ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠰᠦᠢ᠍ᠳᠬᠡᠯ ᠬᠤᠷᠢᠶᠠᠬᠤ ᠥᠷᠲᠡᠭᠡ ᠵᠢᠨ ᠰᠦᠢ᠍ᠳᠬᠡᠯ ᠪᠣᠳᠤᠬᠤ ᠠᠷᠭ᠎ᠠ ᠮᠠᠶᠢᠭ᠎ᠤᠨ ᠲᠣᠬᠢᠷᠠᠭᠤᠯᠤᠯᠲᠠ ᠵᠢ ᠬᠦᠴᠦᠨ ᠥᠬᠡᠶ ᠪᠣᠯᠭ᠋ᠠᠬᠤ ᠲᠤᠬᠠᠶ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-11-09

      ᠨᠢᠭᠡ᠂ ᠮᠤᠵᠢ ᠵᠢᠨ ᠵᠠᠭ᠋ᠠᠭ᠎ᠤᠨ ᠰᠦᠢ᠍ᠳᠬᠡᠯ ᠬᠤᠷᠢᠶᠠᠬᠤ ᠥᠷᠲᠡᠭᠡ ᠵᠢᠨ ᠰᠦᠢ᠍ᠳᠬᠡᠯ ᠪᠤᠳᠤᠬᠤ ᠠᠷᠭ᠎ᠠ ᠮᠠᠶᠢᠭ᠎ᠤᠨ ᠲᠣᠬᠢᠷᠠᠭᠤᠯᠤᠯᠲᠠ ᠵᠢ ᠬᠦᠴᠦᠨ ᠦᠭᠡᠢ ᠪᠣᠯᠭ᠋ᠠᠬᠤ ᠵᠢᠨ ᠴᠢᠬᠤᠯᠠ ᠴᠢᠨᠠᠷ᠃
      ᠠᠴᠢᠶᠠᠨ᠎ᠤ ᠲᠡᠷᠭᠡ ᠵᠢ ᠲᠡᠷᠭᠡᠨ᠎ᠤ (ᠲᠡᠩᠭᠡᠯᠢᠭ) ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ ᠪᠣᠯ ᠣᠯᠠᠨ ᠤᠯᠤᠰ᠎ᠤᠨ ᠲᠥᠭᠡᠮᠡᠯ ᠠᠷᠭ᠎ᠠ ᠪᠣᠯᠤᠨ᠎ᠠ᠃ 2005 ᠣᠨ᠎ᠠᠴᠠ ᠡᠮᠦᠨ᠎ᠡ ᠮᠠᠨ᠎ᠤ ᠤᠯᠤᠰ᠎ᠨᠢ ᠵᠠᠰᠠᠮᠠᠯ ᠵᠠᠮ᠎ᠤᠨ ᠠᠴᠢᠶᠠᠨ᠎ᠤ ᠲᠡᠷᠭᠡ ᠵᠢ ᠲᠡᠷᠭᠡᠨ᠎ᠤ ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ ᠵᠢ ᠨᠡᠶ᠋ᠢᠳᠡᠮ ᠬᠡᠷᠡᠭᠵᠢᠭᠦᠯᠵᠦ ᠪᠠᠶ᠋ᠢᠪᠠ᠃ ᠮᠠᠨ᠎ᠤ ᠤᠯᠤᠰ᠎ᠤᠨ ᠠᠵᠤ ᠠᠬᠤᠶ ᠵᠢᠨ ᠲᠦᠷᠭᠡᠨ ᠬᠥᠭᠵᠢᠯᠲᠡ ᠪᠣᠯᠤᠨ ᠵᠠᠰᠠᠮᠠᠯ ᠵᠠᠮ᠎ᠤᠨ ᠠᠴᠢᠶ᠎ᠠ ᠲᠡᠭᠡᠭᠡᠪᠦᠷᠢ ᠵᠢᠨ ᠬᠡᠮᠵᠢᠶᠡᠨ᠎ᠤ ᠲᠦᠷᠭᠡᠨ ᠨᠡᠮᠡᠭᠳᠡᠬᠦ ᠵᠢ ᠳᠠᠭ᠋ᠠᠯᠳᠤᠨ᠂ ᠵᠠᠰᠠᠮᠠᠯ ᠵᠠᠮ᠎ᠤᠨ ᠠᠴᠢᠶ᠎ᠠ ᠲᠡᠭᠡᠭᠡᠪᠦᠷᠢ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠠᠰᠠᠭᠤᠳᠠᠯ᠎ᠨᠢ ᠲᠣᠪᠣᠶ᠋ᠢᠮ᠎ᠠ ᠪᠣᠯᠪᠠ᠃ 2006 ᠣᠨ᠎ᠠᠴᠠ ᠡᠬᠢᠯᠡᠨ᠂ ᠮᠠᠨ᠎ᠤ ᠤᠯᠤᠰ᠎ᠤᠨ ᠣᠯᠠᠩᠬᠢ ᠲᠣᠭ᠋ᠠᠨ᠎ᠤ ᠮᠤᠵᠢ᠎ᠨᠢ ᠵᠠᠰᠠᠮᠠᠯ ᠵᠠᠮ᠎ᠤᠨ ᠠᠴᠢᠶᠠᠨ᠎ᠤ ᠲᠡᠷᠭᠡ ᠵᠢ ᠲᠡᠷᠭᠡᠨ᠎ᠤ ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ᠎ᠠᠴᠠ ᠬᠦᠨᠳᠦ ᠵᠢ᠎ᠨᠢ ᠪᠣᠳᠤᠵᠤ ᠰᠦᠢ᠍ᠳᠬᠡᠯ ᠬᠤᠷᠢᠶᠠᠬᠤ ᠪᠣᠯᠭ᠋ᠠᠨ ᠲᠣᠬᠢᠷᠠᠭᠤᠯᠵᠤ᠂ ᠠᠵᠤ ᠠᠬᠤᠶ ᠵᠢᠨ ᠠᠷᠭ᠎ᠠ ᠪᠠᠷᠢᠯ ᠵᠶ᠋ᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠬᠦ ᠵᠢ ᠬᠣᠷᠢᠭᠯᠠᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠪᠠ ᠵᠠᠰᠠᠮᠠᠯ ᠵᠠᠮ᠎ᠤᠨ ᠰᠠᠭᠤᠷᠢ ᠲᠥᠬᠦᠭᠡᠷᠦᠮᠵᠢ ᠵᠢᠨ ᠠᠮᠤᠷ ᠲᠦᠪᠰᠢᠨ᠎ᠢ ᠬᠠᠮᠠᠭ᠋ᠠᠯᠠᠪᠠ᠃ ᠬᠦᠨᠳᠦ ᠵᠢ᠎ᠨᠢ ᠪᠤᠳᠤᠵᠤ ᠰᠦᠢ᠍ᠳᠬᠡᠯ ᠬᠤᠷᠢᠶᠠᠬᠤ᠎ᠨᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠳᠤ ᠴᠢᠬᠤᠯᠠ ᠦᠢ᠍ᠯᠡᠳᠦᠯ ᠦᠵᠡᠭᠦᠯᠪᠡ᠃
      ᠮᠠᠨ᠎ᠤ ᠤᠯᠤᠰ᠎ᠤᠨ ᠵᠢᠵᠢᠭ ᠮᠠᠰᠢᠨ ᠲᠡᠷᠭᠡᠨ᠎ᠤ ᠡᠵᠡᠮᠳᠡᠬᠦ ᠬᠡᠮᠵᠢᠶᠡᠨ᠎ᠤ ᠲᠦᠷᠭᠡᠨ ᠨᠡᠮᠡᠭᠳᠡᠬᠦ ᠵᠢ ᠳᠠᠭ᠋ᠠᠯᠳᠤᠨ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠰᠦᠢ᠍ᠳᠬᠡᠯ ᠬᠤᠷᠢᠶᠠᠬᠤ ᠥᠷᠲᠡᠭᠡ ᠵᠢᠨ ᠲᠦᠭᠵᠢᠷᠡᠯ᠎ᠨᠢ ᠣᠯᠠᠨ ᠨᠡᠶ᠋ᠢᠲᠡ ᠵᠢᠨ ᠳᠥᠭᠥᠮ ᠳᠥᠲᠡ ᠭᠠᠳᠠᠭᠰᠢ ᠠᠶᠠᠯᠠᠬᠤ ᠵᠢ ᠨᠥᠯᠥᠭᠡᠯᠡᠬᠦ ᠬᠢᠭᠡᠳ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠨᠥᠬᠡᠴᠡᠲᠡᠢ ᠬᠥᠭᠵᠢᠯᠲᠡ ᠵᠢ ᠬᠢᠵᠠᠭ᠋ᠠᠷᠯᠠᠬᠤ ᠲᠣᠪᠣᠶ᠋ᠢᠮ᠎ᠠ ᠵᠥᠷᠢᠴᠡᠯ ᠪᠣᠯᠪᠠ᠃ ᠡᠨᠡ ᠬᠦ᠌ ᠠᠬᠤᠶ ᠪᠠᠶ᠋ᠢᠳᠠᠯ ᠳᠣᠣᠷ᠎ᠠ᠂ 《ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠰᠦᠢ᠍ᠳᠬᠡᠯ ᠬᠤᠷᠢᠶᠠᠬᠤ ᠥᠷᠲᠡᠭᠡ ᠵᠢ ᠬᠦᠴᠦᠨ ᠥᠬᠡᠶ ᠪᠣᠯᠭ᠋ᠠᠵᠤ᠂ ᠲᠡᠷᠭᠡ ᠵᠣᠭᠰᠤᠭ᠋ᠠᠬᠤ ᠥᠬᠡᠶ᠎ᠪᠠᠷ ᠲᠦᠷᠭᠡᠨ ᠰᠦᠢ᠍ᠳᠬᠡᠯ ᠬᠤᠷᠢᠶᠠᠬᠤ ᠵᠢ ᠪᠡᠶᠡᠯᠡᠭᠦᠯᠦᠨ᠎ᠡ》 ᠭᠡᠵᠦ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠳᠤᠷᠠᠳᠪᠠ᠃ ᠠᠴᠢᠶᠠᠨ᠎ᠤ ᠲᠡᠷᠭᠡ᠎ᠳᠤ ᠬᠦᠨᠳᠦ ᠵᠢ᠎ᠨᠢ ᠪᠣᠳᠣᠵᠤ ᠰᠦᠢ᠍ᠳᠬᠡᠯ ᠬᠤᠷᠢᠶᠠᠬᠤ ᠵᠢ ᠬᠡᠷᠡᠭᠵᠢᠭᠦᠯᠬᠦ᠎ᠨᠢ ᠰᠦᠢ᠍ᠳᠬᠡᠯ ᠬᠤᠷᠢᠶᠠᠬᠤ ᠥᠷᠲᠡᠭᠡᠨ᠎ᠤ ᠭᠠᠷᠴᠠ᠎ᠳᠤ ᠲᠡᠷᠭᠡ᠎ᠪᠠᠨ ᠵᠣᠭᠰᠤᠭ᠋ᠠᠵᠤ ᠲᠡᠷᠭᠡᠨ ᠬᠦᠨᠳᠦ᠎ᠪᠠᠨ ᠬᠡᠮᠵᠢᠭᠦᠯᠦᠨ ᠰᠦᠢ᠍ᠳᠬᠡᠯ ᠲᠤᠰᠢᠶᠠᠭᠰᠠᠨ᠎ᠤ ᠳᠠᠷᠠᠭ᠎ᠠ ᠨᠡᠪᠲᠡᠷᠡᠬᠦ ᠴᠢᠬᠤᠯᠠᠲᠠᠢ᠂ ᠡᠨᠡ᠎ᠨᠢ ᠠᠴᠢᠶᠠᠨ᠎ᠤ ᠲᠡᠷᠭᠡ ᠵᠢᠨ ᠲᠡᠷᠭᠡ ᠨᠡᠪᠲᠡᠷᠡᠬᠦ ᠦᠷ᠎ᠡ ᠪᠦᠲᠦᠮᠵᠢ ᠵᠢ᠎ᠨᠢ ᠪᠠᠭᠤᠷᠠᠭᠤᠯᠵᠤ᠂ 《ᠲᠡᠷᠭᠡ ᠵᠣᠭᠰᠣᠭ᠋ᠠᠬᠤ ᠦᠭᠡᠢ᠎ᠪᠠᠷ ᠲᠦᠷᠭᠡᠨ ᠰᠦᠢ᠍ᠳᠬᠡᠯ ᠬᠤᠷᠢᠶᠠᠬᠤ》 ᠬᠠᠷᠠᠯᠲᠠ ᠵᠢ ᠪᠡᠶᠡᠯᠡᠭᠦᠯᠬᠦ ᠵᠢ ᠨᠥᠯᠥᠭᠡᠯᠡᠪᠡ᠃ ᠡᠭᠦᠨ᠎ᠤ ᠲᠤᠯᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠢᠭᠡᠳᠦᠯᠲᠡᠶ ᠪᠠᠢ᠌ᠷᠢᠯᠠᠭᠤᠯᠤᠯᠲᠠ ᠶᠣᠰᠣᠭ᠋ᠠᠷ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ ᠭᠠᠵᠠᠷ᠎ᠢ ᠵᠢᠯᠣᠭᠣᠳᠴᠤ᠂ ᠠᠴᠢᠶᠠᠨ᠎ᠤ ᠲᠡᠷᠭᠡ ᠵᠢᠨ ᠰᠦᠢ᠍ᠳᠬᠡᠯ ᠪᠤᠳᠤᠬᠤ ᠠᠷᠭ᠎ᠠ ᠮᠠᠶᠢᠭ᠎ᠢ ᠰᠢᠯᠢᠳᠡᠭᠵᠢᠭᠦᠯᠦᠨ ᠲᠣᠬᠢᠷᠠᠭᠤᠯᠵᠤ᠂ ᠬᠦᠨᠳᠦ ᠵᠢ᠎ᠨᠢ ᠪᠣᠳᠤᠵᠤ ᠰᠦᠢ᠍ᠳᠬᠡᠯ ᠬᠤᠷᠢᠶᠠᠬᠤ᠎ᠠᠴᠠ ᠲᠡᠷᠭᠡᠨ᠎ᠤ (ᠲᠡᠩᠭᠡᠯᠢᠭ) ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ ᠪᠣᠯᠭ᠋ᠠᠨ ᠨᠢᠭᠡᠳᠦᠯᠲᠡᠢ ᠲᠣᠬᠢᠷᠠᠭᠤᠯᠪᠠ᠃
      ᠬᠠᠤᠯᠢ ᠶᠣᠰᠣᠭ᠋ᠠᠷ ᠠᠴᠢᠶᠠᠯᠠᠭᠰᠠᠨ᠎ᠤ ᠤᠷᠢᠲᠠᠯ ᠳᠣᠣᠷ᠎ᠠ᠂ ᠠᠳᠠᠯᠢ ᠲᠡᠩᠭᠡᠯᠢᠭᠲᠦ ᠪᠠᠷᠠᠭ᠋ᠠᠨ᠎ᠤ ᠲᠡᠷᠭᠡ᠎ᠨᠢ ᠬᠡᠳᠦᠶ ᠪᠠᠷᠠᠭ᠎ᠠ ᠲᠡᠭᠡᠭᠡᠭᠰᠡᠨ ᠴᠦ᠍᠂ ᠵᠠᠰᠠᠮᠠᠯ ᠵᠠᠮ᠎ᠤᠨ ᠡᠬᠢ ᠪᠠᠶᠠᠯᠢᠭ᠎ᠢ ᠡᠵᠡᠯᠡᠨ ᠬᠡᠷᠡᠭᠯᠡᠬᠦ᠎ᠨᠢ ᠴᠥᠮ ᠠᠳᠠᠯᠢᠬᠠᠨ᠂ ᠨᠢᠭᠡᠳᠦᠯᠲᠡᠶ ᠪᠠᠷᠢᠮᠵᠢᠶ᠎ᠠ᠎ᠪᠠᠷ ᠵᠠᠮ᠎ᠤᠨ ᠰᠦᠢ᠍ᠳᠬᠡᠯ ᠬᠤᠷᠢᠶᠠᠬᠤ᠎ᠨᠢ ᠰᠢᠨᠵᠢᠯᠡᠬᠦ ᠤᠬᠠᠭ᠋ᠠᠨᠴᠢ ᠴᠢᠨᠠᠷᠲᠠᠢ᠂ ᠡᠷᠬᠡ ᠲᠡᠭᠰᠢ ᠴᠢᠨᠠᠷᠲᠠᠢ᠂ ᠵᠦᠶ ᠵᠣᠬᠢᠰᠲᠤ ᠴᠢᠨᠠᠷᠲᠠᠢ ᠪᠠᠢ᠌ᠳᠠᠭ᠃ ᠲᠡᠷᠭᠡᠨ᠎ᠤ (ᠲᠡᠩᠭᠡᠯᠢᠭ) ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠵᠤ᠂ ᠬᠦᠨᠳᠦ ᠠᠴᠢᠶᠠᠨ᠎ᠤ ᠲᠡᠷᠭᠡ ᠵᠢ ᠳᠡᠭᠡᠳᠦ ᠬᠤᠷᠳᠤ ᠵᠢᠨ ᠵᠠᠰᠠᠮᠠᠯ ᠵᠠᠮ ᠵᠶ᠋ᠠᠷ ᠨᠡᠪᠲᠡᠷᠡᠬᠦ ᠵᠢ ᠵᠣᠷᠢᠭᠵᠢᠭᠤᠯᠬᠤ᠎ᠨᠢ᠂ ᠵᠠᠰᠠᠮᠠᠯ ᠵᠠᠮ᠎ᠤᠨ ᠲᠡᠭᠡᠭᠡᠪᠦᠷᠢ ᠵᠢᠨ ᠪᠣᠳᠠᠲᠤ ᠠᠴᠢᠶᠠᠯᠠᠮᠵᠢ ᠪᠣᠯᠤᠨ ᠲᠡᠭᠡᠭᠡᠪᠦᠷᠢ ᠵᠢᠨ ᠵᠣᠬᠢᠶᠠᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠠᠰᠢᠭᠲᠠᠢ ᠪᠠᠢ᠌ᠵᠤ᠂ ᠡᠳ᠋ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠤᠷᠳᠤᠴᠠ᠎ᠪᠠᠨ ᠳᠡᠭᠡᠭᠰᠢᠯᠡᠭᠦᠯᠵᠦ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠤᠨ᠎ᠠ᠃
      ᠬᠣᠶᠠᠷ᠂ ᠰᠦᠢ᠍ᠳᠬᠡᠯ ᠪᠤᠳᠤᠬᠤ ᠠᠷᠭ᠎ᠠ ᠮᠠᠶᠢᠭ᠎ᠤᠨ ᠲᠣᠬᠢᠷᠠᠭᠤᠯᠤᠯᠲᠠ᠎ᠨᠢ ᠠᠶᠠᠨᠴᠢᠳ᠎ᠤᠨ ᠲᠡᠷᠭᠡ ᠵᠢᠨ ᠲᠡᠷᠭᠡ ᠨᠡᠪᠲᠡᠷᠡᠬᠦ ᠰᠦᠢ᠍ᠳᠬᠡᠯ᠎ᠳᠤ ᠦᠵᠡᠭᠦᠯᠬᠦ ᠨᠥᠯᠥᠭᠡ᠃
      ᠮᠠᠨ᠎ᠤ ᠣᠷᠣᠨ᠎ᠤ ᠠᠶᠠᠨᠴᠢᠳ᠎ᠤᠨ ᠲᠡᠷᠭᠡᠨ᠎ᠳᠤ ᠠᠪᠴᠤ ᠬᠡᠯᠡᠪᠡᠯ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠮᠥᠨ ᠤᠤᠯ᠎ᠤᠨ ᠪᠠᠷᠢᠮᠵᠢᠶ᠎ᠠ᠎ᠪᠠᠷ ᠬᠡᠷᠡᠭᠵᠢᠭᠦᠯᠵᠦ᠂ ᠭᠡᠬᠦ᠎ᠳᠤ ᠬᠡᠰᠡᠭ ᠠᠶᠠᠨᠴᠢᠳ᠎ᠤᠨ ᠲᠡᠷᠭᠡᠨ᠎ᠤ ᠲᠡᠷᠭᠡᠨ ᠬᠡᠯᠪᠡᠷᠢ ᠵᠢᠨ ᠠᠩᠭᠢᠯᠠᠯ᠎ᠢ᠎ᠨᠢ ᠳᠦᠷᠢᠮᠵᠢᠭᠦᠯᠵᠦ᠂ ᠲᠡᠷᠭᠡᠨ᠎ᠤ ᠤᠷᠲᠤ᠎ᠨᠢ 6 ᠮᠧᠲᠷ᠎ᠠᠴᠠ ᠪᠠᠭ᠎ᠠ 8 ᠰᠠᠭᠤᠳᠠᠯ ᠪᠣᠯᠤᠨ 9 ᠰᠠᠭᠤᠳᠠᠯ᠎ᠤᠨ ᠵᠢᠵᠢᠭ ᠬᠡᠯᠪᠡᠷᠢ ᠵᠢᠨ ᠠᠶᠠᠨᠴᠢᠳ᠎ᠤᠨ ᠲᠡᠷᠭᠡ ᠵᠢ ᠨᠢᠭᠡᠳᠦᠯᠲᠡᠢ᠎ᠪᠠᠷ ᠬᠣᠶᠠᠳᠤᠭ᠋ᠠᠷ ᠲᠥᠷᠥᠯ᠎ᠠᠴᠠ ᠨᠢᠭᠡᠳᠦᠭᠡᠷ ᠲᠥᠷᠥᠯ ᠪᠣᠯᠭ᠋ᠠᠨ ᠲᠣᠬᠢᠷᠠᠭᠤᠯᠵᠤ᠂ ᠲᠣᠰ ᠬᠡᠰᠡᠭ᠎ᠤᠨ ᠲᠡᠷᠭᠡ ᠬᠥᠰᠬᠡ ᠵᠢᠨ ᠲᠡᠷᠭᠡ ᠨᠡᠪᠲᠡᠷᠡᠬᠦ ᠰᠦᠢ᠍ᠳᠬᠡᠯ᠎ᠤᠨ ᠪᠠᠷᠢᠮᠵᠢᠶ᠎ᠠ᠎ᠨᠢ ᠡᠳᠦᠶ ᠲᠡᠳᠦᠶ ᠪᠠᠭᠤᠷᠠᠪᠠ᠃ ᠠᠶᠠᠨᠴᠢᠳ᠎ᠤᠨ ᠲᠡᠷᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ᠎ᠳᠤ ᠬᠤᠪᠢᠷᠠᠯᠲᠠ ᠭᠠᠷᠤᠭᠰᠠᠨ ᠦᠭᠡᠢ᠂ ᠭᠡᠲᠡᠯ᠎ᠡ ᠪᠣᠳᠠᠲᠠᠶ ᠠᠶᠠᠯᠠᠭᠰᠠᠨ ᠵᠠᠮ᠎ᠤᠨ ᠵᠠᠢ᠎ᠪᠠᠷ ᠣᠨᠣᠪᠴᠢᠲᠠᠶ ᠰᠦᠢ᠍ᠳᠬᠡᠯ ᠬᠤᠷᠢᠶᠠᠬᠤ᠎ᠪᠠᠷ ᠲᠣᠬᠢᠷᠠᠭᠤᠯᠪᠠᠯ᠂ ᠬᠡᠰᠡᠭ ᠠᠶᠠᠨᠴᠢᠳ᠎ᠤᠨ ᠮᠠᠰᠢᠨ ᠲᠡᠷᠭᠡᠨ᠎ᠤ ᠨᠡᠪᠲᠡᠷᠡᠬᠦ ᠰᠦᠢ᠍ᠳᠬᠡᠯ᠎ᠤᠨ ᠰᠦᠢ᠍ᠳᠬᠡᠯ ᠲᠤᠰᠢᠶᠠᠬᠤ ᠲᠣᠭ᠎ᠠ᠎ᠳᠤ ᠬᠤᠪᠢᠷᠠᠯᠲᠠ ᠭᠠᠷᠬᠤ ᠪᠣᠯᠤᠨ᠎ᠠ᠃ ᠤᠤᠯ᠎ᠤᠨ ᠰᠦᠢ᠍ᠳᠬᠡᠯ ᠪᠣᠳᠣᠬᠤ ᠳᠦᠷᠢᠮ᠎ᠨᠢ 5 ᠲᠥᠭᠥᠷᠢᠭ᠎ᠤᠨ ᠡᠬᠢᠯᠡᠭᠦᠯᠬᠦ ᠦᠨ᠎ᠡ᠂ ᠨᠡᠪᠲᠡᠷᠡᠬᠦ ᠰᠦᠢ᠍ᠳᠬᠡᠯ᠎ᠢ 5 ᠲᠥᠭᠥᠷᠢᠭ ᠵᠶ᠋ᠠᠷ ᠪᠦᠬᠦᠯᠢ᠎ᠪᠠᠷ ᠬᠤᠷᠢᠶᠠᠵᠤ᠂ 《ᠭᠤᠷᠪᠠ ᠳᠣᠯᠣᠭ᠎ᠠ᠎ᠪᠠᠷ ᠲᠠᠪᠤ ᠵᠢ ᠬᠢᠵᠦ᠂ ᠬᠣᠶᠠᠷ᠎ᠢ ᠬᠠᠶᠠᠵᠤ ᠨᠠᠢ᠍ᠮᠠ ᠵᠢ ᠳᠡᠪᠰᠢᠭᠦᠯᠬᠦ》 ᠵᠢᠨ ᠪᠦᠬᠦᠯᠢ᠎ᠪᠠᠷ ᠠᠪᠬᠤ ᠳᠦᠷᠢᠮ᠎ᠢ ᠬᠡᠷᠡᠭᠵᠢᠭᠦᠯᠦᠨ᠂ ᠨᠡᠪᠲᠡᠷᠡᠬᠦ ᠰᠦᠢ᠍ᠳᠬᠡᠯ᠎ᠨᠢ ᠪᠦᠷ 5 ᠲᠥᠭᠥᠷᠢᠭ᠎ᠤᠨ ᠳᠠᠬᠢᠨ ᠲᠣᠭ᠎ᠠ ᠪᠣᠯᠣᠨ᠎ᠠ᠃
      ᠰᠦᠢ᠍ᠳᠬᠡᠯ ᠬᠤᠷᠢᠶᠠᠬᠤ ᠰᠢᠨ᠎ᠡ ᠳᠦᠷᠢᠮ᠎ᠨᠢ ᠲᠡᠷᠭᠡ ᠬᠥᠰᠬᠡ ᠨᠡᠪᠲᠡᠷᠡᠬᠦ ᠪᠣᠳᠠᠲᠠᠶ ᠵᠠᠮ ᠵᠶ᠋ᠠᠷ᠎ᠨᠢ ᠬᠡᠰᠡᠭ ᠬᠤᠪᠢᠶᠠᠨ ᠰᠦᠢ᠍ᠳᠬᠡᠯ ᠪᠣᠳᠤᠵᠤ᠂ ETC ᠮᠠᠰᠢᠨ ᠲᠡᠷᠭᠡᠨ᠎ᠤ ᠠᠷᠠᠯᠵᠢᠶᠠᠨ᠎ᠤ ᠵᠣᠭᠣᠰ᠎ᠤᠨ ᠲᠣᠭ᠎ᠠ ᠵᠢ 《ᠳᠥᠷᠪᠡ ᠵᠢ ᠬᠠᠶᠠᠵᠤ ᠲᠠᠪᠤ ᠵᠢ ᠳᠡᠪᠰᠢᠭᠦᠯᠬᠦ》 ᠳᠦᠷᠢᠮ ᠶᠣᠰᠣᠭ᠋ᠠᠷ 《ᠹᠥᠨ》 ᠬᠦᠷᠲᠡᠯ᠎ᠡ ᠪᠦᠬᠦᠯᠢ᠎ᠪᠠᠷ ᠬᠤᠷᠢᠶᠠᠵᠤ᠂ ᠬᠥᠮᠦᠨ᠎ᠤ ᠬᠦᠴᠦᠨ᠎ᠤ ᠲᠡᠷᠭᠡᠨ ᠵᠠᠮ᠎ᠤᠨ ᠠᠷᠠᠯᠵᠢᠶᠠᠨ᠎ᠤ ᠵᠣᠭᠣᠰ᠎ᠤᠨ ᠲᠣᠭ᠎ᠠ ᠵᠢ 《ᠳᠥᠷᠪᠡ ᠵᠢ ᠬᠠᠶᠠᠵᠤ ᠲᠠᠪᠤ ᠵᠢ ᠳᠡᠪᠰᠢᠭᠦᠯᠬᠦ》 ᠳᠦᠷᠢᠮ ᠶᠣᠰᠣᠭ᠋ᠠᠷ 《ᠲᠥᠭᠥᠷᠢᠭ》 ᠬᠦᠷᠲᠡᠯ᠎ᠡ ᠪᠦᠬᠦᠯᠢ᠎ᠪᠠᠷ ᠬᠤᠷᠢᠶᠠᠵᠤ᠂ 5 ᠲᠥᠭᠥᠷᠢᠭ᠎ᠤᠨ ᠡᠬᠢᠯᠡᠭᠦᠯᠬᠦ ᠦᠨ᠎ᠡ ᠵᠢ ᠬᠦᠴᠦᠨ ᠦᠭᠡᠢ ᠪᠣᠯᠭ᠋ᠠᠪᠠ᠃
