《ᠢᠨᠲ᠋ᠧᠷ ᠰᠦᠯᠵᠢᠶ᠎ᠡ +》 ᠥᠨᠳᠥᠷ ᠪᠦᠲᠦᠮᠵᠢᠲᠡᠢ ᠪᠠᠷᠠᠭ᠋ᠠᠨ᠎ᠤ ᠭᠦᠢ᠍ᠯᠭᠡᠭᠡ ᠵᠢᠴᠢ ᠲᠠᠪᠴᠠᠩ᠎ᠤᠨ ᠠᠵᠤ ᠠᠬᠤᠢ ᠵᠢᠨ ᠵᠢᠷᠤᠮᠵᠢᠯ᠎ᠲᠠᠢ ᠪᠦᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠣᠭᠣᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠮ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠦᠢ᠍ᠯᠡᠰ ᠬᠢᠭᠡᠳ ᠢᠨᠲ᠋ᠧᠷ ᠰᠦᠯᠵᠢᠶ᠎ᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠣᠳᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠵᠢᠷᠤᠮᠵᠢᠭᠤᠯᠤᠨ ᠪᠣᠶ᠋ᠢᠵᠢᠭᠤᠯᠵᠤ᠂ ᠵᠠᠮ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠠᠵᠢᠯ ᠲᠥᠷᠥᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠵᠦ ᠴᠢᠨᠠᠷᠯᠢᠭ ᠵᠶ᠋ᠠᠷ ᠬᠥᠭᠵᠢᠬᠦ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ 2019 ᠣᠨ᠎ᠤ 9 ᠳ᠋ᠦ᠍ᠭᠡᠷ ᠰᠠᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠠᠴᠠ 《ᠰᠦᠯᠵᠢᠶᠡᠨ᠎ᠤ ᠲᠠᠪᠴᠠᠩ᠎ᠤᠨ ᠵᠠᠮ ᠲᠡᠭᠡᠭᠡᠪᠦᠷᠢ ᠵᠢᠨ ᠡᠵᠡᠩᠨᠡᠯᠲᠡ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠳᠣᠷᠤᠭᠰᠢ 《ᠠᠷᠭ᠎ᠠ》 ᠭᠡᠵᠦ ᠲᠣᠪᠴᠢᠯᠠᠨ᠎ᠠ) ᠵᠢ ᠨᠡᠶ᠋ᠢᠲᠡᠯᠡᠪᠡ᠂ ᠡᠨᠡ᠎ᠨᠢ 2016 ᠣᠨ᠎ᠠᠴᠠ ᠡᠬᠢᠯᠡᠨ ᠲᠤᠷᠰᠢᠯᠲᠠ ᠬᠢᠭᠰᠡᠨ ᠲᠡᠷᠭᠡ ᠥᠬᠡᠶ ᠳᠠᠭ᠋ᠠᠭ᠋ᠠᠴᠢᠯᠠᠨ ᠲᠡᠭᠡᠭᠡᠪᠦᠷᠢᠯᠡᠭᠴᠢ᠎ᠠᠴᠠ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠲᠡᠢ᠌ᠰᠢ ᠵᠢᠩᠬᠢᠨᠢ᠎ᠪᠠᠷ ᠰᠢᠯᠵᠢᠭᠰᠡᠨᠢ ᠬᠠᠷᠠᠭᠤᠯᠵᠤ ᠪᠣᠢ᠃ 2020 ᠣᠨ᠎ᠤ 4 ᠳ᠋ᠦ᠍ᠭᠡᠷ ᠰᠠᠷ᠎ᠠ ᠵᠢᠨ 7᠎ᠤ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠤ ᠲᠠᠪᠴᠠᠩ᠎ᠤᠨ ᠵᠠᠮ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠡᠵᠡᠩᠨᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》 (ᠳᠣᠷᠤᠭᠰᠢ 《ᠬᠡᠷᠡᠭᠵᠢᠭᠦᠯᠬᠦ ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠬᠦᠴᠦᠨ᠎ᠲᠠᠢ ᠬᠤᠭᠤᠴᠠᠭ᠎ᠠ᠎ᠨᠢ 2 ᠵᠢᠯ ᠪᠣᠯᠤᠨ᠎ᠠ᠃ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠬᠠᠮᠢᠶ᠎ᠠ ᠪᠥᠬᠥᠶ ᠠᠭᠤᠯᠭ᠎ᠠ ᠵᠢ ᠨᠠᠩ ᠰᠠᠶ᠋ᠢᠲᠤᠷ ᠣᠶ᠋ᠢᠯᠠᠭ᠋ᠠᠬᠤ᠎ᠳᠤ ᠳᠥᠭᠦᠮ ᠦᠵᠡᠭᠦᠯᠦᠨ᠂ 《ᠬᠡᠷᠡᠭᠵᠢᠭᠦᠯᠬᠦ ᠨᠠᠷᠢᠨ ᠲᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠦᠨᠡᠨ ᠬᠦ᠌ ᠰᠠᠶ᠋ᠢᠲᠤᠷ ᠬᠢᠬᠦ ᠵᠢᠨ ᠲᠤᠰᠠᠳᠠ᠂ ᠳᠣᠤᠷᠠᠬᠢ ᠮᠡᠲᠦ ᠲᠠᠶ᠋ᠢᠯᠤᠮᠵᠢ ᠬᠢᠪᠡ᠄
ᠨᠢᠭᠡ᠂ ᠲᠤᠭᠤᠷᠪᠢᠭᠰᠠᠨ ᠠᠬᠤᠶ ᠪᠠᠶ᠋ᠢᠳᠠᠯ
2016 ᠣᠨ᠎ᠤ 8 ᠳ᠋ᠤᠭ᠋ᠠᠷ ᠰᠠᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠪᠦᠬᠦ ᠤᠯᠤᠰ᠎ᠲᠤ ᠲᠡᠷᠭᠡ ᠦᠭᠡᠢ ᠳᠠᠭ᠋ᠠᠭ᠋ᠠᠴᠢᠯᠠᠨ ᠲᠡᠭᠡᠭᠡᠪᠦᠷᠢᠯᠡᠭᠴᠢ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠡᠬᠢᠯᠡᠭᠦᠯᠪᠡ᠃ ᠭᠤᠷᠪᠠᠨ ᠵᠢᠯ᠎ᠤᠨ ᠲᠤᠷᠰᠢ᠂ ᠲᠡᠷᠭᠡ ᠥᠬᠡᠶ᠎ᠪᠠᠷ ᠳᠠᠭ᠋ᠠᠭ᠋ᠠᠴᠢᠯᠠᠨ ᠲᠡᠭᠡᠭᠡᠪᠦᠷᠢᠯᠡᠬᠦ ᠲᠤᠷᠰᠢᠯᠲᠠ ᠵᠢᠨ ᠴᠡᠭ᠎ᠤᠨ ᠠᠵᠢᠯ᠎ᠢ ᠲᠠᠰᠤᠷᠠᠯᠲᠠ ᠥᠬᠡᠶ ᠠᠬᠢᠭᠤᠯᠤᠭᠰᠠᠨ᠎ᠤ ᠬᠠᠮᠲᠤ ᠢᠯᠡᠳᠲᠡ ᠦᠷ᠎ᠡ ᠪᠦᠲᠦᠮᠵᠢ ᠣᠯᠵᠤ᠂ ᠢᠨᠲᠸᠷ ᠰᠦᠯᠵᠢᠶᠡᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠠᠪᠴᠠᠩ᠎ᠤᠨ ᠬᠥᠭᠵᠢᠯᠲᠡ ᠵᠢᠨ ᠵᠠᠭᠪᠤᠷ᠎ᠲᠤ ᠲᠦᠰᠢᠭᠯᠡᠨ ᠰᠦᠪᠡᠭᠴᠢᠯᠡᠯᠲᠡ ᠬᠢᠵᠦ ᠰᠢᠨ᠎ᠡ ᠵᠢ ᠡᠭᠦᠳᠦᠨ᠂ ᠠᠵᠢᠯ ᠲᠥᠷᠥᠯ᠎ᠤᠨ᠎ᠬᠢᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠳᠠᠢ᠌ᠴᠢᠯᠠᠨ᠂ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ᠎ᠨᠢ ᠨᠡᠮᠡᠭᠳᠡᠭᠦᠯᠬᠦ ᠵᠢ ᠠᠬᠢᠭᠤᠯᠬᠤ᠎ᠳᠤ ᠢᠳᠡᠪᠬᠢᠲᠡᠶ ᠦᠢ᠍ᠯᠡᠳᠦᠯ ᠦᠵᠡᠭᠦᠯᠪᠡ᠃ ᠭᠡᠪᠡᠴᠦ ᠬᠠᠤᠯᠢ ᠲᠣᠭᠲᠠᠭ᠋ᠠᠯ ᠪᠠ ᠲᠦᠷᠢᠮ᠎ᠨᠢ ᠲᠡᠭᠦᠯᠳᠡᠷᠵᠢᠭᠡᠳᠦᠶ᠂ ᠠᠵᠢᠯ ᠲᠥᠷᠥᠯ᠎ᠤᠨ ᠬᠠᠤᠯᠢ ᠴᠠᠭ᠋ᠠᠵᠠ ᠵᠢᠨ ᠪᠠᠶ᠋ᠢᠷᠢ ᠲᠣᠭᠲᠠᠭ᠋ᠠᠯᠲᠠ᠎ᠨᠢ ᠪᠠᠯᠠᠷᠬᠠᠶ᠂ ᠬᠢᠨᠠᠯᠲᠠ ᠬᠠᠮᠢᠶᠠᠷᠤᠯᠲᠠ᠎ᠨᠢ ᠪᠦᠲᠦᠮᠵᠢᠲᠡᠶ ᠲᠤᠯᠭ᠋ᠠᠭᠤᠷᠢᠯᠠᠯ ᠵᠶ᠋ᠠᠷ ᠳᠤᠲᠠᠮᠠᠭ ᠪᠠᠶ᠋ᠢᠬᠤ᠎ᠨᠢ ᠮᠥᠨ ᠬᠦ᠌ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠵᠢᠷᠤᠮᠵᠢᠭᠤᠯᠤᠨ ᠠᠵᠢᠯᠯᠠᠭᠤᠯᠬᠤ ᠵᠢᠨ ᠴᠢᠬᠤᠯᠠ ᠰᠠᠭ᠋ᠠᠳ ᠪᠣᠯᠵᠣ ᠪᠣᠢ᠃
