ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠡᠷᠬᠡ ᠵᠢᠨ ᠬᠠᠤᠯᠢ ᠶᠣᠰᠤᠨ᠎ᠤ᠂ ᠵᠦᠶ ᠵᠣᠬᠢᠰᠲᠠᠶ᠂ ᠡᠷᠬᠡ ᠲᠡᠭᠰᠢ᠂ ᠲᠥᠪ ᠭᠤᠤᠯᠴᠢ᠂ ᠢᠯᠡ᠎ᠪᠠᠷ ᠬᠡᠷᠡᠭᠵᠢᠭᠦᠯᠦᠭᠳᠡᠬᠦ ᠵᠢ ᠠᠬᠢᠭᠤᠯᠤᠨ᠂ ᠠᠷᠠᠳ ᠢᠷᠭᠡᠳ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠤᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ ᠪᠠ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠠᠵᠢᠯ ᠲᠥᠷᠥᠯ᠎ᠤᠨ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠠᠶ᠎ᠲᠠᠢ ᠭᠦᠢ᠍ᠴᠡᠳ ᠤᠶᠠᠯᠳᠤᠭᠤᠯᠵᠤ᠂ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠡᠯᠡᠬᠦ ᠲᠦᠷᠢᠮ》 (2018 ᠣᠨ᠎ᠤ 10 ᠳ᠋ᠤᠭ᠋ᠠᠷ ᠰᠠᠷ᠎ᠠ᠎ᠳᠤ ᠵᠠᠰᠠᠪᠤᠷᠢ ᠣᠷᠣᠭᠤᠯᠪᠠ)᠎ᠳᠤ ᠵᠠᠰᠠᠪᠤᠷᠢ ᠣᠷᠣᠭᠤᠯᠪᠠ᠃
ᠨᠡᠶ᠋ᠢᠲᠡᠯᠡᠭᠰᠡᠨ ᠠᠬᠤᠶ ᠪᠠᠢ᠌ᠳᠠᠯ
(ᠨᠢᠭᠡ) ᠬᠠᠤᠯᠢ᠎ᠪᠠᠷ ᠵᠠᠰᠠᠬᠤ ᠵᠠᠰᠠᠭ᠎ᠤᠨ ᠣᠷᠳᠤᠨ᠎ᠤ ᠰᠠᠯᠠᠭ᠎ᠠ ᠮᠥᠴᠢᠷ᠎ᠤᠨ ᠪᠠᠶ᠋ᠢᠭᠤᠯᠤᠯᠲᠠ ᠵᠢᠨ ᠬᠡᠷᠡᠭᠴᠡᠭᠡ᠃ 《ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠥᠬᠥ ᠲᠠᠯ᠎ᠠ᠎ᠪᠠᠷ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠂ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》 ᠵᠡᠷᠭᠡ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠢᠴᠢᠭ ᠮᠠᠲ᠋ᠧᠷᠢᠶᠠᠯ᠎ᠳᠤ ᠴᠥᠮ ᠵᠠᠰᠠᠭ ᠵᠠᠬᠢᠷᠭ᠋ᠠᠨ᠎ᠤ ᠬᠠᠮᠢᠶᠠᠷᠤᠯᠲᠠ ᠪᠣᠯᠤᠨ ᠦᠢ᠍ᠯᠡᠴᠢᠯᠡᠭᠡᠨ᠎ᠤ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ᠂ ᠬᠠᠮᠢᠶᠠᠷᠤᠯᠲᠠ ᠵᠢᠨ ᠡᠭᠦᠷᠭᠡ ᠴᠢᠳᠠᠪᠬᠢ᠎ᠪᠠᠨ ᠲᠡᠭᠦᠯᠳᠡᠷᠵᠢᠭᠦᠯᠬᠦ ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠣᠯ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
(ᠬᠣᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠢᠨ ᠬᠡᠷᠡᠭᠴᠡᠭᠡ᠃ 《ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》 ᠪᠣᠯ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠵᠢᠷᠤᠮᠵᠢᠭᠤᠯᠤᠨ ᠲᠡᠭᠦᠯᠳᠡᠷᠵᠢᠭᠦᠯᠬᠦ ᠴᠢᠬᠤᠯᠠ ᠠᠷᠭ᠎ᠠ ᠪᠠᠷᠢᠯ ᠮᠥᠨ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠡᠷᠬᠡ ᠵᠢ 《ᠲᠦᠷᠢᠮ᠎ᠤᠨ ᠰᠢᠩᠭᠡᠯᠢᠭ᠎ᠲᠤ ᠬᠣᠷᠢᠵᠤ》᠂ ᠢᠯᠡ᠎ᠪᠠᠷ ᠠᠵᠢᠯᠯᠠᠭᠤᠯᠬᠤ᠎ᠨᠢ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠠᠵᠢᠯᠯᠠᠭ᠎ᠠ ᠵᠢ ᠵᠢᠷᠤᠮᠵᠢᠭᠤᠯᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠠᠵᠢᠯ᠎ᠢ ᠡᠰᠡ ᠦᠢ᠍ᠯᠡᠳᠬᠦᠢ᠂ ᠳᠤᠷ᠎ᠠ᠎ᠪᠠᠷ ᠦᠢ᠍ᠯᠡᠳᠬᠦᠢᠢ ᠪᠠᠭ᠋ᠠᠰᠬᠠᠬᠤ᠂ ᠲᠠᠰᠤᠯᠤᠯᠲᠠ ᠵᠢᠨ ᠳᠤᠷ᠎ᠠ ᠵᠣᠷᠢᠭ᠎ᠤᠨ ᠴᠢᠨᠠᠷ ᠪᠠ ᠨᠢᠭᠡᠳᠦᠯᠲᠦ ᠪᠤᠰᠤ ᠴᠢᠨᠠᠷ᠎ᠢ ᠪᠠᠭ᠋ᠠᠰᠬᠠᠬᠤ᠂ ᠲᠣᠭᠲᠠᠭ᠋ᠠᠯ᠎ᠢ ᠵᠥᠷᠢᠴᠡᠨ ᠬᠠᠤᠯᠢ ᠬᠡᠷᠡᠭᠵᠢᠭᠦᠯᠬᠦ ᠵᠢ ᠬᠣᠷᠢᠭᠯᠠᠨ ᠵᠣᠭᠰᠣᠭ᠋ᠠᠬᠤ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠡᠷᠬᠡ ᠵᠢᠨ ᠵᠢᠷᠤᠮᠵᠢᠭᠤᠨ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ᠎ᠳᠤ ᠴᠥᠮ ᠴᠢᠬᠤᠯᠠ ᠦᠢ᠍ᠯᠡᠳᠦᠯ᠎ᠲᠠᠢ ᠶᠤᠮ᠃
(ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠥᠷᠨᠢᠭᠦᠯᠬᠦ ᠵᠢᠨ ᠬᠡᠷᠡᠭᠴᠡᠭᠡ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠲᠤ ᠴᠡᠭ ᠣᠯᠠᠨ᠂ ᠱᠤᠭᠤᠮ ᠤᠷᠲᠤ᠂ ᠬᠡᠪᠴᠢᠶ᠎ᠡ ᠥᠷᠭᠡᠨ᠂ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠣᠯᠠᠨ᠂ ᠨᠡᠶ᠋ᠢᠭᠡᠮ᠎ᠤᠨ ᠨᠥᠯᠥᠭᠡ ᠨᠡᠯᠢᠶᠡᠳ ᠶᠡᠬᠡ ᠪᠠᠶ᠋ᠢᠳᠠᠭ᠃ 《 ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》᠎ᠢ ᠪᠦᠷᠢᠨᠰᠢᠭᠦᠯᠦᠨ ᠲᠡᠭᠦᠯᠳᠡᠷᠵᠢᠭᠦᠯᠬᠦ᠎ᠨᠢ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠪᠣᠯᠭ᠋ᠠᠬᠤ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠥᠬᠥ ᠶᠠᠪᠤᠴᠠ ᠵᠢ ᠲᠡᠮᠳᠡᠭᠯᠡᠬᠦ ᠲᠦᠷᠢᠮ᠎ᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠪᠥᠬᠥ ᠶᠠᠪᠤᠴᠠ ᠵᠢᠨ ᠬᠢᠨᠠᠯᠲᠠ ᠲᠠᠯᠪᠢᠵᠤ᠂ ᠨᠡᠶ᠋ᠢᠭᠡᠮ᠎ᠤᠨ ᠣᠯᠠᠨ ᠨᠡᠶ᠋ᠢᠲᠡ ᠪᠠ ᠡᠯ᠎ᠡ ᠲᠥᠷᠥᠯ᠎ᠤᠨ ᠪᠠᠶ᠋ᠢᠭᠤᠯᠤᠮᠵᠢ ᠵᠢᠨ ᠪᠦᠲᠦᠮᠵᠢᠲᠡᠶ ᠬᠢᠨᠠᠯᠲᠠ ᠵᠢ ᠬᠦᠯᠢᠶᠡᠵᠦ᠂ ᠵᠢᠷᠤᠮᠵᠢᠭᠤᠨ ᠲᠥᠪ ᠭᠤᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠦᠨᠡᠨ ᠬᠦ᠌ ᠪᠠᠲᠤᠯᠠᠬᠤ ᠵᠢᠨ ᠬᠠᠮᠲᠤ᠂ ᠢᠯᠵᠠᠷᠠᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠬᠡᠬᠦ ᠰᠢᠰᠲ᠋ᠧᠮ᠎ᠢ ᠪᠠᠶ᠋ᠢᠭᠤᠯᠬᠤ ᠵᠢᠨ ᠬᠡᠷᠡᠭᠴᠡᠭᠡ ᠵᠢᠨ ᠲᠠᠯ᠎ᠠ ᠪᠣᠯᠤᠨ᠎ᠠ᠃
ᠬᠣᠶᠠᠷ᠂ ᠳᠣᠭᠲᠠᠭ᠋ᠠᠭᠰᠠᠨ ᠦᠨᠳᠦᠰᠦᠯᠡᠯ