      ᠪᠡᠭᠡᠵᠢᠩ᠎ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠦᠸᠧᠽᠢ ᠰᠢᠶᠠᠨ᠎ᠠᠴᠠ ᠬᠥᠬᠡᠬᠣᠲᠠ ᠵᠦᠭ ᠬᠦᠷᠬᠦ ᠵᠢᠵᠢᠭ ᠰᠠᠭᠤᠳᠠᠯ᠎ᠤᠨ ᠮᠠᠰᠢᠨ ᠵᠶ᠋ᠠᠷ ᠵᠢᠱ᠌ᠢᠶᠡᠯᠡᠪᠡᠯ᠂ ᠵᠦᠸᠧᠽᠢ ᠱᠠᠨ᠎ᠤ ᠣᠷᠤᠴᠠ᠎ᠪᠠᠷ ᠣᠷᠣᠵᠤ᠂ ᠬᠦᠬᠡᠬᠣᠲᠠ ᠵᠢᠨ ᠭᠠᠷᠴᠠ᠎ᠪᠠᠷ ᠭᠠᠷᠪᠠᠯ᠂ ᠨᠡᠶ᠋ᠢᠲᠡ ᠪᠠᠷᠤᠭ 89 ᠺᠢᠯᠣᠮᠧᠲᠷ ᠪᠠᠢ᠌ᠵᠤ᠂ ᠥᠩᠭᠡᠷᠡᠭᠡᠭᠰᠡᠨ᠎ᠤ ᠪᠠᠷᠢᠮᠵᠢᠶ᠎ᠠ ᠶᠣᠰᠣᠭ᠋ᠠᠷ ᠨᠡᠪᠲᠡᠷᠡᠬᠦ ᠰᠦᠢ᠍ᠳᠬᠡᠯ᠎ᠨᠢ 35 ᠲᠥᠭᠥᠷᠢᠭ᠂ ᠬᠡᠷᠪᠡ ᠨᠠᠷᠢᠯᠢᠭ ᠣᠨᠣᠴᠠᠲᠠᠶ ᠰᠦᠢ᠍ᠳᠬᠡᠯ ᠬᠤᠷᠢᠶᠠᠬᠤ ᠳᠦᠷᠢᠮ ᠶᠣᠰᠣᠭ᠋ᠠᠷ᠂ ᠬᠥᠮᠦᠨ᠎ᠤ ᠬᠦᠴᠦ᠎ᠪᠠᠷ ᠨᠡᠪᠲᠡᠷᠡᠬᠦ ᠰᠦᠢ᠍ᠳᠬᠡᠯ᠎ᠨᠢ 36 ᠲᠥᠭᠥᠷᠢᠭ᠂ ETC᠎ᠪᠠᠷ ᠨᠡᠪᠲᠡᠷᠡᠬᠦ ᠰᠦᠢ᠍ᠳᠬᠡᠯ᠎ᠨᠢ 35.6 ᠲᠥᠭᠥᠷᠢᠭ (ETC ᠨᠤᠭᠤᠯᠵᠤ ᠪᠣᠳᠤᠬᠤ ᠵᠢ ᠪᠠᠭᠲᠠᠭ᠋ᠠᠭᠰᠠᠨ ᠥᠬᠡᠶ)᠂ ᠰᠦᠢ᠍ᠳᠬᠡᠯ ᠲᠤᠰᠢᠶᠠᠬᠤ ᠲᠣᠭ᠎ᠠ᠎ᠨᠢ ᠡᠳᠦᠶ ᠲᠡᠳᠦᠶ ᠨᠡᠮᠡᠭᠳᠡᠪᠡ; ᠬᠡᠷᠪᠡ ᠵᠦᠸᠧᠽᠢ ᠱᠠᠨ᠎ᠤ ᠣᠷᠤᠴᠠ᠎ᠪᠠᠷ ᠣᠷᠣᠵᠤ ᠬᠦᠬᠡᠬᠣᠲᠠ ᠵᠢᠨ ᠪᠠᠷᠠᠭᠤᠨ ᠭᠠᠷᠴᠠ᠎ᠪᠠᠷ ᠭᠠᠷᠪᠠᠯ᠂ ᠨᠡᠶ᠋ᠢᠲᠡ ᠪᠠᠷᠤᠭ 98 ᠺᠢᠯᠣᠮᠧᠲᠷ᠂ ᠥᠩᠭᠡᠷᠡᠭᠡᠭᠰᠡᠨ᠎ᠤ ᠪᠠᠷᠢᠮᠵᠢᠶ᠎ᠠ ᠶᠣᠰᠣᠭ᠋ᠠᠷ ᠨᠡᠪᠲᠡᠷᠡᠬᠦ ᠰᠦᠢ᠍ᠳᠬᠡᠯ᠎ᠨᠢ 40 ᠲᠥᠭᠥᠷᠢᠭ᠂ ᠬᠡᠷᠪᠡ ᠨᠠᠷᠢᠯᠢᠭ ᠣᠨᠣᠴᠠᠲᠠᠶ ᠰᠦᠢ᠍ᠳᠬᠡᠯ ᠬᠤᠷᠢᠶᠠᠬᠤ ᠳᠦᠷᠢᠮ ᠶᠣᠰᠣᠭ᠋ᠠᠷ᠂ ᠬᠥᠮᠦᠨ᠎ᠤ ᠬᠦᠴᠦ᠎ᠪᠠᠷ ᠨᠡᠪᠲᠡᠷᠡᠬᠦ ᠰᠦᠢ᠍ᠳᠬᠡᠯ᠎ᠨᠢ 39 ᠲᠥᠭᠥᠷᠢᠭ᠂ ETC᠎ᠪᠠᠷ ᠨᠡᠪᠲᠡᠷᠡᠬᠦ ᠰᠦᠢ᠍ᠳᠬᠡᠯ᠎ᠨᠢ 39.2 ᠲᠥᠭᠥᠷᠢᠭ (ETC ᠨᠤᠭᠤᠯᠵᠤ ᠪᠣᠳᠤᠬᠤ ᠵᠢ ᠪᠠᠭᠲᠠᠭ᠋ᠠᠭᠰᠠᠨ ᠥᠬᠡᠶ)᠂ ᠰᠦᠢ᠍ᠳᠬᠡᠯ ᠲᠤᠰᠢᠶᠠᠬᠤ ᠲᠣᠭ᠎ᠠ᠎ᠨᠢ ᠡᠳᠦᠶ ᠲᠡᠳᠦᠶ ᠪᠠᠭᠤᠷᠠᠪᠠ᠃ ᠤᠤᠯ᠎ᠤᠨ ᠲᠤᠰᠢᠶᠠᠬᠤ ᠶᠣᠰᠣᠲᠠᠶ ᠰᠦᠢ᠍ᠳᠬᠡᠯ᠎ᠤᠨ ᠲᠣᠭ᠎ᠠ᠎ᠠᠴᠠ ᠴᠦᠮ ᠡᠳᠦᠶ ᠲᠡᠳᠦᠶ ᠬᠤᠪᠢᠷᠠᠯᠲᠠ ᠭᠠᠷᠴᠤ᠂ ᠶᠡᠷᠦᠩᠬᠡᠢ᠎ᠳᠤ᠎ᠨᠢ ᠠᠪᠴᠤ ᠦᠵᠡᠪᠡᠯ᠂ ᠰᠦᠢ᠍ᠳᠬᠡᠯ ᠲᠤᠰᠢᠶᠠᠬᠤ ᠲᠣᠭ᠎ᠠ᠎ᠨᠢ ᠪᠠᠭᠤᠷᠠᠭᠰᠠᠨ ᠪᠦᠯᠦᠭᠯᠡᠯ᠎ᠨᠢ ᠰᠦᠢ᠍ᠳᠬᠡᠯ ᠲᠤᠰᠢᠶᠠᠬᠤ ᠲᠣᠭ᠎ᠠ ᠨᠡᠮᠡᠭᠳᠡᠭᠰᠡᠨ ᠪᠦᠯᠦᠭᠯᠡᠯ᠎ᠠᠴᠠ ᠥᠨᠳᠥᠷ ᠪᠠᠢ᠌ᠪᠠ᠃ ᠪᠣᠳᠠᠲᠠᠶ ᠠᠶᠠᠯᠠᠭᠰᠠᠨ ᠵᠠᠮ᠎ᠤᠨ ᠵᠠᠶ᠎ᠪᠠᠷ ᠣᠨᠣᠪᠴᠢᠲᠠᠶ ᠰᠦᠢ᠍ᠳᠬᠡᠯ ᠬᠤᠷᠢᠶᠠᠬᠤ᠎ᠨᠢ᠂ ᠢᠯᠡᠭᠦᠦ ᠵᠠᠮ ᠶᠠᠪᠤᠪᠠᠯ ᠢᠯᠡᠭᠦᠦ ᠰᠦᠢ᠍ᠳᠬᠡᠯ ᠬᠤᠷᠢᠶᠠᠵᠤ᠂ ᠳᠤᠲᠠᠭᠤ ᠵᠠᠮ ᠶᠠᠪᠤᠪᠠᠯ ᠳᠤᠲᠠᠭᠤ ᠰᠦᠢ᠍ᠳᠬᠡᠯ ᠬᠤᠷᠢᠶᠠᠬᠤ ᠵᠠᠷᠴᠢᠮ᠎ᠢ ᠬᠠᠷᠠᠭᠤᠯᠵᠤ᠂ ᠰᠦᠢ᠍ᠳᠬᠡᠯ ᠬᠤᠷᠢᠶᠠᠬᠤ᠎ᠨᠢ ᠨᠡᠩ ᠡᠷᠬᠡ ᠲᠡᠭᠰᠢ ᠵᠦᠶ ᠵᠣᠬᠢᠰᠲᠠᠶ ᠪᠣᠯᠪᠠ᠃
      ᠭᠤᠷᠪᠠ᠂ ᠰᠦᠢ᠍ᠳᠬᠡᠯ ᠪᠤᠳᠤᠬᠤ ᠠᠷᠭ᠎ᠠ ᠮᠠᠶᠢᠭ᠎ᠤᠨ ᠲᠣᠬᠢᠷᠠᠭᠤᠯᠤᠯᠲᠠ᠎ᠨᠢ ᠠᠴᠢᠶᠠᠨ᠎ᠤ ᠲᠡᠷᠭᠡ ᠵᠢᠨ ᠨᠡᠪᠲᠡᠷᠡᠬᠦ ᠰᠦᠢ᠍ᠳᠬᠡᠯ᠎ᠳᠤ ᠦᠵᠡᠭᠦᠯᠬᠦ ᠨᠥᠯᠥᠭᠡ᠃
      ᠠᠴᠢᠶᠠᠨ᠎ᠤ ᠲᠡᠷᠭᠡ ᠵᠢᠨ ᠰᠦᠢ᠍ᠳᠬᠡᠯ ᠪᠣᠳᠣᠬᠤ ᠠᠷᠭ᠎ᠠ ᠮᠠᠶᠢᠭ᠎ᠲᠤ ᠨᠡᠯᠢᠶᠡᠳ ᠶᠡᠬᠡ ᠬᠤᠪᠢᠷᠠᠯᠲᠠ ᠭᠠᠷᠴᠤ᠂ ᠬᠦᠨᠳᠦ ᠵᠢ᠎ᠨᠢ ᠪᠣᠳᠣᠵᠤ ᠰᠦᠢ᠍ᠳᠬᠡᠯ ᠬᠤᠷᠢᠶᠠᠬᠤ᠎ᠠᠴᠠ ᠲᠡᠷᠭᠡ (ᠲᠡᠩᠭᠡᠯᠢᠭ) ᠵᠢᠨ ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ ᠪᠣᠯᠭ᠋ᠠᠨ ᠳᠣᠭᠢᠷᠠᠭᠤᠯᠵᠤ᠂ ᠬᠤᠭᠤᠰᠤᠨ ᠲᠡᠷᠭᠡ᠂ ᠬᠦᠨᠳᠦ ᠲᠡᠷᠭᠡᠨ᠎ᠳᠤ ᠰᠦᠢ᠍ᠳᠬᠡᠯ ᠬᠤᠷᠢᠶᠠᠬᠤ ᠨᠢᠭᠡᠳᠦᠯᠲᠡᠶ ᠪᠠᠷᠢᠮᠵᠢᠶ᠎ᠠ ᠵᠢ ᠬᠡᠷᠡᠭᠵᠢᠭᠦᠯᠦᠨ᠎ᠡ᠃ ᠬᠡᠷᠪᠡ ᠳᠦᠭᠦᠷᠡᠩ ᠠᠴᠢᠶ᠎ᠠ᠎ᠲᠠᠢ ᠲᠡᠷᠭᠡ ᠬᠥᠰᠬᠡ᠎ᠪᠠᠷ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠪᠠᠯ᠂ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢ ᠵᠢᠨ ᠥᠪᠡᠷ᠎ᠤᠨ ᠥᠷᠲᠡᠭ᠎ᠢ ᠨᠡᠮᠡᠭᠳᠡᠭᠦᠯᠦᠨ᠎ᠡ; ᠬᠡᠷᠪᠡ ᠬᠣᠭᠣᠰᠣᠨ ᠲᠡᠷᠭᠡ᠎ᠪᠠᠷ ᠰᠦᠢ᠍ᠳᠬᠡᠯ ᠬᠤᠷᠢᠶᠠᠬᠤ ᠪᠠᠷᠢᠮᠵᠢᠶ᠎ᠠ ᠲᠣᠭᠲᠠᠭ᠋ᠠᠪᠠᠯ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠥᠭᠴᠡᠭᠡ ᠵᠢ ᠬᠤᠷᠴᠠᠳᠬᠠᠵᠤ᠂ ᠵᠠᠰᠠᠮᠠᠯ ᠵᠠᠮ᠎ᠤᠨ ᠲᠡᠭᠡᠭᠡᠪᠦᠷᠢ ᠵᠢᠨ ᠵᠣᠬᠢᠶᠠᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠪᠠ ᠪᠣᠳᠠᠲᠤ ᠠᠴᠢᠶᠠᠯᠠᠮᠵᠢ ᠵᠢ᠎ᠨᠢ ᠳᠡᠭᠡᠭᠰᠢᠯᠡᠭᠦᠯᠬᠦ᠎ᠳᠤ ᠠᠰᠢᠭ ᠥᠬᠡᠶ ᠪᠣᠯᠤᠨ᠎ᠠ; ᠬᠡᠷᠪᠡ ᠵᠠᠮ᠎ᠤᠨ ᠤᠷᠲᠤ ᠵᠢᠨ ᠲᠤᠤᠬᠠᠢ᠌ᠯᠠᠬᠤ ᠲᠤᠮᠳᠠᠴᠢ ᠲᠡᠷᠭᠡ ᠠᠴᠢᠶᠠᠨ᠎ᠤ ᠶᠡᠷᠦᠩᠬᠡᠶ ᠶᠠᠰᠤ ᠴᠢᠨᠠᠷ᠎ᠢ ᠦᠨᠳᠦᠰᠦᠯᠡᠨ ᠲᠡᠷᠭᠡᠨ᠎ᠤ ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠪᠠᠯ᠂ ᠪᠦᠬᠦ ᠤᠯᠤᠰ᠎ᠤᠨ ᠳᠤᠮᠳᠠᠴᠢ ᠪᠣᠳᠠᠲᠤ ᠠᠴᠢᠶᠠᠯᠠᠮᠵᠢ ᠵᠢᠨ ᠬᠢᠷᠢ ᠲᠦᠪᠰᠢᠨ᠎ᠲᠠᠢ ᠠᠴᠢᠶᠠᠨ᠎ᠤ ᠲᠡᠷᠭᠡ ᠵᠢ ᠦᠨᠳᠦᠰᠦᠨ᠎ᠳᠤ᠎ᠪᠠᠨ ᠪᠠᠲᠤᠯᠠᠵᠤ᠂ ᠣᠴᠢᠵᠤ ᠢᠷᠡᠬᠦ ᠨᠢᠭᠡ ᠤᠳᠠᠭ᠋ᠠᠨ᠎ᠤ ᠨᠡᠪᠲᠡᠷᠡᠬᠦ ᠰᠦᠢ᠍ᠳᠬᠡᠯ ᠲᠤᠰᠢᠶᠠᠬᠤ ᠲᠣᠭ᠎ᠠ᠎ᠨᠢ ᠤᠤᠯ᠎ᠤᠨ ᠬᠦᠨᠳᠦ ᠵᠢ᠎ᠨᠢ ᠪᠣᠳᠤᠵᠤ ᠰᠦᠢ᠍ᠳᠬᠡᠯ ᠬᠤᠷᠢᠶᠠᠬᠤ᠎ᠲᠠᠢ ᠦᠨᠳᠦᠰᠦᠨ᠎ᠳᠤ᠎ᠪᠠᠨ ᠲᠡᠩᠴᠡᠵᠦ᠂ ᠪᠣᠳᠠᠲᠤ ᠠᠴᠢᠶᠠᠯᠠᠮᠵᠢ᠎ᠨᠢ ᠳᠣᠤᠷ᠎ᠠ ᠪᠠᠢ᠌ᠭ᠎ᠠ ᠠᠴᠢᠶᠠᠨ᠎ᠤ ᠲᠡᠷᠭᠡ ᠵᠢᠨ ᠨᠡᠪᠲᠡᠷᠡᠬᠦ ᠰᠦᠢ᠍ᠳᠬᠡᠯ᠎ᠤᠨ ᠰᠦᠢ᠍ᠳᠬᠡᠯ ᠲᠤᠰᠢᠶᠠᠬᠤ ᠲᠣᠭ᠎ᠠ᠎ᠨᠢ ᠤᠤᠯ᠎ᠤᠨ ᠬᠦᠨᠳᠦ ᠵᠢ᠎ᠨᠢ ᠪᠣᠳᠤᠵᠤ ᠰᠦᠢ᠍ᠳᠬᠡᠯ ᠬᠤᠷᠢᠶᠠᠬᠤ᠎ᠠᠴᠠ ᠢᠯᠡᠳᠲᠡ ᠳᠡᠭᠡᠭᠰᠢᠯᠡᠨ᠂ ᠪᠣᠳᠠᠲᠤ ᠠᠴᠢᠶᠠᠯᠠᠮᠵᠢ᠎ᠨᠢ ᠨᠡᠯᠢᠶᠡᠳ ᠥᠨᠳᠥᠷ ᠠᠴᠢᠶᠠᠨ᠎ᠤ ᠲᠡᠷᠭᠡ ᠵᠢᠨ ᠨᠡᠪᠲᠡᠷᠡᠬᠦ ᠰᠦᠢ᠍ᠳᠬᠡᠯ᠎ᠤᠨ ᠰᠦᠢ᠍ᠳᠬᠡᠯ ᠲᠤᠰᠢᠶᠠᠬᠤ ᠲᠣᠭ᠎ᠠ ᠵᠢ ᠤᠤᠯ᠎ᠤᠨ ᠬᠦᠨᠳᠦ ᠵᠢ᠎ᠨᠢ ᠪᠣᠳᠤᠵᠤ ᠰᠦᠢ᠍ᠳᠬᠡᠯ ᠬᠤᠷᠢᠶᠠᠬᠤ᠎ᠠᠴᠠ ᠶᠡᠬᠡ᠎ᠪᠠᠷ ᠪᠠᠭᠤᠷᠠᠭᠤᠯᠪᠠ᠃
      ᠠᠴᠢᠶᠠᠨ᠎ᠤ ᠲᠡᠷᠭᠡ ᠵᠢᠨ ᠰᠦᠢ᠍ᠳᠬᠡᠯ ᠪᠣᠳᠣᠬᠤ ᠠᠷᠭ᠎ᠠ ᠮᠠᠶᠢᠭ ᠵᠢᠴᠢ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢᠨ ᠲᠣᠬᠢᠷᠠᠭᠤᠯᠤᠯᠲᠠ ᠵᠢᠨ ᠲᠣᠭᠲᠠᠭᠤᠨ ᠵᠶ᠋ᠠᠷ ᠰᠢᠯᠵᠢᠬᠦ ᠵᠢ ᠠᠬᠢᠭᠤᠯᠬᠤ ᠵᠢᠨ ᠲᠤᠰᠠᠳᠠ᠂ 《ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠰᠦᠢ᠍ᠳᠬᠡᠯ ᠬᠤᠷᠢᠶᠠᠬᠤ ᠥᠷᠲᠡᠭᠡ ᠵᠢ ᠬᠦᠴᠦᠨ ᠥᠬᠡᠶ ᠪᠣᠯᠭ᠋ᠠᠬᠤ ᠵᠢ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 23 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠶ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ᠎ᠬᠢᠨ᠎ᠢ ᠰᠢᠪᠠᠳᠠᠨ ᠵᠢᠯᠣᠭᠣᠳᠴᠤ ᠪᠠᠶ᠋ᠢᠭ᠋ᠠᠳ ᠲᠣᠰ ᠮᠤᠵᠢ (ᠣᠷᠣᠨ᠂ ᠬᠣᠲᠠ) ᠵᠢᠨ 2018 ᠣᠨ᠎ᠳᠤ ᠵᠠᠮ᠎ᠤᠨ ᠣᠷᠳᠣ ᠵᠢᠨ ᠲᠤᠤᠬᠠᠢ᠌ᠯᠠᠬᠤ ᠳᠤᠮᠳᠠᠴᠢ ᠲᠡᠷᠭᠡ ᠠᠴᠢᠶᠠᠨ᠎ᠤ ᠶᠡᠷᠦᠩᠬᠡᠶ ᠶᠠᠰᠤ ᠴᠢᠨᠠᠷ ᠵᠶ᠋ᠠᠷ ᠴᠢᠬᠤᠯᠠ ᠦᠨᠳᠦᠰᠦᠯᠡᠯ ᠪᠣᠯᠭ᠋ᠠᠵᠤ᠂ ᠨᠡᠪᠲᠡᠷᠡᠬᠦ ᠰᠦᠢ᠍ᠳᠬᠡᠯ᠎ᠤᠨ ᠰᠦᠢ᠍ᠳᠬᠡᠯ᠎ᠤᠨ ᠨᠣᠷᠮ᠎ᠠ ᠵᠢ ᠪᠣᠳᠤᠵᠤ᠂ ᠠᠴᠢᠶᠠᠨ᠎ᠤ ᠲᠡᠷᠭᠡ ᠵᠢᠨ ᠲᠡᠷᠭᠡ ᠨᠡᠪᠲᠡᠷᠡᠬᠦ ᠰᠦᠢ᠍ᠳᠬᠡᠯ᠎ᠤᠨ ᠶᠡᠷᠦᠩᠬᠡᠶ ᠳᠠᠷᠤᠭ᠋ᠠᠰᠤ ᠵᠢ ᠨᠡᠮᠡᠭᠳᠡᠭᠦᠯᠬᠦ ᠦᠭᠡᠶ ᠵᠢ ᠦᠨᠡᠨ ᠬᠦ᠌ ᠪᠠᠲᠤᠯᠠᠵᠤ᠂ ᠠᠳᠠᠯᠢ ᠨᠢᠭᠡᠨ ᠰᠦᠢ᠍ᠳᠬᠡᠯ ᠬᠤᠷᠢᠶᠠᠬᠤ ᠲᠡᠷᠭᠡᠨ᠎ᠤ ᠬᠡᠯᠪᠡᠷᠢ ᠵᠢᠨ ᠪᠠᠷᠢᠮᠵᠢᠶᠠᠲᠤ ᠠᠴᠢᠶᠠᠯᠠᠬᠤ ᠪᠠᠶ᠋ᠢᠳᠠᠯ ᠳᠣᠤᠷᠠᠬᠢ ᠲᠤᠰᠢᠶᠠᠪᠠᠰᠤ ᠵᠣᠬᠢᠬᠤ ᠨᠡᠪᠲᠡᠷᠡᠬᠦ ᠰᠦᠢ᠍ᠳᠬᠡᠯ᠎ᠤᠨ ᠲᠣᠭ᠎ᠠ ᠵᠢ ᠬᠦᠨᠳᠦ ᠵᠢ᠎ᠨᠢ ᠪᠣᠳᠣᠵᠤ ᠰᠦᠢ᠍ᠳᠬᠡᠯ ᠬᠤᠷᠢᠶᠠᠬᠤ ᠦᠶ᠎ᠡ ᠵᠢᠨ ᠰᠦᠢ᠍ᠳᠬᠡᠯ᠎ᠤᠨ ᠲᠣᠭ᠎ᠠ᠎ᠠᠴᠠ ᠶᠡᠬᠡ ᠪᠠᠶ᠋ᠢᠯᠭ᠋ᠠᠬᠤ ᠦᠭᠡᠶ ᠵᠢ ᠦᠨᠡᠨ ᠬᠦ᠌ ᠪᠠᠲᠤᠯᠠᠬᠤ ᠬᠡᠷᠡᠭᠲᠡᠶ᠃
