡᠬᠦ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠰᠠᠭᠤᠷᠢ ᠪᠡᠯᠡᠳᠬᠡᠮᠵᠢ ᠪᠣᠯᠬᠤ᠎ᠪᠠᠷ ᠪᠠᠷᠠᠬᠤ ᠥᠬᠡᠶ᠂ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠴᠢᠬᠤᠯᠠ ᠬᠦᠴᠦᠨ ᠪᠣᠯᠤᠨ᠎ᠠ᠃
2019 ᠣᠨ᠎ᠤ 9 ᠳ᠋ᠦ᠍ᠭᠡᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ 《ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2019] 45 ᠳ᠋ᠤᠭ᠋ᠠᠷ ᠲᠣᠭ᠋ᠠᠲᠤ᠂ ᠳᠣᠷᠤᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠵᠤ ᠲᠠᠷᠬᠠᠭ᠋ᠠᠨ᠂ ᠡᠯ᠎ᠡ ᠭᠠᠵᠠᠷ᠎ᠤᠨ᠎ᠬᠢᠨ᠎ᠢ 《ᠳᠥᠷᠪᠡᠨ ᠰᠠᠶ᠋ᠢᠨ ᠬᠥᠳᠡᠭᠡ ᠲᠣᠰᠬᠣᠨ᠎ᠤ ᠵᠠᠮ》᠎ᠤᠨ ᠠᠵᠢᠯ᠎ᠳᠤ ᠰᠠᠢ᠌ᠲᠤᠷ ᠬᠠᠮᠢᠶᠠᠷᠴᠤ ᠬᠠᠮᠠᠭ᠋ᠠᠯᠠᠬᠤ ᠵᠢᠨ ᠳᠤᠲᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠦᠷᠭᠡᠳᠬᠡᠨ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ 《ᠰᠠᠨᠠᠯ》᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ 《ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠡᠳ᠋᠎ᠤᠨ ᠵᠠᠰᠠᠭ᠎ᠤᠨ ᠶᠠᠮᠤᠨ᠎ᠤ 〈ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ》 (ᠳᠣᠷᠤᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠪᠣᠳᠠᠲᠠᠶ ᠬᠡᠷᠡᠭᠵᠢᠭᠦᠯᠬᠦ ᠲᠥᠰᠦᠯ᠎ᠢ ᠰᠤᠳᠤᠯᠤᠨ ᠲᠣᠭᠲᠠᠭ᠋ᠠᠵᠤ᠂ ᠥᠭᠡᠷᠡᠴᠢᠯᠡᠯᠲᠡ ᠵᠢᠨ ᠭᠣᠤᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠤᠨ᠂ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠲᠦᠷᠭᠡᠳᠬᠡᠨ ᠥᠷᠨᠢᠭᠦᠯᠵᠦ᠂ ᠥᠭᠡᠷᠡᠴᠢᠯᠡᠯᠲᠡ ᠵᠢᠨ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠰᠤᠷᠪᠤᠯᠵᠢᠯᠠᠭᠴᠢ᠎ᠠᠴᠠ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠰᠠᠮᠠᠯ ᠵᠠᠮ᠎ᠤᠨ ᠲᠣᠪᠴᠢᠶᠠᠨ᠎ᠤ ᠲᠣᠪᠴᠢᠶᠠᠨ ᠳᠠᠷᠤᠭ᠎ᠠ ᠡᠤ ᠳ᠋ᠧ ᠵᠢ᠎ᠨᠢ ᠰᠣᠷᠪᠤᠯᠵᠢᠯᠠᠨ᠂ ᠲᠡᠭᠦᠨ ᠵᠶ᠋ᠠᠷ 《ᠮᠡᠳᠡᠭᠳᠡᠯ》᠎ᠤᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠶ ᠲᠠᠶ᠋ᠢᠯᠤᠮᠵᠢ ᠬᠢᠯᠭᠡᠪᠡ᠃
ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃
ᠰᠤᠷᠪᠤᠯᠵᠢᠯᠠᠭᠴᠢ᠄ 《ᠰᠠᠨᠠᠯ》᠎ᠳᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠨᠢᠭᠡᠨᠲᠡ ᠪᠠᠶ᠋ᠢᠷᠢᠯᠠᠭᠤᠯᠤᠯᠲᠠ ᠬᠢᠪᠡ᠂ 《ᠮᠡᠳᠡᠭᠳᠡᠯ》᠎ᠳᠤ ᠡᠨᠡ ᠬᠦ᠌ ᠡᠭᠦᠷᠭᠡ ᠵᠢᠨ ᠲᠤᠬᠠᠢ ᠬᠡᠷᠬᠢᠨ ᠭᠣᠤᠯᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠭᠰᠠᠨ ᠪᠣᠶ?
ᠦ᠋ ᠳ᠋ᠧ ᠵᠢᠨ᠄ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠡᠮᠵᠢᠶ᠎ᠡ ᠶᠡᠬᠡ᠂ ᠬᠡᠪᠴᠢᠶ᠎ᠡ ᠥᠷᠭᠡᠨ᠂ ᠣᠷᠣᠨ ᠨᠤᠲᠤᠭ᠎ᠤᠨ᠎ᠬᠢᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠦᠷᠢᠮᠦᠰᠦᠨ ᠨᠠᠢ᠌ᠳᠠᠪᠤᠷᠢᠵᠢᠭᠤᠯᠤᠭᠠ ᠦᠭᠡᠢ᠎ᠠᠴᠠ ᠪᠣᠯᠵᠤ᠂ ᠣᠳᠣᠬᠠᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠥᠭᠵᠢᠯᠲᠡ᠂ ᠣᠨᠴᠠᠭ᠋ᠠᠢ᠍ᠯᠠᠨ ᠬᠠᠮᠢᠶᠠᠷᠤᠯᠲᠠ ᠠᠷᠠᠴᠢᠯᠠᠯᠲᠠ᠎ᠳᠤ ᠮᠥᠨ ᠬᠦ᠌ ᠮᠠᠰᠢ ᠣᠯᠠᠨ ᠳᠣᠪᠤᠢ᠌ᠮ᠎ᠠ ᠠᠰᠠᠭᠤᠳᠠᠯ ᠣᠷᠣᠰᠢᠵᠤ ᠪᠣᠢ᠃ ᠡᠭᠦᠨ᠎ᠳᠤ᠂ 《ᠰᠠᠨᠠᠯ》᠎ᠳᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠬᠤ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠂ ᠪᠠᠯᠠ ᠮᠥᠩᠭᠥ ᠵᠢᠨ ᠪᠠᠲᠤᠯᠠᠭ᠎ᠠ᠂ ᠮᠡᠷᠭᠡᠵᠢᠯ᠎ᠤᠨ ᠪᠠᠲᠤᠯᠠᠭ᠎ᠠ ᠪᠠ ᠬᠢᠨᠠᠨ ᠰᠢᠯᠭ᠋ᠠᠬᠤ ᠪᠠᠲᠤᠯᠠᠭ᠎ᠠ ᠵᠡᠷᠭᠡ ᠳᠥᠷᠪᠡᠨ ᠰᠢᠰᠲ᠋ᠧᠮᠵᠢ ᠵᠢ ᠪᠠᠢ᠌ᠭᠤᠯᠤᠨ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠶ ᠭᠡᠵᠦ ᠳᠤᠷᠠᠳᠪᠠ᠃ 《ᠮᠡᠳᠡᠭᠳᠡᠯ》᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠥᠭᠡᠷᠡᠴᠢᠯᠡᠯᠲᠡ ᠵᠢᠨ ᠭᠣᠣᠯᠳᠠᠯᠭ᠎ᠠ᠎ᠲᠠᠢ ᠡᠭᠦᠷᠭᠡ ᠪᠠ ᠴᠠᠭ᠎ᠤᠨ ᠳᠡᠰ ᠳᠠᠷᠠᠭ᠋ᠠᠯᠠᠯ᠎ᠤᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠤᠷᠬᠠᠢ᠌ᠯᠠᠪᠠ᠃
ᠮᠤᠵᠢ ᠵᠢᠨ ᠱᠠᠲᠤᠨ᠎ᠤ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠨ᠎ᠠ᠃ 《ᠮᠡᠳᠡᠭᠳᠡᠯ》᠎ᠳᠤ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ 《ᠰᠠᠨᠠᠯ》᠎ᠤᠨ ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠭᠠᠵᠠᠷ ᠣᠷᠣᠨ᠎ᠤ ᠪᠠᠢ᠌ᠳᠠᠯᠳᠤᠨᠢ ᠳᠣᠭᠢᠷᠠᠭᠤᠯᠤᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢᠨ ᠬᠡᠷᠡᠭᠵᠢᠭᠦᠯᠬᠦ ᠲᠥᠰᠦᠯ᠎ᠢ ᠰᠤᠳᠤᠯᠤᠨ ᠲᠣᠭᠲᠠᠭ᠋ᠠᠬᠤ ᠵᠢ ᠢᠳᠡᠪᠬᠢᠲᠡᠢ᠎ᠪᠠᠷ ᠠᠬᠢᠭᠤᠯᠬᠤ ᠬᠡᠷᠡᠭᠲᠡᠢ᠃ ᠳᠤᠲᠠᠭᠤᠳᠠᠯ ᠵᠶ᠋ᠠᠨ ᠨᠥᠬᠥᠪᠥᠷᠢᠯᠡᠬᠦ᠂ ᠪᠠᠭᠤᠷᠠᠶ ᠲᠠᠯ᠎ᠠ᠎ᠪᠠᠨ ᠴᠢᠩᠭ᠋ᠠᠷᠠᠭᠤᠯᠬᠤ᠂ ᠭᠣᠤᠯᠳᠠᠯᠭ᠎ᠠ ᠵᠢ ᠠᠳᠬᠤᠬᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ᠎ᠪᠠᠷ ᠬᠦᠴᠦᠯᠡᠨ᠂ ᠥᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠬᠤ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠂ ᠦᠷ᠎ᠡ ᠪᠦᠲᠦᠭᠡᠯ᠎ᠤᠨ ᠬᠡᠯᠪᠡᠷᠢ ᠵᠢ ᠲᠣᠳᠣᠷᠬᠠᠶ᠋ᠢᠯᠠᠵᠤ᠂ ᠠᠵᠢᠯ᠎ᠤᠨ ᠠᠷᠭ᠎ᠠ ᠬᠡᠮᠵᠢᠶ᠎ᠡ᠂ ᠬᠠᠷᠢᠭᠤᠴᠠᠯᠭ᠎ᠠ ᠵᠢᠨ ᠭᠣᠤᠯ ᠴᠣᠭᠴᠠ᠂ ᠰᠢᠯᠭ᠋ᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠵᠢ ᠨᠠᠷᠢᠯᠢᠭᠵᠢᠭᠤᠯᠤᠨ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠤᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠵᠢᠨ ᠬᠠᠮᠲᠤ᠂ 2020 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠬᠡᠷᠡᠭᠵᠢᠭᠦᠯᠬᠦ ᠲᠥᠰᠦᠯ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠳᠤ ᠬᠠᠭᠤᠯᠤᠨ ᠬᠦᠷᠭᠡᠵᠦ᠂ ᠱᠠᠭ᠋ᠠᠷᠳᠠᠯᠭ᠎ᠠ ᠶᠣᠰᠣᠭ᠋ᠠᠷ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