2019 ᠣᠨ᠎ᠤ 8 ᠳ᠋ᠤᠭ᠋ᠠᠷ ᠰᠠᠷ᠎ᠠ᠎ᠳᠤ᠂ 《ᠲᠠᠪᠴᠠᠩ᠎ᠤᠨ ᠠᠵᠤ ᠠᠬᠤᠶ ᠵᠢᠨ ᠵᠢᠷᠤᠮᠵᠢᠯ᠎ᠲᠠᠢ ᠪᠦᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》᠎ᠳᠤ᠂ ᠲᠠᠪᠴᠠᠩ᠎ᠤᠨ ᠠᠵᠤ ᠠᠬᠤᠶ ᠵᠢᠨ ᠬᠥᠭᠵᠢᠯᠲᠡ᠎ᠳᠤ ᠵᠣᠬᠢᠴᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠵᠢ ᠠᠬᠢᠭᠤᠯᠤᠨ᠂ ᠡᠷᠬᠡ ᠲᠡᠭᠰᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭ᠋ᠠᠬᠤ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ 2019 ᠣᠨ᠎ᠤ 9 ᠳ᠋ᠦ᠍ᠭᠡᠷ ᠰᠠᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠥᠩᠬᠡᠢ ᠲᠣᠪᠴᠢᠶ᠎ᠠ᠎ᠠᠴᠠ 《ᠰᠦᠯᠵᠢᠶᠡᠨ᠎ᠤ ᠲᠠᠪᠴᠠᠩ᠎ᠤᠨ ᠵᠠᠮ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠡᠵᠡᠩᠨᠡᠯᠲᠡ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠨᠡᠶ᠋ᠢᠲᠡᠯᠡᠵᠦ᠂ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ ᠵᠢᠨ ᠬᠠᠤᠯᠢ ᠴᠠᠭ᠋ᠠᠵᠠ ᠵᠢᠨ ᠪᠠᠶ᠋ᠢᠷᠢ ᠲᠣᠭᠲᠠᠭ᠋ᠠᠯᠲᠠ᠂ ᠦᠢ᠍ᠯᠡ ᠠᠵᠢᠯᠯᠠᠭ᠎ᠠ ᠵᠢᠨ ᠵᠢᠷᠤᠮᠵᠢᠯ ᠵᠢᠴᠢ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠡᠷᠭᠡ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠤᠨ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠵᠢᠷᠤᠮᠵᠢᠯ᠎ᠲᠠᠢ ᠪᠦᠭᠡᠳ ᠡᠷᠡᠭᠦᠯ ᠵᠶ᠋ᠠᠷ ᠬᠥᠭᠵᠢᠬᠦ᠎ᠳᠤ ᠰᠠᠶ᠋ᠢᠨ ᠰᠠᠢ᠌ᠬᠠᠨ ᠲᠦᠷᠢᠮ᠎ᠤᠨ ᠣᠷᠴᠢᠨ ᠨᠦᠬᠦᠴᠡᠯ᠎ᠢ ᠪᠣᠶ ᠪᠣᠯᠭ᠋ᠠᠪᠠ᠃
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠡᠵᠡᠩᠨᠡᠯᠲᠡ ᠵᠢᠨ ᠵᠢᠷᠤᠮᠵᠢᠯ᠎ᠲᠠᠢ ᠪᠦᠭᠡᠳ ᠡᠮᠬᠢ ᠵᠢᠷᠦᠮ᠎ᠲᠠᠢ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠲᠡᠷᠭᠡ ᠦᠭᠡᠢ᠎ᠪᠠᠷ ᠳᠠᠭ᠋ᠠᠭ᠋ᠠᠨ ᠲᠡᠭᠡᠭᠡᠪᠦᠷᠢᠯᠡᠬᠦ ᠲᠤᠷᠰᠢᠯᠲᠠ ᠵᠢᠨ ᠴᠡᠭ᠎ᠤᠨ ᠲᠤᠷᠰᠢᠯᠭ᠎ᠠ᠎ᠳᠤ ᠳ᠋ᠦᠩᠨᠡᠯᠲᠡ ᠬᠢᠵᠦ ᠭᠦᠨᠵᠡᠭᠡᠶ ᠪᠠᠶ᠋ᠢᠴᠠᠭ᠋ᠠᠨ ᠰᠣᠳᠤᠯᠤᠭᠰᠠᠨ ᠰᠠᠭᠤᠷᠢᠨ ᠳᠡᠭᠡᠷ᠎ᠡ᠂ 《ᠬᠡᠷᠡᠭᠵᠢᠭᠦᠯᠬᠦ ᠨᠠᠷᠢᠨ ᠳᠦᠷᠢᠮ》᠎ᠢ ᠲᠣᠭᠲᠠᠭ᠋ᠠᠨ᠂ ᠮᠠᠨ᠎ᠤ ᠣᠷᠣᠨ᠎ᠤ ᠰᠦᠯᠵᠢᠶᠡᠨ᠎ᠤ ᠪᠠᠷᠠᠭ᠎ᠠ ᠲᠡᠭᠡᠭᠡᠪᠦᠷᠢ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠣᠭᠣᠰᠣᠨ᠎ᠢ ᠨᠥᠬᠥᠪᠥᠷᠢᠯᠡᠵᠦ᠂ ᠬᠥᠭᠵᠢᠯᠲᠡ᠎ᠪᠠᠨ ᠵᠢᠷᠤᠮᠵᠢᠭᠤᠯᠤᠨ᠂ ᠬᠠᠮᠢᠶᠠᠷᠤᠯᠲᠠ᠎ᠪᠠᠨ ᠴᠢᠩᠭ᠋ᠠᠳᠬᠠᠵᠤ᠂ ᠦᠢ᠍ᠯᠡᠴᠢᠯᠡᠭᠡ᠎ᠪᠠᠨ ᠳᠡᠭᠡᠭᠰᠢᠯᠡᠭᠦᠯᠪᠡ᠃
ᠬᠣᠶᠠᠷ᠂ ᠳᠤᠭᠤᠷᠪᠢᠬᠤ ᠵᠠᠷᠴᠢᠮ
《ᠬᠡᠷᠡᠭᠵᠢᠭᠦᠯᠬᠦ ᠨᠠᠷᠢᠨ ᠲᠦᠷᠢᠮ》᠎ᠨᠢ ᠨᠢᠭᠡᠨᠲᠡ ᠪᠠᠢ᠌ᠭ᠎ᠠ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ 《ᠠᠷᠭ᠎ᠠ》᠎ᠪᠠᠷ ᠦᠨᠳᠦᠰᠦᠯᠡᠯ ᠪᠣᠯᠭ᠋ᠠᠨ᠂ ᠪᠠᠷᠠᠭ᠋ᠠᠨ᠎ᠤ ᠭᠦᠢ᠍ᠯᠭᠡᠭᠡᠨ᠎ᠤ ᠰᠢᠨ᠎ᠡ ᠡᠵᠡᠩᠨᠡᠯᠲᠡ ᠵᠢᠨ ᠪᠠᠶ᠋ᠢᠳᠠᠯ ᠪᠣᠯᠤᠨ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ᠎ᠪᠠᠷ ᠬᠠᠷᠠᠯᠲᠠ ᠪᠣᠯᠭ᠋ᠠᠵᠤ᠂ ᠤᠷᠮᠠᠰᠢᠭᠤᠯᠤᠨ ᠬᠥᠭᠵᠢᠭᠦᠯᠬᠦ᠂ ᠪᠠᠭᠲᠠᠭ᠋ᠠᠮᠵᠢᠲᠠᠶ ᠪᠦᠭᠡᠳ ᠬᠢᠨᠠᠭᠤᠷ ᠪᠣᠯᠭᠣᠮᠵᠢᠲᠠᠶ ᠪᠠᠶ᠋ᠢᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠰᠢᠨ᠎ᠡ ᠵᠢ ᠡᠭᠦᠳᠴᠦ ᠬᠢᠨᠠᠯᠲᠠ ᠬᠠᠮᠢᠶᠠᠷᠤᠯᠲᠠ᠎ᠳᠤ ᠰᠢᠨ᠎ᠡ ᠵᠢ ᠡᠭᠦᠳᠬᠦ ᠵᠠᠷᠴᠢᠮ᠎ᠢ ᠪᠠᠷᠢᠮᠲᠠᠯᠠᠨ᠂ ᠰᠦᠯᠵᠢᠶᠡᠨ᠎ᠤ ᠪᠠᠷᠠᠭ᠋ᠠᠨ᠎ᠤ ᠲᠡᠭᠡᠭᠡᠪᠦᠷᠢ ᠡᠵᠡᠩᠨᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠰᠢᠰᠲ᠋ᠧᠮᠵᠢ ᠵᠢ ᠪᠠᠢ᠌ᠭᠤᠯᠤᠨ᠎ᠠ᠃
ᠨᠢᠭᠡ᠎ᠳᠤ᠂ ᠤᠷᠮᠠᠰᠢᠭᠤᠯᠤᠨ ᠬᠥᠭᠵᠢᠭᠦᠯᠬᠦ ᠵᠢ ᠪᠠᠷᠢᠮᠲᠠᠯᠠᠨ᠎ᠠ᠃ 《ᠢᠨᠲ᠋ᠧᠷ ᠰᠦᠯᠵᠢᠶ᠎ᠡ +》 ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠦᠨ᠂ 《ᠢᠨᠲ᠋ᠧᠷ ᠰᠦᠯᠵᠢᠶ᠎ᠡ +》 ᠥᠨᠳᠥᠷ ᠪᠦᠲᠦᠮᠵᠢᠲᠡᠶ ᠪᠠᠷᠠᠭ᠋ᠠᠨ᠎ᠤ ᠭᠦᠢ᠍ᠯᠭᠡᠭᠡ ᠵᠢ ᠬᠥᠭᠵᠢᠭᠦᠯᠬᠦ ᠵᠢᠴᠢ ᠲᠠᠪᠴᠠᠩ᠎ᠤᠨ ᠠᠵᠤ ᠠᠬᠤᠶ ᠵᠢᠨ ᠵᠢᠷᠤᠮᠵᠢᠯ᠎ᠲᠠᠢ ᠪᠦᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠥᠬᠥᠶ ᠪᠠᠶ᠋ᠢᠷᠢᠯᠠᠭᠤᠯᠤᠯᠲᠠ ᠶᠣᠰᠣᠭ᠋ᠠᠷ᠂ 《ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠵᠠᠮ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠬᠦᠷᠢᠶ᠎ᠡ ᠴᠠᠷᠠᠭ᠋ᠠᠨ᠎ᠳᠠᠬᠢ ᠰᠢᠨ᠎ᠡ ᠵᠢ ᠡᠭᠦᠳᠦᠨ ᠬᠡᠷᠡᠭᠯᠡᠬᠦ ᠵᠢ ᠵᠣᠷᠢᠭᠵᠢᠭᠤᠯᠵᠤ᠂ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠰᠢᠨ᠎ᠡ ᠡᠵᠡᠩᠨᠡᠯᠲᠡ ᠵᠢᠨ ᠪᠠᠢ᠌ᠳᠠᠯ᠎ᠳᠤ ᠰᠢᠨ᠎ᠡ ᠵᠢ ᠡᠭᠦᠳᠦᠨ ᠬᠥᠭᠵᠢᠬᠦ ᠵᠢ ᠢᠳᠡᠪᠬᠢᠲᠡᠶ᠎ᠪᠠᠷ ᠳᠡᠮᠵᠢᠨ᠎ᠡ᠃
ᠬᠣᠶᠠᠷ᠎ᠲᠤ᠂ ᠪᠠᠭᠲᠠᠭ᠋ᠠᠮᠵᠢᠲᠠᠶ ᠪᠦᠭᠡᠳ ᠬᠢᠨᠠᠭᠤᠷ ᠪᠣᠯᠭᠣᠮᠵᠢᠲᠠᠶ ᠪᠠᠶ᠋ᠢᠬᠤ ᠵᠢ ᠪᠠᠷᠢᠮᠲᠠᠯᠠᠨ᠎ᠠ᠃ ᠰᠢᠨ᠎ᠡ ᠵᠢ ᠡᠭᠦᠳᠬᠦ ᠵᠢ ᠵᠣᠷᠢᠭᠵᠢᠭᠤᠯᠤᠭᠰᠠᠨ ᠰᠠᠭᠤᠷᠢᠨ ᠳᠡᠭᠡᠷ᠎ᠡ᠂ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ ᠵᠢᠨ ᠪᠥᠬᠥ ᠶᠠᠪᠤᠴᠠ ᠵᠢᠨ ᠲᠡᠭᠡᠭᠡᠪᠦᠷᠢ ᠵᠢᠨ ᠬᠠᠷᠢᠭᠤᠴᠠᠯᠭ᠎ᠠ ᠪᠠ ᠬᠠᠤᠯᠢ ᠶᠣᠰᠣᠭ᠋ᠠᠷ ᠭᠠᠶ᠋ᠢᠯᠢ ᠲᠤᠰᠢᠶᠠᠬᠤ ᠡᠭᠦᠷᠭᠡ ᠵᠢ ᠬᠦᠴᠦᠯᠡᠨ ᠴᠢᠩᠭ᠋ᠠᠷᠠᠭᠤᠯᠵᠤ᠂ ᠲᠡᠭᠡᠭᠡᠪᠦᠷᠢ ᠵᠢᠨ ᠠᠮᠤᠷ ᠲᠦᠪᠰᠢᠨ᠎ᠤ 《ᠬᠣᠷᠢᠭ᠎ᠠ ᠱᠤᠭᠤᠮ》 ᠪᠠ ᠭᠠᠶ᠋ᠢᠯᠢ ᠲᠠᠲᠠᠪᠤᠷᠢ ᠵᠢᠨ ᠠᠮᠤᠷ ᠲᠦᠪᠰᠢᠨ᠎ᠤ 《ᠤᠯᠠᠭ᠋ᠠᠨ ᠱᠤᠭᠤᠮ》᠎ᠢ ᠪᠠᠲᠤ ᠰᠠᠬᠢᠨ᠂ ᠵᠢᠷᠤᠮᠵᠢᠯ ᠦᠭᠡᠢ ᠲᠡᠭᠡᠭᠡᠪᠦᠷᠢᠯᠡᠨ ᠡᠵᠡᠩᠨᠡᠬᠦ ᠦᠢ᠍ᠯᠡ ᠠᠵᠢᠯᠯᠠᠭ᠎ᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠰᠢᠨ᠎ᠡ ᠬᠡᠪ ᠵᠠᠭᠪᠤᠷ ᠵᠶ᠋ᠡᠷ ᠡᠷᠡᠭᠦᠯ ᠵᠶ᠋ᠠᠷ ᠬᠥᠭᠵᠢᠬᠦ ᠵᠢ ᠬᠦᠲᠦᠯᠦᠨ ᠵᠢᠯᠤᠭᠣᠳᠤᠨᠠ᠃
ᠭᠤᠷᠪᠠ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠡᠷᠭᠡ ᠥᠬᠡᠶ ᠳᠠᠭ᠋ᠠᠭ᠋ᠠᠨ ᠲᠡᠭᠡᠭᠡᠪᠦᠷᠢᠯᠡᠭᠴᠢ ᠵᠢᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠰᠢᠰᠲ᠋ᠧᠮ᠎ᠲᠠᠢ᠎ᠪᠠᠷ ᠳ᠋ᠦᠩᠨᠡᠨ᠂ ᠰᠢᠨ᠎ᠡ ᠡᠵᠡᠩᠨᠡᠯᠲᠡ ᠵᠢᠨ ᠪᠠᠢ᠌ᠳᠠᠯ᠎ᠤᠨ ᠬᠥᠭᠵᠢᠯᠲᠡ᠎ᠳᠤ ᠣᠷᠣᠰᠢᠵᠤ ᠪᠠᠢ᠌ᠭ᠎ᠠ ᠬᠠᠤᠯᠢ ᠴᠠᠭ᠋ᠠᠵᠠ ᠵᠢᠨ ᠪᠠᠶ᠋ᠢᠷᠢ ᠲᠣᠭᠲᠠᠭ᠋ᠠᠯᠲᠠ᠎ᠨᠢ ᠢᠯᠡ ᠪᠣᠰᠤ᠂ ᠦᠢ᠍ᠯᠡ ᠠᠵᠢᠯᠯᠠᠭ᠎ᠠ᠎ᠨᠢ ᠲᠣᠳᠣᠷᠬᠠᠶ ᠪᠣᠰᠤ᠂ ᠬᠢᠨᠠᠯᠲᠠ ᠬᠠᠮᠢᠶᠠᠷᠤᠯᠲᠠ᠎ᠨᠢ ᠲᠡᠭᠦᠯᠳᠡᠷ ᠪᠤᠰᠤ ᠵᠡᠷᠭᠡ ᠳᠣᠪᠤᠢ᠌ᠮ᠎ᠠ ᠠᠰᠠᠭᠤᠳᠠᠯ ᠪᠠ ᠬᠦᠴᠢᠷ ᠠᠰᠠᠭᠤᠳᠠᠯ᠎ᠳᠤ ᠴᠢᠭᠯᠡᠭᠦᠯᠦᠨ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠎ᠢ ᠬᠦᠴᠦᠯᠡᠨ ᠲᠡᠭᠦᠯᠳᠡᠷᠵᠢᠭᠦᠯᠵᠦ᠂ ᠰᠢᠨ᠎ᠡ ᠡᠵᠡᠩᠨᠡᠯᠲᠡ ᠵᠢᠨ ᠪᠠᠢ᠌ᠳᠠᠯ᠂ ᠰᠢᠨ᠎ᠡ ᠵᠠᠭᠪᠤᠷ ᠵᠶ᠋ᠠᠷ ᠬᠥᠭᠵᠢᠬᠦ᠎ᠳᠤ ᠰᠠᠶ᠋ᠢᠨ ᠰᠠᠶ᠋ᠢᠬᠠᠨ ᠳᠦᠷᠢᠮ᠎ᠤᠨ ᠣᠷᠴᠢᠨ ᠨᠦᠬᠦᠴᠡᠯ᠎ᠢ ᠪᠤᠢ ᠪᠣᠯᠭ᠋ᠠᠨ᠎ᠠ᠃
