ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶ᠋ᠢᠳᠠᠯ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ 2021 ᠣᠨ᠎ᠳᠤ 《ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2021 ᠣᠨ᠎ᠤ 22 ᠳ᠋ᠤᠭ᠋ᠠᠷ ᠲᠣᠭ᠋ᠠᠲᠤ) ᠵᠢ ᠳᠠᠷᠤᠮᠠᠯᠯᠠᠨ ᠲᠠᠷᠬᠠᠭ᠋ᠠᠵᠤ᠂ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢ ᠵᠢᠯᠣᠭᠤᠳᠤᠨ ᠵᠢᠷᠤᠮᠵᠢᠭᠤᠯᠪᠠ᠃ ᠡᠭᠦᠨ᠎ᠤ ᠬᠠᠮᠲᠤ᠂ ᠡᠯ᠎ᠡ ᠮᠤᠵᠢ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢ ᠲᠣᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠬᠠᠮᠲᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ 2021 ᠣᠨ᠎ᠤ ᠡᠴᠦᠰ᠎ᠲᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠬᠡᠷᠡᠭᠵᠢᠭᠦᠯᠬᠦ ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠲᠤᠷᠰᠢᠨ ᠬᠡᠷᠡᠭᠵᠢᠭᠦᠯᠬᠦ ᠬᠤᠭᠤᠴᠠᠭ᠎ᠠ᠎ᠨᠢ 2 ᠵᠢᠯ᠂ ᠡᠨᠡ ᠵᠢᠯ ᠬᠤᠭᠤᠴᠠᠭ᠎ᠠ᠎ᠨᠢ ᠲᠤᠯᠪᠠ᠃ ᠮᠠᠨ᠎ᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠭᠡᠮ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ ᠥᠷᠭᠡᠨ ᠵᠶ᠋ᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ 《ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠪᠠ᠃
ᠬᠤᠶᠠᠷ᠂ ᠵᠠᠰᠠᠪᠤᠷᠢ ᠣᠷᠣᠭᠤᠯᠤᠭᠰᠠᠨ ᠭᠤᠤᠯ ᠦᠨᠳᠦᠰᠦᠯᠡᠯ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》
《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ》
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ 《ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》
ᠭᠤᠷᠪᠠ᠂ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ
