ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠮᠠᠱᠢᠨ ᠲᠡᠷᠭᠡᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ ᠥᠭ᠌ᠬᠦ ᠠᠵᠢᠯ᠎ᠤᠨ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》 ᠵᠡᠷᠭᠡ 3 ᠵᠦᠢᠯ᠎ᠤᠨ ᠠᠵᠢᠯ᠎ᠤᠨ ᠵᠦᠭ᠌ᠯᠡᠭᠦᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ
ᠨᠡᠶ᠋ᠢᠲᠡᠯᠡᠭᠰᠡᠨ ᠴᠠᠭ᠄ 2025-12-25

ᠨᠢᠭᠡ᠂ ᠨᠠᠢ᠌ᠷᠠᠭᠤᠯᠤᠨ ᠵᠣᠬᠢᠶᠠᠭᠰᠠᠨ ᠠᠬᠤᠢ ᠪᠠᠢᠳᠠᠯ

ᠬᠣᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ ᠪᠣᠯ ᠨᠡᠢᠭᠡᠮ ᠨᠡᠢᠲᠡ᠎ᠶᠢᠨ ᠶᠠᠪᠤᠵᠤ ᠰᠠᠭᠤᠬᠤ ᠦᠨᠳᠦᠰᠦᠨ ᠦᠢᠯᠡᠴᠢᠯᠡᠭᠡᠨ ᠬᠠᠩᠭᠠᠬᠤ ᠨᠡᠢᠭᠡᠮ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ ᠦᠢᠯᠡᠰ ᠪᠠ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠢᠨᠵᠧᠨᠧᠷᠢᠩ ᠪᠣᠯᠤᠨ᠎ᠠ᠃ ᠪᠦᠷᠢᠳᠭᠡᠯ᠎ᠢ ᠦᠨᠳᠦᠰᠦᠯᠡᠪᠡᠯ᠂ 2024 ᠣᠨ᠎ᠳᠤ ᠪᠥᠬᠦ᠌ ᠣᠷᠣᠨ᠎ᠤ ᠣᠯᠠᠨ ᠨᠡᠢᠲᠡ᠎ᠶ᠋ᠢᠨ ᠮᠠᠱᠢᠨ ᠲᠡᠷᠭᠡᠨ᠎ᠤ ᠬᠤᠲᠠ᠎ᠶ᠋ᠢᠨ ᠠᠶᠠᠨᠴᠢᠳ᠎ᠤᠨ ᠲᠡᠭᠡᠭᠡᠪᠦᠷᠢ᠎ᠶ᠋ᠢᠨ ᠬᠡᠮᠵᠢᠶ᠎ᠡ 6.5 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠦ᠍᠂ ᠬᠤᠲᠠ᠎ᠶ᠋ᠢᠨ ᠥᠨᠳᠥᠷ ᠪᠦᠲᠦᠮᠵᠢᠲᠡᠶ ᠠᠵᠢᠯᠯᠠᠭᠠᠨ᠎ᠳᠤ ᠬᠦᠴᠦᠲᠡᠶ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃

ᠣᠢᠷ᠎ᠠ᠎ᠶ᠋ᠢᠨ ᠵᠢᠯ᠎ᠤᠳ᠎ᠲᠤ᠌᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠳᠤ ᠴᠢᠬᠤᠯᠠ ᠬᠠᠤᠯᠢ ᠲᠣᠭ᠍ᠲᠠᠭᠠᠯ ᠲᠥᠷᠥ᠎ᠶ᠋ᠢᠨ ᠪᠣᠳᠣᠯᠭ᠎ᠠ᠎ᠶ᠋ᠢ ᠨᠢᠭ᠍ᠲᠠ ᠨᠡᠢᠲᠡᠯᠡᠵᠦ᠍᠂ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠳᠤ ᠱᠢᠨ᠎ᠡ ᠪᠠᠢᠷᠢᠯᠠᠭᠤᠯᠤᠯᠲᠠ ᠬᠢᠵᠦ᠍᠂ ᠱᠢᠨ᠎ᠡ ᠱᠠᠭᠠᠷᠳᠠᠯᠭ᠎ᠠ ᠳᠤᠷᠠᠳᠪᠠ᠃ 2024 ᠣᠨ᠎ᠤ 10 ᠳ᠋ᠤᠭ᠋ᠠᠷ ᠰᠠᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ 《ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠲᠦᠷᠢᠮ》        ( ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠵᠠᠷᠯᠢᠭ 793 ᠳ᠋ᠤᠭᠠᠷ ᠲᠣᠭᠠᠲᠤ ) ᠎ᠢ ᠨᠡᠢᠲᠡᠯᠡᠪᠡ; 2025 ᠣᠨ᠎ᠤ 7 ᠳ᠋ᠤᠭᠠᠷ ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠲᠤᠬᠠᠶ ᠰᠠᠨᠠᠯ》 (ᠥᠪᠥᠷ ᠵᠠᠰᠠᠭ ᠲᠠᠷᠬᠠᠭᠠᠭ᠍ᠰᠠᠨ[2025] 15 ᠳ᠋ᠤᠭᠠᠷ ᠲᠣᠭᠠᠲᠤ) ᠎ᠢ ᠳᠠᠷᠤᠮᠠᠯᠯᠠᠨ ᠲᠠᠷᠬᠠᠭᠠᠪᠠ᠃ 