ᠳᠥᠷᠪᠡ᠎ᠳᠤ᠂ ᠬᠢᠨᠠᠯᠲᠠ ᠬᠠᠮᠢᠶᠠᠷᠤᠯᠲᠠ᠎ᠳᠤ ᠰᠢᠨ᠎ᠡ ᠵᠢ ᠡᠭᠦᠳᠬᠦ ᠵᠢ ᠪᠠᠷᠢᠮᠲᠠᠯᠠᠨ᠎ᠠ᠃ ᠬᠢᠨᠠᠨ ᠬᠠᠮᠢᠶᠠᠷᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠰᠢᠯᠢᠳᠡᠭᠵᠢᠭᠦᠯᠬᠦ᠎ᠪᠠᠷ ᠬᠠᠷᠠᠯᠲᠠ ᠪᠣᠯᠭ᠋ᠠᠵᠤ᠂ ᠮᠡᠳᠡᠭᠡ ᠵᠠᠩᠬᠢᠴᠢᠯᠠᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠵᠤ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠡᠵᠡᠩᠨᠡᠯᠲᠡ ᠵᠢᠨ ᠠᠵᠢᠯᠯᠠᠭ᠋ᠠᠨ᠎ᠢ ᠬᠢᠨᠠᠨ ᠰᠢᠨᠵᠢᠬᠦ ᠪᠠ ᠬᠢᠨᠠᠨ ᠬᠠᠮᠢᠶᠠᠷᠬᠤ ᠵᠢ ᠴᠢᠩᠭ᠋ᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠦᠴᠢᠷ᠎ᠤᠨ ᠮᠡᠳᠡᠭᠡ ᠵᠠᠩᠭᠢ ᠵᠢᠨ ᠨᠡᠪᠲᠡᠷᠡᠯᠴᠡᠭᠡ ᠵᠢ ᠴᠢᠩᠭ᠋ᠠᠳᠬᠠᠵᠤ᠂ ᠬᠢᠨᠠᠨ ᠬᠠᠮᠢᠶᠠᠷᠬᠤ ᠠᠷᠭ᠎ᠠ ᠪᠠᠷᠢᠯ ᠪᠠ ᠠᠷᠭ᠎ᠠ ᠮᠠᠶᠢᠭ᠎ᠲᠤ ᠰᠢᠨ᠎ᠡ ᠵᠢ ᠡᠭᠦᠳᠬᠦ ᠵᠢ ᠢᠳᠡᠪᠬᠢᠲᠡᠶ᠎ᠪᠠᠷ ᠰᠦᠪᠡᠭᠴᠢᠯᠡᠵᠦ᠂ ᠡᠷᠬᠡ ᠲᠡᠭᠰᠢ ᠲᠥᠪ ᠭᠣᠤᠯᠴᠢ ᠵᠠᠬ᠎ᠠ ᠳᠡᠯᠭᠡᠭᠦᠷ᠎ᠤᠨ ᠣᠷᠴᠢᠨ ᠨᠦᠬᠦᠴᠡᠯ᠎ᠢ ᠪᠤᠢ ᠪᠣᠯᠭ᠋ᠠᠨ᠎ᠠ᠃
ᠭᠤᠷᠪᠠ᠂ ᠭᠣᠤᠯ ᠠᠭᠤᠯᠭ᠎ᠠ
《ᠬᠡᠷᠡᠭᠵᠢᠭᠦᠯᠬᠦ ᠨᠠᠷᠢᠨ ᠲᠦᠷᠢᠮ》᠎ᠢ ᠶᠡᠷᠦᠩᠬᠡᠶ ᠲᠦᠷᠢᠮ᠂ ᠬᠢᠷᠢ ᠬᠡᠮ᠎ᠤᠨ ᠬᠠᠮᠢᠶᠠᠷᠤᠯᠲᠠ᠂ ᠡᠵᠡᠩᠨᠡᠯᠲᠡ ᠵᠢᠨ ᠬᠠᠮᠢᠶᠠᠷᠤᠯᠲᠠ᠂ ᠬᠢᠨᠠᠯᠲᠠ ᠪᠠᠶ᠋ᠢᠴᠠᠭ᠋ᠠᠯᠲᠠ ᠪᠠ ᠳᠠᠭ᠋ᠠᠯᠳᠤᠭᠤᠯᠤᠯ ᠲᠦᠷᠢᠮ ᠭᠡᠬᠦ ᠨᠡᠶ᠋ᠢᠲᠡ ᠲᠠᠪᠤᠨ ᠪᠦᠯᠦᠭ ᠬᠣᠷᠢᠨ ᠲᠠᠪᠤᠨ ᠵᠦᠢ᠍ᠯ ᠵᠢᠴᠢ ᠰᠦᠯᠵᠢᠶᠡᠨ᠎ᠤ ᠲᠠᠪᠴᠠᠩ᠎ᠤᠨ ᠵᠠᠮ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠡᠵᠡᠩᠨᠡᠯᠲᠡ ᠵᠢᠨ ᠭᠤᠶᠤᠴᠢᠯᠠᠯ᠎ᠤᠨ ᠬᠦᠰᠦᠨᠥᠭᠲᠦ᠂ ᠵᠠᠮ᠎ᠤᠨ ᠪᠠᠷᠠᠭ᠎ᠠ ᠲᠡᠭᠡᠭᠡᠪᠦᠷᠢ ᠵᠢᠨ ᠡᠵᠡᠩᠨᠡᠯᠲᠡ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠂ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠬᠤᠪᠢᠶᠠᠷᠢ ᠺᠣᠮᠫᠠᠨᠢ ᠵᠢᠨ ᠳᠡᠩᠰᠡᠯᠡᠨ ᠲᠡᠮᠳᠡᠭᠯᠡᠭᠦᠯᠦᠭᠰᠡᠨ ᠬᠦᠰᠦᠨᠦᠭᠲᠦ᠂ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠴᠢᠳᠠᠪᠤᠷᠢ ᠵᠢ ᠮᠠᠭ᠋ᠠᠳᠯᠠᠨ ᠲᠣᠭᠲᠠᠭ᠋ᠠᠭᠰᠠᠨ ᠦᠷ᠎ᠡ ᠳ᠋ᠦᠩ ᠵᠡᠷᠭᠡ ᠳᠥᠷᠪᠡᠨ ᠬᠤᠪᠢ ᠳᠠᠭ᠋ᠠᠯᠳᠤᠭᠤᠯᠤᠯ ᠮᠠᠲᠸᠷᠢᠶᠠᠯ ᠭᠡᠵᠦ ᠬᠤᠪᠢᠶᠠᠨ᠎ᠠ᠂ ᠭᠣᠤᠯ ᠠᠭᠤᠯᠭ᠎ᠠ᠎ᠨᠢ ᠳᠣᠣᠷᠠᠬᠢ ᠮᠡᠲᠦ᠄
