ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
《ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-07-08

      ᠨᠢᠭᠡ᠂ ᠲᠤᠭᠤᠷᠪᠢᠨ ᠪᠢᠴᠢᠭᠰᠡᠨ ᠠᠬᠤᠢ ᠪᠠᠢ᠌ᠳᠠᠯ ᠪᠠ ᠶᠠᠪᠤᠴᠠ
     ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ 《ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ ᠭᠦᠢ᠍ᠯᠭᠡᠭᠡᠨ᠎ᠤ ᠰᠢᠰᠲ᠋ᠧᠮ᠎ᠢ ᠪᠠᠢ᠌ᠭᠤᠯᠵᠤ᠂ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ ᠬᠡᠷᠡᠭᠲᠡᠢ》 ᠭᠡᠵᠦ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠭᠣᠤᠯ ᠤᠳᠤᠷᠢᠳᠤᠯᠭ᠎ᠠ ᠣᠯᠠᠨ ᠤᠳᠠᠭ᠎ᠠ 《ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠶᠡᠬᠡ᠎ᠪᠠᠷ ᠪᠣᠢ᠌ᠵᠢᠭᠤᠯᠵᠤ᠂ ᠪᠥᠬᠥ ᠣᠷᠣᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠶ》 ᠭᠡᠰᠡᠨ ᠴᠣᠬᠣᠯᠠᠪᠤᠷᠢ ᠱᠠᠭ᠋ᠠᠷᠳᠠᠯᠭ᠎ᠠ ᠦᠭᠴᠦ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ ᠪᠣᠯᠤᠨ ᠲᠥᠪ᠎ᠤᠨ ᠡᠳ᠋᠎ᠤᠨ ᠵᠠᠰᠠᠭ ᠠᠵᠤ ᠠᠬᠤᠶ ᠵᠢᠨ ᠬᠣᠷᠢᠶᠠᠨ᠎ᠤ ᠳᠥᠷᠪᠡᠳᠦᠭᠡᠷ ᠬᠤᠷᠠᠯᠳᠤᠭ᠋ᠠᠨ᠎ᠠᠴᠠ 《ᠪᠦᠬᠦ ᠨᠡᠢ᠌ᠭᠡᠮ᠎ᠤᠨ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠦᠲᠦᠮᠵᠢᠲᠡᠶ᠎ᠪᠠᠷ ᠪᠠᠭᠤᠷᠠᠭᠤᠯᠤᠨ᠎ᠠ》 ᠭᠡᠵᠦ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠪᠠ 2024 ᠣᠨ᠎ᠤ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠲᠣᠰ ᠭᠠᠵᠠᠷ ᠣᠷᠣᠨ᠎ᠤ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠤᠨ ᠲᠠᠰ ᠳᠡᠪᠰᠢᠭᠦᠯᠬᠦ ᠪᠠ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ ᠵᠢ ᠳᠡᠮᠵᠢᠬᠦ ᠵᠢ ᠱᠠᠭ᠋ᠠᠷᠳᠠᠪᠠ᠃ ᠲᠥᠪ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠭᠣᠤᠯᠳᠠᠯᠭ᠎ᠠ᠎ᠲᠠᠢ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠂ ᠪᠠᠷᠠᠭ᠋ᠠᠨ᠎ᠤ ᠢᠷᠡᠯᠲᠡ ᠵᠢᠨ ᠨᠢᠭᠡᠴᠢ᠂ ᠲᠡᠭᠡᠭᠡᠪᠦᠷᠢ ᠵᠢᠨ ᠠᠵᠤ ᠠᠬᠤᠢ᠌ᠯᠠᠯ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠳᠠᠮᠵᠢᠭᠤᠯᠤᠨ᠂ ᠰᠢᠰᠲ᠋ᠧᠮ᠎ᠲᠠᠢ ᠰᠤᠳᠤᠯᠤᠨ ᠨᠤᠲᠠᠯᠠᠭᠰᠠᠨ᠎ᠤ ᠳᠠᠷᠠᠭ᠎ᠠ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠵᠢ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠵᠡᠩᠨᠡᠯᠲᠡ ᠵᠢᠨ ᠴᠢᠨᠠᠷᠲᠠᠶ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠳᠠᠢ᠌ᠴᠢᠯᠠᠵᠤ᠂ ᠪᠥᠬᠥ ᠨᠡᠢ᠌ᠭᠡᠮ᠎ᠤᠨ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠠᠵᠢᠯ᠎ᠤᠨ ᠰᠡᠳᠬᠢᠮᠵᠢ ᠵᠢ ᠠᠬᠢᠭᠤᠯᠤᠭᠰᠠᠨ ᠰᠠᠭᠤᠷᠢᠨ ᠳᠡᠭᠡᠷ᠎ᠡ 《ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠦᠯ》 (ᠳᠣᠷᠣᠭᠰᠢ 《ᠠᠵᠢᠯᠯᠠᠭ᠋ᠠᠨ᠎ᠤ ᠲᠥᠰᠦᠯ》 ᠭᠡᠵᠦ ᠲᠣᠪᠴᠢᠯᠠᠨ᠎ᠠ)᠎ᠢ ᠲᠤᠭᠤᠷᠪᠢᠨ ᠪᠢᠴᠢᠪᠡ᠃
      ᠬᠣᠶᠠᠷ᠂ ᠭᠣᠣᠯ ᠬᠠᠷᠠᠯᠲᠠ
     2026 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ 50᠎ᠠᠴᠠ ᠳᠡᠭᠡᠭᠰᠢ᠎ᠳᠤ ᠬᠦᠷᠦᠭᠦᠯᠵᠦ᠂ ᠨᠢᠭᠡᠴᠢ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠵᠢᠨ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ 6%᠎ᠪᠠᠷ ᠪᠠᠭᠤᠷᠠᠭᠤᠯᠤᠨ᠎ᠠ᠃
      ᠭᠤᠷᠪᠠ᠂ ᠭᠣᠣᠯ ᠠᠭᠤᠯᠭ᠎ᠠ
     《ᠠᠵᠢᠯᠯᠠᠭ᠋ᠠᠨ᠎ᠤ ᠲᠥᠰᠦᠯ》᠎ᠨᠢ ᠨᠡᠢ᠌ᠲᠡ ᠳᠥᠷᠪᠡᠨ ᠬᠡᠰᠡᠭ ᠪᠣᠶ᠃
     ᠨᠢᠭᠡᠳᠦᠭᠡᠷ ᠬᠡᠰᠡᠭ᠎ᠨᠢ ᠶᠡᠷᠦᠩᠬᠡᠢ ᠱᠠᠭ᠋ᠠᠷᠳᠠᠯᠭ᠎ᠠ᠃ ᠶᠡᠷᠦᠩᠬᠡᠶ ᠱᠠᠭ᠋ᠠᠷᠳᠠᠯᠭ᠎ᠠ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠤᠯ ᠰᠢᠵᠢᠮ᠎ᠢ ᠪᠠᠲᠤ ᠡᠵᠡᠮᠳᠡᠵᠦ᠂ ᠬᠡᠪᠴᠢᠶᠡᠵᠢᠭᠰᠡᠨ᠂ ᠡᠷᠴᠢᠮᠵᠢᠭᠰᠡᠨ᠂ ᠲᠣᠭ᠋ᠠᠴᠢᠯᠠᠭᠰᠠᠨ᠂ ᠪᠣᠬᠢᠷᠲᠤᠯ ᠥᠬᠡᠶ᠂ ᠰᠦᠯᠵᠢᠶᠡᠵᠢᠭᠰᠡᠨ ᠬᠥᠭᠵᠢᠯᠲᠡ ᠵᠢ ᠪᠠᠷᠢᠮᠲᠠᠯᠠᠵᠤ᠂ ᠪᠠᠷᠠᠭ᠋ᠠᠨ᠎ᠤ ᠢᠷᠡᠯᠲᠡ ᠵᠢ ᠡᠷᠢᠬᠦ᠂ ᠲᠣᠭ᠎ᠠ ᠪᠠᠷᠢᠮᠲᠠ ᠬᠠᠩᠭ᠋ᠠᠬᠤ᠂ ᠲᠠᠯᠠᠪᠠᠶ ᠪᠠᠢ᠌ᠭᠤᠯᠬᠤ᠂ ᠢᠵᠢ ᠪᠦᠷᠢᠳᠦᠭᠦᠯᠬᠦ᠂ ᠰᠢᠯᠢᠳᠡᠭ ᠦᠢᠯᠡᠴᠢᠯᠡᠭᠡ᠂ ᠲᠥᠷᠥ ᠵᠢᠨ ᠪᠣᠳᠤᠯᠭ᠎ᠠ ᠬᠠᠩᠭ᠋ᠠᠬᠤ᠎ᠪᠠᠷ ᠳᠠᠮᠵᠢᠭᠤᠯᠤᠨ᠂ ᠡᠵᠡᠩᠨᠡᠯᠲᠡ ᠵᠢᠨ ᠥᠪᠡᠷ᠎ᠤᠨ ᠥᠷᠲᠡᠭ ᠳᠣᠤᠷ᠎ᠠ᠂ ᠦᠷ᠎ᠡ ᠪᠦᠲᠦᠮᠵᠢ ᠥᠨᠳᠥᠷ᠂ ᠦᠢᠯᠡᠴᠢᠯᠡᠭᠡ ᠴᠢᠩᠭ᠎ᠠ᠂ ᠶᠠᠰᠤ ᠴᠢᠨᠠᠷ ᠰᠠᠢ᠌ᠨ᠂ ᠲᠡᠷᠢᠭᠦᠨ᠎ᠤ ᠮᠡᠷᠭᠡᠵᠢᠯ᠎ᠤᠨ ᠵᠠᠭᠪᠤᠷ ᠵᠡᠷᠭᠡ ᠭᠣᠤᠯᠯᠠᠬᠤ ᠥᠷᠢᠰᠥᠯᠳᠦᠬᠦ ᠬᠦᠴᠦᠨ ᠪᠠ ᠨᠠᠷᠠᠲᠤ ᠦᠢᠯᠡᠴᠢᠯᠡᠭᠡᠨ᠎ᠤ ᠨᠠᠷᠠᠲᠤ ᠲᠥᠷᠥᠯ ᠲᠡᠮᠳᠡᠭ᠎ᠲᠠᠢ ᠨᠢᠭᠡ ᠪᠦᠯᠦᠭ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠵᠡᠩᠨᠡᠯᠲᠡ ᠵᠢᠨ ᠴᠢᠨᠠᠷᠲᠠᠶ ᠥᠪᠡᠷ᠎ᠤᠨ ᠥᠷᠲᠡᠭ᠎ᠢ ᠪᠠᠭᠤᠷᠠᠭᠤᠯᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠳᠠᠢ᠌ᠴᠢᠯᠠᠵᠤ᠂ ᠪᠥᠬᠥ ᠨᠡᠢ᠌ᠭᠡᠮ᠎ᠤᠨ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠵᠢ ᠠᠬᠢᠭᠤᠯᠤᠨ᠎ᠠ᠃
     ᠬᠣᠶᠠᠳᠤᠭ᠋ᠠᠷ ᠬᠡᠰᠡᠭ᠎ᠨᠢ ᠪᠣᠢ᠌ᠵᠢᠭᠤᠯᠬᠤ ᠠᠷᠭ᠎ᠠ ᠵᠠᠮ᠃ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠪᠣᠳᠠᠲᠠᠶ ᠠᠭᠤᠯᠤᠭᠳᠠᠬᠤᠨ᠎ᠨᠢ᠄ ᠵᠣᠬᠢᠬᠤ ᠬᠡᠪᠴᠢᠶ᠎ᠡ ᠪᠠ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ᠎ᠳᠤ ᠬᠦᠷᠴᠦ᠂ ᠨᠡᠯᠢᠶᠡᠳ ᠴᠢᠩᠭ᠎ᠠ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠂ ᠠᠵᠢᠯ ᠲᠥᠷᠥᠯ᠎ᠤᠨ ᠨᠥᠯᠥᠭᠡᠯᠡᠬᠦ ᠬᠦᠴᠦᠨ᠂ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠪᠠ ᠬᠥᠭᠵᠢᠯᠲᠡ ᠵᠢᠨ ᠳᠠᠯᠳᠠ ᠬᠦᠴᠦᠨ᠎ᠢ ᠪᠦᠷᠢᠯᠳᠦᠭᠦᠯᠵᠦ᠂ ᠲᠣᠭ᠋ᠠᠴᠢᠯᠠᠭᠰᠠᠨ᠂ ᠪᠣᠬᠢᠷᠲᠤᠯ ᠥᠬᠡᠶ ᠬᠢᠷᠢ ᠲᠦᠪᠰᠢᠨ᠂ ᠦᠢᠯᠡᠴᠢᠯᠡᠭᠡᠨ᠎ᠤ ᠶᠠᠰᠤ ᠴᠢᠨᠠᠷ᠎ᠨᠢ ᠠᠵᠢᠯ ᠲᠥᠷᠥᠯ᠎ᠤᠨ ᠲᠡᠷᠢᠭᠦᠨ᠎ᠤ ᠪᠠᠢ᠌ᠷᠢᠨ᠎ᠳᠤ ᠪᠠᠢ᠌ᠭ᠎ᠠ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢᠯᠭᠡᠭᠡ ᠵᠢᠨ ᠠᠵᠤ ᠠᠬᠤᠢ᠌ᠯᠠᠯ ᠪᠣᠯᠤᠨ᠎ᠠ᠂ ᠡᠭᠦᠨ᠎ᠳᠤ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠰᠢᠦᠳᠠᠨ᠎ᠤ ᠲᠦᠷᠭᠡᠨ ᠬᠦᠷᠭᠡᠯᠲᠡ ᠵᠡᠷᠭᠡ ᠲᠤᠰᠬᠠᠶ ᠬᠦᠷᠢᠶ᠎ᠡ ᠴᠠᠷᠠᠭ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠢ᠌ᠯᠠᠯ᠂ ᠣᠯᠠᠨ ᠵᠦᠢ᠍ᠯ᠎ᠤᠨ ᠲᠡᠭᠡᠭᠡᠪᠦᠷᠢᠯᠡᠬᠦ ᠬᠡᠯᠪᠡᠷᠢ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢ ᠠᠯᠤᠰᠯᠠᠭᠰᠠᠨ ᠡᠵᠡᠩᠨᠡᠭᠴᠢ᠂ ᠬᠠᠩᠭ᠋ᠠᠯᠭ᠎ᠠ ᠵᠢᠨ ᠬᠡᠯᠬᠢᠶ᠎ᠡ ᠵᠢᠨ ᠳᠡᠭᠡᠳᠦ ᠳᠣᠤᠷᠠᠳᠤ ᠬᠡᠯᠬᠢᠶ᠎ᠡ ᠵᠢᠨ ᠠᠭᠤᠰᠤᠯᠴᠠᠭᠰᠠᠨ ᠠᠵᠤ ᠠᠬᠤᠢ᠌ᠯᠠᠯ ᠵᠡᠷᠭᠡ ᠵᠢ ᠪᠠᠭᠲᠠᠭ᠋ᠠᠨ᠎ᠠ᠃ ᠳᠥᠷᠪᠡᠨ ᠵᠦᠢᠯ᠎ᠤᠨ ᠪᠣᠢ᠌ᠵᠢᠭᠤᠯᠬᠤ ᠠᠷᠭ᠎ᠠ ᠵᠠᠮ᠎ᠢ ᠳᠤᠷᠠᠳᠴᠤ᠂ ᠲᠣᠰ ᠲᠣᠰ ᠨᠢᠭᠡᠨᠲᠡ ᠪᠠᠢ᠌ᠭ᠎ᠠ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠢ ᠲᠦᠷᠭᠡᠳᠬᠡᠨ ᠬᠥᠭᠵᠢᠭᠦᠯᠵᠦ᠂ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠡᠵᠡᠩᠨᠡᠭᠴᠢ ᠵᠢ ᠢᠳᠡᠪᠬᠢᠲᠡᠶ ᠵᠣᠬᠢᠶᠠᠨ ᠪᠠᠢ᠌ᠭᠤᠯᠵᠤ᠂ ᠬᠠᠩᠭ᠋ᠠᠯᠭ᠎ᠠ ᠵᠢᠨ ᠬᠡᠯᠬᠢᠶ᠎ᠡ ᠵᠢᠨ ᠳᠡᠭᠡᠳᠦ ᠳᠣᠤᠷᠠᠳᠤ ᠬᠡᠯᠬᠢᠶ᠎ᠡ ᠵᠢ ᠠᠭᠤᠰᠤᠯᠴᠠᠭᠤᠯᠤᠭᠰᠠᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠢ ᠶᠡᠬᠡᠪᠡᠷ ᠬᠥᠭᠵᠢᠭᠦᠯᠬᠦ ᠪᠣᠯᠣᠨ᠎ᠠ᠃
     ᠭᠤᠷᠪᠠᠳᠤᠭ᠋ᠠᠷ ᠬᠡᠰᠡᠭ᠎ᠨᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠂ ᠡᠭᠦᠨ᠎ᠳᠤ ᠲᠠᠪᠤᠨ ᠲᠠᠯ᠎ᠠ ᠵᠢᠨ 30 ᠵᠦᠢᠯ᠎ᠤᠨ ᠪᠣᠳᠠᠲᠠᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠᠭᠲᠠᠨ᠎ᠠ᠃ ᠨᠢᠭᠡ᠎ᠳᠤ᠂ ᠳᠠᠭ᠋ᠠᠭᠤᠯᠤᠭᠴᠢ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠪᠠᠷᠢᠮᠵᠢᠶ᠎ᠠ ᠪᠠ ᠦᠨᠡᠯᠡᠬᠦ ᠲᠣᠭᠲᠠᠴᠠ ᠵᠢ ᠪᠦᠷᠢᠨᠰᠢᠬᠦᠯᠬᠦ ᠵᠢ ᠠᠬᠢᠭᠤᠯᠵᠤ᠂ ᠦᠢᠯᠡᠴᠢᠯᠡᠭᠡᠨ᠎ᠤ ᠰᠦᠢᠳᠬᠡᠯ ᠬᠤᠷᠢᠶᠠᠬᠤ ᠪᠠᠷᠢᠮᠵᠢᠶ᠎ᠠ ᠵᠢ ᠳᠣᠭᠢᠷᠠᠭᠤᠯᠤᠨ᠂ ᠲᠣᠭ᠎ᠠ ᠪᠠᠷᠢᠮᠲᠠ ᠵᠢ ᠴᠢᠯᠥᠭᠡᠲᠡᠶ ᠪᠣᠯᠭ᠋ᠠᠬᠤ ᠪᠠ ᠲᠣᠭᠲᠠᠭ᠋ᠠᠯ᠎ᠠᠴᠠ ᠵᠥᠷᠢᠴᠡᠨ ᠰᠦᠢᠳᠬᠡᠯ ᠬᠤᠷᠢᠶᠠᠬᠤ ᠵᠢ ᠴᠡᠭᠴᠡᠯᠡᠨ ᠵᠠᠰᠠᠨ᠎ᠠ᠃ ᠬᠣᠶᠠᠷ᠎ᠲᠤ᠂ ᠳᠠᠭ᠋ᠠᠭᠤᠯᠤᠭᠴᠢ ᠠᠵᠤ ᠠᠬᠤᠢ᠌ᠯᠠᠯ᠎ᠤᠨ ᠪᠠᠷᠠᠭ᠋ᠠᠨ᠎ᠤ ᠢᠷᠡᠯᠲᠡ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠵᠠᠰᠠᠭ᠎ᠤᠨ ᠣᠷᠳᠣᠨ ᠠᠵᠤ ᠠᠬᠤᠢ᠌ᠯᠠᠯ ᠲᠡᠭᠡᠭᠡᠪᠦᠷᠢ ᠵᠢᠨ 《ᠬᠣᠶᠠᠷ ᠲᠠᠯ᠎ᠠ᠎ᠠᠴᠠ ᠡᠷᠢᠬᠦ》 ᠵᠢ ᠵᠣᠯᠭ᠋ᠠᠭᠤᠯᠬᠤ ᠲᠣᠭᠲᠠᠴᠠ ᠵᠢ ᠪᠠᠢ᠌ᠭᠤᠯᠬᠤ᠂ ᠤᠷᠳᠤ ᠬᠤᠭᠤᠴᠠᠭ᠋ᠠᠨ᠎ᠤ ᠬᠠᠮᠵᠢᠯᠴᠠᠭ᠎ᠠ ᠵᠢᠨ ᠵᠥᠪᠯᠡᠯᠴᠡᠭᠡᠷ ᠲᠣᠭᠲᠠᠬᠤ᠂ ᠬᠠᠩᠭ᠋ᠠᠯᠭ᠎ᠠ ᠵᠢᠨ ᠬᠡᠯᠬᠢᠢ᠎ᠡ ᠵᠢ ᠠᠭᠤᠰᠤᠯᠴᠠᠭᠤᠯᠤᠨ ᠬᠥᠭᠵᠢᠭᠦᠯᠬᠦ᠂ ᠪᠠᠷᠠᠭ᠋ᠠᠨ᠎ᠤ ᠭᠦᠢ᠍ᠯᠭᠡᠭᠡ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ ᠪᠠᠢ᠌ᠭᠤᠯᠬᠤ ᠵᠡᠷᠭᠡ ᠠᠷᠭ᠎ᠠ ᠮᠠᠶᠢᠭ ᠵᠶ᠋ᠡᠷ ᠳᠠᠮᠵᠢᠭᠤᠯᠤᠨ ᠲᠠᠭ᠋ᠠᠭᠤᠯᠤᠭᠴᠢ ᠠᠵᠤ ᠠᠬᠤᠢ᠌ᠯᠠᠯ᠎ᠤᠨ ᠪᠠᠷᠠᠭ᠋ᠠᠨ᠎ᠤ ᠢᠷᠡᠯᠳᠡ᠎ᠪᠠᠨ ᠡᠷᠢᠬᠦ᠎ᠳᠤ ᠲᠦᠬᠦᠮ ᠦᠵᠡᠭᠦᠯᠬᠦ ᠬᠡᠷᠡᠭᠲᠡᠢ᠃ ᠭᠤᠷᠪᠠ᠎ᠳᠤ᠂ ᠳᠠᠭ᠋ᠠᠭᠤᠯᠤᠭᠴᠢ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠵᠠᠰᠠᠮᠠᠯ ᠵᠠᠮ᠂ ᠲᠡᠮᠦᠷ ᠵᠠᠮ᠎ᠤᠨ ᠰᠠᠭᠤᠷᠢ ᠲᠦᠭᠦᠭᠡᠷᠤᠮᠵᠢ ᠵᠢᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠲᠡᠭᠦᠯᠳᠡᠷᠵᠢᠭᠦᠯᠵᠦ᠂ ᠳᠠᠭ᠋ᠠᠭᠤᠯᠤᠭᠴᠢ ᠠᠵᠤ ᠠᠬᠤᠢ᠌ᠯᠠᠯ᠎ᠤᠨ ᠰᠢᠨ᠎ᠡ ᠡᠨᠧᠷᠭᠢ ᠵᠢᠨ ᠴᠠᠬᠢᠯᠭ᠋ᠠᠨ ᠴᠡᠨᠡᠭᠯᠡᠵᠦ ᠴᠠᠬᠢᠯᠭ᠋ᠠᠨ ᠰᠣᠯᠢᠬᠤ ᠲᠦᠭᠦᠭᠡᠷᠤᠮᠵᠢ ᠪᠠᠢ᠌ᠭᠤᠯᠬᠤ᠂ ᠲᠡᠭᠡᠭᠡᠪᠦᠷᠢ ᠵᠢᠨ ᠰᠢᠨ᠎ᠡ ᠵᠠᠭᠪᠤᠷ᠎ᠢ ᠬᠦᠭᠵᠢᠭᠦᠯᠬᠦ ᠵᠢ ᠳᠡᠮᠵᠢᠨ᠎ᠡ᠃ ᠳᠥᠷᠪᠡ᠎ᠳᠤ᠂ ᠳᠠᠭ᠋ᠠᠭᠤᠯᠤᠭᠴᠢ ᠠᠵᠤ ᠠᠬᠤᠢ᠌ᠯᠠᠯ᠎ᠳᠤ ᠦᠢᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠳᠠᠭ᠋ᠠᠭᠤᠯᠤᠭᠴᠢ ᠠᠵᠤ ᠠᠬᠤᠢ᠌ᠯᠠᠯ᠎ᠳᠤ ᠨᠡᠪᠲᠡᠷᠡᠬᠦ᠂ ᠭᠠᠢ᠌ᠯᠢ ᠭᠦᠢᠴᠡᠳᠬᠡᠬᠦ᠂ ᠭᠠᠵᠠᠷ ᠰᠢᠷᠣᠶ ᠵᠡᠷᠭᠡ ᠲᠠᠯ᠎ᠠ᠎ᠪᠠᠷ ᠲᠥᠬᠥᠮ ᠦᠵᠡᠭᠦᠯᠬᠦ ᠵᠢᠨ ᠬᠠᠮᠲᠤ ᠲᠡᠮᠦᠷ ᠵᠠᠮ᠎ᠤᠨ ᠲᠤᠰᠬᠠᠶ ᠱᠤᠭᠤᠮ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠬᠢᠨᠠᠨ ᠬᠠᠷᠭᠤᠭᠤᠯᠵᠤ ᠭᠦᠢᠴᠡᠳᠬᠡᠬᠦ ᠴᠤᠪᠤᠷᠠᠯ᠎ᠢ ᠰᠢᠯᠢᠳᠡᠭᠵᠢᠭᠦᠯᠦᠨ᠎ᠡ᠃ ᠲᠠᠪᠤ᠎ᠳᠤ᠂ ᠳᠠᠭ᠋ᠠᠭᠤᠯᠤᠭᠴᠢ ᠠᠵᠤ ᠠᠬᠤᠢ᠌ᠯᠠᠯ᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠣᠳᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠎ᠠ ᠳᠤᠮᠳᠠ ᠳᠤᠪᠤᠢ᠌ᠮ᠎ᠠ ᠢᠯᠡᠷᠡᠯ᠎ᠲᠠᠢ ᠠᠢ᠌ᠮᠠᠭ ᠬᠣᠲᠠ᠂ ᠠᠵᠤ ᠠᠬᠤᠢ᠌ᠯᠠᠯ᠎ᠳᠤ ᠲᠤᠰ ᠲᠤᠰ ᠵᠣᠬᠢᠬᠤ ᠱᠠᠩᠨᠠᠯ ᠣᠯᠭᠣᠬᠤ ᠵᠢᠨ ᠬᠠᠮᠲᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠡᠳ᠋᠎ᠤᠨ ᠵᠠᠰᠠᠭ ᠭᠠᠢ᠌ᠯᠢ ᠪᠠ ᠮᠥᠩᠭᠥᠨ ᠭᠦᠢᠯᠭᠡᠭᠡᠨ᠎ᠤ ᠲᠠᠯ᠎ᠠ᠎ᠪᠠᠷ᠎ᠬᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠣᠯᠭᠣᠨ᠎ᠠ᠃
     ᠳᠥᠷᠪᠡᠳᠦᠭᠡᠷ ᠬᠡᠰᠡᠭ᠎ᠨᠢ ᠪᠠᠲᠤᠯᠠᠭ᠎ᠠ ᠵᠢᠨ ᠠᠷᠭ᠎ᠠ ᠬᠡᠮᠵᠢᠶ᠎ᠡ᠃ ᠥᠪᠡᠷᠲᠡᠭᠡᠨ ᠵᠠᠰᠠᠬᠤ ᠣᠷᠣᠨ ᠪᠣᠯᠤᠨ ᠠᠢ᠌ᠮᠠᠭ ᠬᠣᠲᠠ ᠬᠣᠶᠠᠷ ᠲᠠᠯ᠎ᠠ᠎ᠠᠴᠠ ᠲᠤᠰ ᠲᠤᠰ ᠪᠣᠳᠠᠲᠠᠶ ᠱᠠᠭ᠋ᠠᠷᠳᠠᠯᠭ᠎ᠠ ᠳᠤᠷᠠᠳᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠢ᠌ᠯᠤᠮᠵᠢ᠄ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠦᠯ (ᠨᠢᠭᠡ)
ᠵᠢᠷᠤᠭᠲᠤ ᠲᠠᠢ᠌ᠯᠤᠮᠵᠢ᠄ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠦᠯ (ᠬᠣᠶᠠᠷ)
ᠵᠢᠷᠤᠭᠲᠤ ᠲᠠᠢ᠍ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠲᠥᠰᠦᠯ》 (ᠨᠢᠭᠡ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠲᠥᠰᠦᠯ》 (ᠬᠣᠶᠠᠷ)
ᠵᠢᠷᠤᠭᠲᠤ ᠲᠠᠶ᠋ᠢᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡᠨ᠎ᠤ ᠵᠢᠯᠣᠭᠤᠴᠢ ᠪᠣᠯᠪᠠᠰᠤᠷᠠᠭᠤᠯᠬᠤ ᠪᠠᠶ᠋ᠢᠭᠤᠯᠤᠮᠵᠢ ᠵᠢᠨ ᠶᠠᠰᠤ ᠴᠢᠨᠠᠷ ᠢᠲᠡᠭᠡᠮᠵᠢ ᠵᠢ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)》
 
            