ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-10-28

      ᠣᠶ᠋ᠢᠷ᠎ᠠ᠎ᠳᠤ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ》 (ᠥᠪᠥᠷ ᠵᠠᠮ ᠲᠠᠷᠬᠠᠭ᠋ᠠᠭᠰᠠᠨ [2020]17 ᠳ᠋ᠤᠭ᠋ᠠᠷ ᠲᠣᠭ᠋ᠠᠲᠤ)᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠠᠷᠭ᠎ᠠ》 ᠵᠢ ᠵᠢᠩᠬᠢᠨᠢ᠎ᠪᠠᠷ ᠨᠡᠶ᠋ᠢᠲᠡᠯᠡᠪᠡ᠃ ᠡᠭᠦᠨ᠎ᠳᠤ ᠳᠣᠣᠷᠠᠬᠢ ᠮᠡᠲᠦ ᠲᠠᠢ᠌ᠯᠪᠤᠷᠢᠯᠠᠪᠠ᠄
      ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》᠂ 《ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠳᠦᠷᠢᠮ》᠂ 《ᠲᠥᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ ᠳᠠᠮᠵᠢᠭᠤᠯᠤᠭᠰᠠᠨ 〈ᠪᠡᠯᠡ ᠣᠷᠣᠭᠤᠯᠵᠤ ᠪᠡᠯᠡ ᠲᠣᠬᠢᠷᠠᠭᠤᠯᠬᠤ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠡᠩ᠎ᠤᠨ ᠵᠠᠰᠠᠮᠠᠯ ᠵᠠᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠰᠠᠨᠠᠯ᠎ᠤᠳ᠎ᠤᠨ ᠲᠤᠬᠠᠢ ᠮᠡᠳᠡᠭᠳᠡᠯ〉 (ᠲᠥᠷᠥ ᠠᠯᠪᠠᠨ ᠲᠠᠷᠬᠠᠭ᠋ᠠᠭᠰᠠᠨ [2011] 22 ᠳ᠋ᠤᠭ᠋ᠠᠷ ᠲᠣᠭ᠋ᠠᠲᠤ)》᠂ 《ᠡᠳ᠋᠎ᠤᠨ ᠵᠠᠰᠠᠭ᠎ᠤᠨ ᠶᠠᠮᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢᠨ ᠣᠷᠣᠯᠭ᠎ᠠ ᠵᠢᠨ ᠣᠷᠣᠨ ᠨᠤᠲᠤᠭ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠡᠳ᠋᠎ᠤᠨ ᠵᠠᠰᠠᠭ᠎ᠤᠨ ᠪᠦᠲᠦᠭᠡᠨ ᠪᠠᠢ᠌ᠭᠤᠯᠤᠯᠲᠠ [2014] 654 ᠳ᠋ᠦ᠍ᠭᠡᠷ ᠲᠣᠭ᠋ᠠᠲᠤ)》᠂ 《ᠵᠠᠮ ᠬᠠᠷᠢᠯᠴᠠᠭ᠎ᠠ ᠲᠡᠭᠡᠭᠡᠪᠦᠷᠢ (ᠵᠠᠰᠠᠮᠠᠯ ᠵᠠᠮ ᠤᠰᠤᠨ ᠵᠠᠮ) ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠪ᠎ᠤᠨ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠷᠥᠯ ᠵᠦᠢ᠍ᠯ᠎ᠤᠨ ᠵᠠᠷᠤᠯᠭ᠎ᠠ ᠵᠢᠨ ᠲᠥᠰᠦᠪ᠎ᠤᠨ ᠬᠠᠮᠢᠶᠠᠷᠤᠯᠲᠠ ᠵᠢᠨ ᠠᠷᠭ᠎ᠠ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠷᠣᠭᠰᠢ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 ᠵᠡᠷᠭᠡ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠪᠣᠳᠠᠲᠠᠶ᠎ᠲᠠᠢ ᠤᠶᠠᠯᠳᠤᠭᠤᠯᠤᠨ ᠠᠷᠭ᠎ᠠ ᠲᠣᠭᠲᠠᠭ᠋ᠠᠬᠤ ᠬᠡᠷᠡᠭᠲᠡᠶ᠃
      ᠬᠣᠶᠠᠷ᠂ ᠲᠣᠭᠲᠠᠭ᠋ᠠᠭᠰᠠᠨ ᠵᠣᠷᠢᠯᠭ᠎ᠠ
      ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭ᠋ᠠᠳᠬᠠᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠳᠦᠷᠢᠮᠵᠢᠯᠲᠡ᠂ ᠵᠢᠷᠤᠮᠵᠢᠯᠲᠠ᠂ ᠰᠢᠨᠵᠢᠯᠡᠬᠦ ᠤᠬᠠᠭ᠋ᠠᠨᠴᠢᠯᠠᠯᠲᠠ ᠵᠢ ᠠᠬᠢᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠠᠯᠠ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠲᠥᠯᠥᠪᠯᠡᠭᠡᠲᠦ ᠬᠠᠮᠢᠶᠠᠷᠤᠯᠲᠠ ᠵᠢᠨ ᠵᠠᠭᠪᠤᠷ᠂ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠂ ᠬᠠᠮᠢᠶᠠᠷᠤᠯᠲᠠ ᠵᠢᠨ ᠲᠠᠰ ᠳᠠᠷᠠᠭ᠋ᠠᠯᠠᠯ᠎ᠢ ᠲᠣᠳᠣᠷᠬᠠᠶ᠋ᠢᠯᠠᠨ᠎ᠠ᠃
      ᠭᠤᠷᠪᠠ᠂ ᠭᠣᠤᠯᠳᠠᠯᠭ᠎ᠠ᠎ᠲᠠᠢ ᠠᠭᠤᠯᠭ᠎ᠠ
     《ᠠᠷᠭ᠎ᠠ》 ᠵᠢ ᠶᠡᠷᠦᠩᠬᠡᠶ ᠲᠦᠷᠢᠮ᠂ ᠲᠥᠯᠥᠦᠪᠯᠡᠭᠡ ᠵᠢᠨ ᠬᠠᠮᠢᠶᠠᠷᠤᠯᠲᠠ ᠵᠢᠨ ᠠᠩᠭᠢᠯᠠᠯ᠂ ᠲᠥᠯᠥᠪᠯᠡᠭᠡ ᠨᠠᠢ᠌ᠷᠠᠭᠤᠯᠤᠨ ᠵᠣᠬᠢᠶᠠᠬᠤ ᠦᠨᠳᠦᠰᠦᠯᠡᠯ ᠪᠠ ᠱᠠᠭ᠋ᠠᠷᠳᠠᠯᠭ᠎ᠠ᠂ ᠲᠥᠯᠥᠪᠯᠡᠭᠡ ᠨᠠᠶ᠋ᠢᠷᠠᠭᠤᠯᠤᠨ ᠵᠣᠬᠢᠶᠠᠬᠤ ᠵᠠᠷᠴᠢᠮ᠂ ᠲᠦᠯᠦᠪᠯᠡᠭᠡ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠂ ᠲᠥᠯᠥᠪᠯᠡᠭᠡ ᠨᠠᠶ᠋ᠢᠷᠠᠭᠤᠯᠤᠨ ᠮᠡᠳᠡᠭᠦᠯᠬᠦ ᠴᠤᠪᠤᠷᠠᠯ᠂ ᠲᠥᠯᠥᠪᠯᠡᠭᠡ ᠵᠢ ᠳᠡᠭᠡᠭᠰᠢ ᠮᠡᠳᠡᠭᠦᠯᠵᠦ ᠳᠣᠷᠣᠭᠰᠢ ᠪᠠᠭᠤᠯᠭ᠋ᠠᠬᠤ᠂ ᠲᠥᠯᠥᠪᠯᠡᠭᠡ ᠵᠢ ᠬᠡᠷᠡᠭᠵᠢᠭᠦᠯᠬᠦ᠂ ᠬᠠᠷᠢᠭᠤᠴᠠᠯᠭ᠎ᠠ ᠬᠢᠭᠡᠳ ᠬᠢᠨᠠᠯᠲᠠ ᠬᠠᠮᠢᠶᠠᠷᠤᠯᠲᠠ ᠪᠠ ᠳᠠᠭ᠋ᠠᠯᠳᠤᠭᠤᠯᠤᠭᠰᠠᠨ ᠲᠦᠷᠢᠮ ᠵᠡᠷᠭᠡ ᠨᠡᠶ᠋ᠢᠲᠡ ᠠᠷᠪᠠᠨ ᠪᠦᠯᠦᠭ ᠬᠡᠰᠡᠭ ᠬᠤᠪᠢᠶᠠᠨ᠎ᠠ᠃
     (ᠨᠢᠭᠡ) ᠬᠡᠷᠡᠭᠯᠡᠬᠦ ᠬᠡᠪᠴᠢᠶ᠎ᠡ
    ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠤᠭᠰᠠᠨ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠴᠥᠮ ᠲᠤᠰ 《ᠠᠷᠭ᠎ᠠ》 ᠲᠣᠬᠢᠷᠠᠨ᠎ᠠ᠃
     (ᠬᠣᠶᠠᠷ) ᠲᠦᠯᠦᠪᠯᠡᠭᠡ ᠵᠢᠨ ᠬᠠᠮᠢᠶᠠᠷᠤᠯᠲᠠ ᠵᠢᠨ ᠠᠩᠭᠢᠯᠠᠯ
      ᠲᠥᠷᠥᠯ ᠵᠦᠢ᠍ᠯ᠎ᠤᠨ ᠵᠠᠷᠤᠯᠭ᠎ᠠ ᠵᠢᠨ ᠬᠤᠪᠢᠶᠠᠷᠢᠯᠠᠯᠲᠠ᠎ᠳᠤ ᠭᠣᠤᠯᠳᠠᠭᠤ ᠲᠥᠷᠥᠯ ᠵᠦᠢ᠍ᠯ᠎ᠤᠨ ᠬᠠᠤᠯᠢ ᠪᠠ ᠬᠦᠴᠦᠨ ᠵᠦᠢ᠍ᠯ᠎ᠤᠨ ᠬᠠᠤᠯᠢ ᠵᠢ ᠬᠡᠷᠡᠭᠯᠡᠨ᠎ᠡ᠃ ᠡᠭᠦᠨ᠎ᠳᠤ᠄
     1. ᠳᠡᠭᠡᠳᠦ ᠬᠤᠷᠳᠤ ᠵᠢᠨ ᠵᠠᠰᠠᠮᠠᠯ ᠵᠠᠮ᠂ ᠤᠯᠤᠰ ᠪᠠ ᠮᠤᠵᠢ ᠵᠢᠨ ᠭᠣᠤᠯ ᠱᠤᠭᠤᠮ᠎ᠤᠨ ᠵᠠᠰᠠᠮᠠᠯ ᠵᠠᠮ᠂ ᠵᠢᠭᠤᠯᠴᠢᠯᠠᠯ᠎ᠤᠨ ᠵᠠᠰᠠᠮᠠᠯ ᠵᠠᠮ᠂ ᠵᠠᠰᠠᠮᠠᠯ ᠵᠠᠮ ᠪᠣᠯᠤᠨ ᠲᠡᠮᠦᠷ ᠵᠠᠮ᠎ᠤᠨ ᠲᠡᠭᠰᠢ ᠣᠭᠲᠤᠯᠤᠯᠴᠠᠬᠤ ᠵᠠᠮ᠎ᠢ ᠵᠦᠷᠢᠯᠢᠭ ᠬᠥᠭᠦᠷᠭᠡ ᠪᠣᠯᠭ᠋ᠠᠨ ᠥᠭᠡᠷᠡᠴᠢᠯᠡᠬᠦ᠂ ᠠᠶᠠᠨᠴᠢᠳ᠎ᠤᠨ ᠲᠡᠭᠡᠭᠡᠪᠦᠷᠢ ᠵᠢᠨ ᠵᠠᠩᠭᠢᠯᠠᠭ᠎ᠠ ᠵᠢᠨ ᠥᠷᠲᠡᠭᠡᠨ ᠲᠠᠯᠠᠪᠤᠷ᠂ ᠠᠴᠢᠶ᠎ᠠ ᠲᠡᠭᠡᠭᠡᠪᠦᠷᠢ ᠵᠢᠨ ᠵᠠᠩᠭᠢᠯᠠᠭ᠎ᠠ (ᠪᠠᠷᠠᠭ᠎ᠠ ᠭᠦᠢ᠍ᠯᠭᠡᠭᠡᠨ᠎ᠤ ᠬᠦᠷᠢᠶᠡᠯᠡᠩ ᠲᠣᠭᠣᠷᠢᠭ)᠂ ᠳᠣᠲᠣᠭ᠋ᠠᠳᠤ ᠭᠣᠤᠯ ᠮᠥᠷᠡᠨ᠎ᠤ ᠤᠰᠤᠨ ᠲᠡᠭᠡᠭᠡᠪᠦᠷᠢ ᠪᠠ ᠳᠡᠮᠵᠢᠬᠦ ᠰᠢᠰᠲ᠋ᠧᠮ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠳᠠᠯᠭ᠎ᠠ᠎ᠲᠠᠢ ᠲᠥᠷᠥᠯ ᠵᠦᠢ᠍ᠯ ᠵᠢᠴᠢ ᠡᠩ᠎ᠤᠨ ᠤᠯᠤᠰ᠎ᠤᠨ ᠪᠠ ᠮᠤᠵᠢ ᠵᠢᠨ ᠵᠠᠮ᠎ᠤᠨ ᠭᠠᠮᠰᠢᠭᠳᠠᠨ ᠡᠪᠳᠡᠭᠳᠡᠭᠰᠡᠨ᠎ᠢ ᠰᠡᠷᠭᠦᠭᠡᠨ ᠳᠠᠬᠢᠨ ᠪᠠᠶ᠋ᠢᠭᠤᠯᠬᠤ ᠲᠥᠷᠥᠯ ᠵᠦᠢ᠍ᠯ᠂ ᠤᠯᠤᠰ᠎ᠤᠨ ᠪᠠ ᠮᠤᠵᠢ ᠵᠢᠨ ᠵᠠᠮ᠎ᠤᠨ ᠠᠶᠤᠯᠲᠠᠶ ᠬᠥᠭᠥᠷᠭᠡ ᠵᠢ ᠥᠭᠡᠷᠡᠴᠢᠯᠡᠬᠦ ᠪᠣᠯᠤᠨ ᠠᠮᠤᠷ ᠲᠦᠪᠰᠢᠨ ᠠᠮᠢ ᠨᠠᠰᠤᠨ᠎ᠤ ᠬᠠᠮᠠᠭ᠋ᠠᠯᠠᠯᠲᠠ ᠵᠢᠨ ᠪᠠᠷᠢᠯᠭ᠎ᠠ᠂ ᠤᠯᠤᠰ᠎ᠤᠨ ᠪᠠ ᠮᠤᠵᠢ ᠵᠢᠨ ᠵᠠᠮ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠥᠭᠡᠷᠡᠴᠢᠯᠡᠬᠦ ᠪᠠ ᠤᠯᠤᠰ᠎ᠤᠨ ᠪᠠ ᠮᠤᠵᠢ ᠵᠢᠨ ᠵᠠᠮ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠪᠠᠷᠢᠯᠭ᠎ᠠ ᠵᠡᠷᠭᠡ ᠡᠩ᠎ᠤᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠵᠠᠷᠤᠯᠭ᠎ᠠ ᠵᠢᠨ ᠬᠤᠪᠢᠶᠠᠷᠢᠯᠠᠯᠲᠠ᠎ᠳᠤ ᠲᠥᠷᠥᠯ ᠵᠦᠢ᠍ᠯ᠎ᠤᠨ ᠬᠠᠤᠯᠢ ᠵᠢ ᠬᠡᠷᠡᠭᠯᠡᠨ᠎ᠡ᠃
     2. ᠬᠥᠳᠡᠭᠡ ᠲᠣᠰᠬᠣᠨ᠎ᠤ ᠵᠠᠰᠠᠮᠠᠯ ᠵᠠᠮ ᠵᠡᠷᠭᠡ ᠡᠩ᠎ᠤᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠠᠷᠤᠯᠭ᠎ᠠ ᠵᠢᠨ ᠬᠤᠪᠢᠶᠠᠷᠢᠯᠠᠯᠲᠠ᠎ᠳᠤ ᠡᠯᠸᠮᠸᠨ᠋ᠲ᠎ᠤᠨ ᠬᠠᠤᠯᠢ ᠵᠢ ᠬᠡᠷᠡᠭᠯᠡᠨ ᠨᠥᠬᠥᠪᠥᠷᠢ ᠪᠡᠯᠡ ᠣᠷᠣᠭᠤᠯᠤᠯᠲᠠ ᠵᠢᠨ ᠬᠡᠪᠴᠢᠶ᠎ᠡ ᠵᠢ ᠲᠥᠰᠦᠭᠡᠯᠡᠨ ᠪᠣᠳᠣᠵᠤ᠂ ᠲᠥᠷᠥᠯ ᠵᠦᠢ᠍ᠯ᠎ᠤᠨ ᠵᠦᠢ᠍ᠯᠴᠢᠯᠡᠯ᠎ᠢ ᠬᠡᠰᠡᠭᠯᠡᠨ ᠬᠠᠮᠢᠶᠠᠷᠬᠤ ᠵᠠᠷᠴᠢᠮ ᠵᠶ᠋ᠡᠷ ᠨᠥᠬᠥᠪᠥᠷᠢ ᠪᠡᠯᠡ ᠣᠷᠤᠭᠤᠯᠤᠯᠲᠠ ᠲᠣᠬᠢᠷᠠᠭᠤᠯᠤᠨ᠎ᠠ᠃
     (ᠭᠤᠷᠪᠠ) ᠲᠥᠯᠥᠪᠯᠡᠭᠡ ᠨᠠᠶ᠋ᠢᠷᠠᠭᠤᠯᠤᠨ ᠵᠣᠬᠢᠶᠠᠬᠤ ᠦᠨᠳᠦᠰᠦᠯᠡᠯ ᠪᠣᠯᠤᠨ ᠱᠠᠭ᠋ᠠᠷᠳᠠᠯᠭ᠎ᠠ
      ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠮᠢᠶ᠎ᠠ ᠪᠦᠬᠦᠢ ᠲᠥᠯᠥᠪᠵᠢᠭᠦᠯᠪᠡ ᠪᠠ ᠣᠨ᠎ᠤ ᠭᠣᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠦᠨᠳᠦᠰᠦᠯᠡᠨ᠂ ᠲᠤᠰ ᠣᠨ᠎ᠤ ᠲᠥᠪ᠂ ᠥᠪᠡᠷᠲᠡᠭᠡᠨ ᠵᠠᠰᠠᠬᠤ ᠣᠷᠣᠨ᠎ᠤ ᠪᠡᠯᠡ ᠮᠥᠩᠭᠥ ᠵᠢᠨ ᠬᠡᠪᠴᠢᠶ᠎ᠡ ᠪᠣᠯᠤᠨ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠪᠠᠶ᠋ᠢᠳᠠᠯ ᠵᠡᠷᠭᠡ ᠬᠦᠴᠦᠨ ᠵᠦᠢ᠍ᠯ᠎ᠲᠠᠢ ᠤᠶᠠᠯᠳᠤᠭᠤᠯᠵᠤ ᠪᠠᠶ᠋ᠢᠭ᠋ᠠᠳ ᠣᠨ᠎ᠤ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ   ᠵᠦᠢ᠍ᠯ᠎ᠳᠤ ᠲᠥᠷᠥᠯ ᠵᠦᠢ᠍ᠯ᠎ᠤᠨ ᠬᠥᠮᠥᠷᠭᠡ ᠵᠢᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠬᠡᠷᠡᠭᠲᠡᠶ᠃ 《ᠤᠷᠢᠳᠠᠪᠠᠷ ᠲᠥᠷᠥᠯ ᠵᠦᠢ᠍ᠯ ᠪᠠ ᠡᠮᠦᠨᠡᠬᠢ ᠬᠤᠭᠤᠴᠠᠭ᠋ᠠᠨ᠎ᠤ ᠠᠵᠢᠯ ᠪᠠᠶ᠋ᠢᠵᠤ᠂ ᠳᠠᠷᠠᠭ᠎ᠠ᠎ᠨᠢ ᠲᠥᠯᠥᠪᠯᠡᠭᠡ᠎ᠲᠠᠢ ᠪᠠᠢ᠌ᠬᠤ》 ᠵᠠᠷᠴᠢᠮ ᠶᠣᠰᠣᠭ᠋ᠠᠷ᠂ ᠲᠥᠷᠥᠯ ᠵᠦᠢ᠍ᠯ᠎ᠤᠨ ᠬᠥᠮᠥᠷᠭᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠡᠮᠦᠨᠡᠬᠢ ᠬᠤᠭᠤᠴᠠᠭ᠋ᠠᠨ᠎ᠤ ᠠᠵᠢᠯ ᠪᠣᠯᠤᠨ ᠲᠥᠷᠥᠯ ᠵᠦᠢ᠍ᠯ᠎ᠤᠨ ᠨᠥᠬᠡᠴᠡ ᠵᠢ ᠰᠠᠶ᠋ᠢᠲᠤᠷ ᠬᠢᠬᠦ ᠬᠡᠷᠡᠭᠲᠡᠶ᠃
     (ᠳᠥᠷᠪᠡ) ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠠᠷᠴᠢᠮ
      ᠵᠢᠯ᠎ᠤᠨ ᠪᠡᠯᠡ ᠣᠷᠣᠭᠤᠯᠤᠯᠲᠠ ᠵᠢᠨ ᠲᠥᠯᠥᠪᠯᠡᠭᠡ᠎ᠨᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠬᠥᠭᠵᠢᠯᠲᠡ ᠪᠠ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠬᠥᠭᠵᠢᠯᠲᠡ ᠵᠢᠨ ᠬᠡᠷᠡᠭᠴᠡᠭᠡ᠎ᠳᠤ ᠨᠡᠶ᠋ᠢᠴᠡᠵᠦ᠂ 《ᠲᠥᠯᠥᠪᠵᠢᠭᠦᠯᠭᠡ᠎ᠪᠠᠷ ᠬᠢᠵᠠᠭ᠋ᠠᠷᠯᠠᠬᠤ᠂ ᠭᠣᠤᠯᠳᠠᠯᠭ᠎ᠠ ᠵᠢ ᠪᠠᠲᠤᠯᠠᠬᠤ᠂ ᠶᠠᠳᠠᠭᠤ ᠬᠦᠴᠢᠷᠳᠡᠯ᠎ᠢ ᠲᠡᠳᠬᠦᠬᠦ᠂ ᠶᠡᠷᠦᠩᠬᠡᠢ᠎ᠳᠤ᠎ᠨᠢ ᠲᠡᠩᠴᠡᠭᠦᠯᠬᠦ᠂ ᠵᠢᠷᠤᠮᠵᠢᠭᠰᠠᠨ ᠰᠢᠨᠵᠢᠯᠡᠬᠦ ᠤᠬᠠᠭ᠋ᠠᠨᠴᠢ᠂ ᠵᠣᠬᠢᠴᠠᠩᠭᠤᠶ᠎ᠪᠠᠷ ᠬᠥᠭᠵᠢᠭᠦᠯᠬᠦ》 ᠵᠠᠷᠴᠢᠮ᠎ᠢ ᠵᠢᠷᠤᠮᠯᠠᠨ ᠨᠠᠶ᠋ᠢᠷᠠᠭᠤᠯᠤᠨ ᠵᠣᠭᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠣᠨ᠎ᠤ ᠪᠡᠯᠡ ᠣᠷᠣᠭᠤᠯᠤᠯᠲᠠ ᠵᠢᠨ ᠲᠥᠯᠥᠪᠯᠡᠭᠡ᠎ᠳᠤ ᠣᠷᠣᠭᠤᠯᠤᠭᠰᠠᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠮᠦᠨᠡᠬᠢ ᠬᠤᠭᠤᠴᠠᠭ᠋ᠠᠨ᠎ᠤ ᠠᠵᠢᠯ᠎ᠢ ᠪᠡᠶᠡᠯᠡᠭᠦᠯᠬᠦ ᠵᠢᠨ ᠬᠠᠮᠲᠤ᠂ ᠬᠢᠨᠠᠨ ᠵᠥᠪᠰᠢᠶᠡᠷᠡᠬᠦ ᠡᠷᠬᠡ ᠮᠡᠳᠡᠯ᠎ᠲᠠᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠣᠯᠤᠭᠰᠠᠨ ᠪᠥᠭᠡᠳ ᠲᠣᠰ ᠵᠢᠯ᠎ᠳᠤ᠎ᠪᠠᠨ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠃ ᠡᠭᠦᠨ᠎ᠤ ᠬᠠᠮᠲᠤ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠣᠶ᠋ᠢᠯᠠᠭ᠋ᠠᠭᠳᠠᠬᠤᠨ ᠪᠣᠯᠤᠨ ᠱᠠᠭ᠋ᠠᠷᠳᠠᠯᠭ᠎ᠠ ᠵᠢ ᠲᠥᠯᠦᠪᠯᠡᠭᠡ ᠵᠢᠨ ᠬᠠᠮᠢᠶᠠᠷᠤᠯᠲᠠ ᠵᠢᠨ ᠡᠯ᠎ᠡ ᠭᠣᠭᠴᠤᠭ᠎ᠠ᠎ᠳᠤ ᠠᠭᠤᠰᠬᠠᠨ ᠣᠷᠣᠭᠤᠯᠵᠤ᠂ ᠬᠡᠷᠡᠭ᠎ᠤᠨ ᠡᠮᠦᠨ᠎ᠡ ᠬᠠᠷᠠᠯᠲᠠ᠎ᠲᠠᠢ᠂ ᠬᠡᠷᠡᠭ᠎ᠤᠨ ᠳᠤᠮᠳᠠ ᠬᠢᠨᠠᠨ ᠡᠵᠡᠮᠳᠡᠯ᠎ᠲᠠᠢ᠂ ᠬᠡᠷᠡᠭ᠎ᠤᠨ ᠳᠠᠷᠠᠭ᠎ᠠ ᠦᠨᠡᠯᠡᠯᠲᠡ᠎ᠲᠠᠢ᠂ ᠦᠷ᠎ᠡ ᠳ᠋ᠦᠩ᠎ᠳᠤ ᠪᠥᠬᠥ ᠶᠠᠪᠤᠴᠠ ᠵᠢᠨ ᠠᠮᠵᠢᠯᠲᠠ ᠪᠦᠲᠦᠮᠵᠢ ᠵᠢᠨ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠤᠨ᠎ᠠ᠃
     (ᠲᠠᠪᠤ) ᠲᠥᠯᠥᠪᠯᠡᠭᠡ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ
      ᠣᠨ᠎ᠤ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠰᠠᠯᠠᠭ᠎ᠠ ᠮᠥᠴᠢᠷ ᠬᠠᠮᠵᠢᠯᠴᠠᠬᠤ᠂ ᠱᠠᠲᠤ ᠬᠤᠪᠢᠶᠠᠨ ᠬᠠᠮᠢᠶᠠᠷᠬᠤ᠂ ᠱᠠᠲᠤ ᠳᠠᠷᠠᠭ᠋ᠠᠯᠠᠨ ᠬᠠᠷᠢᠭᠤᠴᠠᠬᠤ ᠶᠣᠰᠣᠭ᠋ᠠᠷ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠨ᠎ᠤ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠨᠢᠭᠡᠳᠦᠯᠲᠡᠢ ᠬᠠᠷᠢᠭᠤᠴᠠᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠳᠣᠷᠤᠭᠰᠢ ᠪᠠᠭᠤᠯᠭ᠋ᠠᠵᠤ᠂ ᠠᠶ᠋ᠢᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ᠎ᠤ᠎ᠪᠠᠨ ᠣᠨ᠎ᠤ ᠲᠥᠪ ᠪᠠ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ᠎ᠪᠠᠨ ᠮᠡᠳᠡᠭᠦᠯᠬᠦ ᠠᠵᠢᠯ᠎ᠢ ᠬᠠᠷᠢᠭᠤᠴᠠᠨ ᠵᠣᠬᠢᠶᠠᠨ ᠪᠠᠶ᠋ᠢᠭᠤᠯᠬᠤ ᠵᠢᠨ ᠬᠠᠮᠲᠤ ᠣᠨ᠎ᠤ ᠪᠡᠯᠡ ᠣᠷᠣᠭᠤᠯᠤᠯᠲᠠ ᠵᠢᠨ ᠰᠠᠨᠠᠭᠤᠯᠭ᠎ᠠ ᠵᠢᠨ ᠲᠥᠯᠥᠪᠯᠡᠭᠡ᠎ᠪᠠᠨ ᠨᠠᠶ᠋ᠢᠷᠠᠭᠤᠯᠤᠨ ᠮᠡᠳᠡᠭᠦᠯᠵᠦ᠂ ᠲᠤᠰ ᠭᠠᠵᠠᠷ ᠣᠷᠣᠨ᠎ᠤ᠎ᠪᠠᠨ ᠣᠨ᠎ᠤ ᠪᠡᠯᠡ ᠣᠷᠤᠭᠤᠯᠤᠯᠲᠠ ᠵᠢᠨ ᠲᠥᠯᠥᠪᠯᠡᠭᠡ᠎ᠪᠠᠨ ᠴᠠᠭ ᠲᠤᠬᠠᠶ᠎ᠳᠤ᠎ᠨᠢ ᠨᠠᠶ᠋ᠢᠷᠠᠭᠤᠯᠤᠨ ᠵᠣᠬᠢᠶᠠᠬᠤ᠂ ᠳᠠᠮᠵᠢᠭᠤᠯᠤᠨ ᠶᠠᠪᠤᠭᠤᠯᠬᠤ᠂   ᠳᠣᠷᠤᠭᠰᠢ ᠪᠠᠭᠤᠯᠭ᠋ᠠᠬᠤ ᠬᠡᠷᠡᠭᠲᠡᠶ᠃
     (ᠵᠢᠷᠭᠤᠭ᠎ᠠ) ᠲᠥᠯᠥᠪᠯᠡᠭᠡ ᠵᠢ ᠭᠦᠢ᠍ᠴᠡᠳᠬᠡᠬᠦ
      ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠣᠨ᠎ᠤ ᠪᠡᠯᠡ ᠣᠷᠤᠭᠤᠯᠤᠯᠲᠠ ᠵᠢᠨ ᠲᠥᠯᠥᠪᠯᠡᠭᠡ ᠵᠢ ᠴᠢᠩᠭ᠎ᠠ ᠬᠡᠷᠡᠭᠵᠢᠭᠦᠯᠵᠦ᠂ ᠲᠥᠪ ᠬᠢᠭᠡᠳ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢ ᠪᠦᠬᠦ ᠲᠣᠭ᠎ᠠ᠎ᠪᠠᠷ᠎ᠨᠢ ᠲᠥᠯᠥᠪᠯᠡᠭᠡ᠎ᠪᠠᠷ ᠪᠠᠭᠤᠯᠭ᠋ᠠᠭᠰᠠᠨ ᠲᠥᠷᠥᠯ ᠵᠦᠢ᠍ᠯ᠎ᠳᠤ ᠬᠡᠷᠡᠭᠯᠡᠬᠦ ᠵᠢ ᠪᠠᠲᠤᠯᠠᠨ᠂ ᠪᠡᠯᠡ ᠮᠥᠩᠭᠥ ᠵᠢ ᠲᠤᠩᠭ᠋ᠠᠬᠤ ᠪᠣᠶᠤ ᠰᠠᠭ᠋ᠠᠲᠠᠭᠤᠯᠵᠤ ᠪᠣᠯᠬᠤ ᠦᠭᠡᠢ᠂ ᠳᠤᠷ᠎ᠠ᠎ᠪᠠᠷ ᠵᠶ᠋ᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃
     (ᠳᠣᠯᠣᠭ᠎ᠠ) ᠬᠠᠷᠢᠭᠤᠴᠠᠯᠭ᠎ᠠ ᠬᠢᠭᠡᠳ ᠬᠢᠨᠠᠯᠲᠠ ᠬᠠᠮᠢᠶᠠᠷᠤᠯᠲᠠ
      ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠪᠠ ᠲᠥᠷᠥᠯ ᠵᠦᠢ᠍ᠯ᠎ᠤᠨ ᠨᠢᠭᠡᠴᠢ᠎ᠠᠴᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢ ᠭᠤᠶᠤᠴᠢᠯᠠᠬᠤ ᠪᠠ ᠬᠡᠷᠡᠭᠯᠡᠬᠦ ᠲᠠᠯ᠎ᠠ᠎ᠪᠠᠷ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠦᠲᠦᠮᠵᠢᠲᠡᠶ ᠬᠢᠨᠠᠯᠲᠠ ᠲᠠᠯᠪᠢᠵᠤ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢ ᠵᠦᠶ ᠵᠣᠬᠢᠰᠲᠠᠶ ᠬᠡᠷᠡᠭᠯᠡᠬᠦ ᠪᠠ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ ᠬᠢᠨᠠᠨ ᠪᠤᠳᠤᠬᠤ᠂ ᠬᠢᠨᠠᠨ ᠪᠠᠶ᠋ᠢᠴᠠᠭ᠋ᠠᠬᠤ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠨ ᠬᠢᠨᠠᠯᠲᠠ ᠪᠠᠶ᠋ᠢᠴᠠᠭ᠋ᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃
     【ᠬᠠᠮᠢᠶ᠎ᠠ ᠪᠥᠬᠥᠶ ᠲᠥᠷᠥ ᠵᠢᠨ ᠪᠣᠳᠣᠯᠭ᠎ᠠ】
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

ᠢᠷᠡᠯᠲᠡ᠄ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠲᠠᠪᠴᠠᠩ᠎ᠤᠨ ᠵᠠᠮ᠎ᠤᠨ ᠡᠳ᠋ ᠪᠠᠷᠠᠭ᠋ᠠᠨ᠎ᠤ ᠡᠵᠡᠩᠨᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠎ᠤᠨ ᠲᠠᠶ᠋ᠢᠯᠤᠮᠵᠢ
《ᠰᠢᠤᠳᠠᠨ᠎ᠤ ᠦᠢ᠍ᠯᠡᠰ᠎ᠤᠨ ᠢᠯᠡᠭᠡᠨ ᠬᠦᠷᠭᠡᠬᠦ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠰᠦᠢ᠍ᠳᠬᠡᠯ ᠬᠤᠷᠢᠶᠠᠬᠤ ᠥᠷᠲᠡᠭᠡ ᠵᠢᠨ ᠰᠦᠢ᠍ᠳᠬᠡᠯ ᠪᠣᠳᠤᠬᠤ ᠠᠷᠭ᠎ᠠ ᠮᠠᠶᠢᠭ᠎ᠤᠨ ᠲᠣᠬᠢᠷᠠᠭᠤᠯᠤᠯᠲᠠ ᠵᠢ ᠬᠦᠴᠦᠨ ᠥᠬᠡᠶ ᠪᠣᠯᠭ᠋ᠠᠬᠤ ᠲᠤᠬᠠᠶ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠰᠢᠤᠳᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠷᠭ᠎ᠠ》 ᠵᠢᠨ ᠲᠤᠬᠠᠢ ᠲᠠᠶ᠋ᠢᠯᠤᠮᠵᠢ
《ᠵᠠᠮ ᠲᠡᠭᠡᠭᠡᠪᠦᠷᠢ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ (ᠰᠢᠯᠵᠢᠭᠦᠯᠦᠨ ᠨᠡᠢ᠌ᠲᠡᠯᠡᠪᠡ)
 
            