2019 ᠣᠨ᠎ᠤ 10 ᠳ᠋ᠤᠭ᠋ᠠᠷ ᠰᠠᠷ᠎ᠠ ᠵᠢᠨ 26᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭ᠋ᠠᠨ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠤᠴᠠ ᠲᠡᠮᠳᠡᠭ᠎ᠤᠨ ᠬᠠᠤᠯᠢ》 ᠵᠢ ᠪᠠᠲᠤᠯᠠᠵᠤ᠂ ᠲᠡᠷᠢᠭᠦᠯᠡᠭᠴᠢ ᠰᠢ ᠵᠢᠨ ᠫᠢᠩ᠎ᠠᠴᠠ ᠲᠡᠷᠢᠭᠦᠯᠡᠭᠴᠢ ᠵᠢᠨ ᠵᠠᠷᠯᠢᠭ᠎ᠲᠤ ᠭᠠᠷᠤᠨ ᠥᠰᠥᠭ ᠵᠢᠷᠤᠵᠤ ᠨᠡᠢ᠌ᠲᠡᠯᠡᠨ᠂ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃ ᠨᠢᠭᠤᠴᠠ ᠲᠡᠮᠳᠡᠭ᠎ᠤᠨ ᠬᠠᠤᠯᠢ ᠵᠢ ᠨᠡᠶ᠋ᠢᠲᠡᠯᠡᠨ ᠬᠡᠷᠡᠭᠵᠢᠭᠦᠯᠬᠦ᠎ᠨᠢ᠂ ᠨᠢᠭᠤᠴᠠ ᠲᠡᠮᠳᠡᠭ᠎ᠤᠨ ᠠᠵᠢᠯ᠎ᠤᠨ ᠲᠡᠤᠬᠡᠨ ᠳᠡᠭᠡᠷᠡᠬᠢ ᠪᠡᠯᠭᠡ ᠲᠡᠮᠳᠡᠭ᠎ᠤᠨ ᠠᠴᠢ ᠬᠣᠯᠪᠣᠭᠳᠠᠯ ᠪᠥᠬᠥᠶ ᠶᠡᠬᠡ ᠶᠠᠪᠤᠳᠠᠯ ᠪᠠᠶ᠋ᠢᠵᠤ᠂ ᠨᠢᠭᠤᠴᠠ ᠲᠡᠮᠳᠡᠭ᠎ᠤᠨ ᠦᠢ᠍ᠯᠡᠰ᠎ᠤᠨ ᠬᠥᠭᠵᠢᠯᠲᠡ᠎ᠳᠤ ᠴᠢᠬᠤᠯᠠ ᠶᠡᠬᠡ ᠪᠥᠭᠡᠳ ᠠᠯᠤᠰ ᠬᠡᠲᠦ ᠵᠢᠨ ᠨᠥᠯᠦᠭᠡ ᠦᠵᠡᠭᠦᠯᠬᠦ᠎ᠨᠢ ᠯᠠᠪᠲᠠᠶ ᠶᠤᠮ᠃
ᠨᠢᠭᠤᠴᠠ ᠲᠡᠮᠳᠡᠭ᠎ᠤᠨ ᠬᠠᠤᠯᠢ ᠵᠢ ᠲᠣᠭᠲᠠᠭ᠋ᠠᠬᠤ ᠪᠠ ᠬᠡᠷᠡᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠶ
ᠨᠢᠭᠤᠴᠠ ᠲᠡᠮᠳᠡᠭ ᠪᠣᠯ ᠮᠠᠨ᠎ᠤ ᠨᠠᠮ ᠪᠣᠯᠤᠨ ᠤᠯᠤᠰ᠎ᠤᠨ 《ᠠᠮᠢᠨ ᠰᠤᠳᠠᠰᠤ》᠂ 《ᠠᠮᠢᠨ ᠵᠠᠩᠭᠢᠯᠠᠭ᠎ᠠ》 ᠮᠥᠨ᠂ ᠨᠢᠭᠤᠴᠠ ᠲᠡᠮᠳᠡᠭ᠎ᠤᠨ ᠠᠵᠢᠯ ᠪᠣᠯ ᠨᠠᠮ ᠪᠠ ᠤᠯᠤᠰ᠎ᠤᠨ ᠨᠢᠭᠡᠨ ᠣᠨᠴᠠᠭ᠋ᠠᠢ ᠴᠢᠬᠤᠯᠠ ᠦᠢ᠍ᠯᠡᠰ ᠮᠥᠨ᠂ ᠮᠠᠨ᠎ᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠡᠯ᠎ᠡ ᠲᠡᠤᠬᠡᠨ ᠴᠠᠭ ᠦᠶ᠎ᠡ᠎ᠳᠤ ᠴᠥᠮ ᠣᠷᠣᠯᠠᠭᠤᠯᠵᠤ ᠪᠣᠯᠤᠰᠢ ᠦᠭᠡᠢ ᠴᠢᠬᠤᠯᠠ ᠦᠢ᠍ᠯᠡᠳᠦᠯ ᠦᠵᠡᠭᠦᠯᠪᠡ᠃ ᠰᠢᠨ᠎ᠡ ᠴᠠᠭ ᠦᠶ᠎ᠡ᠎ᠳᠤ ᠣᠷᠣᠬᠤ᠎ᠳᠤ᠂ ᠨᠢᠭᠤᠴᠠ ᠲᠡᠮᠳᠡᠭ᠎ᠤᠨ ᠠᠵᠢᠯ᠎ᠳᠤ ᠮᠠᠰᠢ ᠤᠯᠠᠨ ᠰᠢᠨ᠎ᠡ ᠠᠵᠠ ᠲᠣᠬᠢᠶᠠᠯ ᠪᠠ ᠥᠷᠢᠰᠦᠯᠳᠦᠭᠡᠨ ᠲᠤᠯᠭ᠋ᠠᠷᠠᠵᠤ ᠪᠣᠢ᠃ ᠨᠢᠭᠤᠴᠠ ᠲᠡᠮᠳᠡᠭ᠎ᠤᠨ ᠬᠠᠤᠯᠢ ᠵᠢ ᠲᠣᠭᠲᠠᠭ᠋ᠠᠬᠤ ᠪᠠ ᠬᠡᠷᠡᠭᠵᠢᠭᠦᠯᠬᠦ᠎ᠨᠢ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠢᠭᠤᠴᠠ ᠲᠡᠮᠳᠡᠭ᠎ᠤᠨ ᠠᠵᠢᠯ᠎ᠤᠨ ᠬᠠᠤᠯᠢᠵᠢᠯᠲᠠ ᠪᠣᠯᠤᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠳᠤ᠂ ᠮᠠᠰᠢ ᠴᠢᠬᠤᠯᠠ ᠠᠴᠢ ᠬᠣᠯᠪᠣᠭᠳᠠᠯ᠎ᠲᠠᠢ ᠶᠤᠮ᠃
ᠨᠢᠭᠡᠳᠦᠭᠡᠷ᠎ᠲᠤ᠂ ᠡᠨᠡ ᠪᠣᠯ ᠤᠯᠤᠰ᠎ᠤᠨ ᠠᠮᠤᠷ ᠲᠦᠪᠰᠢᠨ᠎ᠤ ᠬᠠᠤᠯᠢ ᠴᠠᠭ᠋ᠠᠵᠠ ᠵᠢᠨ ᠲᠦᠷᠢᠮ᠎ᠤᠨ ᠰᠢᠰᠲ᠋ᠧᠮ᠎ᠢ ᠪᠠᠢ᠌ᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠳᠤᠷᠠᠳᠤᠭᠰᠠᠨ᠎ᠨᠢ᠂ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠠᠮᠤᠷ ᠲᠦᠪᠰᠢᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠲᠦᠷᠭᠡᠳᠬᠡᠵᠦ᠂ ᠤᠯᠤᠰ᠎ᠤᠨ ᠠᠮᠤᠷ ᠲᠦᠪᠰᠢᠨ᠎ᠤ ᠬᠠᠤᠯᠢ ᠴᠠᠭ᠋ᠠᠵᠠ ᠵᠢᠨ ᠲᠦᠷᠢᠮ᠎ᠤᠨ ᠰᠢᠰᠲ᠋ᠧᠮ᠎ᠢ ᠪᠠᠶ᠋ᠢᠭᠤᠯᠤᠨ᠎ᠠ᠃ ᠨᠢᠭᠤᠴᠠ ᠲᠡᠮᠳᠡᠭ᠎ᠤᠨ ᠠᠵᠢᠯ᠎ᠨᠢ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠂ ᠠᠵᠤ ᠠᠬᠤᠶ ᠵᠢᠨ ᠠᠮᠤᠷ ᠲᠦᠪᠰᠢᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠠᠮᠤᠷ ᠲᠦᠪᠰᠢᠨ ᠪᠠ ᠮᠡᠳᠡᠭᠡ ᠵᠠᠩᠭᠢ ᠵᠢᠨ ᠠᠮᠤᠷ ᠲᠦᠪᠰᠢᠨ᠎ᠲᠠᠢ ᠰᠢᠭᠤᠳ ᠬᠣᠯᠪᠣᠭᠳᠠᠵᠤ ᠪᠠᠶ᠋ᠢᠳᠠᠭ᠃ ᠨᠠᠮ᠎ᠤᠨ ᠲᠥᠪ ᠬᠣᠷᠢᠶ᠎ᠠ᠎ᠠᠴᠠ ᠨᠢᠭᠤᠴᠠ ᠲᠡᠮᠳᠡᠭ᠎ᠤᠨ ᠬᠠᠤᠯᠢ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠢᠭᠤᠴᠠ ᠲᠡᠮᠳᠡᠭ᠎ᠤᠨ ᠬᠠᠤᠯᠢ ᠵᠢ ᠤᠯᠤᠰ᠎ᠤᠨ ᠠᠮᠤᠷ ᠲᠦᠪᠰᠢᠨ᠎ᠤ ᠬᠠᠤᠯᠢ ᠴᠠᠭ᠋ᠠᠵᠠ ᠵᠢᠨ ᠲᠦᠷᠢᠮ᠎ᠤᠨ ᠰᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠭ᠋ᠠᠵᠤ᠂ ᠤᠯᠤᠰ᠎ᠤᠨ ᠠᠮᠤᠷ ᠲᠦᠪᠰᠢᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠲᠣᠮᠤ ᠲᠠᠪᠠᠭ᠎ᠲᠤ ᠨᠢᠭᠤᠴᠠ ᠲᠡᠮᠳᠡᠭ᠎ᠤᠨ ᠬᠠᠤᠯᠢ ᠵᠢ ᠰᠤᠳᠤᠯᠤᠨ ᠲᠣᠭᠲᠠᠭ᠋ᠠᠬᠤ ᠬᠡᠷᠡᠭᠲᠡᠶ ᠭᠡᠵᠦ ᠴᠢᠬᠤᠯᠠᠴᠢᠯᠠᠵᠤ᠂ ᠨᠠᠮ᠎ᠤᠨ ᠨᠢᠭᠤᠴᠠ ᠲᠡᠮᠳᠡᠭ᠎ᠤᠨ ᠠᠵᠢᠯ᠎ᠤᠨ ᠲᠤᠬᠠᠶ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠬᠠᠤᠯᠢ᠎ᠳᠤ ᠲᠣᠭᠲᠠᠭ᠋ᠠᠭᠰᠠᠨ ᠵᠢᠷᠤᠮ ᠵᠶ᠋ᠠᠷ ᠳᠠᠮᠵᠢᠭᠤᠯᠤᠨ ᠤᠯᠤᠰ᠎ᠤᠨ ᠵᠣᠷᠢᠭ ᠰᠠᠨᠠᠭ᠎ᠠ ᠪᠣᠯᠭ᠋ᠠᠨ ᠬᠤᠪᠢᠷᠠᠭᠤᠯᠤᠨ᠎ᠠ᠃ ᠨᠢᠭᠤᠴᠠ ᠲᠡᠮᠳᠡᠭ᠎ᠤᠨ ᠬᠠᠤᠯᠢ ᠵᠢ ᠲᠣᠭᠲᠠᠭ᠋ᠠᠬᠤ ᠪᠠ ᠬᠡᠷᠡᠭᠵᠢᠭᠦᠯᠬᠦ᠎ᠨᠢ᠂ ᠮᠠᠨ᠎ᠤ ᠤᠯᠤᠰ᠎ᠤᠨ ᠨᠢᠭᠤᠴᠠ ᠲᠡᠮᠳᠡᠭ᠎ᠤᠨ ᠬᠦᠷᠢᠶᠡᠨ᠎ᠳᠠᠬᠢ ᠤᠷᠲᠤ ᠬᠤᠭᠤᠴᠠᠭ᠎ᠠ᠎ᠪᠠᠷ ᠣᠷᠣᠰᠢᠵᠤ ᠪᠠᠶ᠋ᠢᠭ᠎ᠠ ᠬᠠᠤᠯᠢ ᠴᠠᠭ᠋ᠠᠵᠠ ᠵᠢᠨ ᠬᠣᠭᠣᠰᠣᠨ ᠪᠠᠢ᠌ᠳᠠᠯ᠎ᠢ ᠨᠥᠬᠥᠪᠥᠷᠢᠯᠡᠵᠦ᠂ ᠨᠢᠭᠤᠴᠠ ᠲᠡᠮᠳᠡᠭ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠲᠦᠷᠭᠡᠳᠬᠡᠨ᠂ ᠤᠯᠤᠰ᠎ᠤᠨ ᠠᠮᠤᠷ ᠲᠦᠪᠰᠢᠨ᠎ᠤ ᠬᠦᠷᠢᠶᠡᠨ᠎ᠳᠠᠬᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠷᠢᠴᠠᠭ᠎ᠠ ᠵᠢ ᠰᠢᠯᠤᠭᠤᠳᠬᠠᠵᠤ᠂ ᠤᠯᠤᠰ᠎ᠤᠨ ᠠᠮᠤᠷ ᠲᠦᠪᠰᠢᠨ᠎ᠤ ᠬᠠᠤᠯᠢ ᠴᠠᠭ᠋ᠠᠵᠠ ᠵᠢᠨ ᠲᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠬᠣᠶᠠᠳᠤᠭ᠋ᠠᠷ᠎ᠲᠤ᠂ ᠡᠨᠡ ᠪᠣᠯ ᠤᠯᠤᠰ᠎ᠤᠨ ᠰᠦᠯᠵᠢᠶᠡᠨ᠎ᠤ ᠣᠷᠣᠨ ᠵᠠᠶ ᠵᠢᠨ ᠡᠷᠬᠡ ᠮᠡᠳᠡᠯ᠎ᠤᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠨᠢᠭᠤᠴᠠ ᠲᠡᠮᠳᠡᠭ ᠪᠣᠯ ᠣᠳᠣᠬᠠᠨ᠎ᠳᠤ ᠳᠡᠯᠡᠬᠡᠶ ᠨᠡᠶ᠋ᠢᠲᠡ᠎ᠳᠤ ᠮᠡᠳᠡᠷᠡᠭᠳᠡᠵᠦ ᠪᠠᠶ᠋ᠢᠭ᠎ᠠ᠂ ᠰᠦᠯᠵᠢᠶ᠎ᠡ ᠪᠣᠯᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠬᠤ ᠬᠠᠮᠤᠭ᠎ᠤᠨ ᠪᠦᠲᠦᠮᠵᠢᠲᠡᠶ᠂ ᠬᠠᠮᠤᠭ᠎ᠤᠨ ᠨᠠᠶ᠋ᠢᠳᠠᠪᠤᠷᠢᠲᠠᠶ᠂ ᠬᠠᠮᠤᠭ᠎ᠤᠨ ᠬᠢᠮᠳᠠ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ ᠪᠣᠯᠤᠨ᠎ᠠ᠃ ᠮᠡᠳᠡᠭᠡ ᠵᠠᠩᠭᠢᠴᠢᠯᠠᠯᠲᠠ ᠳᠡᠭᠡᠳᠦ ᠬᠡᠮᠵᠢᠶ᠎ᠡ᠎ᠪᠠᠷ ᠬᠥᠭᠵᠢᠭᠰᠡᠨ ᠥᠨᠥᠳᠦᠷ᠂ ᠨᠢᠭᠤᠴᠠ ᠲᠡᠮᠳᠡᠭ᠎ᠤᠨ ᠬᠡᠷᠡᠭᠯᠡᠯᠲᠡ᠎ᠨᠢ ᠨᠢᠭᠡᠨᠲᠡ ᠨᠡᠶ᠋ᠢᠭᠡᠮ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠯ᠎ᠡ ᠲᠠᠯ᠎ᠠ᠎ᠳᠤ ᠨᠡᠪᠴᠢᠵᠦ᠂ ᠵᠠᠰᠠᠭ᠎ᠤᠨ ᠡᠷᠬᠡ ᠵᠢᠨ ᠠᠮᠤᠷ ᠲᠦᠪᠰᠢᠨ᠎ᠳᠤ ᠬᠣᠯᠪᠣᠭᠳᠠᠭᠰᠠᠨ ᠨᠢᠭᠤᠴᠠ ᠴᠢᠮᠡᠭᠡ ᠬᠣᠯᠪᠣᠭ᠎ᠠ᠂ ᠴᠡᠷᠢᠭ᠎ᠤᠨ ᠶᠠᠪᠤᠳᠠᠯ᠎ᠤᠨ ᠵᠢᠯᠣᠭᠣᠳᠣᠯᠭ᠎ᠠ᠎ᠠᠴᠠ ᠤᠯᠤᠰ ᠠᠷᠠᠳ᠎ᠤᠨ ᠠᠵᠤ ᠠᠬᠤᠶ᠎ᠳᠤ ᠬᠣᠯᠪᠣᠭᠳᠠᠬᠤ ᠮᠥᠩᠭᠥᠨ ᠭᠦᠢ᠍ᠯᠭᠡᠭᠡᠨ᠎ᠤ ᠠᠷᠠᠯᠵᠢᠶ᠎ᠠ᠂ ᠬᠠᠭᠤᠷᠮᠠᠭ᠎ᠢ ᠰᠡᠷᠭᠡᠢ᠌ᠯᠡᠬᠦ ᠭᠠᠶ᠋ᠢᠯᠢ ᠵᠢᠨ ᠡᠵᠡᠮᠰᠢᠯ᠂ ᠴᠢᠨᠠᠭᠰᠢᠯᠠᠨ ᠠᠷᠠᠳ ᠢᠷᠭᠡᠳ᠎ᠤᠨ ᠡᠷᠬᠡ ᠠᠰᠢᠭ᠎ᠲᠤ ᠬᠣᠯᠪᠣᠭᠳᠠᠭᠰᠠᠨ ᠡᠯᠧᠺᠲᠷᠣᠨ ᠲᠣᠭ᠋ᠠᠴᠠᠭ᠎ᠠ᠂ ᠰᠦᠯᠵᠢᠶᠡᠨ ᠳᠡᠭᠡᠷ᠎ᠡ ᠠᠵᠢᠯᠯᠠᠬᠤ ᠵᠡᠷᠭᠡ᠎ᠳᠤ᠂ ᠨᠢᠭᠤᠴᠠ ᠲᠡᠮᠳᠡᠭ ᠴᠥᠮ ᠠᠷᠤᠳᠤᠨᠢ ᠰᠠᠭᠤᠷᠢ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠵᠦ ᠪᠠᠶ᠋ᠢᠳᠠᠭ᠃ ᠨᠢᠭᠤᠴᠠ ᠲᠡᠮᠳᠡᠭ᠎ᠤᠨ ᠬᠠᠤᠯᠢ ᠵᠢ ᠲᠣᠭᠲᠠᠭ᠋ᠠᠬᠤ ᠪᠠ ᠬᠡᠷᠡᠭᠵᠢᠭᠦᠯᠬᠦ᠎ᠨᠢ᠂ ᠳᠠᠷᠤᠶ ᠨᠢᠭᠤᠴᠠ ᠲᠡᠮᠳᠡᠭ᠎ᠤᠨ ᠬᠡᠷᠡᠭᠯᠡᠯᠲᠡ ᠪᠣᠯᠤᠨ ᠬᠠᠮᠢᠶᠠᠷᠤᠯᠲᠠ ᠵᠢᠨ ᠦᠨᠳᠦᠰᠦᠨ ᠳᠦᠷᠢᠮ᠎ᠢ ᠴᠠᠭ ᠲᠤᠬᠠᠶ᠎ᠳᠤᠨᠢ ᠬᠠᠤᠯᠢ ᠴᠠᠭ᠋ᠠᠵᠠ ᠵᠢᠨ ᠳᠦᠷᠢᠮᠵᠢᠯ ᠪᠣᠯᠭ᠋ᠠᠨ ᠳᠡᠭᠡᠭᠰᠢᠯᠡᠭᠦᠯᠵᠦ᠂ ᠨᠢᠭᠤᠴᠠ ᠲᠡᠮᠳᠡᠭ᠎ᠤᠨ ᠮᠡᠷᠭᠡᠵᠢᠯ ᠵᠶ᠋ᠠᠷ ᠭᠣᠤᠯ ᠪᠣᠯᠭ᠋ᠠᠭᠰᠠᠨ᠂ ᠣᠯᠠᠨ ᠵᠦᠢ᠍ᠯ᠎ᠤᠨ ᠮᠡᠷᠭᠡᠵᠢᠯ ᠰᠣᠯᠪᠢᠴᠠᠨ ᠨᠡᠶ᠋ᠢᠯᠡᠭᠰᠡᠨ ᠰᠦᠯᠵᠢᠶᠡᠨ᠎ᠤ ᠣᠷᠣᠨ ᠵᠠᠶ ᠵᠢᠨ ᠰᠢᠨ᠎ᠡ ᠠᠮᠤᠷ ᠲᠦᠪᠰᠢᠨ᠎ᠤ ᠪᠠᠶ᠋ᠢᠭᠤᠯᠤᠯ᠎ᠢ ᠪᠠᠶ᠋ᠢᠭᠤᠯᠬᠤ ᠵᠢ ᠠᠬᠢᠭᠤᠯᠵᠤ᠂ ᠨᠠᠮ ᠪᠠ ᠤᠯᠤᠰ᠎ᠤᠨ ᠪᠠᠶ᠋ᠢᠯᠳᠤᠬᠤ ᠪᠤᠳᠤᠯᠭ᠎ᠠ᠎ᠨᠢ ᠬᠠᠮᠢᠭ᠎ᠠ ᠬᠦᠷᠲᠡᠯ᠎ᠡ ᠤᠷᠤᠭᠰᠢᠯᠠᠪᠠᠯ᠂ ᠨᠢᠭᠤᠴᠠ ᠲᠡᠮᠳᠡᠭ᠎ᠢ ᠲᠡᠨᠳᠡ ᠬᠦᠷᠲᠡᠯ᠎ᠡ ᠪᠠᠲᠤᠯᠠᠬᠤ ᠵᠢ ᠴᠢᠷᠮᠠᠢ᠌ᠨ ᠪᠡᠶᠡᠯᠡᠭᠦᠯᠦᠨ᠎ᠡ᠃