ᠲᠣᠰ ᠤᠳᠠᠭ᠎ᠠ ᠵᠢᠨ ᠵᠠᠰᠠᠪᠤᠷᠢ ᠣᠷᠣᠭᠤᠯᠤᠭᠰᠠᠨ᠎ᠳᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠵᠥᠪᠰᠢᠶᠡᠷᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠬᠤ᠂ ᠬᠦᠴᠦᠨ ᠥᠬᠡᠶ ᠪᠣᠯᠭ᠋ᠠᠬᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠠᠭᠤᠯᠭ᠎ᠠ ᠵᠢ ᠨᠡᠮᠡᠵᠦ᠂ ᠵᠥᠪᠰᠢᠶᠡᠷᠡᠯ ᠥᠬᠡᠶ ᠵᠢᠴᠢ ᠵᠥᠪᠰᠢᠶᠡᠷᠡᠯ᠎ᠢ ᠬᠦᠴᠦᠨ ᠥᠬᠡᠶ ᠪᠣᠯᠭ᠋ᠠᠬᠤ ᠪᠠᠶ᠋ᠢᠳᠠᠯ᠎ᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠭᠡᠭᠡᠭᠰᠡᠨ ᠦᠨᠡᠮᠯᠡᠯ᠎ᠢ ᠨᠥᠬᠦᠵᠦ ᠭᠦᠢ᠍ᠴᠡᠳᠭᠡᠬᠦ ᠶᠠᠪᠤᠴᠠ ᠵᠢ ᠰᠢᠯᠢᠳᠡᠭᠵᠢᠭᠦᠯᠪᠡ᠃
ᠳᠥᠷᠪᠡ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠭᠤᠣᠯ ᠬᠡᠰᠡᠭ
ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠬᠡᠷᠡᠭᠵᠢᠭᠦᠯᠬᠦ ᠨᠠᠷᠢᠨ ᠲᠦᠷᠢᠮ》᠎ᠳᠤ ᠶᠡᠷᠦᠩᠬᠡᠶ ᠲᠦᠷᠢᠮ᠂ ᠬᠢᠷᠢ ᠬᠡᠮ᠎ᠤᠨ ᠠᠩᠭᠢᠯᠠᠯ ᠬᠢᠭᠡᠳ ᠨᠥᠬᠦᠴᠡᠯ᠂ ᠬᠢᠷᠢ ᠬᠡᠮ᠎ᠤᠨ ᠭᠤᠶᠤᠴᠢᠯᠠᠯ ᠪᠠ ᠵᠦᠪᠰᠢᠶᠡᠷᠡᠯ᠂ ᠦᠷᠭᠦᠯᠵᠢᠯᠡᠭᠦᠯᠬᠦ ᠲᠥᠷᠥᠯ ᠵᠦᠢ᠍ᠯ ᠨᠡᠮᠡᠬᠦ ᠬᠢᠭᠡᠳ ᠬᠤᠪᠢᠷᠠᠭᠤᠯᠬᠤ᠂ ᠬᠢᠨᠠᠯᠲᠠ ᠬᠠᠮᠢᠶᠠᠷᠤᠯᠲᠠ᠂ ᠳᠠᠭ᠋ᠠᠯᠳᠤᠭᠤᠯᠤᠯ ᠳᠦᠷᠢᠮ ᠵᠡᠷᠭᠡ 6 ᠪᠦᠯᠦᠭ ᠨᠡᠶ᠋ᠢᠲᠡ 27 ᠵᠦᠢ᠍ᠯ ᠪᠠᠭᠲᠠᠨ᠎ᠠ᠂ ᠭᠤᠤᠯ ᠠᠭᠤᠯᠭ᠎ᠠ᠎ᠨᠢ ᠳᠣᠤᠷᠠᠬᠢ ᠮᠡᠲᠦ᠄
ᠨᠢᠭᠡᠳᠦᠭᠡᠷ ᠪᠦᠯᠦᠭ᠎ᠨᠢ ᠶᠡᠷᠦᠩᠬᠡᠢ ᠳᠦᠷᠢᠮ᠂ ᠨᠡᠶ᠋ᠢᠲᠡ 4 ᠵᠦᠢ᠍ᠯ᠃ ᠭᠤᠤᠯᠳᠠᠭᠤ ᠬᠠᠤᠯᠢ ᠴᠠᠭ᠋ᠠᠵᠠ ᠵᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠲᠤᠰᠢᠶᠠᠯ ᠬᠠᠷᠢᠭᠤᠴᠠᠯᠭ᠎ᠠ ᠵᠢᠨ ᠬᠤᠪᠢᠶᠠᠷᠢᠯᠠᠯ ᠵᠢᠴᠢ ᠦᠨᠳᠦᠰᠦᠨ ᠵᠠᠷᠴᠢᠮ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃
ᠬᠤᠶᠠᠳᠤᠭ᠋ᠠᠷ ᠪᠦᠯᠦᠭ᠎ᠨᠢ ᠬᠢᠷᠢ ᠬᠡᠮ᠎ᠤᠨ ᠬᠤᠪᠢᠶᠠᠷᠢᠯᠠᠯ ᠬᠢᠭᠡᠳ ᠨᠥᠬᠦᠴᠡᠯ᠂ ᠨᠡᠶ᠋ᠢᠲᠡ 8 ᠵᠦᠢ᠍ᠯ᠃ ᠭᠤᠣᠯᠳᠠᠭᠤ ᠡᠯ᠎ᠡ ᠲᠥᠷᠥᠯ᠎ᠤᠨ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠬᠢᠷᠢ ᠬᠡᠮ᠎ᠢ ᠭᠤᠶᠤᠴᠢᠯᠠᠬᠤ ᠠᠵᠤ ᠠᠬᠤᠶ᠋ᠢᠯᠠᠯ᠎ᠤᠨ ᠠᠵᠢᠯᠲᠠᠨ ᠂ ᠲᠣᠨᠤᠭ ᠲᠥᠬᠦᠭᠡᠷᠦᠮᠵᠢ᠂ ᠠᠵᠢᠯ᠎ᠤᠨ ᠠᠮᠵᠢᠯᠲᠠ ᠵᠡᠷᠭᠡ ᠦᠨᠳᠦᠰᠦᠨ ᠨᠥᠬᠦᠴᠡᠯ᠎ᠤᠨ ᠱᠠᠭ᠋ᠠᠷᠳᠠᠯᠭ᠎ᠠ ᠵᠢ ᠲᠣᠭᠲᠠᠭ᠋ᠠᠪᠠ᠃
ᠭᠤᠷᠪᠠᠳᠤᠭ᠋ᠠᠷ ᠪᠦᠯᠦᠭ᠎ᠨᠢ ᠬᠢᠷᠢ ᠬᠡᠮ᠎ᠤᠨ ᠭᠤᠶᠤᠴᠢᠯᠠᠯ ᠪᠠ ᠵᠦᠪᠰᠢᠶᠡᠷᠡᠯ᠂ ᠨᠡᠶ᠋ᠢᠲᠡ 6 ᠵᠦᠢ᠍ᠯ᠃ ᠭᠤᠤᠯᠳᠠᠭᠤ ᠵᠦᠪᠰᠢᠶᠡᠷᠡᠯ᠎ᠢ ᠬᠢᠨᠠᠨ ᠵᠦᠪᠰᠢᠶᠡᠷᠡᠬᠦ ᠲᠠᠰ ᠳᠠᠷᠠᠭ᠋ᠠᠯᠠᠯ᠂ ᠭᠤᠶᠤᠴᠢᠯᠠᠬᠤ ᠮᠠᠲ᠋ᠧᠷᠢᠶᠠᠯ᠂ ᠢᠯᠡ ᠪᠣᠯᠭ᠋ᠠᠬᠤ ᠲᠦᠷᠢᠮ᠂ ᠵᠥᠪᠰᠢᠶᠡᠷᠡᠬᠦ ᠴᠠᠭ᠎ᠤᠨ ᠬᠢᠵᠠᠭ᠋ᠠᠷ᠂ ᠬᠢᠨᠠᠨ ᠵᠥᠪᠰᠢᠶᠡᠷᠡᠬᠦ ᠠᠷᠭ᠎ᠠ ᠮᠠᠶᠢᠭ ᠵᠡᠷᠭᠡ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠲᠣᠭᠲᠠᠭ᠋ᠠᠪᠠ᠃
ᠳᠥᠷᠪᠡᠳᠦᠭᠡᠷ ᠪᠦᠯᠦᠭ᠎ᠨᠢ ᠦᠷᠭᠦᠯᠵᠢᠯᠡᠭᠦᠯᠬᠦ᠂ ᠲᠥᠷᠥᠯ ᠵᠦᠢ᠍ᠯ ᠨᠡᠮᠡᠬᠦ ᠪᠠ ᠬᠤᠪᠢᠷᠠᠭᠤᠯᠬᠤ᠂ ᠨᠡᠶ᠋ᠢᠲᠡ 3 ᠵᠦᠢ᠍ᠯ᠃ ᠭᠤᠤᠯᠳᠠᠭᠤ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ᠂ ᠲᠠᠰ ᠳᠡᠪᠰᠢᠭᠦᠯᠬᠦ᠂ ᠲᠥᠷᠥᠯ ᠵᠦᠢ᠍ᠯ ᠨᠡᠮᠡᠬᠦ᠂ ᠬᠤᠪᠢᠷᠠᠭᠤᠯᠬᠤ᠂ ᠨᠡᠶ᠋ᠢᠯᠡᠭᠦᠯᠵᠦ ᠰᠠᠯᠭ᠋ᠠᠬᠤ᠂ ᠭᠡᠭᠡᠭᠰᠡᠨ᠎ᠢ ᠨᠥᠬᠦᠵᠦ ᠭᠦᠢ᠍ᠴᠡᠳᠬᠡᠬᠦ ᠵᠡᠷᠭᠡ ᠬᠠᠮᠢᠶ᠎ᠠ ᠪᠥᠬᠦᠶ ᠵᠦᠢ᠍ᠯᠡᠰ ᠵᠢᠴᠢ ᠱᠠᠭ᠋ᠠᠷᠳᠠᠯᠭ᠎ᠠ ᠵᠢ ᠲᠣᠭᠲᠠᠭ᠋ᠠᠪᠠ᠃
ᠲᠠᠪᠤᠳᠤᠭ᠋ᠠᠷ ᠪᠦᠯᠦᠭ᠎ᠨᠢ ᠬᠢᠨᠠᠯᠲᠠ ᠬᠠᠮᠢᠶᠠᠷᠤᠯᠲᠠ᠂ ᠨᠡᠶ᠋ᠢᠲᠡ 5 ᠵᠦᠢ᠍ᠯ᠃ ᠭᠤᠣᠯᠳᠠᠭᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠮᠠᠶᠢᠭ ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠭᠲᠠᠭ᠋ᠠᠭᠰᠠᠨ ᠪᠥᠭᠡᠳ ᠬᠠᠤᠯᠢ ᠵᠢ ᠵᠥᠷᠢᠴᠡᠭᠰᠡᠨ ᠪᠠᠶ᠋ᠢᠳᠠᠯ᠎ᠢ ᠰᠢᠢ᠍ᠳᠪᠦᠷᠢᠯᠡᠬᠦ ᠪᠠ ᠢᠲᠡᠭᠡᠮᠵᠢ ᠵᠢᠨ ᠬᠠᠮᠢᠶᠠᠷᠤᠯᠲᠠ ᠵᠡᠷᠭᠡ ᠵᠦᠢ᠍ᠯᠡᠰ᠎ᠢ ᠲᠣᠳᠣᠷᠬᠠᠶ᠋ᠢᠯᠠᠪᠠ᠃
ᠵᠢᠷᠭᠤᠳᠤᠭ᠋ᠠᠷ ᠪᠦᠯᠦᠭ᠎ᠨᠢ ᠳᠠᠭ᠋ᠠᠯᠳᠤᠭᠤᠯᠤᠯ ᠳᠦᠷᠢᠮ᠂ ᠨᠡᠶ᠋ᠢᠲᠡ 1 ᠵᠦᠢ᠍ᠯ᠃ ᠭᠤᠣᠯᠳᠠᠭᠤ ᠲᠠᠶ᠋ᠢᠯᠪᠤᠷᠢᠯᠠᠬᠤ ᠨᠢᠭᠡᠴᠢ ᠪᠣᠯᠤᠨ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠵᠦᠢ᠍ᠯᠡᠰ᠎ᠢ ᠲᠣᠭᠲᠠᠭ᠋ᠠᠪᠠ᠃