ᠣᠷᠣᠨ ᠨᠤᠲᠤᠭ᠎ᠤᠨ ᠡᠯ᠎ᠡ ᠱᠠᠲᠤᠨ᠎ᠤ ᠬᠠᠷᠢᠭᠤᠴᠠᠯᠭ᠎ᠠ ᠵᠢ ᠲᠣᠳᠤᠷᠬᠠᠢ᠌ᠯᠠᠨ᠎ᠠ᠃ 《ᠮᠡᠳᠡᠭᠳᠡᠯ》᠎ᠳᠤ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠵᠦ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠮᠤᠵᠢ ᠵᠢᠨ ᠱᠠᠲᠤᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ ᠪᠠ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠡᠷᠬᠡ ᠪᠠ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠳᠣᠷᠬᠠᠶ᠋ᠢᠯᠠᠬᠤ ᠵᠢ ᠠᠬᠢᠭᠤᠯᠤᠨ᠂ ᠨᠢᠭᠡᠳᠦᠯᠲᠡᠶ ᠲᠦᠯᠦᠪᠵᠢᠭᠦᠯᠬᠦ ᠪᠠ ᠵᠢᠭ᠋ᠠᠨ ᠵᠢᠯᠣᠭᠣᠳᠴᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠢ᠌ᠳᠠᠪᠤᠷᠢᠵᠢᠭᠤᠯᠤᠨ᠂ ᠰᠢᠶᠠᠩ᠂ ᠲᠣᠰᠬᠣᠨ᠎ᠤ ᠭᠣᠤᠯ ᠬᠦᠴᠦᠨ᠎ᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠂ ᠲᠠᠷᠢᠶᠠᠴᠢᠨ ᠲᠦᠮᠡᠨ᠎ᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠳᠠᠶ᠋ᠢᠴᠢᠯᠠᠬᠤ ᠬᠡᠷᠡᠭᠲᠡᠶ ᠭᠡᠵᠦ ᠱᠠᠭ᠋ᠠᠷᠳᠠᠪᠠ᠃
ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠎ᠡ᠃ 《ᠮᠡᠳᠡᠭᠳᠡᠯ》᠎ᠳᠤ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠬᠤ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠵᠢ ᠢᠳᠡᠪᠬᠢᠲᠡᠶ ᠠᠬᠢᠭᠤᠯᠤᠨ᠂ ᠠᠮᠤᠷ ᠲᠦᠪᠰᠢᠨ ᠪᠠ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ ᠲᠥᠷᠥ ᠵᠢᠨ ᠪᠣᠳᠤᠯᠭ᠎ᠠ ᠪᠠ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ; ᠰᠢᠶᠠᠨ᠂ ᠰᠢᠶᠠᠩ᠂ ᠲᠣᠰᠬᠣᠨ ᠭᠤᠷᠪᠠᠨ ᠱᠠᠲᠤᠨ᠎ᠤ ᠵᠠᠮ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ ᠵᠠᠮ᠎ᠤᠨ ᠳᠠᠷᠤᠭ᠎ᠠ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠰᠢᠰᠲ᠋ᠧᠮᠵᠢ ᠪᠣᠯᠤᠨ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ; ᠬᠠᠮᠢᠶᠠᠷᠴᠤ ᠠᠷᠠᠴᠢᠯᠠᠨ ᠬᠠᠮᠠᠭ᠋ᠠᠯᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠴᠢᠳᠠᠪᠤᠷᠢᠲᠠᠨ᠎ᠢ ᠬᠦᠮᠦᠵᠢᠭᠦᠯᠵᠦ ᠣᠷᠤᠭᠤᠯᠵᠤ ᠠᠪᠴᠢᠷᠠᠬᠤ ᠪᠠ ᠤᠷᠮᠠᠰᠢᠭᠤᠯᠵᠤ ᠪᠠᠲᠤᠯᠠᠬᠤ ᠲᠦᠷᠢᠮ᠎ᠢ ᠲᠡᠭᠦᠯᠳᠡᠷᠵᠢᠭᠦᠯᠦᠨ᠂ ᠰᠢᠶᠠᠩ᠎ᠤᠨ ᠲᠠᠰ᠎ᠤᠨ ᠲᠤᠰᠬᠠᠶ ᠲᠤᠰᠢᠶᠠᠯᠲᠤ ᠠᠵᠢᠯᠲᠠᠨ᠎ᠢ ᠨᠠᠶ᠋ᠢᠳᠠᠪᠤᠷᠢᠵᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠵᠢ ᠲᠣᠬᠢᠷᠠᠭᠤᠯᠬᠤ ᠬᠡᠷᠡᠭᠲᠡᠢ; ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠠᠵᠢᠯ᠎ᠤᠨ ᠥᠷ᠎ᠡ ᠪᠦᠲᠦᠮᠵᠢ ᠵᠢᠨ ᠬᠠᠮᠢᠶᠠᠷᠤᠯᠲᠠ ᠶᠠᠪᠤᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠬᠢᠨᠠᠨ ᠰᠢᠯᠭ᠋ᠠᠭᠰᠠᠨ ᠦᠷ᠎ᠡ ᠳ᠋ᠦᠩ᠎ᠢ ᠬᠠᠮᠢᠶ᠎ᠠ ᠪᠦᠬᠦᠢ ᠪᠡᠯᠡ ᠣᠷᠣᠭᠤᠯᠤᠯᠲᠠᠯᠤᠭᠠ ᠬᠣᠯᠪᠣᠭᠳᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃
ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠦᠷᠨᠢᠭᠦᠯᠦᠨ᠎ᠡ᠃ 《ᠮᠡᠳᠡᠭᠳᠡᠯ》᠎ᠳᠤ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠢ ᠪᠠᠢ᠌ᠭᠤᠯᠬᠤ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠮᠤᠵᠢ᠂ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠷᠰᠢᠯᠲᠠ ᠵᠢᠨ ᠴᠡᠭ᠎ᠤᠨ ᠠᠵᠢᠯ᠎ᠢ ᠢᠳᠡᠪᠬᠢᠲᠡᠶ ᠥᠷᠨᠢᠭᠦᠯᠬᠦ ᠵᠢ ᠠᠬᠢᠭᠤᠯᠬᠤ ᠵᠢᠨ ᠬᠠᠮᠲᠤ᠂ ᠠᠵᠢᠯ᠎ᠤᠨ ᠰᠠᠭᠤᠷᠢ᠎ᠪᠠᠷ ᠨᠡᠯᠢᠶᠡᠳ ᠰᠠᠶ᠋ᠢᠨ᠂ ᠨᠡᠶ᠋ᠢᠲᠡᠯᠢᠭ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠴᠢᠨᠠᠷ ᠵᠶ᠋ᠠᠷ ᠴᠢᠩᠭ᠎ᠠ᠂ ᠳᠡᠯᠭᠡᠷᠡᠭᠦᠯᠬᠦ ᠥᠷᠲᠡᠭ ᠵᠶ᠋ᠠᠷ ᠥᠨᠳᠥᠷ ᠬᠡᠰᠡᠭ ᠭᠠᠵᠠᠷ ᠣᠷᠣᠨ᠎ᠢ ᠰᠢᠯᠢᠨ ᠰᠣᠩᠭᠤᠵᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠪᠠ ᠡᠳ᠋᠎ᠤᠨ ᠵᠠᠰᠠᠭ᠎ᠤᠨ ᠶᠠᠮᠤᠨ᠎ᠳᠤ ᠲᠠᠨᠢᠯᠴᠠᠭᠤᠯᠤᠨ ᠲᠤᠷᠰᠢᠯᠲᠠ ᠵᠢᠨ ᠴᠡᠭ᠎ᠤᠨ ᠣᠷᠣᠨ ᠪᠣᠯᠭ᠋ᠠᠬᠤ ᠬᠡᠷᠡᠭᠲᠡᠶ᠃ ᠲᠤᠷᠰᠢᠯᠲᠠ ᠵᠢᠨ ᠴᠡᠭ᠎ᠤᠨ ᠣᠷᠣᠨ᠎ᠢ ᠲᠠᠨᠢᠯᠴᠠᠭᠤᠯᠤᠭᠰᠠᠨ ᠮᠡᠳᠡᠭᠦᠯᠦᠯᠲᠡ ᠵᠢ 2020 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠲᠤᠷᠰᠢᠵᠤ᠂ ᠮᠡᠳᠡᠭᠦᠯᠦᠯᠲᠡ ᠵᠢᠨ ᠠᠭᠤᠯᠭ᠎ᠠ᠎ᠳᠤ ᠲᠤᠷᠰᠢᠯᠲᠠ ᠵᠢᠨ ᠴᠡᠭ᠎ᠤᠨ ᠭᠣᠤᠯ ᠰᠡᠳᠦᠪ᠂ ᠲᠤᠷᠰᠢᠯᠲᠠ ᠵᠢᠨ ᠴᠡᠭ᠎ᠤᠨ ᠨᠢᠭᠡᠴᠢ᠂ ᠲᠤᠷᠰᠢᠯᠲᠠ ᠵᠢᠨ ᠴᠡᠭ᠎ᠤᠨ ᠠᠭᠤᠯᠭ᠎ᠠ᠂ ᠵᠢᠱ᠌ᠢᠭᠰᠡᠨ ᠦᠷ᠎ᠡ ᠪᠦᠲᠦᠮᠵᠢ ᠵᠡᠷᠭᠡ ᠵᠢ ᠪᠠᠭᠲᠠᠭ᠋ᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠰᠢᠯᠢᠳᠡᠭ᠎ᠢ᠎ᠨᠢ ᠰᠣᠩᠭᠣᠨ ᠲᠠᠨᠢᠯᠴᠠᠭᠤᠯᠤᠭᠰᠠᠨ ᠲᠤᠷᠰᠢᠯᠲᠠ ᠵᠢᠨ ᠴᠡᠭ᠎ᠤᠨ ᠣᠷᠤᠨ᠎ᠢ ᠮᠥᠷᠳᠡᠨ ᠵᠢᠯᠣᠭᠣᠳᠴᠤ᠂ ᠲᠡᠭᠦᠨ᠎ᠤ ᠪᠦᠲᠦᠮᠵᠢᠲᠡᠢ ᠲᠤᠷᠰᠢᠯᠭ᠎ᠠ ᠬᠢᠳᠡᠯ᠎ᠢ ᠳ᠋ᠦᠩᠨᠡᠨ ᠰᠢᠯᠭ᠋ᠠᠷᠠᠭᠤᠯᠵᠤ ᠳᠠᠷᠠᠭ᠋ᠠᠴᠢ ᠵᠢᠨ 《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠠᠵᠢᠯ᠎ᠳᠤ ᠣᠷᠤᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢᠨ ᠪᠠᠲᠤᠯᠠᠭ᠎ᠠ ᠵᠢᠨ ᠰᠢᠰᠲᠸᠮᠵᠢ ᠵᠢ ᠪᠠᠢ᠌ᠭᠤᠯᠤᠨ ᠪᠦᠷᠢᠨᠰᠢᠭᠦᠯᠦᠨ᠎ᠡ
ᠰᠤᠷᠪᠤᠯᠵᠢᠯᠠᠭᠴᠢ᠄ ᠠᠷᠠᠴᠢᠯᠠᠨ ᠬᠠᠮᠠᠭ᠋ᠠᠯᠠᠬᠤ ᠪᠠᠯᠠ ᠮᠥᠩᠭᠥ ᠳᠤᠲᠠᠭᠳᠠᠬᠤ ᠪᠣᠯ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠬᠤ ᠵᠢᠨ ᠪᠣᠭᠣᠮᠢ ᠠᠰᠠᠭᠤᠳᠠᠯ ᠪᠣᠯᠤᠨ᠎ᠠ᠂ ᠡᠨᠡ ᠲᠠᠯ᠎ᠠ᠎ᠪᠠᠷ 《ᠮᠡᠳᠡᠭᠳᠡᠯ》᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠮᠢᠶᠠᠷᠴᠤ ᠠᠷᠠᠴᠢᠯᠠᠬᠤ ᠪᠠᠯᠠ ᠮᠥᠩᠭᠥ ᠵᠢ ᠴᠤᠭᠯᠠᠭᠤᠯᠬᠤ᠂ ᠬᠡᠷᠡᠭᠯᠡᠬᠦ ᠵᠢᠴᠢ ᠬᠢᠨᠠᠨ ᠬᠠᠮᠢᠶᠠᠷᠬᠤ ᠵᠢ ᠪᠠᠲᠤᠯᠠᠬᠤ ᠪᠣᠶ?
ᠦ᠋ ᠳ᠋ᠸ ᠵᠢᠨ᠄ ᠰᠢᠨ᠎ᠡ ᠴᠠᠭ ᠦᠶ᠎ᠡ ᠵᠢᠨ 《ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠱᠠᠭ᠋ᠠᠷᠳᠠᠯᠭ᠎ᠠ ᠵᠢᠴᠢ 《ᠳᠦᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠪᠥᠲᠥᠭᠡᠨ ᠪᠠᠶ᠋ᠢᠭᠤᠯᠤᠯᠲᠠ ᠵᠢᠨ ᠪᠣᠳᠠᠲᠤ ᠪᠠᠶ᠋ᠢᠳᠠᠯ᠎ᠢ ᠦᠨᠳᠦᠰᠦᠯᠡᠨ᠂ 《ᠰᠠᠨᠠᠯ》᠎ᠳᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠬᠤ ᠪᠠᠯᠠ ᠮᠥᠩᠭᠥ ᠵᠢᠨ ᠪᠠᠲᠤᠯᠠᠭ᠎ᠠ ᠵᠢᠨ ᠰᠢᠰᠲᠸᠮᠵᠢ᠎ᠳᠤ ᠲᠣᠳᠣᠷᠬᠠᠶ ᠲᠣᠭᠲᠠᠭ᠋ᠠᠯ ᠭᠠᠷᠭ᠋ᠠᠵᠤ᠂ ᠣᠨᠴᠠᠭ᠋ᠠᠢ᠌ᠯᠠᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠠᠯᠠ ᠮᠥᠩᠭᠥ ᠵᠢᠨ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠲᠤᠬᠠᠶ ᠱᠠᠭ᠋ᠠᠷᠳᠠᠯᠭ᠎ᠠ ᠳᠤᠷᠠᠳᠴᠠᠶ᠃ 《ᠮᠡᠳᠡᠭᠳᠡᠯ》᠎ᠳᠤ 《ᠰᠠᠨᠠᠯ》᠎ᠤᠨ ᠳᠡᠭᠡᠷ᠎ᠡ ᠳᠤᠷᠠᠳᠤᠭᠰᠠᠨ ᠵᠣᠷᠢᠭ ᠰᠠᠨᠠᠭ᠎ᠠ ᠪᠠ ᠱᠠᠭ᠋ᠠᠷᠳᠠᠯᠭ᠎ᠠ ᠨᠠᠷᠢᠯᠢᠬ᠍ᠵᠢᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢ ᠴᠤᠭᠯᠠᠭᠤᠯᠬᠤ᠂ ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯ᠎ᠢ ᠢᠳᠡᠪᠬᠢᠲᠡᠶ᠎ᠪᠠᠷ ᠰᠠᠶ᠋ᠢᠲᠤᠷ ᠬᠢᠵᠦ᠂ ᠪᠡᠯᠡ ᠮᠥᠩᠭᠥ ᠵᠢᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠪᠡᠯᠡ ᠮᠥᠩᠭᠥ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠡᠭᠦᠨ᠎ᠳᠤ ᠪᠣᠯᠪᠠᠰᠤᠷᠠᠭᠤᠯᠤᠭᠰᠠᠨ ᠲᠣᠰᠣᠨ᠎ᠤ ᠭᠠᠶ᠋ᠢᠯᠢ ᠵᠢᠨ ᠰᠦᠢ᠍ᠳᠬᠡᠯ᠎ᠤᠨ ᠥᠭᠡᠷᠡᠴᠢᠯᠡᠯᠲᠡ ᠵᠢᠨ ᠰᠢᠨ᠎ᠡ᠎ᠪᠠᠷ ᠨᠡᠮᠡᠭᠳᠡᠭᠰᠡᠨ ᠣᠷᠤᠯᠭ᠎ᠠ᠎ᠪᠠᠷ ᠤᠤᠯ᠎ᠤᠨ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ (ᠪᠣᠯᠪᠠᠰᠤᠷᠠᠭᠤᠯᠤᠭᠰᠠᠨ ᠲᠣᠰᠣᠨ᠎ᠤ ᠭᠠᠶ᠋ᠢᠯᠢ ᠵᠢᠨ ᠰᠦᠢ᠍ᠳᠬᠡᠯ᠎ᠤᠨ ᠥᠭᠡᠷᠡᠴᠢᠯᠡᠯᠲᠡ ᠵᠢᠨ ᠰᠢᠯᠵᠢᠭᠦᠯᠦᠨ ᠥᠭᠭᠦᠭᠰᠡᠨ 《ᠣᠷᠤᠯᠠᠭᠤᠯᠬᠤ ᠴᠢᠨᠠᠷᠲᠠᠶ᠎ᠪᠠᠷ ᠪᠤᠴᠠᠭ᠋ᠠᠨ ᠥᠭᠭᠦᠭᠰᠡᠨ ᠬᠡᠰᠡᠭ + ᠨᠡᠮᠡᠭᠳᠡᠯ᠎ᠤᠨ ᠴᠢᠨᠠᠷᠲᠠᠶ ᠨᠥᠬᠥᠪᠥᠷᠢ》᠂ ᠲᠣᠪᠴᠢᠯᠠᠭ᠋ᠠᠳ 《ᠵᠠᠮ ᠠᠷᠠᠴᠢᠯᠠᠬᠤ ᠰᠦᠢ᠍ᠳᠬᠡᠯ᠎ᠢ ᠣᠷᠤᠯᠠᠭᠤᠯᠤᠭᠰᠠᠨ ᠬᠡᠰᠡᠭ》᠎ᠢ ᠪᠠᠭᠲᠠᠭ᠋ᠠᠨ᠎ᠠ) ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠨᠦᠬᠦᠪᠦᠷᠢ ᠥᠭᠬᠦ ᠠᠷᠭ᠎ᠠ ᠮᠠᠶᠢᠭ᠎ᠢ ᠣᠷᠤᠯᠠᠭᠤᠯᠵᠤ᠂ ᠤᠤᠯ᠎ᠤᠨ ᠵᠠᠮ᠎ᠤᠨ ᠤᠷᠲᠤ᠎ᠤᠨ ᠲᠣᠭᠲᠠᠭᠰᠠᠨ ᠲᠣᠭ᠋ᠠᠨ᠎ᠤ ᠨᠦᠬᠦᠪᠦᠷᠢ (《7351》 ᠵᠢᠨ ᠨᠥᠬᠥᠪᠥᠷ ᠵᠢᠨ ᠪᠠᠷᠢᠮᠵᠢᠶ᠎ᠠ) ᠬᠠᠷᠢᠴᠠᠯ ᠶᠣᠰᠣᠭ᠋ᠠᠷ ᠨᠦᠬᠦᠪᠦᠷᠢ ᠥᠭᠬᠦ ᠪᠣᠯᠭ᠋ᠠᠨ ᠬᠤᠪᠢᠷᠠᠭᠤᠯᠤᠨ᠎ᠠ᠃ 《ᠵᠠᠮ ᠠᠷᠠᠴᠢᠯᠠᠬᠤ ᠰᠦᠢ᠍ᠳᠬᠡᠯ᠎ᠢ ᠣᠷᠤᠯᠠᠭᠤᠯᠤᠭᠰᠠᠨ ᠬᠡᠰᠡᠭ》᠎ᠨᠢ ᠲᠤᠰ ᠮᠤᠵᠢ ᠵᠢᠨ ᠥᠭᠡᠷᠡᠴᠢᠯᠡᠯᠲᠡ ᠵᠢᠨ ᠰᠠᠭᠤᠷᠢ ᠬᠤᠭᠤᠴᠠᠭ᠋ᠠᠨ᠎ᠤ ᠣᠨ (2009 ᠣᠨ)᠎ᠤ ᠵᠠᠰᠠᠮᠠᠯ ᠵᠠᠮ᠎ᠤᠨ ᠠᠷᠠᠴᠢᠯᠠᠬᠤ ᠰᠦᠢ᠍ᠳᠬᠡᠯ᠎ᠤᠨ ᠣᠷᠣᠯᠭ᠎ᠠ ᠵᠢᠨ 《ᠵᠢᠷᠭᠤᠭ᠋ᠠᠨ ᠵᠦᠢ᠍ᠯ᠎ᠤᠨ ᠰᠦᠢ᠍ᠳᠬᠡᠯ》᠎ᠤᠨ ᠣᠷᠣᠯᠭ᠎ᠠ᠎ᠳᠠᠬᠢ ᠡᠵᠡᠯᠡᠬᠦ ᠬᠠᠷᠢᠴᠠᠯ᠎ᠠᠴᠠ ᠳᠣᠤᠷ᠎ᠠ ᠪᠠᠶ᠋ᠢᠵᠤ ᠪᠣᠯᠬᠤ ᠦᠭᠡᠶ᠂ 《ᠵᠠᠮ ᠠᠷᠠᠴᠢᠯᠠᠬᠤ ᠰᠦᠢ᠍ᠳᠬᠡᠯ᠎ᠢ ᠣᠷᠤᠯᠠᠭᠤᠯᠤᠭᠰᠠᠨ ᠬᠡᠰᠡᠭ》᠎ᠲᠠᠬᠢ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠠᠵᠢᠯ᠎ᠳᠤ ᠬᠡᠷᠡᠭᠯᠡᠬᠦ ᠪᠡᠯᠡ ᠮᠥᠩᠭᠥ (ᠮᠤᠵᠢ ᠵᠢᠨ ᠱᠠᠲᠤᠨ᠎ᠤ ᠨᠥᠬᠥᠪᠥᠷᠢ ᠵᠢᠨ ᠪᠡᠯᠡ ᠮᠥᠩᠭᠥ ᠬᠢᠭᠡᠳ ᠬᠡᠰᠡᠭᠯᠡᠵᠦ ᠬᠣᠲᠠ ᠰᠢᠶᠠᠨ᠎ᠳᠤ ᠬᠦᠷᠬᠦ ᠬᠡᠰᠡᠭ᠎ᠤᠨ ᠨᠡᠶ᠋ᠢᠯᠡᠪᠦᠷᠢ)᠎ᠨᠢ 《ᠵᠠᠮ ᠠᠷᠠᠴᠢᠯᠠᠬᠤ ᠰᠦᠢ᠍ᠳᠬᠡᠯ᠎ᠢ ᠣᠷᠤᠯᠠᠭᠤᠯᠤᠭᠰᠠᠨ ᠬᠡᠰᠡᠭ》᠎ᠤᠨ 15%᠎ᠠᠴᠠ ᠳᠣᠤᠷ᠎ᠠ ᠪᠠᠶ᠋ᠢᠵᠤ ᠪᠣᠯᠬᠤ ᠦᠭᠡᠶ᠂ ᠪᠣᠳᠠᠲᠠᠶ᠎ᠪᠠᠷ ᠳᠡᠭᠡᠷ᠎ᠡ ᠳᠤᠷᠠᠳᠤᠭᠰᠠᠨ ᠬᠠᠷᠢᠴᠠᠯ᠎ᠠᠴᠠ ᠥᠨᠳᠥᠷ ᠪᠠᠶ᠋ᠢᠪᠠᠯ ᠪᠠᠭᠤᠷᠠᠭᠤᠯᠵᠤ ᠪᠣᠯᠬᠤ ᠦᠭᠡᠶ ᠭᠡᠵᠦ ᠲᠣᠳᠤᠷᠬᠠᠢ᠌ᠯᠠᠪᠠ᠃ ᠡᠭᠦᠨ᠎ᠤ ᠬᠠᠮᠲᠤ᠂ 《ᠰᠠᠨᠠᠯ》᠎ᠳᠤ ᠳᠤᠷᠠᠳᠤᠭᠰᠠᠨ 《ᠵᠠᠮ ᠠᠷᠠᠴᠢᠯᠠᠬᠤ ᠰᠦᠢ᠍ᠳᠬᠡᠯ᠎ᠢ ᠣᠷᠤᠯᠠᠭᠤᠯᠤᠭᠰᠠᠨ ᠬᠡᠰᠡᠭ》᠎ᠤᠨ ᠡᠩ᠎ᠤᠨ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠬᠦ ᠬᠠᠷᠢᠴᠠᠯ᠎ᠢ ᠡᠩ᠎ᠤᠨ ᠪᠠᠶ᠋ᠢᠳᠠᠯ᠎ᠳᠤ 80%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ ᠪᠥᠭᠡᠳ ᠵᠠᠰᠠᠮᠠᠯ ᠵᠠᠮ᠎ᠢ ᠰᠢᠨ᠎ᠡ᠎ᠪᠠᠷ ᠪᠠᠶ᠋ᠢᠭᠤᠯᠬᠤ᠎ᠳᠤ ᠬᠡᠷᠡᠭᠯᠡᠵᠦ ᠪᠣᠯᠬᠤ ᠦᠭᠡᠶ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃
ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠪᠠᠯᠠ ᠮᠥᠩᠭᠥ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠮᠣᠵᠢ᠂ ᠬᠣᠲᠠ᠂ ᠰᠢᠶᠠᠨ ᠭᠤᠷᠪᠠᠨ ᠱᠠᠲᠤᠨ᠎ᠤ ᠣᠯᠠᠨ ᠨᠡᠢ᠍ᠢ᠍ᠲᠡ ᠵᠢᠨ ᠡᠳ᠋᠎ᠤᠨ ᠵᠠᠰᠠᠭ᠎ᠤᠨ ᠪᠡᠯᠡ ᠮᠥᠩᠭᠥ (《ᠵᠠᠮ ᠠᠷᠠᠴᠢᠯᠠᠬᠤ ᠰᠦᠢ᠍ᠳᠬᠡᠯ᠎ᠢ ᠣᠷᠤᠯᠠᠭᠤᠯᠤᠭᠰᠠᠨ ᠬᠡᠰᠡᠭ》 ᠪᠠᠭᠲᠠᠬᠤ ᠦᠭᠡᠢ) ᠵᠢᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠬᠦ ᠶᠡᠷᠦᠩᠬᠡᠶ ᠲᠣᠭ᠎ᠠ᠎ᠨᠢ ᠳᠣᠤᠷᠠᠬᠢ ᠪᠠᠷᠢᠮᠵᠢᠶ᠎ᠠ᠎ᠠᠴᠠ ᠳᠣᠤᠷ᠎ᠠ ᠪᠠᠶ᠋ᠢᠵᠤ ᠪᠣᠯᠬᠤ ᠦᠭᠡᠢ᠄ ᠰᠢᠶᠠᠨ᠎ᠤ ᠵᠠᠮ᠎ᠨᠢ ᠵᠢᠯ ᠪᠦᠷᠢ ᠺᠢᠯᠣᠮᠧᠲᠷ ᠪᠦᠷᠢ᠎ᠳᠤ᠎ᠪᠠᠨ 1 ᠲᠦᠮᠡᠨ ᠲᠥᠭᠥᠷᠢᠭ᠂ ᠰᠢᠶᠠᠩ᠎ᠤᠨ ᠵᠠᠮ᠎ᠨᠢ ᠵᠢᠯ ᠪᠦᠷᠢ ᠺᠢᠯᠣᠮᠧᠲᠷ ᠪᠦᠷᠢ᠎ᠳᠤ᠎ᠪᠠᠨ 5000 ᠲᠥᠭᠥᠷᠢᠭ᠂ ᠲᠣᠰᠬᠣᠨ᠎ᠤ ᠵᠠᠮ᠎ᠨᠢ ᠵᠢᠯ ᠪᠦᠷᠢ ᠺᠢᠯᠣᠮᠧᠲᠷ ᠪᠦᠷᠢ᠎ᠳᠤ᠎ᠪᠠᠨ 3000 ᠲᠥᠭᠥᠷᠢᠭ᠎ᠤᠨ ᠪᠠᠷᠢᠮᠵᠢᠶ᠎ᠠ᠎ᠠᠴᠠ ᠳᠣᠣᠷ᠎ᠠ ᠪᠠᠢ᠌ᠵᠤ ᠪᠣᠯᠬᠤ ᠦᠭᠡᠢ᠃ ᠡᠭᠦᠨ᠎ᠤ ᠬᠠᠮᠲᠤ᠂ ᠡᠯ᠎ᠡ ᠭᠠᠵᠠᠷ᠎ᠤᠨ᠎ᠬᠢᠨ ᠣᠷᠣᠨ ᠬᠡᠪᠴᠢᠶᠡᠨ᠎ᠤ ᠬᠥᠭᠵᠢᠯᠲᠡ ᠵᠢᠨ ᠬᠢᠷᠢ ᠲᠥᠪᠰᠢᠨ᠎ᠢ ᠦᠨᠳᠦᠰᠦᠯᠡᠨ᠂ ᠮᠣᠵᠢ᠂ ᠬᠣᠲᠠ᠂ ᠰᠢᠶᠠᠨ ᠭᠤᠷᠪᠠᠨ ᠱᠠᠲᠤᠨ᠎ᠤ ᠣᠯᠠᠨ ᠨᠡᠢ᠍ᠢ᠍ᠲᠡ ᠵᠢᠨ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠬᠠᠷᠢᠴᠠᠯ᠎ᠢ ᠲᠣᠳᠣᠷᠬᠠᠶ᠋ᠢᠯᠠᠬᠤ ᠬᠡᠷᠡᠭᠲᠡᠶ᠃
ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠨ᠎ᠡ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢᠴᠢ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠠᠵᠢᠯᠯᠠᠭ᠋ᠠᠨ᠎ᠤ ᠵᠠᠷᠤᠳᠠᠯ ᠪᠣᠯᠤᠨ ᠠᠵᠢᠯᠲᠠᠨ᠎ᠤ ᠵᠠᠷᠤᠯᠭ᠎ᠠ ᠵᠢ ᠡᠩ᠎ᠤᠨ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠥᠰᠦᠪ᠎ᠲᠤ ᠣᠷᠤᠭᠤᠯᠤᠨ᠎ᠠ᠃ 2022 ᠣᠨ᠎ᠠᠴᠠ ᠡᠬᠢᠯᠡᠨ᠂ ᠪᠣᠯᠪᠠᠰᠤᠷᠠᠭᠤᠯᠤᠭᠰᠠᠨ ᠲᠣᠰᠣᠨ᠎ᠤ ᠭᠠᠶ᠋ᠢᠯᠢ ᠵᠢᠨ ᠰᠦᠢ᠍ᠳᠬᠡᠯ᠎ᠤᠨ ᠥᠭᠡᠷᠡᠴᠢᠯᠡᠯᠲᠡ ᠵᠢᠨ ᠰᠢᠯᠵᠢᠭᠦᠯᠦᠨ ᠥᠭᠬᠦ ᠪᠠᠯᠠ ᠮᠥᠩᠭᠥ ᠵᠢ ᠡᠩ᠎ᠤᠨ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠬᠡᠰᠡᠭ᠎ᠲᠤ ᠬᠡᠷᠡᠭᠯᠡᠵᠦ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠵᠠᠷᠤᠳᠠᠯ ᠪᠠ ᠠᠵᠢᠯᠲᠠᠨ ᠵᠡᠷᠭᠡ ᠪᠤᠰᠤᠳ ᠵᠠᠷᠤᠯᠭ᠎ᠠ ᠵᠢ ᠳᠠᠬᠢᠵᠤ ᠵᠢᠭᠰᠠᠭ᠋ᠠᠨ ᠭᠠᠷᠭ᠋ᠠᠬᠤ ᠥᠬᠡᠶ᠃
ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠᠷᠢᠯᠭ᠎ᠠ ᠪᠣᠯᠤᠨ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠨᠥᠬᠥᠪᠥᠷᠢ ᠵᠢᠨ ᠲᠥᠷᠥ ᠵᠢᠨ ᠪᠣᠳᠣᠯᠭ᠎ᠠ᠎ᠳᠤ᠂ ᠵᠠᠮ᠎ᠤᠨ ᠤᠷᠲᠤ ᠪᠠ ᠠᠷᠠᠴᠢᠯᠠᠨ ᠬᠠᠮᠠᠭ᠋ᠠᠯᠠᠬᠤ ᠦᠪᠡᠷ᠎ᠤᠨ ᠥᠷᠲᠡᠭ᠎ᠤᠨ ᠬᠤᠪᠢᠷᠠᠯᠲᠠ ᠵᠡᠷᠭᠡ ᠬᠦᠴᠦᠨ ᠵᠦᠢ᠍ᠯ᠎ᠳᠤ ᠬᠣᠯᠪᠣᠭᠳᠠᠬᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ ᠲᠣᠭᠲᠠᠴᠠ ᠵᠢ ᠪᠠᠢ᠌ᠭᠤᠯᠤᠨ᠂ ᠵᠠᠷᠴᠢᠮ ᠳᠡᠭᠡᠷ᠎ᠡ᠎ᠪᠠᠨ ᠲᠣᠬᠢᠷᠠᠭᠤᠯᠤᠯᠲᠠ ᠬᠢᠬᠦ ᠦᠶᠡᠯᠡᠯ᠎ᠤᠨ ᠬᠤᠭᠤᠴᠠᠭ᠎ᠠ ᠵᠢ ᠲᠠᠪᠤᠨ ᠵᠢᠯ᠎ᠠᠴᠠ ᠳᠠᠪᠠᠭᠤᠯᠬᠤ ᠦᠭᠡᠢ ᠪᠠᠢ᠌ᠬᠤ ᠬᠡᠷᠡᠭᠲᠡᠶ᠃
ᠪᠡᠯᠡ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠦᠴᠢᠷ᠎ᠠᠴᠠ ᠪᠡᠯᠡ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠥᠷᠢ ᠥᠭᠴᠡᠭᠡᠨ᠎ᠤ ᠶᠠᠪᠤᠳᠠᠯ᠎ᠤᠨ ᠲᠦᠭᠰᠢᠭᠦᠷᠢ ᠵᠢ ᠴᠢᠩᠭ᠎ᠠ ᠡᠵᠡᠮᠳᠡᠵᠦ᠂ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠪᠡᠯᠡ ᠮᠥᠩᠭᠥ᠎ᠳᠤ ᠪᠦᠬᠦ ᠶᠠᠪᠤᠴᠠ ᠵᠢᠨ ᠲᠥᠰᠦᠪ᠎ᠤᠨ ᠠᠵᠢᠯ᠎ᠤᠨ ᠥᠷ᠎ᠡ ᠪᠦᠲᠦᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠲᠣᠭᠲᠠᠭ᠋ᠠᠯ ᠶᠣᠰᠣᠭ᠋ᠠᠷ ᠨᠡᠶ᠋ᠢᠭᠡᠮ᠎ᠳᠤ ᠢᠯᠡ ᠪᠣᠯᠭ᠋ᠠᠨ᠂ ᠣᠯᠠᠨ ᠲᠦᠮᠡᠨ᠎ᠤ ᠬᠢᠨᠠᠯᠲᠠ ᠲᠠᠯᠪᠢᠯᠲᠠ ᠵᠢ ᠬᠦᠯᠢᠶᠡᠵᠦ᠂ ᠪᠡᠯᠡ ᠮᠥᠩᠭᠥ ᠵᠢᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠪᠣᠯᠤᠨ ᠬᠡᠷᠡᠭᠯᠡᠯᠲᠡ ᠵᠢᠨ ᠦᠷ᠎ᠡ ᠠᠰᠢᠭ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃
ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ᠎ᠢ ᠦᠷᠭᠡᠳᠬᠡᠨ᠎ᠡ᠃ ᠵᠠᠰᠠᠭ᠎ᠤᠨ ᠣᠷᠳᠣᠨ᠎ᠤ ᠪᠡᠯᠡ ᠮᠥᠩᠭᠥ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠂ ᠪᠡᠯᠡ ᠮᠥᠩᠭᠥ᠎ᠪᠠᠷ ᠨᠥᠬᠥᠪᠥᠷᠢᠯᠡᠬᠦ᠂ ᠤᠷᠢᠳ ᠵᠶ᠋ᠠᠷ ᠠᠷᠠᠴᠢᠯᠠᠵᠤ᠂ ᠳᠠᠷᠠᠭ᠎ᠠ᠎ᠳᠤ᠎ᠨᠢ ᠨᠥᠬᠥᠪᠥᠷᠢᠯᠡᠬᠦ᠂ ᠱᠠᠩᠨᠠᠬᠤ᠎ᠪᠠᠷ ᠨᠦᠬᠦᠪᠦᠷᠢᠯᠡᠬᠦ ᠵᠢ ᠣᠷᠣᠯᠠᠭᠤᠯᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠵᠢ ᠳᠡᠮᠵᠢᠨ᠎ᠡ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠥᠭᠵᠢᠯᠲᠡ ᠵᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠤᠨ ᠥᠭᠴᠡᠭᠡᠨ᠎ᠤ ᠲᠡᠮᠳᠡᠭᠲᠦ ᠵᠢᠨ ᠭᠣᠤᠯᠳᠠᠯᠭ᠎ᠠ᠎ᠲᠠᠢ᠎ᠪᠠᠷ ᠳᠡᠮᠵᠢᠬᠦ ᠬᠡᠪᠴᠢᠶᠡᠨ᠎ᠳᠤ ᠣᠷᠤᠭᠤᠯᠤᠨ᠎ᠠ᠃ ᠲᠡᠩᠴᠡᠭᠦᠷᠢᠲᠦ ᠴᠢᠨᠠᠷᠲᠠᠶ᠎ᠪᠠᠷ ᠰᠢᠯᠵᠢᠭᠦᠯᠦᠨ ᠥᠭᠬᠦ᠂ ᠭᠠᠶ᠋ᠢᠯᠢ ᠲᠠᠲᠠᠪᠤᠷᠢ ᠵᠢ ᠪᠤᠴᠠᠭ᠋ᠠᠬᠤ ᠵᠡᠷᠭᠡ ᠬᠣᠯᠪᠣᠭᠳᠠᠯ ᠪᠦᠬᠦᠢ ᠲᠥᠷᠦ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠡᠷᠡᠭᠯᠡᠨ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶ᠎ᠠ ᠪᠦᠬᠦᠢ ᠳᠠᠭ᠋ᠠᠯᠲᠠ ᠪᠡᠯᠡᠳᠬᠡᠮᠵᠢ ᠵᠡᠷᠭᠡ ᠠᠰᠢᠭ ᠣᠯᠵᠠᠪᠤᠷᠢ᠎ᠲᠠᠢ ᠲᠥᠷᠥᠯ ᠵᠦᠢ᠍ᠯ᠎ᠢ ᠬᠥᠳᠡᠭᠡ ᠲᠤᠰᠬᠤᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤᠯᠤᠭᠠ ᠳᠠᠭ᠋ᠠᠭ᠋ᠠᠴᠢᠯᠠᠨ ᠠᠵᠢᠯᠯᠠᠭᠤᠯᠬᠤ ᠵᠢ ᠢᠳᠡᠪᠬᠢᠲᠡᠶ᠎ᠪᠠᠷ ᠰᠦᠪᠡᠭᠴᠢᠯᠡᠨ᠂ ᠪᠡᠯᠡ ᠮᠥᠩᠭᠥ ᠴᠤᠭᠯᠠᠭᠤᠯᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠪᠡᠯᠡ ᠮᠥᠩᠭᠥ ᠵᠢᠨ ᠢᠷᠡᠯᠲᠡ ᠵᠢᠨ ᠠᠷᠭ᠎ᠠ ᠵᠠᠮ᠎ᠢ ᠦᠷᠭᠡᠳᠬᠡᠨ᠎ᠡ᠃
ᠰᠤᠷᠪᠤᠯᠵᠢᠯᠠᠭᠴᠢ᠄ 《ᠰᠠᠨᠠᠯ》᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠤᠰᠠᠳᠠ᠂ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠭᠠᠳᠠᠨ᠎ᠠ᠂ ᠣᠶ᠋ᠢᠷ᠎ᠠ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠪᠠᠰᠠ ᠪᠤᠰᠤᠳ ᠲᠦᠬᠦᠷ ᠠᠷᠭ᠎ᠠ ᠬᠡᠮᠵᠢᠶ᠎ᠡ ᠵᠢ ᠨᠡᠶ᠋ᠢᠲᠡᠯᠡᠭᠰᠡᠨ ᠦᠦ? ᠪᠣᠳᠠᠲᠠᠶ᠎ᠪᠠᠷ ᠲᠠᠨᠢᠯᠴᠠᠭᠤᠯᠤᠭ᠋ᠠᠳ ᠥᠭᠭᠦᠨ᠎ᠡ ᠤᠤ?
ᠦ᠋ ᠳ᠋ᠧ ᠵᠢᠨ᠄ 《ᠰᠠᠨᠠᠯ》᠎ᠤᠨ ᠱᠠᠭ᠋ᠠᠷᠳᠠᠯᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠵᠢᠨ ᠲᠤᠰᠠᠳᠠ᠂ 《ᠮᠡᠳᠡᠭᠳᠡᠯ》᠎ᠠᠴᠠ ᠭᠠᠳᠠᠨ᠎ᠠ᠂ ᠡᠨᠡ ᠵᠢᠯ᠎ᠤᠨ 1 ᠳ᠋ᠦ᠍ᠭᠡᠷ ᠰᠠᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ 《ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠲᠥᠰᠦᠪ᠎ᠢ ᠨᠠᠶ᠋ᠢᠷᠠᠭᠤᠯᠤᠨ ᠵᠣᠬᠢᠶᠠᠬᠤ ᠠᠷᠭ᠎ᠠ》 (《ᠠᠷᠭ᠎ᠠ》 ᠭᠡᠵᠦ ᠲᠣᠪᠴᠢᠯᠠᠨ᠎ᠠ) ᠵᠢ ᠵᠢᠩᠬᠢᠨᠢ᠎ᠪᠠᠷ ᠨᠡᠢ᠌ᠲᠡᠯᠡᠨ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠᠯᠠ ᠮᠥᠩᠭᠥ ᠵᠢᠨ ᠲᠥᠰᠦᠪ᠎ᠢ ᠨᠠᠶ᠋ᠢᠷᠠᠭᠤᠯᠤᠨ ᠵᠣᠬᠢᠶᠠᠬᠤ ᠪᠠ ᠬᠡᠷᠡᠭᠯᠡᠬᠦ ᠲᠤᠬᠠᠶ ᠲᠣᠭᠲᠠᠭ᠋ᠠᠯ᠎ᠢ ᠨᠠᠷᠢᠯᠢᠬ᠍ᠵᠢᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠲᠥᠰᠦᠪ᠎ᠢ ᠨᠠᠶ᠋ᠢᠷᠠᠭᠤᠯᠤᠨ ᠵᠣᠬᠢᠶᠠᠬᠤ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠤᠭᠰᠠᠨ᠎ᠠᠴᠠ᠂ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ᠎ᠬᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠲᠥᠰᠦᠪ ᠵᠶ᠋ᠠᠨ ᠨᠠᠶ᠋ᠢᠷᠠᠭᠤᠯᠤᠨ ᠮᠡᠳᠡᠭᠦᠯᠬᠦ᠎ᠳᠤ ᠦᠨᠳᠦᠰᠦ ᠪᠠᠷᠢᠮᠲᠠ᠎ᠲᠠᠢ ᠪᠣᠯᠤᠭᠰᠠᠨ ᠮᠥᠷᠲᠡᠭᠡᠨ ᠠᠷᠠᠴᠢᠯᠠᠨ ᠬᠠᠮᠠᠭ᠋ᠠᠯᠠᠬᠤ ᠪᠠᠯᠠ ᠮᠥᠩᠭᠥ ᠵᠢᠨ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠬᠦ ᠵᠢ ᠪᠠᠲᠤᠯᠠᠵᠤ ᠴᠢᠳᠠᠪᠠ᠃ 《ᠠᠷᠭ᠎ᠠ》 ᠵᠢ ᠡᠨᠡ ᠵᠢᠯ᠎ᠤᠨ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠨᠢᠭᠡᠨᠲᠡ ᠵᠢᠩᠬᠢᠨᠢ᠎ᠪᠠᠷ ᠬᠡᠷᠡᠭᠵᠢᠭᠦᠯᠪᠡ᠃
《ᠠᠷᠭ᠎ᠠ》᠎ᠳᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠣᠨᠴᠠᠯᠢᠭᠲᠤ ᠴᠢᠭᠯᠡᠭᠦᠯᠦᠨ᠂ 《ᠲᠤᠬᠠᠶ ᠵᠢᠨ ᠭᠠᠵᠠᠷ ᠪᠠᠶ᠋ᠢᠳᠠᠯ᠎ᠳᠤᠨᠢ ᠲᠤᠬᠢᠷᠠᠭᠤᠯᠤᠨ᠂ ᠲᠣᠪᠴᠢ ᠲᠣᠳᠤᠷᠬᠠᠢ ᠪᠦᠭᠡᠳ ᠬᠡᠷᠡᠭᠯᠡᠭᠦᠰᠢᠲᠡᠢ ᠪᠠᠢ᠌ᠬᠤ》 ᠵᠠᠷᠴᠢᠮ ᠶᠣᠰᠣᠭ᠋ᠠᠷ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ᠂ ᠮᠡᠳᠡᠭᠡ ᠵᠠᠩᠬᠢᠴᠢᠯᠠᠯᠲᠠ ᠵᠢᠨ ᠰᠢᠰᠲᠸᠮ᠎ᠢ ᠬᠠᠮᠠᠭ᠋ᠠᠯᠠᠬᠤ᠂ ᠠᠷᠠᠴᠢᠯᠠᠨ ᠬᠠᠮᠠᠭ᠋ᠠᠯᠠᠬᠤ ᠲᠥᠬᠥᠭᠡᠷᠦᠮᠵᠢ ᠬᠤᠳᠠᠯᠳᠤᠨ ᠠᠪᠬᠤ᠂ ᠤᠷᠢᠳᠴᠢᠯᠠᠨ ᠰᠡᠷᠭᠡᠢ᠌ᠯᠡᠵᠦ ᠠᠷᠠᠴᠢᠯᠠᠬᠤ᠂ ᠵᠠᠰᠠᠨ ᠰᠡᠷᠭᠦᠭᠡᠵᠦ ᠠᠷᠠᠴᠢᠯᠠᠨ ᠬᠠᠮᠠᠭ᠋ᠠᠯᠠᠬᠤ ᠵᠢᠴᠢ ᠭᠡᠨᠡᠳᠲᠡ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠷᠠᠴᠢᠯᠠᠨ ᠬᠠᠮᠠᠭ᠋ᠠᠯᠠᠬᠤ ᠵᠡᠷᠭᠡ ᠠᠵᠢᠯ᠎ᠳᠤ ᠬᠡᠷᠡᠭᠰᠡᠬᠦ ᠵᠠᠷᠤᠳᠠᠯ᠎ᠳᠤ ᠲᠣᠳᠣᠷᠬᠠᠶ ᠲᠣᠭᠲᠠᠭ᠋ᠠᠯ ᠭᠠᠷᠭ᠋ᠠᠭᠰᠠᠨ᠎ᠤ ᠬᠠᠮᠲᠤ᠂ ᠠᠵᠢᠯ ᠵᠶ᠋ᠠᠨ ᠲᠤᠰᠢᠶᠠᠭᠰᠠᠨ ( ᠳᠠᠭᠤᠰᠬᠠᠭᠰᠠᠨ)᠎ᠢ ᠰᠢᠯᠭ᠋ᠠᠨ ᠬᠤᠷᠢᠶᠠᠵᠤ ᠠᠪᠬᠤ ᠲᠤᠷᠰᠢᠯᠲᠠ ᠵᠢᠨ ᠪᠠᠶ᠋ᠢᠴᠠᠭ᠋ᠠᠨ ᠰᠢᠨᠵᠢᠯᠡᠬᠦ ᠰᠦᠢ᠍ᠳᠬᠡᠯ᠂ ᠠᠶᠤᠯᠭᠦᠢ ᠦᠢ᠍ᠯᠡᠳᠪᠦᠷᠢᠯᠡᠯ᠎ᠤᠨ ᠰᠦᠢ᠍ᠳᠬᠡᠯ ᠪᠣᠯᠤᠨ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠨᠡᠪᠲᠡᠷᠡᠬᠦ ᠵᠢ ᠪᠠᠲᠤᠯᠠᠬᠤ ᠰᠦᠢ᠍ᠳᠬᠡᠯ ᠵᠡᠷᠭᠡ ᠵᠢ ᠲᠣᠭ᠋ᠠᠴᠠᠨ ᠵᠢᠭᠰᠠᠭ᠋ᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠶᠠᠰᠤ ᠴᠢᠨᠠᠷ ᠪᠠ ᠠᠶᠤᠯ ᠦᠭᠡᠢ ᠵᠢ ᠦᠨᠡᠨ ᠬᠦ᠌ ᠪᠠᠲᠤᠯᠠᠨ᠎ᠠ᠃ 《ᠠᠷᠭ᠎ᠠ》᠎ᠨᠢ ᠶᠡᠷᠦᠩᠬᠡᠶ ᠲᠦᠷᠢᠮ᠂ ᠨᠡᠷ᠎ᠡ ᠲᠣᠮᠢᠶ᠎ᠠ ᠪᠠ ᠠᠷᠠᠴᠢᠯᠠᠨ ᠬᠠᠮᠠᠭ᠋ᠠᠯᠠᠬᠤ ᠵᠠᠷᠤᠳᠠᠯ ᠵᠡᠷᠭᠡ 3 ᠪᠦᠯᠦᠭ ᠵᠢᠴᠢ 3 ᠳᠠᠭ᠋ᠠᠯᠳᠤᠭᠤᠯᠤᠯ ᠭᠠᠷᠴᠠᠭ ᠵᠶ᠋ᠠᠷ ᠪᠦᠷᠢᠯᠳᠦᠪᠡ᠃
ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠲᠥᠰᠦᠪ᠎ᠤᠨ ᠵᠠᠷᠤᠳᠠᠯ᠎ᠤᠨ ᠪᠦᠷᠢᠯᠳᠦᠯ᠎ᠢ ᠲᠣᠭᠲᠠᠭ᠋ᠠᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠵᠠᠷᠤᠳᠠᠯ᠎ᠳᠤ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠵᠠᠷᠤᠳᠠᠯ᠂ ᠮᠡᠳᠡᠭᠡ ᠵᠠᠩᠭᠢᠴᠢᠯᠠᠯᠲᠠ ᠵᠢᠨ ᠰᠢᠰᠲ᠋ᠧᠮ᠎ᠤᠨ ᠠᠷᠠᠴᠢᠯᠠᠨ ᠬᠠᠮᠠᠭ᠋ᠠᠯᠠᠬᠤ ᠵᠠᠷᠤᠳᠠᠯ᠂ ᠠᠷᠠᠴᠢᠯᠠᠨ ᠬᠠᠮᠠᠭ᠋ᠠᠯᠠᠬᠤ ᠮᠠᠰᠢᠨ ᠲᠥᠬᠥᠭᠡᠷᠦᠮᠵᠢ ᠬᠤᠳᠠᠯᠳᠤᠨ ᠠᠪᠬᠤ ᠵᠠᠷᠤᠳᠠᠯ ᠪᠣᠯᠤᠨ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠵᠠᠷᠤᠳᠠᠯ ᠪᠠᠭᠲᠠᠨ᠎ᠠ᠃ ᠡᠭᠦᠨ᠎ᠳᠤ᠂ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠵᠠᠷᠤᠳᠠᠯ᠎ᠢ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠬᠤ ᠵᠠᠷᠤᠳᠠᠯ᠂ ᠡᠳᠦᠷ ᠲᠤᠲᠤᠮ᠎ᠤᠨ ᠪᠠᠲᠤᠯᠠᠨ ᠬᠠᠮᠠᠭ᠋ᠠᠯᠠᠬᠤ ᠵᠠᠷᠤᠳᠠᠯ ᠪᠠ ᠪᠠᠭ᠎ᠠ ᠵᠠᠰᠠᠪᠤᠷᠢ ᠵᠢᠨ ᠵᠠᠷᠤᠳᠠᠯ ᠭᠡᠵᠦ ᠬᠤᠪᠢᠶᠠᠨ᠎ᠠ᠃ ᠮᠡᠳᠡᠭᠡ ᠵᠠᠩᠭᠢᠴᠢᠯᠠᠯᠲᠠ ᠵᠢᠨ ᠰᠢᠰᠲ᠋ᠧᠮ᠎ᠤᠨ ᠠᠷᠠᠴᠢᠯᠠᠨ ᠬᠠᠮᠠᠭ᠋ᠠᠯᠠᠬᠤ ᠵᠠᠷᠤᠳᠠᠯ᠎ᠳᠤ ᠮᠡᠷᠭᠡᠵᠢᠯ᠎ᠤᠨ ᠪᠠᠶ᠋ᠢᠳᠠᠯ᠎ᠤᠨ ᠦᠨᠡᠯᠡᠨ ᠲᠣᠭᠲᠠᠭ᠋ᠠᠬᠤ ᠰᠦᠢ᠍ᠳᠬᠡᠯ ᠪᠣᠯᠤᠨ ᠰᠢᠰᠲ᠋ᠧᠮ᠎ᠤᠨ ᠠᠷᠠᠴᠢᠯᠠᠨ ᠬᠠᠮᠠᠭ᠋ᠠᠯᠠᠬᠤ ᠵᠠᠷᠤᠳᠠᠯ ᠪᠠᠭᠲᠠᠨ᠎ᠠ᠃ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠵᠠᠷᠤᠳᠠᠯ᠎ᠳᠤ ᠤᠷᠢᠳᠴᠢᠯᠠᠨ ᠰᠡᠷᠭᠡᠶ᠋ᠢᠯᠡᠵᠦ ᠠᠷᠠᠴᠢᠯᠠᠨ ᠬᠠᠮᠠᠭ᠋ᠠᠯᠠᠬᠤ ᠵᠠᠷᠤᠳᠠᠯ᠂ ᠵᠠᠰᠠᠨ ᠰᠡᠷᠭᠦᠭᠡᠵᠦ ᠠᠷᠠᠴᠢᠯᠠᠨ ᠬᠠᠮᠠᠭ᠋ᠠᠯᠠᠬᠤ ᠵᠠᠷᠤᠳᠠᠯ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠷᠠᠴᠢᠯᠠᠨ ᠬᠠᠮᠠᠭ᠋ᠠᠯᠠᠬᠤ ᠵᠠᠷᠤᠳᠠᠯ ᠪᠠᠭᠲᠠᠨ᠎ᠠ᠃
ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠲᠥᠰᠦᠪ᠎ᠤᠨ ᠵᠠᠷᠤᠳᠠᠯ᠎ᠢ ᠲᠣᠭ᠋ᠠᠴᠠᠨ ᠪᠣᠳᠣᠬᠤ ᠠᠷᠭ᠎ᠠ ᠵᠢ ᠲᠣᠳᠤᠷᠬᠠᠢ᠌ᠯᠠᠨ᠎ᠠ᠃ 《ᠠᠷᠭ᠎ᠠ》᠎ᠳᠤ ᠡᠯ᠎ᠡ ᠵᠦᠢ᠍ᠯ᠎ᠤᠨ ᠵᠠᠷᠤᠳᠠᠯ᠎ᠤᠨ ᠣᠨᠴᠠᠯᠢᠭᠲᠤ ᠴᠢᠭᠯᠡᠭᠦᠯᠦᠨ ᠠᠳᠠᠯᠢ ᠪᠤᠰᠤ ᠲᠣᠭ᠋ᠠᠴᠠᠨ ᠪᠤᠳᠤᠬᠤ ᠠᠷᠭ᠎ᠠ ᠵᠢ ᠬᠡᠷᠡᠭᠯᠡᠬᠦ᠂ ᠵᠢᠱ᠌ᠢᠶᠡᠯᠡᠪᠡᠯ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠯᠲᠠ ᠪᠠ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠵᠠᠷᠤᠳᠠᠯ᠎ᠢ ᠪᠣᠳᠤᠬᠤ᠎ᠳᠤ ᠲᠣᠭ᠎ᠠ ᠬᠡᠮᠵᠢᠶ᠎ᠡ ᠵᠢ ᠵᠠᠷᠤᠳᠠᠯ᠎ᠤᠨ ᠭᠦᠢ᠍ᠴᠡᠳᠬᠡᠯ ᠲᠣᠭ᠎ᠠ᠎ᠪᠠᠷ ᠦᠷᠡᠵᠢᠭᠦᠯᠦᠨ ᠪᠤᠳᠤᠨ᠎ᠠ᠃ ᠪᠠᠭ᠎ᠠ ᠵᠠᠰᠠᠪᠤᠷᠢ ᠵᠢᠨ ᠵᠠᠷᠤᠳᠠᠯ᠎ᠢ ᠪᠣᠳᠤᠬᠤ᠎ᠳᠤ ᠲᠣᠭ᠎ᠠ ᠬᠡᠮᠵᠢᠶ᠎ᠡ᠎ᠪᠠᠷ ᠵᠠᠷᠤᠳᠠᠯ᠎ᠤᠨ ᠭᠦᠢ᠍ᠴᠡᠳᠬᠡᠯ ᠲᠣᠭ᠎ᠠ᠎ᠪᠠᠷ ᠦᠷᠡᠵᠢᠭᠦᠯᠦᠨ ᠪᠤᠳᠤᠵᠤ ᠪᠣᠯᠬᠤ ᠮᠥᠷᠲᠡᠭᠡᠨ ᠨᠠᠷᠢᠨ ᠬᠠᠭᠤᠳᠠᠰᠤ ᠵᠢᠨ ᠦᠨ᠎ᠡ ᠪᠤᠳᠤᠬᠤ ᠠᠷᠭ᠎ᠠ ᠮᠠᠶᠢᠭ ᠵᠶ᠋ᠠᠷ ᠲᠣᠭ᠋ᠠᠴᠠᠨ ᠪᠣᠳᠤᠵᠤ ᠪᠣᠯᠤᠨ᠎ᠠ᠃ ᠪᠠᠴᠢᠮ ᠪᠠᠶ᠋ᠢᠳᠠᠯ᠎ᠢ ᠠᠷᠠᠴᠢᠯᠠᠨ ᠬᠠᠮᠠᠭ᠋ᠠᠯᠠᠬᠤ ᠵᠠᠷᠤᠳᠠᠯ᠎ᠢ ᠲᠣᠰ ᠭᠠᠵᠠᠷ ᠣᠷᠣᠨ᠎ᠤ ᠦᠷ᠎ᠡ ᠵᠢᠨ ᠭᠤᠷᠪᠠᠨ ᠵᠢᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠷᠠᠴᠢᠯᠠᠨ ᠬᠠᠮᠠᠭ᠋ᠠᠯᠠᠬᠤ ᠠᠵᠢᠯ᠎ᠳᠤ ᠪᠣᠳᠠᠲᠠᠶ᠎ᠪᠠᠷ ᠡᠭᠦᠰᠦᠭᠰᠡᠨ ᠲᠣᠭ᠎ᠠ ᠬᠡᠮᠵᠢᠶ᠎ᠡ ᠵᠢᠨ ᠳᠤᠮᠳᠠᠴᠢ ᠥᠷᠲᠡᠭ ᠵᠶ᠋ᠠᠷ ᠤᠷᠢᠳᠴᠢᠯᠠᠨ ᠦᠯᠡᠳᠡᠭᠡᠨ᠎ᠡ᠃