(ᠨᠢᠭᠡ) ᠶᠡᠷᠦᠩᠬᠡᠶ ᠳᠦᠷᠢᠮ᠃ 《ᠬᠡᠷᠡᠭᠵᠢᠭᠦᠯᠬᠦ ᠨᠠᠷᠢᠨ ᠲᠦᠷᠢᠮ》᠎ᠤᠨ ᠬᠠᠤᠯᠢ ᠴᠠᠭ᠋ᠠᠵᠠ ᠵᠢᠨ ᠦᠨᠳᠦᠰᠦᠯᠡᠯ᠂ ᠵᠣᠷᠢᠯᠭ᠎ᠠ᠂ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠠ ᠦᠨᠳᠦᠰᠦᠨ ᠱᠠᠭ᠋ᠠᠷᠳᠠᠯᠭ᠎ᠠ ᠵᠡᠷᠭᠡ ᠵᠢ ᠲᠣᠳᠤᠷᠬᠠᠢ᠌ᠯᠠᠪᠠ᠃
(ᠬᠣᠶᠠᠷ) ᠬᠢᠷᠢ ᠬᠡᠮ᠎ᠤᠨ ᠬᠠᠮᠢᠶᠠᠷᠤᠯᠲᠠ᠃ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠴᠢᠳᠠᠪᠤᠷᠢ᠂ ᠵᠠᠮ ᠲᠡᠭᠡᠭᠡᠪᠦᠷᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ᠂ ᠬᠠᠮᠢᠶ᠎ᠠ ᠪᠥᠬᠥᠶ ᠡᠷᠬᠡ ᠵᠢᠨ ᠬᠡᠪᠴᠢᠶ᠎ᠡ ᠪᠠ ᠴᠤᠪᠤᠷᠠᠯ ᠵᠡᠷᠭᠡ᠎ᠳᠤ ᠪᠣᠳᠠᠲᠠᠶ ᠱᠠᠭ᠋ᠠᠷᠳᠠᠯᠭ᠎ᠠ ᠳᠤᠷᠠᠳᠤᠪᠠ ᠃
(ᠭᠤᠷᠪᠠ) ᠡᠵᠡᠩᠨᠡᠯᠲᠡ ᠵᠢᠨ ᠬᠠᠮᠢᠶᠠᠷᠤᠯᠲᠠ᠃ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ ᠵᠢᠨ ᠲᠠᠪᠴᠠᠩ᠂ ᠡᠵᠡᠩᠨᠡᠯᠲᠡ ᠵᠢᠨ ᠬᠡᠪᠴᠢᠶ᠎ᠡ᠂ ᠬᠢᠷᠢ ᠬᠡᠮ᠎ᠤᠨ ᠭᠡᠷᠡᠴᠢ ᠦᠨᠡᠮᠯᠡᠯ᠂ ᠭᠡᠷ᠎ᠡ ᠲᠣᠭᠲᠠᠬᠤ ᠪᠠ ᠲᠡᠷᠭᠡᠨ᠎ᠳᠤ ᠠᠴᠢᠭᠰᠠᠨ ᠳᠠᠭ᠋ᠠᠭᠤᠯᠢ ᠣᠳᠣᠨ᠎ᠤ ᠪᠠᠶ᠋ᠢᠷᠢ ᠲᠣᠭᠲᠠᠭ᠋ᠠᠯᠲᠠ ᠵᠡᠷᠭᠡ᠎ᠳᠤ ᠪᠣᠳᠠᠲᠠᠶ ᠱᠠᠭ᠋ᠠᠷᠳᠠᠯᠭ᠎ᠠ ᠳᠤᠷᠠᠳᠤᠪᠠ᠃
(ᠳᠦᠷᠪᠡ) ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ᠃ 《ᠰᠦᠯᠵᠢᠶᠡᠨ᠎ᠤ ᠲᠠᠪᠴᠠᠩ᠎ᠤᠨ ᠵᠠᠮ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠡᠵᠡᠩᠨᠡᠯᠲᠡ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠴᠢ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠠᠴᠠ ᠵᠥᠷᠢᠴᠡᠭᠰᠡᠨ ᠴᠠᠭ᠋ᠠᠵᠠᠯᠠᠬᠤ ᠴᠢᠨᠠᠷᠲᠠᠶ ᠵᠦᠢ᠍ᠯ ᠵᠤᠷᠪᠤᠰ ᠪᠠ ᠠᠵᠤ ᠠᠬᠤᠶ᠋ᠢᠯᠠᠯ᠎ᠤᠨ ᠶᠠᠰᠤ ᠴᠢᠨᠠᠷ ᠪᠠ ᠢᠲᠡᠭᠡᠯ ᠬᠦᠨᠳᠦ ᠵᠢᠨ ᠰᠢᠯᠭ᠋ᠠᠨ ᠬᠢᠨᠠᠯᠲᠠ ᠵᠡᠷᠭᠡ᠎ᠳᠤ ᠪᠣᠳᠠᠲᠠᠶ ᠱᠠᠭ᠋ᠠᠷᠳᠠᠯᠭ᠎ᠠ ᠳᠤᠷᠠᠳᠤᠪᠠ᠃