      ᠮᠠᠨ᠎ᠤ ᠣᠷᠣᠨ᠎ᠨᠢ ᠳᠡᠭᠡᠷᠡᠬᠢ 《ᠬᠣᠶᠠᠷ᠎ᠢ ᠦᠨᠡᠨ ᠬᠦ᠌ ᠪᠠᠲᠤᠯᠠᠬᠤ》 ᠱᠠᠭ᠋ᠠᠷᠳᠠᠯᠭ᠎ᠠ ᠵᠢ ᠦᠨᠳᠦᠰᠦᠯᠡᠨ᠂ ᠲᠣᠭ᠎ᠠ ᠪᠦᠷᠢᠳᠬᠡᠯ᠎ᠤᠨ ᠳ᠋ᠠᠢ᠌ᠲ᠋ᠠ᠎ᠳᠤ ᠰᠠᠭᠤᠷᠢᠯᠠᠨ᠂ ᠠᠴᠢᠶᠠᠨ᠎ᠤ ᠲᠡᠷᠭᠡ ᠵᠢᠨ ᠡᠯ᠎ᠡ ᠬᠡᠯᠪᠡᠷᠢ ᠵᠢ ᠪᠣᠳᠣᠬᠤ᠎ᠳᠤ ᠵᠠᠮ᠎ᠤᠨ ᠤᠷᠲᠤ ᠵᠢᠨ ᠬᠡᠮᠵᠢᠶ᠎ᠡ᠎ᠪᠠᠷ ᠲᠡᠭᠰᠢᠳᠬᠡᠭᠰᠡᠨ ᠲᠡᠷᠭᠡ ᠠᠴᠢᠶᠠᠨ᠎ᠤ ᠶᠡᠷᠦᠩᠬᠡᠶ ᠶᠠᠰᠤ ᠴᠢᠨᠠᠷ᠎ᠲᠠᠢ ᠵᠣᠬᠢᠴᠠᠯᠳᠤᠭᠰᠠᠨ ᠬᠦᠨᠳᠦ ᠵᠢ᠎ᠨᠢ ᠪᠣᠳᠣᠵᠤ ᠰᠦᠢ᠍ᠳᠬᠡᠯ ᠬᠤᠷᠢᠶᠠᠬᠤ ᠪᠠᠷᠢᠮᠵᠢᠶ᠎ᠠ᠎ᠪᠠᠷ ᠲᠠᠮᠵᠢᠨ᠂ ᠲᠡᠷᠡᠴᠢᠯᠡᠨ ᠵᠠᠮ᠎ᠤᠨ ᠰᠦᠯᠵᠢᠶ᠎ᠡ ᠵᠢᠨ ᠵᠠᠭᠪᠤᠷ᠎ᠲᠠᠢ ᠤᠶᠠᠯᠳᠤᠭᠤᠯᠤᠨ᠂ ᠠᠴᠢᠶᠠᠨ᠎ᠤ ᠲᠡᠷᠭᠡ ᠵᠢ ᠲᠤᠰ ᠲᠤᠰ ᠲᠡᠷᠭᠡᠨ᠎ᠤ ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠪᠣᠶ ᠪᠣᠯᠭ᠋ᠠᠬᠤ ᠬᠡᠷᠡᠭᠲᠡᠶ᠃
      ᠪᠡᠭᠡᠵᠢᠩ᠎ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠦᠸᠧᠽᠢ ᠰᠢᠶᠠᠨ᠎ᠠᠴᠠ ᠬᠥᠬᠡᠬᠣᠲᠠ ᠵᠦᠭ ᠬᠦᠷᠬᠦ 49 ᠲᠣᠨ᠎ᠤ ᠵᠢᠷᠭᠤᠭ᠋ᠠᠨ ᠲᠡᠩᠭᠡᠯᠢᠭᠲᠦ ᠠᠴᠢᠶᠠᠨ᠎ᠤ ᠲᠡᠷᠭᠡ᠎ᠪᠠᠷ ᠵᠢᠱ᠌ᠢᠶᠡᠯᠡᠪᠡᠯ᠂ ᠵᠦᠸᠧᠽᠢ ᠱᠠᠨ᠎ᠤ ᠣᠷᠤᠴᠠ᠎ᠪᠠᠷ ᠣᠷᠣᠵᠤ ᠬᠦᠬᠡᠬᠣᠲᠠ ᠵᠢᠨ ᠭᠠᠷᠴᠠ᠎ᠪᠠᠷ ᠭᠠᠷᠪᠠᠯ᠂ ᠨᠡᠶ᠋ᠢᠲᠡ ᠪᠠᠷᠤᠭ 89 ᠺᠢᠯᠣᠮᠧᠲᠷ ᠪᠠᠢ᠌ᠵᠤ᠂ ᠥᠩᠭᠡᠷᠡᠭᠡᠭᠰᠡᠨ᠎ᠤ ᠪᠠᠷᠢᠮᠵᠢᠶ᠎ᠠ ᠶᠣᠰᠣᠭ᠋ᠠᠷ ᠨᠡᠪᠲᠡᠷᠡᠬᠦ ᠰᠦᠢ᠍ᠳᠬᠡᠯ᠎ᠨᠢ 215 ᠲᠥᠭᠥᠷᠢᠭ᠂ ᠬᠡᠷᠪᠡ ᠨᠠᠷᠢᠯᠢᠭ ᠣᠨᠣᠴᠠᠲᠠᠶ᠎ᠪᠠᠷ ᠰᠦᠢ᠍ᠳᠬᠡᠯ ᠬᠤᠷᠢᠶᠠᠬᠤ ᠳᠦᠷᠢᠮ ᠶᠣᠰᠣᠭ᠋ᠠᠷ᠂ ᠬᠥᠮᠦᠨ᠎ᠤ ᠬᠦᠴᠦ᠎ᠪᠠᠷ ᠨᠡᠪᠲᠡᠷᠡᠬᠦ ᠰᠦᠢ᠍ᠳᠬᠡᠯ᠎ᠨᠢ 214 ᠲᠥᠭᠥᠷᠢᠭ᠂ ETC᠎ᠪᠠᠷ ᠨᠡᠪᠲᠡᠷᠡᠬᠦ ᠰᠦᠢ᠍ᠳᠬᠡᠯ᠎ᠨᠢ 213.6 ᠲᠥᠭᠥᠷᠢᠭ (ETC ᠨᠤᠭᠤᠯᠵᠤ ᠪᠣᠳᠤᠬᠤ᠎ᠢ ᠪᠠᠭᠲᠠᠭ᠋ᠠᠭᠰᠠᠨ ᠥᠬᠡᠶ)᠂ ᠰᠦᠢ᠍ᠳᠬᠡᠯ ᠲᠤᠰᠢᠶᠠᠭᠰᠠᠨ ᠲᠣᠭ᠎ᠠ᠎ᠨᠢ ᠡᠳᠦᠶ ᠲᠡᠳᠦᠶ ᠪᠠᠭᠤᠷᠠᠪᠠ; ᠬᠡᠷᠪᠡ ᠵᠦᠸᠧᠽᠢ ᠱᠠᠨ᠎ᠤ ᠣᠷᠤᠴᠠ᠎ᠪᠠᠷ ᠣᠷᠣᠵᠤ ᠬᠦᠬᠡᠬᠣᠲᠠ ᠵᠢᠨ ᠪᠠᠷᠠᠭᠤᠨ ᠭᠠᠷᠴᠠ᠎ᠪᠠᠷ ᠭᠠᠷᠪᠠᠯ᠂ ᠨᠡᠶ᠋ᠢᠲᠡ ᠪᠠᠷᠤᠭ 98 ᠺᠢᠯᠣᠮᠧᠲᠷ᠂ ᠥᠩᠭᠡᠷᠡᠭᠡᠭᠰᠡᠨ᠎ᠤ ᠪᠠᠷᠢᠮᠵᠢᠶ᠎ᠠ ᠶᠣᠰᠣᠭ᠋ᠠᠷ ᠨᠡᠪᠲᠡᠷᠡᠬᠦ ᠰᠦᠢ᠍ᠳᠬᠡᠯ᠎ᠨᠢ 235 ᠲᠥᠭᠥᠷᠢᠭ᠂ ᠬᠡᠷᠪᠡ ᠨᠠᠷᠢᠯᠢᠭ ᠣᠨᠣᠴᠠᠲᠠᠶ᠎ᠪᠠᠷ ᠰᠦᠢ᠍ᠳᠬᠡᠯ ᠬᠤᠷᠢᠶᠠᠬᠤ ᠳᠦᠷᠢᠮ ᠶᠣᠰᠣᠭ᠋ᠠᠷ᠂ ᠬᠥᠮᠦᠨ᠎ᠤ ᠬᠦᠴᠦ᠎ᠪᠠᠷ ᠬᠤᠷᠢᠶᠠᠬᠤ ᠰᠦᠢ᠍ᠳᠬᠡᠯ᠎ᠨᠢ 235 ᠲᠥᠭᠥᠷᠢᠭ᠂ ETC᠎ᠪᠠᠷ ᠨᠡᠪᠲᠡᠷᠡᠬᠦ ᠰᠦᠢ᠍ᠳᠬᠡᠯ᠎ᠨᠢ 235.2 ᠲᠥᠭᠥᠷᠢᠭ (ETC ᠨᠤᠭᠤᠯᠵᠤ ᠪᠣᠳᠣᠬᠤ᠎ᠢ ᠪᠠᠭᠲᠠᠭ᠋ᠠᠭᠰᠠᠨ ᠦᠭᠡᠶ)᠂ ᠲᠤᠰᠢᠶᠠᠬᠤ ᠰᠦᠢ᠍ᠳᠬᠡᠯ᠎ᠨᠢ ᠦᠨᠳᠦᠰᠦᠨ᠎ᠳᠤ᠎ᠪᠠᠨ ᠠᠳᠠᠯᠢ᠃ ᠠᠴᠢᠶᠠᠨ᠎ᠤ ᠲᠡᠷᠭᠡ ᠵᠢᠨ ᠬᠡᠷᠡᠭᠯᠡᠭᠴᠢ ᠨᠢᠭᠡᠪᠦᠷᠢ᠎ᠠᠴᠠ ᠠᠪᠴᠤ ᠦᠵᠡᠪᠡᠯ᠂ ᠭᠠᠭᠴᠠ ᠤᠳᠠᠭ᠎ᠠ ᠰᠦᠢ᠍ᠳᠬᠡᠯ ᠲᠤᠰᠢᠶᠠᠬᠤ ᠲᠣᠭ᠎ᠠ᠎ᠨᠢ ᠤᠤᠯ᠎ᠤᠨ ᠬᠦᠨᠳᠦ ᠵᠢ᠎ᠨᠢ ᠪᠣᠳᠣᠵᠤ ᠰᠦᠢ᠍ᠳᠬᠡᠯ ᠬᠤᠷᠢᠶᠠᠬᠤ᠎ᠠᠴᠠ ᠢᠯᠡᠳᠲᠡ ᠬᠤᠪᠢᠷᠠᠯᠲᠠ᠎ᠲᠠᠢ ᠪᠠᠶ᠋ᠢᠵᠤ᠂ ᠠᠴᠢᠶ᠎ᠠ ᠦᠭᠡᠢ ᠲᠡᠷᠭᠡ᠎ᠨᠢ ᠤᠤᠯ᠎ᠤᠨ ᠬᠦᠨᠳᠦ ᠵᠢ᠎ᠨᠢ ᠪᠣᠳᠣᠵᠤ ᠰᠦᠢ᠍ᠳᠬᠡᠯ ᠬᠤᠷᠢᠶᠠᠬᠤ᠎ᠠᠴᠠ ᠢᠯᠡᠳᠲᠡ ᠳᠡᠭᠡᠭᠰᠢᠯᠡᠵᠦ᠂ ᠬᠦᠨᠳᠦ ᠠᠴᠢᠶᠠᠨ᠎ᠤ ᠲᠡᠷᠭᠡ᠎ᠨᠢ ᠤᠤᠯ᠎ᠤᠨ ᠬᠦᠨᠳᠦ ᠵᠢ᠎ᠨᠢ ᠪᠣᠳᠣᠵᠤ ᠰᠦᠢ᠍ᠳᠬᠡᠯ ᠬᠤᠷᠢᠶᠠᠬᠤ᠎ᠠᠴᠠ ᠡᠳᠦᠶ ᠲᠡᠳᠦᠶ ᠳᠣᠷᠤᠭᠰᠢᠯᠠᠪᠠ᠃ ᠬᠠᠮᠢᠶ᠎ᠠ ᠪᠦᠬᠦᠢ ᠠᠵᠤ ᠠᠬᠤᠶ᠋ᠢᠯᠠᠯ᠎ᠨᠢ ᠲᠡᠭᠡᠭᠡᠪᠦᠷᠢ ᠵᠢᠨ ᠵᠣᠬᠢᠶᠠᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠪᠣᠳᠠᠲᠠᠢ ᠠᠴᠢᠶᠠᠯᠠᠮᠵᠢ᠎ᠪᠠᠨ ᠳᠡᠭᠡᠭᠰᠢᠯᠡᠭᠦᠯᠬᠦ᠎ᠪᠠᠷ ᠳᠠᠮᠵᠢᠨ᠂ ᠰᠦᠢ᠍ᠳᠬᠡᠯ ᠪᠣᠳᠣᠬᠤ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠭᠰᠡᠨ ᠲᠥᠷᠥ ᠵᠢᠨ ᠪᠣᠳᠣᠯᠭ᠎ᠠ ᠵᠢᠨ ᠠᠰᠢᠭ ᠣᠯᠵᠠᠪᠤᠷᠢ᠎ᠢ ᠬᠦᠷᠲᠡᠵᠦ ᠪᠣᠯᠤᠨ᠎ᠠ᠃
      ᠳᠥᠷᠪᠡ᠂ ᠠᠴᠢᠶᠠᠨ᠎ᠤ ᠲᠡᠷᠭᠡ ᠵᠢᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ᠃
      ᠮᠠᠨ᠎ᠤ ᠣᠷᠣᠨ᠎ᠠᠴᠠ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠵᠢᠯᠯᠠᠭ᠋ᠠᠨ᠎ᠤ ᠪᠠᠶ᠋ᠢᠳᠠᠯ᠎ᠢ ᠦᠨᠳᠦᠰᠦᠯᠡᠨ᠂ 《ᠵᠦᠷᠢᠶᠡᠴᠢᠯᠡᠭᠰᠡᠨ᠎ᠤ ᠳᠠᠷᠠᠭ᠎ᠠ ᠲᠡᠷᠭᠡ (ᠲᠡᠩᠭᠡᠯᠢᠭ) ᠵᠢᠨ ᠬᠡᠯᠪᠡᠷᠢ᠎ᠪᠠᠷ᠎ᠨᠢ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠬᠤ ᠵᠢᠨ ᠳᠠᠬᠢᠨ ᠪᠣᠳᠣᠬᠤ ᠲᠣᠨ ᠳᠠᠭ᠋ᠠᠭ᠋ᠠᠴᠠ ᠵᠢᠨ ᠳᠤᠮᠳᠠᠴᠢ ᠶᠡᠷᠦᠩᠬᠡᠶ ᠶᠠᠰᠤ ᠴᠢᠨᠠᠷ᠎ᠠᠴᠠ ᠪᠠᠭ᠎ᠠ ᠪᠠᠶ᠋ᠢᠬᠤ》 ᠪᠠ 《ᠡᠯ᠎ᠡ ᠲᠡᠷᠭᠡᠨ᠎ᠤ ᠬᠡᠯᠪᠡᠷᠢ ᠵᠢᠨ ᠵᠠᠮ ᠨᠡᠪᠲᠡᠷᠡᠯᠭᠡ ᠵᠢᠨ ᠰᠦᠢ᠍ᠳᠬᠡᠯ ᠳᠣᠷᠣᠭᠰᠢᠯᠠᠵᠤ᠂ ᠲᠡᠩᠴᠡᠭᠦᠷᠢ᠎ᠲᠠᠢ ᠲᠡᠷᠭᠡ ᠵᠢᠨ ᠡᠵᠡᠯᠡᠬᠦ ᠬᠠᠷᠢᠴᠠᠯ 60%᠎ᠠᠴᠠ ᠳᠣᠤᠷ᠎ᠠ ᠪᠠᠶ᠋ᠢᠵᠤ ᠪᠣᠯᠬᠤ ᠦᠭᠡᠶ》 ᠭᠡᠬᠦ ᠬᠣᠶᠠᠷ ᠶᠡᠬᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠵᠠᠷᠴᠢᠮ ᠪᠣᠯᠭ᠋ᠠᠵᠤ᠂ ᠠᠳᠠᠯᠢ ᠪᠤᠰᠤ ᠰᠦᠢ᠍ᠳᠬᠡᠯ ᠬᠤᠷᠢᠶᠠᠬᠤ ᠵᠠᠮ᠎ᠤᠨ ᠬᠡᠰᠡᠭ᠎ᠤᠨ ᠡᠯ᠎ᠡ ᠬᠡᠯᠪᠡᠷᠢ ᠵᠢᠨ ᠠᠴᠢᠶᠠᠨ᠎ᠤ ᠲᠡᠷᠭᠡ᠂ ᠲᠣᠮᠣ ᠵᠦᠢ᠍ᠯ᠎ᠤᠨ ᠲᠡᠭᠡᠭᠡᠪᠦᠷᠢ ᠵᠢᠨ ᠲᠡᠷᠭᠡ ᠬᠥᠰᠬᠡ᠎ᠳᠤ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠠᠯᠢ ᠣᠯᠠᠨ ᠲᠥᠷᠥ ᠵᠢᠨ ᠪᠣᠳᠣᠯᠭ᠎ᠠ ᠵᠢ ᠲᠣᠭᠲᠠᠭ᠋ᠠᠪᠠ᠃ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢᠨ 《ᠬᠣᠶᠠᠷ᠎ᠢ ᠬᠢᠵᠠᠭ᠋ᠠᠷᠯᠠᠬᠤ》 ᠵᠢ ᠪᠡᠶᠡᠯᠡᠭᠦᠯᠦᠨ᠎ᠡ᠃ ETC᠎ᠢ ᠶᠢᠰᠦ ᠲᠠᠪᠤ᠎ᠪᠠᠷ ᠨᠤᠭᠤᠯᠵᠤ ᠪᠤᠳᠤᠬᠤ ᠬᠠᠷᠠᠭ᠋ᠠᠯᠵᠠᠯ᠎ᠲᠠᠢ ᠤᠶᠠᠯᠳᠤᠭᠤᠯᠤᠭᠰᠠᠨ᠎ᠤ ᠳᠠᠷᠠᠭ᠎ᠠ᠂ ᠬᠠᠷᠠᠭ᠋ᠠᠯᠵᠠᠯ᠎ᠤᠨ ᠬᠡᠮᠵᠢᠶ᠎ᠡ᠎ᠨᠢ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ᠃
      ᠪᠡᠭᠡᠵᠢᠩ᠎ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ ᠵᠢᠨ ᠵᠦᠸᠧᠽᠢ ᠰᠢᠶᠠᠨ᠎ᠠᠴᠠ ᠬᠥᠬᠡᠬᠣᠲᠠ ᠵᠦᠭ ᠬᠦᠷᠬᠦ 49 ᠲᠣᠨ᠎ᠤ ᠵᠢᠷᠭᠤᠭ᠋ᠠᠨ ᠲᠡᠩᠭᠡᠯᠢᠭᠲᠦ ᠠᠴᠢᠶᠠᠨ᠎ᠤ ᠲᠡᠷᠭᠡ᠎ᠪᠠᠷ ᠵᠢᠱ᠌ᠢᠶᠡᠯᠡᠪᠡᠯ᠂ ᠵᠦᠸᠧᠽᠢ ᠱᠠᠨ ᠠᠭᠤᠯᠠᠨ᠎ᠤ ᠣᠷᠤᠴᠠ᠎ᠪᠠᠷ ᠣᠷᠣᠵᠤ᠂ ᠬᠦᠬᠡᠬᠣᠲᠠ ᠵᠢᠨ ᠭᠠᠷᠴᠠ᠎ᠪᠠᠷ ᠭᠠᠷᠪᠠᠯ᠂ ᠨᠡᠶ᠋ᠢᠲᠡ ᠪᠠᠷᠤᠭ 89 ᠺᠢᠯᠣᠮᠧᠲᠷ ᠪᠠᠶ᠋ᠢᠵᠤ᠂ ᠥᠩᠭᠡᠷᠡᠭᠰᠡᠨ᠎ᠤ ᠪᠠᠷᠢᠮᠵᠢᠶ᠎ᠠ ᠶᠣᠰᠣᠭ᠋ᠠᠷ ᠨᠡᠪᠲᠡᠷᠡᠬᠦ ᠰᠦᠢ᠍ᠳᠬᠡᠯ᠎ᠨᠢ 215 ᠲᠥᠭᠥᠷᠢᠭ ᠪᠣᠯᠤᠨ᠎ᠠ; ᠨᠠᠷᠢᠯᠢᠭ ᠣᠨᠣᠴᠠᠲᠠᠶ ᠰᠦᠢ᠍ᠳᠬᠡᠯ ᠬᠤᠷᠢᠶᠠᠬᠤ ᠳᠦᠷᠢᠮ ᠶᠣᠰᠣᠭ᠋ᠠᠷ᠂ ᠬᠥᠮᠦᠨ᠎ᠤ ᠬᠦᠴᠦ᠎ᠪᠠᠷ ᠨᠡᠪᠲᠡᠷᠡᠬᠦ ᠰᠦᠢ᠍ᠳᠬᠡᠯ᠎ᠨᠢ 214 ᠲᠥᠭᠥᠷᠢᠭ᠂ ETC᠎ᠪᠠᠷ ᠨᠡᠪᠲᠡᠷᠡᠬᠦ ᠰᠦᠢ᠍ᠳᠬᠡᠯ᠎ᠨᠢ 213.6 ᠲᠥᠭᠥᠷᠢᠭ (ETC ᠨᠤᠭᠤᠯᠵᠤ ᠪᠣᠳᠤᠬᠤ ᠵᠢ ᠪᠠᠭᠲᠠᠭ᠋ᠠᠭᠰᠠᠨ ᠥᠬᠡᠶ)᠂ ᠰᠦᠢ᠍ᠳᠬᠡᠯ ᠲᠤᠰᠢᠶᠠᠭᠰᠠᠨ ᠲᠣᠭ᠎ᠠ᠎ᠨᠢ ᠡᠳᠦᠶ ᠲᠡᠳᠦᠶ ᠪᠠᠭᠤᠷᠠᠪᠠ; ᠵᠦᠷᠢᠶᠡᠵᠢᠭᠦᠯᠬᠦ ᠬᠠᠷᠠᠭ᠋ᠠᠯᠵᠠᠯ ᠦᠵᠡᠭᠦᠯᠦᠭᠰᠡᠨ᠎ᠤ ᠳᠠᠷᠠᠭ᠎ᠠ᠂ ᠬᠥᠮᠦᠨ᠎ᠤ ᠬᠦᠴᠦ᠎ᠪᠠᠷ ᠨᠡᠪᠲᠡᠷᠡᠬᠦ ᠰᠦᠢ᠍ᠳᠬᠡᠯ᠎ᠨᠢ 198 ᠲᠥᠭᠥᠷᠢᠭ᠂ ETC (ᠶᠢᠰᠦ ᠲᠠᠪᠤ᠎ᠪᠠᠷ ᠨᠤᠭᠤᠯᠵᠤ ᠪᠣᠳᠤᠬᠤ ᠬᠠᠷᠠᠭ᠋ᠠᠯᠵᠠᠯ ᠦᠵᠡᠭᠦᠯᠪᠡ) ᠨᠡᠪᠲᠡᠷᠡᠬᠦ ᠰᠦᠢ᠍ᠳᠬᠡᠯ᠎ᠨᠢ 188.55 ᠲᠥᠭᠥᠷᠢᠭ᠂ ᠵᠦᠷᠢᠶᠡᠴᠢᠯᠡᠭᠰᠡᠨ᠎ᠤ ᠳᠠᠷᠠᠭ᠎ᠠ᠂ ᠬᠠᠷᠠᠭ᠋ᠠᠯᠵᠠᠯ᠎ᠤᠨ ᠬᠡᠮᠵᠢᠶ᠎ᠡ᠎ᠨᠢ ᠨᠡᠯᠢᠶᠡᠳ ᠶᠡᠬᠡ ᠪᠠᠢ᠌ᠪᠠ᠃ ᠨᠢᠭᠡ ᠲᠠᠯ᠎ᠠ᠎ᠪᠠᠷ ᠠᠴᠢᠶ᠎ᠠ ᠦᠭᠡᠢ᠂ ᠬᠠᠭ᠋ᠠᠰ ᠠᠴᠢᠶᠠᠨ᠎ᠤ ᠠᠴᠢᠶᠠᠨ ᠲᠡᠷᠭᠡ ᠵᠢᠨ ᠨᠡᠪᠲᠡᠷᠡᠬᠦ ᠳᠠᠷᠤᠭ᠋ᠠᠰᠤ ᠵᠢ ᠪᠦᠲᠦᠮᠵᠢᠲᠠᠢ ᠪᠠᠭᠤᠷᠠᠭᠤᠯᠵᠤ᠂ ᠡᠳ᠋ ᠪᠠᠷᠠᠭ᠎ᠠ᠂ ᠡᠳ᠋ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠨᠡᠪᠲᠡᠷᠡᠬᠦ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ᠂ ᠨᠥᠭᠥᠭᠡ ᠲᠠᠯ᠎ᠠ᠎ᠪᠠᠷ ᠤᠤᠯ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠴᠢᠶ᠎ᠠ ᠦᠭᠡᠢ ᠲᠡᠷᠭᠡ ᠵᠢ ᠦᠯᠡᠳᠡᠭᠡᠨ ᠵᠣᠭᠰᠤᠭ᠋ᠠᠵᠤ᠂ ᠰᠦᠢ᠍ᠳᠬᠡᠯ᠎ᠢ ᠪᠠᠭᠤᠷᠠᠭᠤᠯᠵᠤ ᠲᠡᠷᠭᠡᠨ ᠴᠣᠪᠤᠷᠠᠯ᠎ᠢ ᠲᠣᠭᠲᠠᠭᠤᠨ ᠪᠠᠶ᠋ᠢᠯᠭ᠋ᠠᠬᠤ ᠪᠠ ᠣᠷᠣᠯᠭ᠎ᠠ ᠵᠢ ᠪᠠᠲᠤᠯᠠᠬᠤ ᠵᠡᠷᠭᠡ ᠣᠯᠠᠨ ᠲᠠᠯ᠎ᠠ ᠵᠢᠨ ᠠᠰᠢᠭ ᠣᠯᠬᠤ ᠬᠠᠷᠠᠯᠲᠠ᠎ᠳᠤ ᠬᠦᠷᠴᠦ᠂ 《ᠬᠣᠶᠠᠷ᠎ᠢ ᠦᠨᠡᠨ ᠬᠦ᠌ ᠪᠠᠲᠤᠯᠠᠬᠤ》 ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠬᠤ ᠬᠡᠷᠡᠭᠲᠡᠶ᠃
     【ᠬᠠᠮᠢᠶ᠎ᠠ ᠪᠦᠬᠦᠢ ᠲᠥᠷᠥ ᠵᠢᠨ ᠪᠣᠳᠣᠯᠭ᠎ᠠ】 ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠦᠷᠢᠶᠡᠴᠢᠯᠡᠭᠰᠡᠨ ᠰᠦᠢ᠍ᠳᠬᠡᠯ᠎ᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ

ᠢᠷᠡᠯᠲᠡ᠄ lyl
          
ᠬᠠᠮᠢᠶ᠎ᠡ ᠪᠦᠬᠦᠢ ᠰᠣᠨᠢᠨ
《ᠰᠢᠤᠳᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠷᠭ᠎ᠠ》 ᠵᠢᠨ ᠲᠤᠬᠠᠢ ᠲᠠᠶ᠋ᠢᠯᠤᠮᠵᠢ
《ᠵᠠᠮ ᠲᠡᠭᠡᠭᠡᠪᠦᠷᠢ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ (ᠰᠢᠯᠵᠢᠭᠦᠯᠦᠨ ᠨᠡᠢ᠌ᠲᠡᠯᠡᠪᠡ)
ᠰᠢᠨ᠎ᠡ ᠴᠠᠭ ᠦᠶ᠎ᠡ ᠵᠢᠨ ᠨᠢᠭᠤᠴᠠ ᠲᠡᠮᠳᠡᠭ᠎ᠤᠨ ᠠᠵᠢᠯ᠎ᠤᠨ ᠪᠠᠲᠤ ᠴᠢᠩᠭ᠎ᠠ ᠬᠠᠤᠯᠢ ᠴᠠᠭ᠋ᠠᠵᠠ ᠵᠢᠨ ᠪᠠᠲᠤᠯᠠᠭ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠳᠣᠭᠢᠷᠠᠬᠤ ᠲᠦᠷᠢᠮ》᠎ᠤᠨ ᠲᠤᠬᠠᠶ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2021 ᠣᠨ᠎ᠤ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠠᠵᠢᠯ᠎ᠤᠨ ᠭᠣᠤᠯᠳᠠᠯᠭ᠎ᠠ》 ᠵᠢᠨ ᠲᠤᠬᠠᠶ ᠲᠠᠶ᠋ᠢᠯᠤᠮᠵᠢ
 
            