ᠣᠯᠠᠨ ᠲᠦᠮᠡᠨᠴᠢ ᠴᠢᠨᠠᠷᠲᠠᠶ ᠠᠷᠠᠴᠢᠯᠠᠨ ᠬᠠᠮᠠᠭ᠋ᠠᠯᠠᠬᠤ᠎ᠳᠤ ᠲᠣᠬᠢᠷᠠᠬᠤ ᠵᠠᠷᠤᠳᠠᠯ᠎ᠢ ᠳᠤᠷᠠᠳᠤᠨ ᠭᠠᠷᠭ᠋ᠠᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠣᠯᠠᠨ ᠲᠦᠮᠡᠨᠴᠢ ᠴᠢᠨᠠᠷᠲᠠᠶ ᠠᠷᠠᠴᠢᠯᠠᠨ ᠬᠠᠮᠠᠭ᠋ᠠᠯᠠᠬᠤ ᠬᠡᠷᠡᠭᠴᠡᠭᠡ᠎ᠳᠤ ᠴᠢᠭᠯᠡᠭᠦᠯᠦᠨ᠂ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠬᠤ ᠪᠠ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ᠎ᠳᠤ ᠲᠤᠰᠠᠭ᠋ᠠᠷ ᠬᠡᠷᠡᠭᠯᠡᠵᠦ ᠪᠣᠯᠬᠤ ᠮᠥᠷᠲᠡᠭᠡᠨ ᠨᠢᠭᠡᠳᠦᠯᠲᠡᠶ ᠲᠥᠯᠦᠪᠵᠢᠭᠦᠯᠦᠨ ᠬᠡᠷᠡᠭᠯᠡᠵᠦ ᠪᠣᠯᠬᠤ ᠵᠢ ᠲᠣᠳᠤᠷᠬᠠᠢ᠌ᠯᠠᠪᠠ᠃ ᠠᠷᠠᠴᠢᠯᠠᠨ ᠬᠠᠮᠠᠭ᠋ᠠᠯᠠᠬᠤ ᠮᠠᠰᠢᠨ ᠲᠥᠬᠥᠭᠡᠷᠦᠮᠵᠢ ᠬᠤᠳᠠᠯᠳᠤᠨ ᠠᠪᠬᠤ ᠰᠦᠢ᠍ᠳᠬᠡᠯ᠎ᠢ ᠣᠯᠠᠨ ᠲᠦᠮᠡᠨ᠎ᠤ ᠠᠷᠠᠴᠢᠯᠠᠨ ᠬᠠᠮᠠᠭ᠋ᠠᠯᠠᠬᠤ ᠠᠵᠢᠯ ᠬᠢᠵᠦ ᠪᠠᠶ᠋ᠢᠭ᠎ᠠ ᠠᠵᠢᠯᠲᠠᠳ᠎ᠲᠤ ᠮᠠᠰᠢᠨ ᠪᠠᠭ᠋ᠠᠵᠢ ᠲᠥᠬᠥᠭᠡᠷᠦᠮᠵᠢ ᠬᠤᠳᠠᠯᠳᠤᠨ ᠠᠪᠬᠤ᠎ᠳᠤ ᠬᠡᠷᠡᠭᠯᠡᠵᠦ᠂ ᠠᠷᠠᠴᠢᠯᠠᠨ ᠬᠠᠮᠠᠭ᠋ᠠᠯᠠᠬᠤ ᠮᠡᠷᠭᠡᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ ᠪᠣᠯᠤᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠣᠯᠠᠨ ᠲᠦᠮᠡᠨᠴᠢ ᠴᠢᠨᠠᠷᠲᠠᠶ ᠠᠷᠠᠴᠢᠯᠠᠨ ᠬᠠᠮᠠᠭ᠋ᠠᠯᠠᠬᠤ ᠠᠵᠢᠯ᠎ᠢ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ᠎ᠳᠤ ᠠᠵᠢᠯ ᠣᠯᠭᠣᠬᠤ ᠲᠣᠬᠢᠶᠠᠯ ᠬᠠᠩᠭ᠋ᠠᠨ᠎ᠠ᠃
ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠶᠠᠰᠤ ᠴᠢᠨᠠᠷ ᠪᠠ ᠠᠶᠤᠯ ᠦᠭᠡᠢ ᠵᠢᠨ ᠵᠠᠷᠤᠳᠠᠯ᠎ᠢ ᠴᠢᠬᠤᠯᠠᠴᠢᠯᠠᠨ᠎ᠠ᠃ 《ᠠᠷᠭ᠎ᠠ》᠎ᠳᠤ᠂ ᠬᠥᠭᠥᠷᠭᠡ ᠵᠢᠴᠢ ᠨᠦᠬᠡᠨ ᠵᠠᠮ᠎ᠤᠨ ᠮᠡᠷᠭᠡᠵᠢᠯ᠎ᠤᠨ ᠪᠠᠶ᠋ᠢᠳᠠᠯ᠎ᠢ ᠦᠨᠡᠯᠡᠨ ᠲᠣᠭᠲᠠᠭ᠋ᠠᠬᠤ᠎ᠳᠤ ᠡᠷᠬᠡᠪᠰᠢ ᠲᠤᠰᠬᠠᠶ᠋ᠢᠵᠢᠭᠰᠠᠨ ᠪᠠᠶ᠋ᠢᠴᠠᠭ᠋ᠠᠨ ᠰᠢᠨᠵᠢᠵᠦ ᠦᠨᠡᠯᠡᠨ ᠲᠣᠭᠲᠠᠭ᠋ᠠᠭᠰᠠᠨ ᠵᠶ᠋ᠠᠷ ᠵᠠᠷᠤᠳᠠᠯ ᠪᠤᠳᠤᠵᠤ ᠠᠪᠬᠤ ᠬᠡᠷᠡᠭᠲᠡᠢ ᠭᠡᠵᠦ ᠲᠣᠭᠲᠠᠭ᠋ᠠᠪᠠ᠃ ᠡᠭᠦᠨ᠎ᠤ ᠬᠠᠮᠲᠤ᠂ ᠠᠷᠠᠴᠢᠯᠠᠨ ᠬᠠᠮᠠᠭ᠋ᠠᠯᠠᠬᠤ ᠪᠠᠷᠢᠯᠭ᠎ᠠ᠎ᠳᠤ ᠤᠯᠤᠰ᠎ᠤᠨ ᠲᠣᠭᠲᠠᠭ᠋ᠠᠯ ᠶᠣᠰᠣᠭ᠋ᠠᠷ ᠠᠶᠤᠯᠭᠦᠢ ᠦᠢ᠍ᠯᠡᠳᠪᠦᠷᠢᠯᠡᠯ᠎ᠤᠨ ᠰᠦᠢ᠍ᠳᠬᠡᠯ᠎ᠢ ᠠᠰᠲᠤᠨᠢ ᠵᠢᠭᠰᠠᠭ᠋ᠠᠬᠤ ᠵᠢᠨ ᠬᠠᠮᠲᠤ᠂ ᠠᠷᠠᠴᠢᠯᠠᠨ ᠬᠠᠮᠠᠭ᠋ᠠᠯᠠᠬᠤ ᠠᠵᠢᠯ᠎ᠤᠨ ᠣᠨᠴᠠᠯᠢᠭ᠎ᠢ ᠦᠨᠳᠦᠰᠦᠯᠡᠨ ᠠᠷᠠᠴᠢᠯᠠᠨ ᠬᠠᠮᠠᠭ᠋ᠠᠯᠠᠬᠤ ᠠᠵᠢᠯ᠎ᠤᠨ ᠨᠡᠪᠲᠡᠷᠡᠬᠦ ᠵᠢ ᠪᠠᠲᠤᠯᠠᠬᠤ ᠵᠠᠷᠤᠳᠠᠯ᠎ᠢ ᠲᠤᠰᠠᠭ᠋ᠠᠷ ᠲᠣᠭ᠋ᠠᠴᠢᠨ ᠪᠣᠳᠣᠬᠤ ᠵᠢ ᠵᠥᠪᠰᠢᠶᠡᠷᠡᠨ᠎ᠡ᠃ 《ᠠᠷᠭ᠎ᠠ》᠎ᠳᠤ ᠪᠠᠰᠠ ᠰᠢᠯᠭ᠋ᠠᠨ ᠬᠤᠷᠢᠶᠠᠵᠤ ᠠᠪᠬᠤ ᠲᠤᠷᠰᠢᠯᠲᠠ ᠵᠢᠨ ᠰᠢᠯᠭ᠋ᠠᠨ ᠪᠠᠶ᠋ᠢᠴᠠᠭ᠋ᠠᠬᠤ ᠰᠦᠢ᠍ᠳᠬᠡᠯ᠎ᠢ ᠲᠤᠰᠠᠭ᠋ᠠᠷ ᠪᠣᠳᠤᠬᠤ ᠲᠤᠬᠠᠢ ᠲᠣᠭᠲᠠᠭ᠋ᠠᠵᠠᠶ᠃ ᠠᠵᠢᠯ ᠲᠤᠰᠢᠶᠠᠭᠰᠠᠨ (ᠠᠵᠢᠯ ᠳᠠᠭᠤᠰᠬᠠᠭᠰᠠᠨ)᠎ᠢ ᠰᠢᠯᠭ᠋ᠠᠨ ᠬᠤᠷᠢᠶᠠᠵᠤ ᠠᠪᠬᠤ ᠵᠡᠷᠭᠡ ᠵᠠᠩᠭᠢᠯᠠᠭ᠎ᠠ ᠴᠢᠬᠤᠯᠠ ᠭᠣᠭᠴᠤᠭ᠎ᠠ ᠵᠢᠨ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠶᠠᠰᠤ ᠴᠢᠨᠠᠷ᠎ᠢ ᠴᠢᠩᠭ᠋ᠠᠷᠠᠭᠤᠯᠤᠨ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠵᠢᠨ ᠶᠠᠰᠤ ᠴᠢᠨᠠᠷ ᠪᠠ ᠠᠮᠤᠷ ᠲᠥᠪᠰᠢᠨ᠎ᠳᠤ ᠪᠡᠯᠡ ᠮᠥᠩᠭᠥ ᠵᠢᠨ ᠲᠥᠰᠦᠭᠡᠯᠡᠨ ᠪᠣᠳᠣᠬᠤ ᠦᠨᠳᠦᠰᠦᠯᠡᠯ ᠬᠠᠩᠭ᠋ᠠᠨ᠎ᠠ᠃
ᠬᠥᠳᠡᠭᠡ ᠲᠣᠰᠬᠣᠨ᠎ᠤ ᠵᠠᠰᠠᠮᠠᠯ ᠵᠠᠮ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ
ᠰᠤᠷᠪᠤᠯᠵᠢᠯᠠᠭᠴᠢ᠄ 《ᠰᠠᠨᠠᠯ》᠎ᠳᠤ 2022 ᠣᠨ ᠪᠣᠯᠬᠤ᠎ᠳᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠵᠢᠭᠰᠠᠭ᠋ᠠᠨ ᠠᠷᠠᠴᠢᠯᠠᠬᠤ ᠨᠣᠷᠮ᠎ᠠ᠎ᠨᠢ 100%᠎ᠳᠤ ᠬᠦᠷᠴᠦ᠂ ᠵᠢᠯ ᠪᠦᠷᠢ ᠵᠢᠨ ᠳᠤᠮᠳᠠᠴᠢ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠬᠠᠷᠢᠴᠠᠯ᠎ᠢ 5%᠎ᠠᠴᠠ ᠳᠣᠤᠷ᠎ᠠ ᠪᠠᠢ᠌ᠯᠭ᠋ᠠᠬᠤ ᠥᠬᠡᠶ᠂ ᠰᠢᠯᠢᠳᠡᠭ᠂ ᠰᠠᠶ᠋ᠢᠨ᠂ ᠳᠤᠮᠳᠠ ᠵᠡᠷᠭᠡ ᠵᠢᠨ ᠵᠠᠮ᠎ᠤᠨ ᠨᠣᠷᠮ᠎ᠠ ᠵᠢ 75%᠎ᠠᠴᠠ ᠳᠣᠤᠷ᠎ᠠ ᠪᠠᠢ᠌ᠯᠭ᠋ᠠᠬᠤ ᠥᠬᠡᠶ ᠭᠡᠵᠦ ᠳᠤᠷᠠᠳᠤᠨ ᠭᠠᠷᠭ᠋ᠠᠪᠠ᠃ ᠡᠨᠡ ᠬᠦ᠌ ᠬᠠᠷᠠᠯᠲᠠ ᠵᠢ ᠪᠡᠶᠡᠯᠡᠭᠦᠯᠬᠦ᠎ᠳᠤ᠂ ᠪᠣᠳᠠᠲᠠᠶ᠎ᠪᠠᠷ ᠶᠠᠮᠠᠷ ᠶᠠᠮᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠠᠶ᠋ᠢᠬᠤ ᠪᠣᠶ?
ᠡᠤ ᠳ᠋ᠧ ᠵᠢᠨ᠄ 《ᠰᠠᠨᠠᠯ》᠎ᠳᠤ ᠬᠥᠳᠡᠭᠡ ᠲᠣᠰᠬᠣᠨ᠎ᠤ ᠵᠠᠰᠠᠮᠠᠯ ᠵᠠᠮ᠎ᠢ ᠦᠷᠭᠦᠯᠵᠢᠯᠡᠨ ᠬᠥᠭᠵᠢᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ᠎ᠪᠠᠷ ᠬᠠᠷᠠᠯᠲᠠ ᠪᠣᠯᠭ᠋ᠠᠨ᠂ 《ᠳᠥᠷᠪᠡᠨ ᠰᠠᠢ᠌ᠨ ᠬᠥᠳᠡᠭᠡ ᠲᠤᠰᠬᠤᠨ᠎ᠤ ᠵᠠᠮ》᠎ᠤᠨ ᠪᠥᠲᠥᠭᠡᠨ ᠪᠠᠶ᠋ᠢᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠥᠷᠭᠡᠨ ᠣᠯᠠᠨ ᠲᠠᠷᠢᠶᠠᠴᠢᠨ ᠲᠦᠮᠡᠨ᠎ᠤ ᠪᠠᠶᠠᠵᠢᠨ ᠴᠢᠨᠡᠭᠡᠯᠢᠭᠵᠢᠬᠦ᠂ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ᠎ᠳᠤ ᠨᠠᠩ ᠰᠠᠶ᠋ᠢᠨ ᠪᠠᠲᠤᠯᠠᠭ᠎ᠠ ᠬᠠᠩᠭ᠋ᠠᠨ᠎ᠠ᠃ ᠡᠨᠡ ᠬᠦ᠌ ᠬᠠᠷᠠᠯᠲᠠ ᠵᠢ ᠪᠡᠶᠡᠯᠡᠭᠦᠯᠬᠦ ᠵᠢᠨ ᠲᠤᠰᠠᠲᠠ᠂ 《ᠮᠡᠳᠡᠭᠳᠡᠯ》᠎ᠳᠤ ᠪᠢᠳᠡ ᠲᠣᠣᠷᠠᠬᠢ ᠮᠡᠲᠦ ᠭᠤᠷᠪᠠᠨ ᠲᠠᠯ᠎ᠠ ᠵᠢᠨ ᠪᠠᠳᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠪᠠ᠄
ᠬᠠᠮᠵᠢᠯᠴᠠᠨ ᠠᠵᠢᠯᠯᠠᠵᠦ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠦᠷᠢᠨᠰᠢᠭᠦᠯᠦᠨ᠎ᠡ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠵᠢᠯᠴᠠᠨ ᠠᠵᠢᠯᠯᠠᠵᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠲᠥᠬᠥᠷ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠨ᠂ 《ᠰᠠᠨᠠᠯ》 ᠵᠢᠴᠢ ᠬᠡᠷᠡᠭᠵᠢᠭᠦᠯᠬᠦ ᠲᠥᠰᠦᠯ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠭᠣᠤᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠬᠤ ᠵᠢ ᠢᠳᠡᠪᠬᠢᠲᠡᠢ᠎ᠪᠠᠷ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠵᠦ᠂ ᠪᠣᠳᠠᠲᠠᠶ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠪᠠᠷ ᠠᠬᠢᠭᠤᠯᠬᠤ ᠵᠢ ᠰᠠᠶ᠋ᠢᠲᠤᠷ ᠬᠢᠬᠦ᠎ᠪᠠᠷ ᠪᠠᠷᠠᠬᠤ ᠦᠭᠡᠢ᠂ ᠲᠦᠷᠦᠭᠦᠯᠡᠨ ᠥᠭᠡᠷᠡᠴᠢᠯᠡᠯᠲᠡ ᠵᠢᠨ ᠡᠭᠦᠷᠭᠡ ᠵᠢ ᠨᠢᠭᠡᠳᠦᠯᠲᠡᠶ ᠲᠥᠯᠦᠪᠵᠢᠭᠦᠯᠦᠨ ᠵᠣᠬᠢᠴᠠᠭᠤᠯᠬᠤ ᠵᠢ ᠰᠠᠶ᠋ᠢᠲᠤᠷ ᠬᠢᠬᠦ ᠬᠡᠷᠡᠭᠲᠡᠶ; ᠲᠤᠰ ᠰᠠᠯᠠᠭ᠎ᠠ ᠮᠥᠴᠢᠷ᠎ᠤᠨ ᠵᠶ᠋ᠠᠨ ᠥᠭᠡᠷᠡᠴᠢᠯᠡᠯᠲᠡ ᠵᠢ ᠰᠠᠶ᠋ᠢᠲᠤᠷ ᠠᠳᠬᠤᠬᠤ᠎ᠪᠠᠷ ᠪᠠᠷᠠᠬᠤ ᠦᠭᠡᠢ᠂ ᠣᠷᠣᠨ ᠨᠤᠲᠤᠭ᠎ᠤᠨ ᠥᠭᠡᠷᠡᠴᠢᠯᠡᠯᠲᠡ᠎ᠳᠤ ᠵᠢᠯᠤᠭᠤᠳᠤᠯᠭ᠎ᠠ ᠬᠢᠬᠦ᠎ᠪᠠᠨ ᠴᠢᠩᠭ᠋ᠠᠳᠬᠠᠬᠤ ᠬᠡᠷᠡᠭᠲᠡᠶ᠃ ᠤᠬᠠᠭᠤᠯᠭ᠎ᠠ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃
ᠰᠢᠯᠭ᠋ᠠᠨ ᠬᠢᠨᠠᠵᠤ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠬᠦᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠬᠤ ᠠᠵᠢᠯ᠎ᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠥᠷ᠎ᠡ ᠪᠦᠲᠦᠮᠵᠢ ᠵᠢ ᠰᠢᠯᠭ᠋ᠠᠨ ᠬᠢᠨᠠᠬᠤ᠂ ᠲᠠᠪᠤᠨ ᠱᠠᠲᠤᠨ᠎ᠤ ᠱᠦᠵᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠭᠰᠠᠨᠢ ᠰᠢᠯᠭ᠋ᠠᠨ ᠬᠢᠨᠠᠬᠤ ᠵᠡᠷᠭᠡ᠎ᠳᠤ ᠣᠷᠤᠭᠤᠯᠬᠤ ᠵᠢ ᠠᠬᠢᠭᠤᠯᠤᠨ᠂ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠯᠠ ᠮᠥᠩᠭᠥ᠎ᠲᠠᠢ ᠬᠣᠯᠪᠣᠭᠳᠠᠭᠤᠯᠵᠤ᠂ ᠠᠵᠢᠯ᠎ᠢ ᠠᠬᠢᠭᠤᠯᠤᠭᠰᠠᠨ ᠪᠠᠶ᠋ᠢᠳᠠᠯ᠎ᠨᠢ ᠰᠠᠶ᠋ᠢᠨ ᠪᠠᠶ᠋ᠢᠪᠠᠯ᠂ ᠱᠠᠩᠨᠠᠯ ᠪᠤᠶᠤ ᠨᠡᠮᠡᠯᠲᠡ ᠨᠥᠬᠥᠪᠥᠷᠢ ᠣᠯᠭᠣᠬᠣ ᠬᠡᠷᠡᠭᠲᠡᠢ; ᠠᠵᠢᠯ᠎ᠢ ᠠᠬᠢᠭᠤᠯᠤᠭᠰᠠᠨ ᠪᠠᠢ᠌ᠳᠠᠯ᠎ᠨᠢ ᠨᠡᠯᠢᠶᠡᠳ ᠠᠨᠠᠶ ᠪᠠᠢ᠌ᠪᠠᠯ᠂ ᠪᠣᠯᠵᠣᠨ ᠶᠠᠷᠢᠯᠴᠠᠬᠤ᠂ ᠵᠠᠷᠯᠢᠭᠳᠠᠵᠤ ᠴᠡᠭᠴᠡᠯᠡᠨ ᠰᠠᠶ᠋ᠢᠵᠢᠷᠠᠭᠤᠯᠬᠤ᠂ ᠨᠥᠬᠥᠪᠥᠷᠢ ᠵᠢ᠎ᠨᠢ ᠬᠠᠰᠤᠬᠤ ᠵᠡᠷᠭᠡ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠤᠷᠮᠠᠰᠢᠭᠤᠯᠤᠨ ᠬᠢᠨᠠᠨ ᠰᠢᠯᠭ᠋ᠠᠬᠤ 《ᠳᠣᠬᠢᠭᠤᠷ》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃
ᠮᠥᠷᠳᠡᠨ ᠳᠠᠭ᠋ᠠᠵᠤ ᠰᠢᠮᠳᠠᠭᠤᠯᠤᠨ ᠵᠢᠯᠣᠭᠣᠳᠴᠤ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠨ᠎ᠠ᠃ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠮᠳᠠᠭᠤᠯᠤᠨ ᠵᠢᠯᠣᠭᠣᠳᠬᠤ ᠪᠠ ᠦᠨᠡᠯᠡᠨ ᠵᠢᠱ᠌ᠢᠬᠦ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠦᠷᠨᠢᠭᠦᠯᠦᠨ᠂ ᠥᠭᠡᠷᠡᠴᠢᠯᠡᠯᠲᠡ ᠵᠢᠨ ᠠᠬᠢᠯᠲᠠ ᠵᠢᠨ ᠪᠠᠶ᠋ᠢᠳᠠᠯ᠎ᠢ ᠮᠥᠷᠳᠡᠨ ᠵᠠᠳᠠᠯᠵᠤ᠂ ᠥᠭᠡᠷᠡᠴᠢᠯᠡᠯᠲᠡ ᠵᠢ ᠠᠬᠢᠭᠤᠯᠤᠭᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠵᠦ᠂ ᠵᠥᠷᠢᠴᠡᠯ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ᠎ᠪᠠᠨ ᠴᠠᠭ ᠲᠤᠬᠠᠢᠳᠤᠨᠢ ᠲᠤᠬᠢᠷᠠᠭᠤᠯᠤᠨ ᠲᠣᠬᠢᠷᠠᠭᠤᠯᠤᠯᠲᠠ ᠬᠢᠵᠦ᠂ ᠥᠭᠡᠷᠡᠴᠢᠯᠡᠯᠲᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠨ᠂ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠢᠯ ᠪᠦᠷᠢ ᠵᠢᠨ ᠰᠡᠭᠦᠯᠴᠢ᠎ᠠᠴᠠ ᠡᠮᠦᠨ᠎ᠡ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ᠎ᠢ ᠦᠨᠳᠦᠰᠦᠯᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠪᠣᠯᠤᠨ ᠡᠳ᠋᠎ᠤᠨ ᠵᠠᠰᠠᠭ᠎ᠤᠨ ᠶᠠᠮᠤᠨ᠎ᠳᠤ ᠥᠭᠡᠷᠡᠴᠢᠯᠡᠯᠲᠡ ᠵᠢᠨ ᠠᠬᠢᠴᠠ ᠵᠢᠨ ᠪᠠᠶ᠋ᠢᠳᠠᠯ ᠵᠶ᠋ᠠᠨ ᠲᠣᠰ ᠲᠣᠰ ᠮᠡᠳᠡᠭᠦᠯᠦᠨ ᠬᠦᠷᠭᠡᠬᠦ ᠬᠡᠷᠡᠭᠲᠡᠶ᠃
ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠄ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