ᠭᠤᠷᠪᠠᠳᠤᠭ᠋ᠠᠷ᠎ᠲᠤ᠂ ᠡᠨᠡ ᠪᠣᠯ ᠨᠢᠭᠤᠴᠠ ᠲᠡᠮᠳᠡᠭ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠃ ᠮᠠᠨ᠎ᠤ ᠨᠠᠮ᠎ᠤᠨ ᠨᠢᠭᠤᠴᠠ ᠲᠡᠮᠳᠡᠭ᠎ᠤᠨ ᠠᠵᠢᠯ᠎ᠨᠢ 1930 ᠣᠨ᠎ᠤ 1 ᠳ᠋ᠦ᠍ᠭᠡᠷ ᠰᠠᠷ᠎ᠠ᠎ᠳᠤ ᠮᠡᠨᠳᠦᠯᠡᠵᠦ᠂ ᠮᠣᠣ ᠽᠸ ᠳ᠋ᠦᠩ᠂ ᠵᠧᠤ ᠧᠨ ᠯᠠᠶ ᠵᠡᠷᠭᠡ ᠠᠬᠠᠮᠠᠳ ᠨᠢᠭᠡ ᠦᠶ᠎ᠡ ᠵᠢᠨ ᠦᠭᠡᠶ᠋ᠢᠭᠦᠦ ᠠᠩᠭᠢ ᠵᠢᠨ ᠬᠤᠪᠢᠰᠬᠠᠯᠴᠢᠳ᠎ᠠᠴᠠ ᠪᠡᠶ᠎ᠡ᠎ᠪᠠᠷ ᠵᠶ᠋ᠠᠨ ᠤᠳᠤᠷᠢᠳᠤᠨ ᠡᠭᠦᠳᠦᠨ ᠪᠠᠶ᠋ᠢᠭᠤᠯᠤᠭᠰᠠᠨ ᠶᠤᠮ᠂ ᠨᠢᠭᠡᠨᠲᠡ 90 ᠰᠢᠬᠠᠮ ᠵᠢᠯ᠎ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠵᠢ ᠥᠩᠭᠡᠷᠡᠭᠦᠯᠪᠡ᠃ ᠬᠤᠪᠢᠰᠬᠠᠯᠲᠤ ᠳᠠᠢ᠍ᠢ᠍ᠨ᠎ᠤ ᠣᠨ ᠵᠢᠯ᠎ᠤᠳ᠎ᠲᠤ᠂ ᠨᠠᠮ᠎ᠤᠨ ᠲᠥᠪ ᠬᠣᠷᠢᠶ᠎ᠠ᠎ᠨᠢ ᠨᠢᠭᠤᠴᠠ ᠳᠡᠮᠳᠡᠭ ᠵᠶ᠋ᠠᠷ ᠴᠢᠮᠡᠭᠡ ᠬᠣᠯᠪᠣᠭ᠎ᠠ ᠠᠪᠬᠤ ᠡᠨᠡ ᠬᠦ᠌ ᠴᠢᠬᠤᠯᠠ ᠠᠷᠭ᠎ᠠ ᠵᠠᠮ ᠵᠶ᠋ᠠᠷ ᠳᠠᠮᠵᠢᠨ ᠰᠢᠢ᠍ᠳᠪᠦᠷᠢᠲᠦ ᠪᠤᠳᠤᠯᠭ᠎ᠠ ᠲᠣᠭᠲᠠᠭ᠋ᠠᠵᠤ᠂ ᠮᠢᠩᠭ᠋ᠠᠨ ᠭᠠᠵᠠᠷ᠎ᠤᠨ ᠢᠯᠠᠯᠲᠠ ᠤᠯᠪᠠ᠃ ᠵᠥᠪᠬᠡᠨ ᠭᠤᠷᠪᠠᠨ ᠶᠡᠬᠡ ᠳᠠᠶ᠋ᠢᠯᠠᠯᠳᠤᠭ᠋ᠠᠨ᠎ᠢ ᠵᠢᠯᠤᠭᠣᠳᠬᠤ ᠬᠤᠭᠤᠴᠠᠭ᠋ᠠᠨ᠎ᠳᠤ᠂ ᠮᠣᠣ ᠽᠧ ᠳ᠋ᠦᠩ ᠨᠥᠬᠥᠷ᠎ᠠᠴᠠ ᠥᠪᠡᠷ᠎ᠤᠨ ᠪᠡᠶ᠎ᠡ᠎ᠪᠠᠷ ᠵᠶ᠋ᠠᠨ ᠨᠢᠭᠤᠴᠠ ᠲᠡᠮᠳᠡᠭᠲᠦ ᠴᠠᠬᠢᠯᠭ᠋ᠠᠨ ᠮᠡᠳᠡᠭᠡ ᠵᠢ 197 ᠬᠤᠪᠢ ᠪᠢᠴᠢᠵᠦ᠂ ᠨᠢᠭᠤᠴᠠ ᠲᠡᠮᠳᠡᠭᠲᠦ ᠴᠠᠬᠢᠯᠭ᠋ᠠᠨ ᠮᠡᠳᠡᠭᠡ ᠵᠢ ᠮᠢᠩᠭ᠎ᠠ ᠭᠠᠷᠤᠶ ᠬᠤᠪᠢ ᠴᠣᠬᠤᠯᠪᠤᠷᠢ ᠬᠢᠵᠦ ᠭᠠᠷᠤᠨ ᠦᠰᠦᠭ ᠵᠢᠷᠤᠵᠠᠢ᠃ 《ᠥᠨᠢᠳᠡ ᠪᠠᠯᠠᠷᠠᠰᠢ ᠦᠭᠡᠶ ᠴᠠᠬᠢᠯᠭ᠋ᠠᠨ ᠳᠣᠯᠭᠢᠶᠠᠨ》᠎ᠳᠠᠬᠢ ᠯᠢ ᠰᠢᠶᠠ ᠵᠢᠨ ᠤᠭ ᠳᠦᠷᠢ ᠪᠣᠯᠬᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠠᠩᠬᠠᠶ ᠵᠢᠨ ᠨᠢᠭᠤᠴᠠ ᠨᠠᠮ᠎ᠤᠨ ᠭᠡᠰᠢᠭᠦᠨ ᠯᠢ ᠪᠠᠶ ᠵᠢᠴᠢ 《ᠯᠦᠩ ᠲᠠᠨ᠎ᠤ ᠭᠤᠷᠪᠠᠨ ᠪᠠᠭ᠋ᠠᠲᠤᠷ》 ᠬᠡᠮᠡᠭᠳᠡᠭᠰᠡᠨ ᠴᠢᠶᠠᠨ ᠵᠤᠸᠠᠩ ᠹᠸᠢ ᠵᠡᠷᠭᠡ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ ᠪᠣᠯ ᠴᠥᠮ ᠨᠢᠭᠤᠴᠠ ᠲᠡᠮᠳᠡᠭ᠎ᠤᠨ ᠹᠷᠣᠨᠲ᠎ᠤᠨ ᠰᠢᠯᠢᠳᠡᠭ ᠲᠥᠯᠥᠭᠡᠯᠡᠭᠴᠢ ᠮᠦᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ᠎ᠤᠨ ᠨᠢᠭᠤᠴᠠ ᠲᠡᠮᠳᠡᠭ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠤᠯᠭ᠎ᠠ ᠳᠣᠤᠷ᠎ᠠ᠂ ᠨᠢᠭᠤᠴᠠ ᠲᠡᠮᠳᠡᠭ᠎ᠤᠨ ᠦᠢ᠍ᠯᠡᠰ᠎ᠨᠢ ᠲᠡᠤᠬᠡᠲᠦ ᠴᠢᠨᠠᠷᠲᠠᠶ ᠠᠮᠵᠢᠯᠲᠠ ᠣᠯᠵᠤ᠂ ᠲᠡᠤᠬᠡᠲᠦ ᠴᠢᠨᠠᠷᠲᠠᠶ ᠬᠤᠪᠢᠰᠤᠯᠲᠠ ᠵᠢ ᠪᠡᠶᠡᠯᠡᠭᠦᠯᠪᠡ᠃ ᠨᠢᠭᠤᠴᠠ ᠲᠡᠮᠳᠡᠭ᠎ᠤᠨ ᠬᠠᠤᠯᠢ ᠵᠢ ᠲᠣᠭᠲᠠᠭ᠋ᠠᠬᠤ ᠪᠠ ᠬᠡᠷᠡᠭᠵᠢᠭᠦᠯᠬᠦ᠎ᠨᠢ ᠳᠠᠷᠤᠶ ᠰᠢᠨ᠎ᠡ ᠪᠠᠢ᠌ᠳᠠᠯ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠵᠤ᠂ ᠨᠢᠭᠤᠴᠠ ᠲᠡᠮᠳᠡᠭ᠎ᠤᠨ ᠬᠦᠷᠢᠶᠡᠨ᠎ᠳᠠᠬᠢ ᠡᠭᠦᠷᠭᠡ ᠴᠢᠳᠠᠪᠬᠢ ᠵᠢ ᠬᠤᠪᠢᠷᠠᠭᠤᠯᠬᠤ ᠪᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠨᠢᠭᠤᠴᠠ ᠲᠡᠮᠳᠡᠭ᠎ᠤᠨ ᠬᠠᠤᠯᠢᠵᠢᠯ᠎ᠢ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠪᠠᠲᠤᠯᠠᠬᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠨᠢᠭᠤᠴᠠ ᠲᠡᠮᠳᠡᠭ᠎ᠤᠨ ᠠᠵᠤ ᠦᠢ᠍ᠯᠡᠰ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠨᠢᠭᠤᠴᠠ ᠲᠡᠮᠳᠡᠭ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠬᠢᠷᠢ ᠬᠡᠮᠵᠢᠶ᠎ᠡ ᠪᠣᠯᠤᠨ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠨᠢᠭᠤᠴᠠ ᠲᠡᠮᠳᠡᠭ᠎ᠤᠨ ᠦᠢ᠍ᠯᠡᠰ᠎ᠤᠨ ᠴᠢᠨᠠᠷᠯᠢᠭ ᠪᠥᠭᠡᠳ ᠲᠦᠷᠭᠡᠨ ᠬᠥᠭᠵᠢᠬᠦ᠎ᠳᠤ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃
ᠨᠢᠭᠤᠴᠠ ᠲᠡᠮᠳᠡᠭ᠎ᠤᠨ ᠬᠠᠤᠯᠢ ᠵᠢᠨ ᠵᠣᠷᠢᠭ ᠰᠠᠨᠠᠭ᠋ᠠᠨ᠎ᠤ ᠮᠥᠨ ᠴᠢᠨᠠᠷ ᠪᠠ ᠭᠣᠤᠯ ᠠᠭᠤᠯᠭ᠎ᠠ ᠵᠢ ᠣᠨᠣᠪᠴᠢᠲᠠᠶ ᠡᠵᠡᠮᠰᠢᠬᠦ ᠬᠡᠷᠡᠭᠲᠡᠶ
ᠨᠢᠭᠤᠴᠠ ᠲᠡᠮᠳᠡᠭ᠎ᠤᠨ ᠬᠠᠤᠯᠢ ᠵᠢᠨ ᠬᠠᠤᠯᠢ ᠲᠣᠭᠲᠠᠭ᠋ᠠᠬᠤ᠎ᠳᠤ ᠮᠠᠨ᠎ᠤ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠳᠤᠮᠳᠠ ᠪᠤᠶ ᠪᠣᠯᠤᠭᠰᠠᠨ ᠠᠯᠢ ᠣᠯᠠᠨ ᠰᠠᠶ᠋ᠢᠨ ᠤᠯᠠᠮᠵᠢᠯᠠᠯ᠂ ᠰᠠᠶ᠋ᠢᠨ ᠲᠤᠷᠰᠢᠯᠭ᠎ᠠ᠂ ᠰᠠᠶ᠋ᠢᠨ ᠠᠷᠭ᠎ᠠ ᠪᠠᠷᠢᠯ᠎ᠢ ᠳ᠋ᠦᠩᠨᠡᠬᠦ ᠵᠢ ᠠᠩᠬᠠᠷᠬᠤ ᠮᠦᠷᠲᠡᠭᠡᠨ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠂ ᠰᠢᠨ᠎ᠡ ᠥᠷᠢᠰᠥᠯᠳᠦᠭᠡᠨ᠎ᠳᠤ ᠵᠣᠬᠢᠴᠠᠵᠤ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠲᠦᠷᠢᠮ᠎ᠢ ᠥᠭᠡᠷᠡᠴᠢᠯᠡᠨ ᠲᠠᠬᠢᠨ ᠪᠤᠢ ᠪᠣᠯᠭ᠋ᠠᠵᠤ᠂ ᠵᠠᠯᠭ᠋ᠠᠮᠵᠢᠯᠠᠨ ᠬᠥᠭᠵᠢᠭᠦᠯᠬᠦ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠢᠯᠡᠷᠡᠭᠦᠯᠪᠡ᠃ ᠨᠢᠭᠤᠴᠠ ᠲᠡᠮᠳᠡᠭ᠎ᠤᠨ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠬᠦ᠎ᠳᠤ᠂ ᠳᠣᠤᠷᠠᠬᠢ ᠵᠠᠷᠴᠢᠮ᠎ᠢ ᠭᠣᠤᠯᠳᠠᠯᠭ᠎ᠠ᠎ᠲᠠᠢ ᠣᠶ᠋ᠢᠯᠠᠭ᠋ᠠᠵᠤ ᠰᠠᠶ᠋ᠢᠲᠤᠷ ᠡᠵᠡᠮᠰᠢᠬᠦ ᠬᠡᠷᠡᠭᠲᠡᠶ᠃
ᠨᠢᠭᠡᠳᠦᠭᠡᠷ᠎ᠲᠤ᠂ ᠨᠠᠮ᠎ᠠᠴᠠ ᠨᠢᠭᠤᠴᠠ ᠲᠡᠮᠳᠡᠭ᠎ᠢ ᠬᠠᠮᠢᠶᠠᠷᠬᠤ ᠪᠠ ᠬᠠᠤᠯᠢ ᠶᠣᠰᠣᠭ᠋ᠠᠷ ᠬᠠᠮᠢᠶᠠᠷᠬᠤ ᠵᠢ ᠨᠢᠭᠡᠳᠦᠯᠲᠡᠢ ᠪᠠᠶ᠋ᠢᠯᠭ᠋ᠠᠬᠤ ᠵᠢ ᠪᠠᠷᠢᠮᠲᠠᠯᠠᠨ᠎ᠠ᠃ ᠨᠠᠮ᠎ᠠᠴᠠ ᠨᠢᠭᠤᠴᠠ ᠲᠡᠮᠳᠡᠭ᠎ᠢ ᠬᠠᠮᠢᠶᠠᠷᠬᠤ ᠵᠠᠷᠴᠢᠮ ᠪᠣᠯ ᠨᠢᠭᠤᠴᠠ ᠲᠡᠮᠳᠡᠭ᠎ᠤᠨ ᠠᠵᠢᠯ᠎ᠤᠨ ᠤᠷᠲᠤ ᠬᠤᠭᠤᠴᠠᠭ᠋ᠠᠨ᠎ᠤ ᠦᠢ᠍ᠯᠡᠳᠦᠯᠭᠡ ᠪᠠ ᠲᠡᠦᠬᠡᠨ ᠲᠤᠷᠰᠢᠯᠭ᠎ᠠ ᠵᠢᠨ ᠭᠦᠨᠵᠡᠭᠡᠶ ᠳ᠋ᠦᠩᠨᠡᠯᠲᠡ ᠮᠦᠨ᠂ ᠨᠢᠭᠤᠴᠠ ᠲᠡᠮᠳᠡᠭ᠎ᠤᠨ ᠠᠵᠢᠯ᠎ᠤᠨ ᠶᠡᠬᠡ ᠡᠷᠬᠡ᠎ᠨᠢ ᠨᠠᠮ᠎ᠤᠨ ᠲᠥᠪ ᠬᠣᠷᠢᠶ᠎ᠠ᠎ᠳᠤ ᠪᠣᠢ᠂ ᠨᠢᠭᠤᠴᠠ ᠲᠡᠮᠳᠡᠭ᠎ᠤᠨ ᠠᠵᠢᠯ᠎ᠤᠨ ᠦᠨᠳᠦᠰᠦᠨ ᠪᠤᠳᠤᠯᠭ᠎ᠠ ᠴᠢᠭᠯᠡᠯᠲᠡ ᠵᠢ ᠡᠷᠬᠡᠪᠰᠢ ᠨᠠᠮ᠎ᠤᠨ ᠲᠥᠪ ᠬᠣᠷᠢᠶ᠎ᠠ᠎ᠠᠴᠠ ᠲᠣᠭᠲᠠᠭ᠋ᠠᠵᠤ᠂ ᠨᠢᠭᠤᠴᠠ ᠲᠡᠮᠳᠡᠭ᠎ᠤᠨ ᠠᠵᠢᠯ᠎ᠤᠨ ᠴᠢᠬᠤᠯᠠ ᠶᠡᠬᠡ ᠵᠦᠢ᠍ᠯᠡᠰ᠎ᠢ ᠡᠷᠬᠡᠪᠰᠢ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ ᠬᠡᠷᠡᠭᠲᠡᠶ᠃ ᠨᠢᠭᠤᠴᠠ ᠲᠡᠮᠳᠡᠭ᠎ᠤᠨ ᠬᠠᠤᠯᠢ ᠵᠢᠨ ᠲᠣᠭᠲᠠᠭ᠋ᠠᠯ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ ᠨᠢᠭᠤᠴᠠ ᠲᠡᠮᠳᠡᠭ᠎ᠤᠨ ᠠᠵᠢᠯ᠎ᠢ ᠤᠳᠤᠷᠢᠳᠬᠤ ᠵᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ᠎ᠪᠠᠷ ᠨᠠᠮ᠎ᠠᠴᠠ ᠨᠢᠭᠤᠴᠠ ᠲᠡᠮᠳᠡᠭ᠎ᠢ ᠬᠠᠮᠢᠶᠠᠷᠬᠤ ᠡᠨᠡ ᠬᠦ᠌ ᠦᠨᠳᠦᠰᠦᠨ ᠵᠠᠷᠴᠢᠮ᠎ᠢ ᠬᠠᠤᠯᠢ ᠴᠠᠭ᠋ᠠᠵᠠ᠎ᠳᠤ ᠪᠢᠴᠢᠨ ᠣᠷᠣᠭᠤᠯᠬᠤ ᠵᠢᠨ ᠬᠠᠮᠲᠤ᠂ ᠲᠥᠪ᠎ᠤᠨ ᠨᠢᠭᠤᠴᠠ ᠲᠡᠮᠳᠡᠭ᠎ᠤᠨ ᠠᠵᠢᠯ᠎ᠤᠨ ᠤᠳᠤᠷᠢᠳᠬᠤ ᠪᠠᠢ᠌ᠭᠤᠯᠤᠮᠵᠢ᠎ᠠᠴᠠ ᠪᠦᠬᠦ ᠤᠯᠤᠰ᠎ᠤᠨ ᠨᠢᠭᠤᠴᠠ ᠲᠡᠮᠳᠡᠭ᠎ᠤᠨ ᠠᠵᠢᠯ᠎ᠢ ᠨᠢᠭᠡᠳᠦᠯᠲᠡᠢ ᠤᠳᠤᠷᠢᠳᠬᠤ ᠵᠢ ᠲᠣᠳᠤᠷᠬᠠᠢ᠌ᠯᠠᠨ᠂ ᠡᠨᠡ ᠪᠣᠯ ᠨᠢᠭᠤᠴᠠ ᠲᠡᠮᠳᠡᠭ᠎ᠤᠨ ᠬᠠᠤᠯᠢ ᠵᠢᠨ ᠬᠠᠮᠤᠭ᠎ᠤᠨ ᠦᠨᠳᠦᠰᠦᠨ ᠴᠢᠨᠠᠷᠲᠠᠶ ᠲᠣᠭᠲᠠᠭ᠋ᠠᠯ ᠪᠣᠯᠤᠨ᠎ᠠ᠃ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠵᠢᠨ ᠭᠦᠨᠵᠡᠭᠡᠶ ᠬᠡᠷᠡᠭᠵᠢᠭᠦᠯᠬᠦ ᠵᠢ ᠳᠠᠭ᠋ᠠᠯᠳᠤᠨ᠂ ᠬᠠᠤᠯᠢ ᠶᠣᠰᠣᠭ᠋ᠠᠷ ᠬᠠᠮᠢᠶᠠᠷᠬᠤ᠎ᠨᠢ ᠨᠢᠭᠡᠨᠲᠡ ᠨᠠᠮ᠎ᠠᠴᠠ ᠨᠢᠭᠤᠴᠠ ᠲᠡᠮᠳᠡᠭ᠎ᠢ ᠬᠠᠮᠢᠶᠠᠷᠬᠤ ᠦᠨᠳᠦᠰᠦᠨ ᠠᠷᠭ᠎ᠠ ᠮᠠᠶᠢᠭ ᠪᠠ ᠳᠣᠲᠣᠭ᠋ᠠᠳᠤ ᠱᠠᠭ᠋ᠠᠷᠳᠠᠯᠭ᠎ᠠ ᠪᠣᠯᠪᠠ᠃ ᠭᠠᠭᠴᠠ ᠬᠦ᠌ ᠨᠠᠮ᠎ᠠᠴᠠ ᠨᠢᠭᠤᠴᠠ ᠲᠡᠮᠳᠡᠭ᠎ᠢ ᠬᠠᠮᠢᠶᠠᠷᠬᠤ ᠵᠢ ᠪᠠᠷᠢᠮᠲᠠᠯᠠᠪᠠᠯ᠂ ᠰᠠᠶᠢ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠵᠥᠪ ᠴᠢᠭᠯᠡᠯ ᠵᠶ᠋ᠠᠷ ᠬᠡᠯᠪᠡᠶ᠋ᠢᠬᠦ ᠦᠭᠡᠢ᠂ ᠶᠠᠩᠵᠤ᠎ᠪᠠᠨ ᠠᠯᠳᠠᠬᠤ ᠦᠭᠡᠢ ᠪᠠᠶ᠋ᠢᠬᠤ ᠵᠢ ᠪᠠᠲᠤᠯᠠᠵᠤ ᠴᠢᠳᠠᠨ᠎ᠠ᠃ ᠭᠠᠭᠴᠠ ᠬᠦ᠌ ᠬᠠᠤᠯᠢ ᠶᠣᠰᠣᠭ᠋ᠠᠷ ᠬᠠᠮᠢᠶᠠᠷᠬᠤ᠎ᠳᠤ ᠲᠦᠰᠢᠭᠯᠡᠪᠡᠯ᠂ ᠰᠠᠶᠢ ᠨᠠᠮ᠎ᠠᠴᠠ ᠨᠢᠭᠤᠴᠠ ᠲᠡᠮᠳᠡᠭ᠎ᠢ ᠬᠠᠮᠢᠶᠠᠷᠬᠤ ᠪᠣᠳᠠᠲᠠᠶ ᠲᠦᠷᠢᠮ᠎ᠢ ᠬᠠᠤᠯᠢ᠎ᠪᠠᠷ ᠵᠠᠰᠠᠬᠤ ᠵᠠᠮ᠎ᠳᠤ ᠣᠷᠣᠭᠤᠯᠵᠤ ᠴᠢᠳᠠᠨ᠎ᠠ᠃
ᠬᠣᠶᠠᠳᠤᠭ᠋ᠠᠷ᠎ᠲᠤ᠂ ᠰᠢᠨ᠎ᠡ ᠵᠢ ᠡᠭᠦᠳᠬᠦ ᠬᠥᠭᠵᠢᠯᠲᠡ ᠪᠣᠯᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢ ᠨᠢᠭᠡᠳᠬᠡᠬᠦ ᠵᠢ ᠪᠠᠷᠢᠮᠲᠠᠯᠠᠨ᠎ᠠ᠃ ᠠᠮᠤᠷ ᠲᠦᠪᠰᠢᠨ ᠪᠣᠯ ᠬᠥᠭᠵᠢᠯᠲᠡ ᠵᠢᠨ ᠤᠷᠢᠲᠠᠯ ᠮᠥᠨ᠂ ᠬᠥᠭᠵᠢᠯᠲᠡ ᠪᠣᠯ ᠠᠮᠤᠷ ᠲᠦᠪᠰᠢᠨ᠎ᠤ ᠪᠠᠲᠤᠯᠠᠭ᠎ᠠ ᠮᠥᠨ᠃ ᠨᠢᠭᠤᠴᠠ ᠲᠡᠮᠳᠡᠭ᠎ᠤᠨ ᠬᠠᠤᠯᠢ᠎ᠳᠤ ᠨᠢᠭᠤᠴᠠ ᠲᠡᠮᠳᠡᠭ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠠᠯᠢ ᠣᠯᠠᠨ ᠲᠦᠷᠢᠮ᠂ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠲᠣᠭᠲᠠᠭ᠋ᠠᠵᠤ᠂ ᠨᠢᠭᠤᠴᠠ ᠲᠡᠮᠳᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠤ ᠦᠢ᠍ᠯᠡᠰ᠎ᠤᠨ ᠬᠥᠭᠵᠢᠯᠲᠡ ᠪᠠ ᠬᠡᠷᠡᠭᠯᠡᠯᠲᠡ ᠵᠢᠨ ᠳᠡᠯᠭᠡᠷᠡᠭᠦᠯᠦᠯᠲᠡ᠎ᠳᠤ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠴᠢᠷᠮᠠᠶ᠋ᠢᠨ ᠪᠣᠶ ᠪᠣᠯᠭ᠋ᠠᠪᠠ᠃ ᠡᠭᠦᠨ᠎ᠤ ᠬᠠᠮᠲᠤ᠂ ᠨᠢᠭᠤᠴᠠ ᠲᠡᠮᠳᠡᠭ᠎ᠨᠢ ᠨᠢᠭᠡ ᠵᠦᠢ᠍ᠯ᠎ᠤᠨ ᠨᠡᠶ᠋ᠢᠲᠡᠯᠢᠭ 《ᠬᠣᠶᠠᠷ ᠬᠡᠷᠡᠭᠴᠡᠭᠡᠲᠦ ᠪᠣᠳᠠᠰ》 ᠪᠣᠯᠤᠭᠰᠠᠨ᠎ᠤ ᠬᠤᠪᠢ᠎ᠳᠤ᠂ ᠰᠠᠶ᠋ᠢᠲᠤᠷ ᠬᠡᠷᠡᠭᠯᠡᠪᠡᠯ ᠨᠡᠶ᠋ᠢᠭᠡᠮ᠎ᠳᠤ ᠪᠤᠶᠠᠨ ᠦᠢ᠍ᠯᠡᠳᠴᠦ᠂ ᠰᠠᠢ᠍ᠢ᠍ᠨ ᠬᠡᠷᠡᠭᠯᠡᠵᠦ ᠴᠢᠳᠠᠬᠤ ᠦᠭᠡᠢ ᠪᠤᠶᠤ ᠮᠠᠭᠤ ᠬᠥᠮᠦᠨ᠎ᠳᠤ ᠠᠰᠢᠭᠯᠠᠭᠳᠠᠪᠠᠯ᠂ ᠨᠠᠮ ᠪᠠ ᠤᠯᠤᠰ᠎ᠤᠨ ᠠᠰᠢᠭ ᠲᠤᠰᠠ᠎ᠳᠤ ᠬᠡᠮᠵᠢᠶᠡᠯᠡᠰᠢ ᠦᠭᠡᠢ ᠬᠣᠬᠢᠷᠠᠯ ᠤᠴᠠᠷᠠᠭᠤᠯᠵᠤ ᠮᠡᠳᠡᠬᠦ ᠵᠢ ᠣᠯᠵᠤ ᠦᠵᠡᠬᠦ ᠬᠡᠷᠡᠭᠲᠡᠢ᠃ ᠡᠶ᠋ᠢᠮᠦ᠎ᠠᠴᠠ᠂ ᠨᠢᠭᠤᠴᠠ ᠲᠡᠮᠳᠡᠭ᠎ᠤᠨ ᠬᠠᠤᠯᠢ᠎ᠳᠤ ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠤ ᠪᠤᠰᠤᠳ᠎ᠤᠨ ᠨᠢᠭᠤᠴᠠᠯᠠᠨ ᠬᠠᠮᠠᠭ᠋ᠠᠯᠠᠬᠤ ᠮᠡᠳᠡᠭᠡ ᠵᠠᠩᠭᠢ ᠵᠢ ᠬᠤᠯᠠᠭ᠋ᠠᠶ᠋ᠢᠯᠠᠨ ᠠᠪᠬᠤ᠂ ᠪᠤᠰᠤᠳ ᠬᠥᠮᠦᠨ᠎ᠤ ᠨᠢᠭᠤᠴᠠ ᠲᠡᠮᠳᠡᠭ᠎ᠢ ᠪᠠᠲᠤᠯᠠᠬᠤ ᠰᠢᠰᠲ᠋ᠧᠮ᠎ᠳᠤ ᠬᠠᠤᠯᠢ ᠪᠤᠰᠤ᠎ᠪᠠᠷ ᠳᠦᠷᠢᠨ ᠣᠷᠤᠬᠤ᠂ ᠡᠰᠡᠬᠦᠯ᠎ᠡ ᠨᠢᠭᠤᠴᠠ ᠲᠡᠮᠳᠡᠭ᠎ᠢ ᠠᠰᠢᠭᠯᠠᠨ ᠤᠯᠤᠰ᠎ᠤᠨ ᠠᠮᠤᠷ ᠲᠦᠪᠰᠢᠨ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ᠂ ᠪᠤᠰᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠬᠤ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠵᠢ ᠲᠣᠳᠣᠷᠬᠠᠶ ᠵᠠᠷᠯᠢᠭᠳᠠᠨ ᠴᠠᠭ᠋ᠠᠵᠠᠯᠠᠨ᠎ᠠ ᠃
ᠭᠤᠷᠪᠠᠳᠤᠭ᠋ᠠᠷ᠎ᠲᠤ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠨ᠎ᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ ᠵᠢᠭ᠋ᠠᠵᠤ ᠭᠠᠷᠭ᠋ᠠᠭᠰᠠᠨ᠎ᠨᠢ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠵᠤ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠭᠦᠨᠵᠡᠭᠡᠶ᠋ᠢᠷᠡᠭᠦᠯᠵᠦ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠬᠡᠷᠡᠭᠲᠡᠶ᠃ ᠨᠢᠭᠤᠴᠠ ᠲᠡᠮᠳᠡᠭ᠎ᠤᠨ ᠬᠠᠤᠯᠢ᠎ᠨᠢ ᠨᠢᠭᠤᠴᠠ ᠲᠡᠮᠳᠡᠭ᠎ᠢ ᠲᠥᠷᠥᠯ ᠬᠤᠪᠢᠶᠠᠨ ᠬᠠᠮᠢᠶᠠᠷᠬᠤ ᠵᠠᠷᠴᠢᠮ᠎ᠢ ᠲᠣᠳᠣᠷᠬᠠᠶ ᠪᠣᠯᠭ᠋ᠠᠵᠤ᠂ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠢ ᠤᠯᠤᠰ᠎ᠤᠨ ᠨᠢᠭᠤᠴᠠ ᠮᠡᠳᠡᠭᠡ ᠵᠠᠩᠭᠢ ᠵᠢ ᠬᠠᠮᠠᠭ᠋ᠠᠯᠠᠬᠤ᠎ᠳᠤ ᠬᠡᠷᠡᠭᠯᠡᠬᠦ᠎ᠪᠠᠷ ᠲᠣᠭᠲᠠᠭ᠋ᠠᠵᠤ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠴᠢᠩᠭ᠎ᠠ ᠨᠢᠭᠡᠳᠦᠯᠲᠡᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠲᠠᠯ᠎ᠠ᠎ᠪᠠᠷ᠂ ᠡᠭᠦᠷᠭᠡ ᠴᠢᠳᠠᠪᠬᠢ ᠵᠢ ᠬᠤᠪᠢᠷᠠᠭᠤᠯᠬᠤ ᠪᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠭᠦᠢ᠍ᠴᠡᠳ ᠢᠯᠡᠷᠡᠭᠦᠯᠵᠦ᠂ ᠭᠠᠳᠠᠭᠤᠷᠴᠢᠯᠠᠯ᠎ᠤᠨ ᠪᠤᠰᠤ ᠵᠠᠷᠴᠢᠮ᠎ᠢ ᠭᠦᠢ᠍ᠴᠡᠳ ᠢᠯᠡᠷᠡᠭᠦᠯᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠤᠯᠠᠮ ᠴᠢᠯᠦᠭᠡᠲᠡᠢ ᠪᠣᠯᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠦᠢ᠍ᠯᠡᠳᠬᠦᠨ᠂ ᠦᠢ᠍ᠯᠡᠴᠢᠯᠡᠭᠡ ᠵᠢᠴᠢ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠢ᠌ᠯᠠᠯ᠎ᠳᠤ ᠨᠢᠭᠡ ᠯᠡ ᠠᠳᠠᠯᠢ ᠬᠠᠨᠳᠤᠵᠤ᠂ ᠬᠡᠷᠡᠭ᠎ᠤᠨ ᠳᠤᠮᠳᠠᠬᠢ ᠪᠠ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠳᠦᠷᠢᠮᠵᠢᠭᠦᠯᠦᠨ ᠴᠢᠩᠭ᠋ᠠᠳᠬᠠᠵᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠭᠢᠯᠡᠬᠦ ᠨᠢᠭᠡᠴᠢ ᠵᠢᠨ ᠬᠦᠯᠢᠶᠡᠰᠦ ᠵᠢ ᠦᠨᠡᠨ ᠬᠦ᠌ ᠰᠤᠯᠠᠷᠠᠭᠤᠯᠵᠤ ᠳᠠᠷᠤᠭ᠋ᠠᠰᠤ ᠵᠢ᠎ᠨᠢ ᠬᠥᠩᠭᠡᠷᠡᠭᠦᠯᠦᠨ᠎ᠡ᠃
ᠨᠢᠭᠤᠴᠠ ᠲᠡᠮᠳᠡᠭ᠎ᠤᠨ ᠬᠠᠤᠯᠢ ᠵᠢ ᠤᠬᠠᠭᠤᠯᠵᠤ ᠲᠤᠭᠤᠰᠢᠯᠠᠭᠤᠯᠤᠨ ᠬᠡᠷᠡᠭᠵᠢᠭᠦᠯᠬᠦ ᠵᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠶ᠃
ᠨᠢᠭᠤᠴᠠ ᠲᠡᠮᠳᠡᠭ᠎ᠤᠨ ᠬᠠᠤᠯᠢ᠎ᠨᠢ ᠰᠢᠨ᠎ᠡ ᠴᠠᠭ ᠦᠶ᠎ᠡ ᠵᠢᠨ ᠨᠢᠭᠤᠴᠠ ᠲᠡᠮᠳᠡᠭ᠎ᠤᠨ ᠠᠵᠢᠯ᠎ᠢ ᠰᠠᠶ᠋ᠢᠲᠤᠷ ᠬᠢᠬᠦ᠎ᠳᠤ ᠬᠦᠴᠦᠷᠬᠡᠭ ᠶᠡᠬᠡ ᠬᠠᠤᠯᠢ ᠴᠠᠭ᠋ᠠᠵᠠ ᠵᠢᠨ ᠵᠡᠪᠰᠡᠭ ᠬᠠᠩᠭ᠋ᠠᠪᠠ᠃ ᠨᠢᠭᠤᠴᠠ ᠲᠡᠮᠳᠡᠭ᠎ᠤᠨ ᠬᠠᠤᠯᠢ ᠵᠢ ᠰᠠᠶ᠋ᠢᠲᠤᠷ ᠲᠤᠭᠤᠰᠢᠯᠠᠭᠤᠯᠤᠨ ᠬᠡᠷᠡᠭᠵᠢᠭᠦᠯᠬᠦ᠎ᠨᠢ ᠨᠢᠭᠤᠴᠠ ᠲᠡᠮᠳᠡᠭ᠎ᠤᠨ ᠦᠢ᠍ᠯᠡᠰ᠎ᠤᠨ ᠬᠥᠭᠵᠢᠯᠲᠡ ᠵᠢ ᠯᠠᠪᠲᠠᠶ ᠬᠦᠴᠦᠲᠡᠶ ᠠᠬᠢᠭᠤᠯᠬᠤ ᠶᠤᠮ᠃ ᠪᠢᠳᠡ ᠵᠠᠪᠠᠯ ᠲᠤᠭᠤᠰᠢᠯᠠᠭᠤᠯᠤᠨ ᠬᠡᠷᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠬᠠᠤᠯᠢ ᠪᠠᠢ᠌ᠪᠠᠯ ᠵᠠᠪᠠᠯ ᠵᠢᠷᠤᠮᠯᠠᠬᠤ᠂ ᠬᠠᠤᠯᠢ ᠵᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠵᠢ ᠵᠥᠷᠢᠴᠡᠪᠡᠯ ᠵᠠᠪᠠᠯ ᠨᠡᠬᠡᠮᠵᠢᠯᠡᠬᠦ ᠬᠡᠷᠡᠭᠲᠡᠶ᠃
ᠨᠢᠭᠡᠳᠦᠭᠡᠷ᠎ᠲᠤ᠂ ᠨᠢᠭᠤᠴᠠ ᠲᠡᠮᠳᠡᠭ᠎ᠤᠨ ᠬᠠᠤᠯᠢ ᠵᠢ ᠤᠬᠠᠭᠤᠯᠤᠨ ᠲᠦᠭᠡᠮᠡᠯᠵᠢᠭᠦᠯᠬᠦ ᠠᠵᠢᠯ᠎ᠢ ᠭᠦᠨᠵᠡᠭᠡᠶ ᠦᠷᠨᠢᠭᠦᠯᠦᠨ᠎ᠡ᠃ ᠨᠢᠭᠤᠴᠠ ᠲᠡᠮᠳᠡᠭ᠎ᠤᠨ ᠬᠠᠤᠯᠢ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠨᠢᠭᠤᠴᠠ ᠲᠡᠮᠳᠡᠭ᠎ᠤᠨ ᠠᠮᠤᠷ ᠲᠦᠪᠰᠢᠨ᠎ᠤ ᠬᠥᠮᠦᠵᠢᠯ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ ᠪᠠ ᠠᠯᠪᠠᠲᠠᠨ᠎ᠤ ᠰᠤᠷᠭ᠋ᠠᠨ ᠬᠥᠮᠦᠵᠢᠯ ᠪᠣᠯᠪᠠᠰᠤᠷᠠᠯ᠎ᠤᠨ ᠰᠢᠰᠲ᠋ᠧᠮ᠎ᠳᠤ ᠣᠷᠣᠭᠤᠯᠵᠤ᠂ 《ᠪᠦᠬᠦ ᠠᠷᠠᠳ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ》᠂ 《ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠭᠠᠷᠠᠭ》 ᠵᠡᠷᠭᠡ ᠲᠠᠪᠴᠠᠩ᠎ᠢ ᠭᠦᠢ᠍ᠴᠡᠳ ᠠᠰᠢᠭᠯᠠᠵᠤ᠂ ᠨᠢᠭᠤᠴᠠ ᠲᠡᠮᠳᠡᠭ᠎ᠤᠨ ᠬᠠᠤᠯᠢ ᠵᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠨᠢᠭᠤᠴᠠ ᠲᠡᠮᠳᠡᠭ᠎ᠢ ᠨᠡᠶ᠋ᠢᠭᠡᠮ᠎ᠳᠤ ᠣᠷᠤᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠲᠣᠤᠷ ᠰᠦᠯᠵᠢᠶᠡᠨ᠎ᠳᠤ ᠣᠷᠣᠭᠤᠯᠬᠤ ᠵᠢ ᠠᠬᠢᠭᠤᠯᠵᠤ᠂ ᠨᠡᠶ᠋ᠢᠭᠡᠮ ᠳᠠᠶᠠᠭ᠋ᠠᠷ᠎ᠲᠤ 《ᠨᠢᠭᠤᠴᠠ ᠲᠡᠮᠳᠡᠭ᠎ᠢ ᠮᠡᠳᠡᠬᠦ᠂ ᠨᠢᠭᠤᠴᠠ ᠲᠡᠮᠳᠡᠭ᠎ᠢ ᠣᠢ᠌ᠯᠠᠭ᠋ᠠᠬᠤ᠂ ᠨᠢᠭᠤᠴᠠ ᠲᠡᠮᠳᠡᠭ᠎ᠢ ᠬᠡᠷᠡᠭᠯᠡᠬᠦ》 ᠪᠠ ᠬᠠᠤᠯᠢ ᠵᠢ ᠬᠦᠨᠳᠦᠳᠬᠡᠬᠦ᠂ ᠬᠠᠤᠯᠢ ᠵᠢ ᠰᠤᠷᠤᠯᠴᠠᠬᠤ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠵᠢᠨ ᠥᠳᠬᠡᠨ ᠵᠤᠵᠠᠭ᠋ᠠᠨ ᠠᠭᠤᠷ ᠠᠮᠢᠰᠬᠤᠯ᠎ᠢ ᠴᠢᠷᠮᠠᠶ᠋ᠢᠨ ᠪᠣᠶ ᠪᠣᠯᠭ᠋ᠠᠨ᠎ᠠ᠃ ᠡᠯ᠎ᠡ ᠱᠠᠲᠤᠨ᠎ᠤ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠨᠢᠭᠤᠴᠠ ᠲᠡᠮᠳᠡᠭ᠎ᠤᠨ ᠠᠵᠢᠯ᠎ᠳᠤ ᠬᠣᠯᠪᠣᠭᠳᠠᠬᠤ ᠪᠠᠶ᠋ᠢᠭᠤᠯᠭ᠎ᠠ ᠨᠢᠭᠡᠴᠢ᠎ᠨᠢ ᠣᠯᠠᠨ ᠵᠦᠢ᠍ᠯ᠎ᠤᠨ ᠬᠡᠯᠪᠡᠷᠢ ᠠᠪᠴᠤ᠂ ᠲᠤᠰ ᠰᠠᠯᠠᠭ᠎ᠠ ᠮᠥᠴᠢᠷ ᠲᠤᠰ ᠨᠢᠭᠡᠴᠢ ᠵᠢᠨ ᠵᠶ᠋ᠠᠨ ᠰᠤᠷᠤᠯᠴᠠᠯᠭ᠎ᠠ᠂ ᠤᠬᠠᠭᠤᠯᠭ᠎ᠠ ᠪᠠ ᠪᠣᠯᠪᠠᠰᠤᠷᠠᠯ᠎ᠤᠨ ᠠᠵᠢᠯ᠎ᠢ ᠰᠠᠢ᠌ᠲᠤᠷ ᠵᠣᠬᠢᠶᠠᠨ ᠪᠠᠶ᠋ᠢᠭᠤᠯᠵᠤ᠂ ᠨᠢᠭᠤᠴᠠ ᠲᠡᠮᠳᠡᠭ᠎ᠤᠨ ᠠᠵᠢᠯᠲᠠᠨ᠎ᠳᠤ ᠨᠢᠭᠤᠴᠠ ᠲᠡᠮᠳᠡᠭ᠎ᠤᠨ ᠬᠠᠤᠯᠢ ᠵᠢᠨ ᠡᠯ᠎ᠡ ᠵᠦᠢ᠍ᠯ᠎ᠤᠨ ᠲᠣᠭᠲᠠᠭ᠋ᠠᠯ᠎ᠢ ᠭᠦᠨᠵᠡᠭᠡᠶ ᠣᠢ᠌ᠯᠠᠭ᠋ᠠᠭᠤᠯᠤᠨ᠂ ᠬᠠᠤᠯᠢ ᠶᠣᠰᠣᠭ᠋ᠠᠷ ᠨᠢᠭᠤᠴᠠ ᠲᠡᠮᠳᠡᠭ᠎ᠤᠨ ᠠᠵᠢᠯ ᠬᠢᠬᠦ ᠴᠢᠳᠠᠪᠤᠷᠢ ᠪᠠ ᠬᠢᠷᠢ ᠲᠥᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
ᠬᠣᠶᠠᠳᠤᠭ᠋ᠠᠷ᠎ᠲᠤ᠂ ᠨᠢᠭᠤᠴᠠ ᠲᠡᠮᠳᠡᠭ᠎ᠤᠨ ᠬᠠᠤᠯᠢ ᠵᠢᠨ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠎ᠡ᠃ ᠡᠯ᠎ᠡ ᠱᠠᠲᠤᠨ᠎ᠤ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠨᠢᠭᠤᠴᠠ ᠲᠡᠮᠳᠡᠭ᠎ᠤᠨ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠡᠨᠡ ᠬᠦ᠌ ᠬᠠᠤᠯᠢ ᠴᠠᠭ᠋ᠠᠵᠠ ᠵᠢ ᠰᠠᠢ᠌ᠲᠤᠷ ᠬᠡᠷᠡᠭᠵᠢᠭᠦᠯᠬᠦ ᠵᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠵᠢᠨ ᠨᠢᠭᠤᠴᠠ ᠲᠡᠮᠳᠡᠭ᠎ᠤᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠵᠢᠨ ᠴᠢᠬᠤᠯᠠ ᠭᠠᠷᠳᠠᠴᠠ ᠪᠣᠯᠭ᠋ᠠᠬᠤ ᠬᠡᠷᠡᠭᠲᠡᠶ᠃ ᠤᠯᠤᠰ᠂ ᠮᠣᠵᠢ᠂ ᠬᠣᠲᠠ᠂ ᠰᠢᠶᠠᠨ ᠳᠥᠷᠪᠡᠨ ᠱᠠᠲᠤᠨ᠎ᠤ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠵᠠᠰᠠᠭ ᠵᠠᠬᠢᠷᠭ᠋ᠠᠨ᠎ᠤ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠬᠠᠤᠯᠢ ᠶᠣᠰᠣᠭ᠋ᠠᠷ ᠲᠣᠭᠲᠠᠭ᠋ᠠᠵᠤ᠂ ᠨᠢᠭᠤᠴᠠ ᠲᠡᠮᠳᠡᠭ᠎ᠤᠨ ᠬᠠᠤᠯᠢ᠎ᠠᠴᠠ ᠣᠯᠭᠣᠭᠰᠠᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠴᠢᠳᠠᠪᠬᠢ ᠵᠢ ᠪᠦᠬᠦ ᠲᠠᠯ᠎ᠠ᠎ᠪᠠᠷ ᠭᠦᠢ᠍ᠴᠡᠳᠬᠡᠵᠦ᠂ ᠬᠠᠮᠢᠶᠠᠷᠤᠯᠲᠠ ᠵᠢᠨ ᠡᠭᠦᠷᠭᠡ ᠴᠢᠳᠠᠪᠬᠢ ᠵᠢ ᠬᠤᠪᠢᠷᠠᠭᠤᠯᠬᠤ ᠪᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠲᠦᠷᠭᠡᠳᠬᠡᠨ ᠠᠬᠢᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ᠎ᠤ ᠮᠡᠳᠡᠭᠡ ᠵᠠᠩᠭᠢ᠂ ᠬᠤᠳᠠᠯᠳᠤᠭ᠋ᠠᠨ᠎ᠤ ᠶᠠᠪᠤᠳᠠᠯ᠂ ᠡᠳ᠋᠎ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠢᠳᠡᠪᠬᠢᠲᠡᠢ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠨᠢᠭᠤᠴᠠ ᠲᠡᠮᠳᠡᠭ᠎ᠤᠨ ᠬᠠᠮᠢᠶᠠᠷᠤᠯᠲᠠ ᠪᠠ ᠪᠠᠲᠤᠯᠠᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠵᠦ᠂ ᠨᠢᠭᠤᠴᠠ ᠲᠡᠮᠳᠡᠭ᠎ᠤᠨ ᠬᠠᠤᠯᠢ ᠵᠢᠨ ᠡᠯ᠎ᠡ ᠵᠦᠢ᠍ᠯ᠎ᠤᠨ ᠲᠦᠷᠢᠮ᠂ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠭᠤᠷᠪᠠᠳᠤᠭ᠋ᠠᠷ᠎ᠲᠤ᠂ ᠨᠢᠭᠤᠴᠠ ᠲᠡᠮᠳᠡᠭ᠎ᠤᠨ ᠬᠠᠤᠯᠢ ᠵᠢᠨ ᠢᠵᠢ ᠪᠦᠷᠢᠳᠦᠭᠦᠯᠬᠦ ᠲᠦᠷᠢᠮ᠎ᠢ ᠱᠠᠯᠠᠪᠳᠠᠨ ᠲᠡᠭᠦᠯᠳᠡᠷᠵᠢᠭᠦᠯᠦᠨ᠎ᠡ᠃ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠨᠢᠭᠤᠴᠠ ᠲᠡᠮᠳᠡᠭ᠎ᠤᠨ ᠬᠠᠤᠯᠢ ᠵᠢᠨ ᠨᠡᠢ᠌ᠲᠡᠯᠡᠭᠰᠡᠨ ᠲᠣᠬᠢᠶᠠᠯ᠎ᠢ ᠴᠢᠩᠭ᠎ᠠ ᠠᠳᠬᠤᠵᠤ᠂ ᠨᠢᠭᠤᠴᠠ ᠲᠡᠮᠳᠡᠭ᠎ᠤᠨ ᠬᠠᠤᠯᠢ ᠴᠠᠭ᠋ᠠᠵᠠ ᠵᠢᠨ ᠳᠦᠷᠢᠮ᠎ᠤᠨ ᠦᠵᠦ ᠵᠢᠷᠤᠭ ᠲᠥᠯᠥᠪᠯᠡᠭᠡ ᠪᠣᠯᠤᠨ ᠪᠦᠬᠦᠯᠢ ᠴᠣᠭᠴᠠ ᠵᠢᠨ ᠲᠦᠯᠦᠪᠵᠢᠭᠦᠯᠭᠡ ᠵᠢ ᠴᠢᠩᠭ᠋ᠠᠳᠬᠠᠵᠤ᠂ 《ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠢᠵᠢ ᠪᠦᠷᠢᠳᠦᠭᠰᠡᠨ ᠬᠠᠤᠯᠢ ᠲᠣᠭᠲᠠᠭ᠋ᠠᠯ ᠳᠦᠷᠢᠮ᠎ᠢ ᠲᠣᠭᠲᠠᠭ᠋ᠠᠬᠤ᠂ ᠵᠠᠰᠠᠪᠤᠷᠢ ᠣᠷᠣᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠤᠴᠠ ᠲᠡᠮᠳᠡᠭ᠎ᠤᠨ ᠬᠠᠤᠯᠢ ᠲᠣᠭᠲᠠᠭ᠋ᠠᠯ᠂ ᠳᠦᠷᠢᠮ᠎ᠨᠢ ᠨᠢᠭᠤᠴᠠ ᠲᠡᠮᠳᠡᠭ᠎ᠤᠨ ᠬᠠᠤᠯᠢ᠎ᠳᠤ ᠲᠣᠭᠲᠠᠭ᠋ᠠᠭᠰᠠᠨ ᠬᠠᠤᠯᠢ ᠲᠣᠭᠲᠠᠭ᠋ᠠᠬᠤ ᠵᠠᠷᠴᠢᠮ ᠪᠠ ᠦᠨᠳᠦᠰᠦᠨ ᠳᠦᠷᠢᠮ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠵᠤ᠂ ᠨᠢᠭᠤᠴᠠ ᠲᠡᠮᠳᠡᠭ᠎ᠤᠨ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ᠎ᠲᠠᠢ ᠬᠠᠷᠢᠯᠴᠠᠨ ᠵᠣᠬᠢᠴᠠᠯᠳᠤᠬᠤ ᠪᠠ ᠵᠣᠯᠭ᠋ᠠᠭᠤᠯᠬᠤ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠮᠦᠨ ᠨᠢᠭᠤᠴᠠ ᠲᠡᠮᠳᠡᠭ᠎ᠤᠨ ᠬᠠᠤᠯᠢ ᠵᠢ ᠦᠨᠳᠦᠰᠦᠯᠡᠨ᠂ ᠲᠤᠰ ᠭᠠᠵᠠᠷ ᠣᠷᠣᠨ᠎ᠤ᠎ᠪᠠᠨ ᠨᠡᠶ᠋ᠢᠲᠡᠯᠡᠭᠰᠡᠨ ᠨᠢᠭᠤᠴᠠ ᠲᠡᠮᠳᠡᠭ᠎ᠤᠨ ᠬᠠᠤᠯᠢ ᠲᠣᠭᠲᠠᠭ᠋ᠠᠯ᠂ ᠳᠦᠷᠢᠮ᠎ᠢ ᠴᠠᠭ ᠲᠤᠬᠠᠶ᠎ᠳᠤᠨᠢ ᠲᠢᠭᠯᠡᠬᠦ ᠪᠠ ᠲᠣᠭᠲᠠᠭ᠋ᠠᠵᠤ᠂ ᠲᠤᠰ ᠭᠠᠵᠠᠷ ᠣᠷᠣᠨ᠎ᠤ᠎ᠪᠠᠨ ᠨᠢᠭᠤᠴᠠ ᠲᠡᠮᠳᠡᠭ᠎ᠤᠨ ᠠᠵᠢᠯ᠎ᠤᠨ ᠳᠦᠷᠢᠮᠵᠢᠯᠲᠡ᠂ ᠵᠢᠷᠤᠮᠵᠢᠯ᠎ᠲᠠᠢ ᠲᠠᠰᠤᠷᠠᠯᠲᠠ ᠤᠢ᠍ᠭᠡᠢ ᠲᠦᠯᠬᠢᠨ ᠠᠬᠢᠭᠤᠯᠬᠤ ᠬᠡᠷᠡᠭᠲᠡᠶ᠃
ᠰᠢᠨ᠎ᠡ ᠴᠠᠭ ᠦᠶ᠎ᠡ ᠵᠢᠨ ᠨᠢᠭᠤᠴᠠ ᠲᠡᠮᠳᠡᠭ᠎ᠤᠨ ᠠᠵᠢᠯ᠎ᠢ ᠰᠠᠶ᠋ᠢᠲᠤᠷ ᠬᠢᠬᠦ᠎ᠳᠤ᠂ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠭᠡ ᠭᠡᠷᠡᠯᠲᠡᠢ ᠶᠤᠮ᠃ ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠨᠠᠮ᠎ᠠᠴᠠ ᠨᠢᠭᠤᠴᠠ ᠲᠡᠮᠳᠡᠭ᠎ᠢ ᠬᠠᠮᠢᠶᠠᠷᠬᠤ ᠵᠢ ᠭᠤᠶ᠋ᠢᠪᠢᠰᠢ ᠦᠭᠡᠢ ᠪᠠᠷᠢᠮᠲᠠᠯᠠᠬᠤ᠂ ᠰᠢᠨ᠎ᠡ ᠵᠢ ᠡᠭᠦᠳᠬᠦ ᠬᠥᠭᠵᠢᠯᠲᠡ ᠵᠢ ᠭᠤᠶ᠋ᠢᠪᠢᠰᠢ ᠦᠭᠡᠢ ᠪᠠᠷᠢᠮᠲᠠᠯᠠᠬᠤ᠂ ᠶᠡᠬᠡ ᠲᠠᠯ᠎ᠠ᠎ᠳᠤ ᠦᠢ᠍ᠯᠡᠴᠢᠯᠡᠬᠦ ᠵᠢ ᠭᠤᠶ᠋ᠢᠪᠢᠰᠢ ᠦᠭᠡᠢ ᠪᠠᠷᠢᠮᠲᠠᠯᠠᠵᠤ᠂ ᠨᠢᠭᠤᠴᠠ ᠲᠡᠮᠳᠡᠭ᠎ᠤᠨ ᠬᠠᠤᠯᠢ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠦᠬᠦ ᠬᠦᠴᠦᠨ ᠵᠶ᠋ᠠᠷ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ᠎ᠤᠨ ᠨᠢᠭᠤᠴᠠ ᠲᠡᠮᠳᠡᠭ᠎ᠤᠨ ᠠᠵᠢᠯ᠎ᠢ ᠡᠭᠦᠳᠦᠨ ᠪᠠᠶ᠋ᠢᠭᠤᠯᠤᠭᠰᠠᠨ 90 ᠵᠢᠯ᠎ᠤᠨ ᠤᠢ ᠵᠢ ᠤᠭᠲᠤᠵᠤ᠂ ᠰᠢᠨ᠎ᠡ ᠴᠠᠭ ᠦᠶ᠎ᠡ ᠵᠢᠨ ᠨᠢᠭᠤᠴᠠ ᠲᠡᠮᠳᠡᠭ᠎ᠤᠨ ᠠᠵᠢᠯ᠎ᠤᠨ ᠰᠢᠨ᠎ᠡ ᠪᠠᠶ᠋ᠢᠳᠠᠯ᠎ᠢ ᠨᠡᠭᠡᠭᠡᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠶ᠎ᠡ!
【ᠬᠣᠯᠪᠣᠭᠳᠠᠯ ᠪᠦᠬᠦᠢ ᠬᠠᠤᠯᠢ ᠴᠠᠭ᠋ᠠᠵᠠ】 ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠤᠴᠠ ᠲᠡᠮᠳᠡᠭ᠎ᠤᠨ ᠬᠠᠤᠯᠢ