(ᠲᠠᠪᠤ) ᠳᠠᠭ᠋ᠠᠯᠳᠤᠭᠤᠯᠤᠯ ᠳᠦᠷᠢᠮ᠃ 《ᠬᠡᠷᠡᠭᠵᠢᠭᠦᠯᠬᠦ ᠨᠠᠷᠢᠨ ᠲᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠬᠤ ᠵᠢᠴᠢ ᠬᠦᠴᠦᠨ᠎ᠲᠠᠢ ᠬᠤᠭᠤᠴᠠᠭ᠎ᠠ᠂ ᠬᠡᠷᠡᠭᠵᠢᠭᠦᠯᠬᠦ ᠴᠠᠭ ᠬᠤᠭᠤᠴᠠᠭ᠎ᠠ ᠵᠡᠷᠭᠡ ᠵᠢ ᠲᠣᠳᠣᠷᠬᠠᠶ᠋ᠢᠯᠠᠪᠠ᠃
《ᠬᠡᠷᠡᠭᠵᠢᠭᠦᠯᠬᠦ ᠨᠠᠷᠢᠨ ᠲᠦᠷᠢᠮ》᠎ᠢ ᠨᠡᠶ᠋ᠢᠲᠡᠯᠡᠭᠰᠡᠨ᠎ᠨᠢ᠂ ᠲᠠᠪᠴᠠᠩ᠎ᠤᠨ ᠠᠵᠤ ᠠᠬᠤᠶ ᠵᠢᠨ ᠵᠢᠷᠤᠮᠵᠢᠯ᠎ᠲᠠᠢ ᠪᠦᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ 《ᠠᠷᠭ᠎ᠠ》 ᠵᠢ ᠦᠨᠡᠨ ᠬᠦ᠌ ᠬᠡᠷᠡᠭᠵᠢᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠪᠠᠶ᠋ᠢᠵᠤ᠂ ᠰᠦᠯᠵᠢᠶᠡᠨ᠎ᠤ ᠪᠠᠷᠠᠭ᠎ᠠ ᠲᠡᠭᠡᠭᠡᠪᠦᠷᠢ ᠵᠢᠨ ᠬᠥᠭᠵᠢᠯᠲᠡ ᠵᠢ ᠲᠦᠷᠭᠡᠳᠬᠡᠬᠦ ᠪᠠ ᠵᠠᠮ ᠬᠠᠷᠢᠯᠴᠠᠭ᠎ᠠ ᠲᠡᠭᠡᠭᠡᠪᠦᠷᠢ ᠵᠢᠨ ᠬᠥᠭᠵᠢᠯᠲᠡ ᠵᠢᠨ ᠰᠢᠨ᠎ᠡ ᠬᠦᠳᠡᠯᠭᠡᠬᠦ ᠡᠨᠧᠷᠭᠢ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ᠎ᠳᠤ ᠰᠠᠶ᠋ᠢᠨ ᠰᠠᠶ᠋ᠢᠬᠠᠨ ᠲᠦᠷᠢᠮ᠎ᠤᠨ ᠣᠷᠴᠢᠨ ᠨᠦᠬᠦᠴᠡᠯ᠎ᠢ ᠪᠣᠶ ᠪᠣᠯᠭ᠋ᠠᠵᠤ ᠥᠭᠪᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ 《ᠬᠡᠷᠡᠭᠵᠢᠭᠦᠯᠬᠦ ᠨᠠᠷᠢᠨ ᠲᠦᠷᠢᠮ》᠎ᠢ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠨ᠂ ᠠᠵᠢᠯ ᠲᠥᠷᠥᠯ᠎ᠤᠨ ᠬᠡᠷᠡᠭ᠎ᠤᠨ ᠳᠤᠮᠳᠠᠬᠢ ᠪᠠ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡ ᠵᠢ ᠭᠦᠨᠵᠡᠭᠡᠶ᠋ᠢᠷᠡᠭᠦᠯᠵᠦ᠂ ᠵᠠᠮ᠎ᠤᠨ ᠪᠠᠷᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠬᠥᠭᠵᠢᠯᠲᠡ ᠵᠢᠨ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ ᠵᠥᠷᠢᠴᠡᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ ᠠᠬᠢᠭᠤᠯᠵᠤ᠂ ᠠᠵᠢᠯ ᠲᠥᠷᠥᠯ᠎ᠤᠨ ᠡᠷᠡᠭᠦᠯ ᠪᠥᠭᠡᠳ ᠲᠣᠭᠲᠠᠭᠤᠨ ᠪᠠᠶ᠋ᠢᠬᠤ ᠵᠢ ᠬᠠᠮᠠᠭ᠋ᠠᠯᠠᠵᠤ᠂ ᠵᠠᠮ ᠵᠢᠨ ᠪᠠᠷᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠴᠢᠨᠠᠷᠯᠢᠭ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠤᠨ᠎ᠠ᠃