ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-11-05

    ᠨᠢᠭᠡ᠂ ᠪᠢᠴᠢᠭ ᠮᠠᠲ᠋ᠧᠷᠢᠶᠠᠯ᠎ᠢ ᠲᠣᠭᠲᠠᠭ᠋ᠠᠭᠰᠠᠨ ᠠᠬᠤᠶ ᠪᠠᠢ᠌ᠳᠠᠯ᠂ ᠴᠢᠬᠤᠯᠠ ᠴᠢᠨᠠᠷ ᠵᠢᠴᠢ ᠪᠣᠯᠤᠮᠵᠢᠲᠤ ᠴᠢᠨᠠᠷ
    ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢᠨ ᠨᠢᠭᠡᠳᠦᠯᠲᠡᠶ ᠲᠦᠷᠢᠮ ᠪᠠᠢ᠌ᠬᠤ ᠥᠬᠡᠶ᠂ ᠡᠮᠬᠢ ᠵᠢᠷᠤᠮ ᠥᠬᠡᠶ ᠦᠷᠢᠰᠦᠯᠳᠦᠬᠦ᠂ ᠬᠢᠨᠠᠯᠲᠠ ᠬᠠᠮᠢᠶᠠᠷᠤᠯᠲᠠ ᠳᠤᠲᠠᠭᠳᠠᠬᠤ ᠵᠡᠷᠭᠡ ᠲᠣᠪᠣᠢ᠌ᠮ᠎ᠠ ᠠᠰᠠᠭᠤᠳᠠᠯ᠎ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠲᠤᠬᠠᠢ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ᠎ᠳᠤ ᠰᠠᠢ᠌ᠨ ᠰᠠᠢ᠌ᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠬᠤ᠎ᠳᠤ ᠰᠠᠢ᠌ᠲᠤᠷ ᠲᠤᠯᠭ᠋ᠠᠭᠤᠷᠢᠯᠠᠬᠤ ᠵᠢᠨ ᠲᠥᠯᠥᠭᠡ ᠶᠤᠮ᠃
    ᠬᠣᠶᠠᠷ᠂ ᠲᠣᠭᠲᠠᠭ᠋ᠠᠭᠰᠠᠨ ᠦᠨᠳᠦᠰᠦᠯᠡᠯ
    《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ》᠂  《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ ᠵᠢᠨ ᠬᠡᠷᠡᠭᠵᠢᠭᠦᠯᠬᠦ ᠳᠦᠷᠢᠮ》᠂ 《ᠵᠠᠰᠠᠮᠠᠯ ᠵᠠᠮ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠠᠷᠭ᠎ᠠ》᠂ 《ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠠᠷᠭ᠎ᠠ》᠂        《ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠦᠷᠢᠶᠡᠨ᠎ᠤ ᠡᠷᠬᠡ ᠲᠡᠭᠰᠢ ᠥᠷᠢᠰᠥᠯᠳᠦᠭᠡᠨ᠎ᠢ ᠬᠢᠨᠠᠨ ᠪᠠᠢ᠌ᠴᠠᠭ᠋ᠠᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠳᠦᠷᠢᠮ》᠂ 《ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ ᠲᠣᠭᠲᠠᠭ᠋ᠠᠯ᠎ᠤᠨ ᠳᠦᠷᠢᠮ᠎ᠢ ᠴᠢᠩᠭ᠎ᠠ ᠬᠡᠷᠡᠭᠵᠢᠭᠦᠯᠵᠦ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠭᠣᠣᠯ ᠴᠣᠭᠴᠠ ᠵᠢᠨ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠰᠠᠨᠠᠯ᠎ᠤᠳ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠢᠮ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂    ᠲᠣᠰ 《ᠠᠷᠭ᠎ᠠ》 ᠵᠢ ᠲᠣᠭᠲᠠᠭ᠋ᠠᠪᠠ᠃
    ᠭᠤᠷᠪᠠ᠂ ᠠᠷᠭ᠎ᠠ ᠵᠢᠨ ᠭᠣᠣᠯ ᠠᠭᠤᠯᠭ᠎ᠠ
    《ᠠᠷᠭ᠎ᠠ》᠎ᠳᠤ ᠨᠡᠢ᠌ᠲᠡ ᠠᠷᠪᠠᠨ ᠨᠠᠢᠮᠠᠨ ᠵᠦᠢᠯ ᠪᠣᠢ᠂ ᠪᠠᠰᠠ ᠳᠠᠭ᠋ᠠᠯᠳᠤᠭᠤᠯᠤᠯ 1᠄  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠢᠲᠡᠭᠡᠮᠵᠢ ᠵᠢ ᠦᠨᠡᠯᠡᠬᠦ ᠬᠡᠷᠡᠭᠵᠢᠭᠦᠯᠬᠦ ᠨᠠᠷᠢᠨ ᠲᠦᠷᠢᠮ》᠂ ᠳᠠᠭ᠋ᠠᠯᠳᠤᠭᠤᠯᠤᠯ 2᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠢᠲᠡᠭᠡᠮᠵᠢ ᠵᠢᠨ ᠦᠢᠯᠡ ᠠᠵᠢᠯᠯᠠᠭ᠎ᠠ ᠵᠢ ᠦᠨᠡᠯᠡᠨ ᠲᠣᠭᠲᠠᠭ᠋ᠠᠬᠤ ᠪᠠᠷᠢᠮᠵᠢᠶ᠎ᠠ》᠂ ᠳᠠᠭ᠋ᠠᠯᠳᠤᠭᠤᠯᠤᠯ 3᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠢᠲᠡᠭᠡᠮᠵᠢ ᠵᠢ ᠦᠨᠡᠯᠡᠨ ᠪᠤᠳᠤᠬᠤ ᠠᠷᠭ᠎ᠠ》 ᠪᠠᠢ᠌ᠨ᠎ᠠ᠃
    1. ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ᠎ᠤ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠬᠢᠭᠡᠳ ᠢᠲᠡᠭᠡᠮᠵᠢ ᠵᠢ ᠦᠨᠡᠯᠡᠬᠦ ᠬᠡᠪᠴᠢᠶ᠎ᠡ ᠵᠢ ᠲᠣᠳᠣᠷᠬᠠᠢ᠌ᠯᠠᠪᠠ᠃
     2. ᠳᠠᠭ᠋ᠠᠭ᠋ᠠᠴᠢᠯᠠᠯᠲᠠ ᠵᠠᠷᠯᠠᠭᠴᠢ ᠵᠢᠨ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠂ ᠬᠡᠯᠡᠯᠴᠡᠭᠡᠷ ᠬᠢᠬᠦ᠂ ᠯᠠᠪᠯᠠᠨ ᠠᠳᠠᠯᠢᠳᠬᠠᠬᠤ ᠵᠡᠷᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠰᠢᠯᠢᠳᠡᠭ᠎ᠠᠴᠠ᠎ᠨᠢ ᠰᠣᠩᠭᠣᠬᠤ ᠵᠢ ᠵᠣᠷᠢᠭᠵᠢᠭᠤᠯᠬᠤ ᠵᠢ ᠲᠣᠳᠣᠷᠬᠠᠢ᠌ᠯᠠᠪᠠ᠃
    3. ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠪᠦᠷᠢᠯᠳᠦᠭᠦᠯᠪᠡᠰᠦ ᠵᠣᠬᠢᠬᠤ ᠦᠨᠳᠦᠰᠦᠨ ᠨᠥᠬᠥᠴᠡᠯ᠎ᠢ ᠲᠣᠳᠣᠷᠬᠠᠢ᠌ᠯᠠᠪᠠ᠃
    4. ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠡᠭᠦᠷᠭᠡᠯᠡᠬᠦ ᠴᠢᠬᠤᠯᠠᠲᠠᠶ ᠠᠵᠢᠯ᠎ᠢ ᠲᠣᠳᠣᠷᠬᠠᠢ᠌ᠯᠠᠪᠠ᠃
    5. ᠢᠲᠡᠭᠡᠮᠵᠢ ᠵᠢ ᠦᠨᠡᠯᠡᠬᠦ ᠳᠡᠰ᠎ᠤᠨ ᠬᠤᠪᠢᠶᠠᠷᠢᠯᠠᠯ᠎ᠢ ᠲᠣᠳᠣᠷᠬᠠᠢ᠌ᠯᠠᠪᠠ᠂ ᠨᠡᠢ᠌ᠲᠡ ᠲᠠᠪᠤᠨ ᠳᠡᠰ᠄ AA᠂ A᠂ B᠂ C᠂ D᠃ ᠠᠳᠠᠯᠢ ᠪᠤᠰᠤ ᠲᠡᠰ᠎ᠤᠨ ᠣᠷᠤᠯᠠᠬᠤ ᠪᠠᠢ᠌ᠭᠤᠯᠤᠮᠵᠢ ᠵᠢ ᠰᠣᠩᠭᠣᠬᠤ᠎ᠳᠤ ᠬᠢᠨᠠᠨ ᠬᠠᠮᠢᠶᠠᠷᠬᠤ ᠠᠭᠤᠯᠭ᠎ᠠ᠎ᠨᠢ ᠠᠳᠠᠯᠢ ᠦᠭᠡᠢ ᠪᠠᠢ᠌ᠳᠠᠭ᠃
    6. ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢᠨ ᠢᠲᠡᠭᠡᠮᠵᠢ᠎ᠪᠠᠨ ᠰᠡᠷᠭᠦᠭᠡᠬᠦ ᠬᠤᠭᠤᠴᠠᠭ᠎ᠠ ᠬᠢᠵᠠᠭ᠋ᠠᠷ᠎ᠤᠨ ᠠᠷᠭ᠎ᠠ ᠮᠠᠶᠢᠭ ᠵᠡᠷᠭᠡ ᠵᠢ ᠲᠣᠳᠣᠷᠬᠠᠢ᠌ᠯᠠᠪᠠ᠃
    7. ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠬᠤ ᠪᠠᠢ᠌ᠭᠤᠯᠤᠮᠵᠢ ᠵᠢ ᠬᠥᠳᠡᠯᠦᠩᠭᠦᠶ᠎ᠪᠠᠷ ᠬᠢᠨᠠᠨ ᠬᠠᠮᠢᠶᠠᠷᠬᠤ ᠠᠷᠭ᠎ᠠ ᠬᠡᠯᠪᠡᠷᠢ ᠵᠢ ᠲᠣᠳᠣᠷᠬᠠᠢ᠌ᠯᠠᠪᠠ᠃
    ᠲᠣᠰ 《ᠠᠷᠭ᠎ᠠ》 ᠵᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ ᠵᠢᠴᠢ ᠲᠠᠰᠤᠯᠤᠯᠲᠠ ᠵᠢᠨ ᠦᠨᠳᠦᠰᠦᠨ ᠪᠠᠷᠢᠮᠵᠢᠶ᠎ᠠ》
《《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠨᠠᠷᠢᠨ ᠲᠦᠷᠢᠮ》》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠠᠯᠠ ᠣᠷᠣᠭᠤᠯᠤᠯᠲᠠ ᠵᠢᠨ ᠬᠡᠪᠴᠢᠶ᠎ᠡ᠎ᠪᠠᠷ ᠶᠡᠭᠡ᠂ ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ〉 ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠲᠥᠷᠥᠯ ᠵᠦᠢ᠍ᠯ᠎ᠢ ᠨᠤᠲᠠᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠬᠦᠢ ᠦᠢᠯᠡᠳᠪᠦᠷᠢᠯᠡᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠶ᠋ᠢᠯᠤᠮᠵᠢ᠄ 《ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            