(ᠨᠢᠭᠡ) ᠰᠢᠢ᠍ᠳᠬᠡᠯ ᠲᠣᠷᠭ᠋ᠠᠭᠤᠯᠢ ᠵᠢ ᠬᠠᠤᠯᠢ᠎ᠪᠠᠷ ᠲᠣᠭᠲᠠᠭ᠋ᠠᠬᠤ ᠵᠠᠷᠴᠢᠮ᠃ ᠰᠢᠢ᠍ᠳᠬᠡᠯ ᠲᠣᠷᠭ᠋ᠠᠭᠤᠯᠢ ᠵᠢ ᠬᠠᠤᠯᠢ᠎ᠪᠠᠷ ᠲᠣᠭᠲᠠᠭ᠋ᠠᠬᠤ ᠵᠠᠷᠴᠢᠮ ᠪᠣᠯ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠲᠣᠭᠲᠠᠭ᠋ᠠᠬᠤ ᠪᠠ ᠬᠡᠷᠡᠭᠵᠢᠭᠦᠯᠬᠦ ᠦᠶ᠎ᠡ᠎ᠳᠤ ᠵᠢᠷᠤᠮᠯᠠᠬᠤ ᠦᠨᠳᠦᠰᠦᠨ ᠵᠠᠷᠴᠢᠮ ᠮᠥᠨ᠂ ᠪᠠᠰᠠ ᠴᠤ᠌ 《ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》᠎ᠢ ᠲᠣᠭᠲᠠᠭ᠋ᠠᠬᠤ ᠦᠶ᠎ᠡ᠎ᠳᠤ ᠵᠢᠷᠤᠮᠯᠠᠬᠤ ᠲᠡᠷᠢᠭᠦᠨ ᠴᠢᠬᠤᠯᠠ ᠵᠠᠷᠴᠢᠮ ᠮᠥᠨ᠃ ᠰᠢᠢ᠍ᠳᠬᠡᠯ ᠲᠣᠷᠭ᠋ᠠᠭᠤᠯᠢ ᠵᠢ ᠬᠠᠤᠯᠢ᠎ᠪᠠᠷ ᠲᠣᠭᠲᠠᠭ᠋ᠠᠬᠤ ᠵᠠᠷᠴᠢᠮ᠎ᠢ ᠦᠨᠳᠦᠰᠦᠯᠡᠨ᠂ 《ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》᠎ᠢ ᠲᠣᠭᠲᠠᠭ᠋ᠠᠬᠤ ᠦᠶ᠎ᠡ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠤᠨ ᠡᠷᠬᠡ ᠣᠯᠭᠣᠭᠰᠠᠨ ᠬᠡᠪᠴᠢᠶᠡᠨ᠎ᠳᠤ ᠪᠣᠳᠠᠲᠠᠶ ᠠᠭᠤᠯᠭ᠎ᠠ ᠵᠢ ᠲᠣᠭᠲᠠᠭ᠋ᠠᠵᠤ᠂ ᠡᠯ᠎ᠡ ᠵᠦᠢ᠍ᠯ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠡᠷᠬᠡ ᠵᠢᠨ ᠬᠠᠤᠯᠢ ᠶᠣᠰᠣᠭ᠋ᠠᠷ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
(ᠬᠣᠶᠠᠷ) ᠬᠠᠤᠯᠢ ᠲᠣᠭᠲᠠᠭ᠋ᠠᠯ᠎ᠳᠤ ᠨᠡᠶ᠋ᠢᠴᠡᠬᠦ ᠵᠠᠷᠴᠢᠮ᠃ 《ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠳᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠦᠨᠳᠦᠰᠦᠨ ᠪᠠᠷᠢᠮᠵᠢᠶ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠪᠠᠷᠢᠮᠵᠢᠶ᠎ᠠ ᠵᠢ ᠨᠠᠷᠢᠯᠢᠭᠵᠢᠭᠤᠯᠤᠨ ᠬᠡᠮᠵᠢᠶᠡᠵᠢᠭᠦᠯᠦᠨᠡ ᠭᠡᠵᠦ ᠳᠤᠷᠠᠳᠤᠨ ᠭᠠᠷᠭ᠋ᠠᠪᠠ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠶᠠᠮᠠᠷ ᠨᠢᠭᠡᠨ ᠵᠦᠢ᠍ᠯ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠴᠢᠯᠦᠭᠡᠲᠡᠢ ᠲᠠᠰᠤᠯᠤᠯᠳᠠ ᠵᠢᠨ ᠡᠷᠬᠡ ᠵᠢ ᠣᠯᠭᠣᠬᠤ᠎ᠳᠤ ᠴᠥᠮ ᠬᠡᠷᠡᠭᠯᠡᠬᠦ ᠲᠦᠷᠢᠮ᠎ᠢ ᠦᠨᠳᠦᠰᠦᠯᠡᠨ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ ᠲᠤᠬᠢᠷᠠᠭᠤᠯᠵᠤ᠂ ᠬᠠᠤᠯᠢ ᠲᠣᠭᠲᠠᠭ᠋ᠠᠬᠤ ᠵᠣᠷᠢᠯᠭ᠎ᠠ᠎ᠳᠤ ᠨᠡᠶ᠋ᠢᠴᠡᠭᠦᠯᠬᠦ ᠵᠢ ᠦᠨᠡᠨ ᠬᠦ᠌ ᠪᠠᠲᠤᠯᠠᠬᠤ ᠴᠢᠬᠤᠯᠠᠲᠠᠢ ᠪᠠᠶ᠋ᠢᠳᠠᠭ᠃
(ᠭᠤᠷᠪᠠ) ᠠᠯᠳᠠᠭ᠎ᠠ ᠰᠢᠢ᠍ᠳᠬᠡᠯ ᠲᠣᠷᠭ᠋ᠠᠭᠤᠯᠢ ᠲᠡᠩᠴᠡᠭᠦᠦ ᠪᠠᠢ᠌ᠬᠤ ᠵᠠᠷᠴᠢᠮ᠃ 《ᠲᠠᠰᠤᠯᠤᠯᠲᠠ ᠵᠢᠨ ᠡᠷᠬᠡ ᠵᠢ ᠬᠡᠷᠡᠭᠯᠡᠬᠦ ᠲᠦᠷᠢᠮ》᠎ᠢ ᠲᠣᠭᠲᠠᠭ᠋ᠠᠬᠤ ᠦᠶ᠎ᠡ᠎ᠳᠤ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ᠎ᠳᠤ ᠬᠡᠷᠡᠭᠯᠡᠬᠦ ᠰᠢᠢ᠍ᠳᠬᠡᠯ ᠲᠣᠷᠭ᠋ᠠᠭᠤᠯᠢ ᠵᠢᠨ ᠲᠦᠷᠦᠯ ᠵᠦᠢ᠍ᠯ ᠪᠠ ᠰᠢᠢ᠍ᠳᠬᠡᠯ ᠲᠣᠷᠭ᠋ᠠᠭᠤᠯᠢ ᠵᠢᠨ ᠬᠡᠮᠵᠢᠶ᠎ᠡ ᠵᠢ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠶ᠋ᠢᠳᠠᠯ ᠵᠢᠴᠢ ᠨᠡᠶ᠋ᠢᠭᠡᠮ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠤᠨ ᠬᠡᠮᠵᠢᠶ᠎ᠡ᠎ᠲᠠᠢ ᠠᠳᠠᠯᠢ ᠪᠠᠶ᠋ᠢᠯᠭ᠋ᠠᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠦᠯᠦ ᠰᠢᠢ᠍ᠳᠬᠡᠬᠦ᠂ ᠬᠥᠩᠭᠡᠷᠡᠭᠦᠯᠦᠨ ᠰᠢᠢ᠍ᠳᠬᠡᠬᠦ᠂ ᠬᠦᠨᠭᠭᠡᠨ ᠵᠶ᠋ᠠᠷ ᠰᠢᠢ᠍ᠳᠬᠡᠬᠦ᠂ ᠬᠦᠨᠳᠦ᠎ᠪᠠᠷ ᠰᠢᠢ᠍ᠳᠬᠡᠬᠦ ᠪᠠᠶ᠋ᠢᠳᠠᠯ᠎ᠢ ᠬᠠᠤᠯᠢ ᠶᠣᠰᠣᠭ᠋ᠠᠷ ᠲᠣᠭᠲᠠᠭ᠋ᠠᠭ᠋ᠠᠳ᠂ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠪᠣᠳᠠᠲᠠᠢ ᠬᠡᠷᠡᠭ᠎ᠤᠨ ᠪᠠᠶ᠋ᠢᠳᠠᠯ᠎ᠲᠠᠢ ᠤᠶᠠᠯᠳᠤᠭᠤᠯᠤᠨ ᠲᠣᠭᠲᠠᠭ᠋ᠠᠯ ᠭᠠᠷᠭ᠋ᠠᠬᠤ᠎ᠳᠤ ᠲᠦᠬᠦᠮ ᠦᠵᠡᠭᠦᠯᠵᠦ᠂ ᠠᠯᠳᠠᠭ᠎ᠠ ᠰᠢᠢ᠍ᠳᠬᠡᠯ᠎ᠨᠢ ᠲᠡᠩᠴᠡᠭᠦᠦ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠦᠨᠭᠭᠡᠨ ᠪᠤᠷᠤᠭᠤ ᠵᠢ ᠬᠦᠨᠳᠦ᠎ᠪᠠᠷ ᠰᠢᠢ᠍ᠳᠬᠡᠵᠦ᠂ ᠬᠦᠨᠳᠦ ᠪᠤᠷᠤᠭᠤ ᠵᠢ ᠬᠦᠨᠭᠭᠡᠨ ᠵᠶ᠋ᠠᠷ ᠰᠢᠢ᠍ᠳᠬᠡᠬᠦ ᠵᠢ ᠰᠡᠷᠭᠡᠶ᠋ᠢᠯᠡᠬᠦ ᠬᠡᠷᠡᠭᠲᠡᠢ᠃
(ᠳᠥᠷᠪᠡ) ᠰᠢᠢ᠍ᠳᠬᠡᠯ ᠲᠣᠷᠭ᠋ᠠᠭᠤᠯᠢ ᠪᠠ ᠬᠦᠮᠦᠵᠢᠯ᠎ᠢ ᠬᠠᠷᠢᠯᠴᠠᠨ ᠤᠶᠠᠯᠳᠤᠭᠤᠯᠬᠤ ᠵᠠᠷᠴᠢᠮ᠃ ᠰᠢᠢ᠍ᠳᠬᠡᠯ ᠪᠠ ᠬᠦᠮᠦᠵᠢᠯ᠎ᠢ ᠬᠠᠷᠢᠯᠴᠠᠨ ᠤᠶᠠᠯᠳᠤᠭᠤᠯᠬᠤ ᠪᠣᠯ ᠮᠠᠨ᠎ᠤ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠢᠮᠠᠭᠲᠠ ᠪᠠᠷᠢᠮᠲᠠᠯᠠᠳᠠᠭ ᠵᠠᠷᠴᠢᠮ ᠮᠥᠨ᠃ ᠡᠶ᠋ᠢᠮᠦ᠎ᠠᠴᠠ᠂ 《ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》᠎ᠢ ᠲᠣᠭᠲᠠᠭ᠋ᠠᠬᠤ ᠶᠠᠪᠤᠴᠠ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠤᠨ ᠡᠷᠬᠡ ᠣᠯᠭᠣᠭᠰᠠᠨ ᠬᠡᠪᠴᠢᠶᠡᠨ᠎ᠳᠤ᠂ ᠰᠢᠢ᠍ᠳᠬᠡᠭᠳᠡᠭᠴᠢ ᠵᠢ ᠰᠤᠷᠭ᠋ᠠᠨ ᠬᠥᠮᠦᠵᠢᠭᠦᠯᠬᠦ᠎ᠳᠤ ᠠᠰᠢᠭᠲᠠᠶ ᠪᠠᠶ᠋ᠢᠬᠤ ᠵᠠᠷᠴᠢᠮ ᠶᠣᠰᠣᠭ᠋ᠠᠷ᠂ ᠬᠠᠤᠯᠢ᠎ᠠᠴᠠ ᠵᠥᠷᠢᠴᠡᠭᠰᠡᠨ ᠠᠷᠭ᠎ᠠ ᠪᠠᠷᠢᠯ᠂ ᠨᠡᠶ᠋ᠢᠭᠡᠮ᠎ᠤᠨ ᠬᠤᠤᠷ ᠬᠥᠨᠥᠭᠡᠯᠲᠦ ᠴᠢᠨᠠᠷ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠲᠤᠬᠠᠶ ᠵᠢᠨ ᠬᠥᠮᠦᠨ᠎ᠤ ᠬᠠᠤᠯᠢ᠎ᠠᠴᠠ ᠵᠥᠷᠢᠴᠡᠭᠰᠡᠨ᠎ᠢ ᠰᠢᠢ᠍ᠳᠬᠡᠬᠦ ᠪᠣᠳᠠᠲᠠᠶ ᠪᠠᠷᠢᠮᠵᠢᠶ᠎ᠠ ᠵᠢ ᠲᠣᠭᠲᠠᠭ᠋ᠠᠨ᠎ᠠ᠃
ᠭᠤᠷᠪᠠ᠂ ᠭᠣᠣᠯ ᠠᠭᠤᠯᠭ᠎ᠠ
《ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》᠎ᠨᠢ ᠨᠡᠶ᠋ᠢᠲᠡ 27 ᠵᠦᠢ᠍ᠯ᠎ᠲᠠᠢ᠂ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》 (2018 ᠣᠨ᠎ᠤ 10 ᠳ᠋ᠤᠭ᠋ᠠᠷ ᠰᠠᠷ᠎ᠠ᠎ᠳᠤ ᠵᠠᠰᠠᠪᠤᠷᠢ ᠣᠷᠣᠭᠤᠯᠪᠠ)᠎ᠤᠨ ᠰᠠᠭᠤᠷᠢᠨ ᠳᠡᠭᠡᠷ᠎ᠡ᠂ ᠣᠳᠣᠬᠠᠨ᠎ᠤ ᠬᠠᠮᠢᠶ᠎ᠠ ᠪᠥᠬᠥᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ ᠵᠡᠷᠭᠡ ᠵᠢ ᠲᠣᠭᠲᠠᠭ᠋ᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠥᠬᠡᠶ ᠪᠣᠯᠭ᠋ᠠᠭᠰᠠᠨ ᠪᠠᠶ᠋ᠢᠳᠠᠯ᠎ᠲᠠᠢ ᠤᠶᠠᠯᠳᠤᠭᠤᠯᠤᠨ ᠂ ᠦᠯᠦ ᠰᠢᠢ᠍ᠳᠬᠡᠬᠦ᠂ ᠬᠥᠩᠭᠡᠷᠡᠭᠦᠯᠦᠨ ᠰᠢᠢ᠍ᠳᠬᠡᠬᠦ᠂ ᠬᠥᠩᠭᠡᠨ ᠵᠶ᠋ᠡᠷ ᠰᠢᠢ᠍ᠳᠬᠡᠬᠦ᠂ ᠬᠦᠨᠳᠦ᠎ᠪᠠᠷ ᠰᠢᠢ᠍ᠳᠬᠡᠬᠦ᠂ ᠬᠠᠤᠯᠢ ᠲᠦᠷᠢᠮ᠎ᠢ ᠬᠢᠨᠠᠨ ᠬᠠᠷᠭᠤᠭᠤᠯᠬᠤ᠂ ᠬᠠᠮᠲᠤ᠎ᠪᠠᠷ ᠶᠠᠷᠢᠯᠴᠠᠬᠤ᠂ ᠮᠡᠳᠡᠭᠦᠯᠦᠨ ᠬᠦᠷᠭᠡᠵᠦ ᠳᠠᠩᠰᠠᠯᠠᠭᠤᠯᠬᠤ᠂ ᠬᠣᠶᠠᠷ ᠬᠠᠤᠯᠢ ᠵᠢ ᠵᠣᠯᠭ᠋ᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠪᠢᠴᠢᠭ ᠬᠠᠷ᠎ᠠ ᠵᠣᠬᠢᠶᠠᠬᠤ ᠵᠡᠷᠭᠡ ᠠᠭᠤᠯᠭ᠎ᠠ᠎ᠳᠤ ᠲᠣᠭᠲᠠᠭ᠋ᠠᠯ ᠭᠠᠷᠭ᠋ᠠᠪᠠ᠃
ᠳᠥᠷᠪᠡ᠂ ᠬᠡᠷᠡᠭᠯᠡᠬᠦ ᠬᠡᠪᠴᠢᠶ᠎ᠡ
ᠬᠡᠷᠡᠭᠯᠡᠬᠦ ᠬᠡᠪᠴᠢᠶ᠎ᠡ᠎ᠨᠢ ᠪᠦᠬᠦ ᠣᠷᠤᠨ᠎ᠤ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠤ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠪᠣᠯᠤᠨ᠎ᠠ᠃
ᠬᠠᠮᠢᠶ᠎ᠠ ᠪᠥᠬᠥᠶ ᠲᠥᠷᠥ ᠵᠢᠨ ᠪᠣᠳᠣᠯᠭ᠎ᠠ᠄ ᠥᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