ᠳᠡᠭᠡᠷ᠎ᠡ ᠳᠤᠷᠠᠳᠤᠭ᠍ᠰᠠᠨ ᠬᠠᠤᠯᠢ ᠲᠣᠭ᠍ᠲᠠᠭᠠᠯ ᠳᠦᠷᠢᠮ ᠵᠢᠴᠢ ᠲᠥᠷᠥ᠎ᠶ᠋ᠢᠨ ᠪᠣᠳᠣᠯᠭ᠎ᠠ᠎ᠶ᠋ᠢᠨ ᠵᠣᠷᠢᠭ ᠰᠠᠨᠠᠭ᠎ᠠ᠎ᠶ᠋ᠢ  ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠣᠷᠣᠨ᠎ᠤ ᠬᠣᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠲᠡᠭᠡᠭᠡᠪᠦᠷᠢ᠎ᠶ᠋ᠢᠨ ᠦᠢᠯᠡᠴᠢᠯᠡᠭᠡᠨ᠎ᠦ ᠭᠠᠵᠠᠷ᠂ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠠᠶᠠᠨᠴᠢᠳ᠎ᠤᠨ ᠲᠡᠭᠡᠭᠡᠪᠦᠷᠢ᠎ᠶ᠋ᠢᠨ ᠭᠠᠵᠠᠷ ᠨᠢ ᠳᠣᠤᠷᠠᠬᠢ ᠭᠤᠷᠪᠠᠨ ᠵᠦᠢᠯ᠎ᠦᠨ ᠠᠵᠢᠯ᠎ᠤᠨ ᠵᠦᠭ᠌ᠯᠡᠭᠦᠷ᠎ᠢ ᠵᠣᠬᠢᠶᠠᠨ ᠪᠠᠢᠭᠤᠯᠤᠨ ᠨᠠᠢᠷᠠᠭᠤᠯᠤᠨ ᠵᠣᠬᠢᠶᠠᠪᠠ᠄

ᠨᠢᠭᠡ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠣᠯᠠᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠮᠠᠱᠢᠨ ᠲᠡᠷᠭᠡᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ ᠥᠭ᠌ᠬᠦ ᠠᠵᠢᠯ᠎ᠤᠨ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》 (ᠳᠣᠷᠣᠭ᠍ᠰᠢ 《ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ ᠥᠭ᠌ᠬᠦ ᠠᠵᠢᠯ᠎ᠤᠨ ᠵᠦᠭ᠌ᠯᠡᠭᠦᠷ》 ᠭᠡᠵᠦ᠍ ᠲᠣᠪᠴᠢᠯᠠᠨ᠎ᠠ)᠂ ᠡᠭᠦᠨ᠎ᠦ ᠵᠣᠷᠢᠯᠭ᠎ᠠ ᠨᠢ ᠡᠯ᠎ᠡ ᠭᠠᠵᠠᠷ᠎ᠤᠨ ᠬᠢᠨ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠬᠤᠲᠠ ᠵᠢᠨ ᠨᠡᠶ᠋ᠢᠲᠡ ᠵᠢᠨ ᠮᠠᠱᠢᠨ ᠲᠡᠷᠭᠡ ᠪᠠ ᠴᠠᠬᠢᠯᠭ᠋ᠠᠨ ᠲᠡᠷᠭᠡᠨ᠎ᠤ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ᠎ᠶ᠋ᠢ ᠬᠡᠷᠡᠭ᠌ᠵᠢᠭᠦᠯᠬᠦ᠌᠎ᠶ᠋ᠢ ᠵᠢᠯᠣᠭᠤᠳᠭᠤ᠎ᠪᠠᠷ ᠵᠣᠷᠢᠯᠭ᠎ᠠ᠎ᠪᠠᠨ ᠪᠣᠯᠭ᠋ᠠᠨ᠎ᠠ ᠃

ᠬᠤᠶᠠᠷ᠎ᠲᠤ᠌᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠲᠡᠷᠭᠡᠨ᠎ᠤ ᠵᠠᠮ ᠱᠤᠭᠤᠮ᠎ᠢ ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠠᠵᠢᠯ᠎ᠤᠨ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》 (ᠳᠣᠷᠣᠭ᠍ᠰᠢ 《ᠵᠠᠮ ᠱᠤᠭᠤᠮ᠎ᠢ ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠠᠵᠢᠯ᠎ᠤᠨ ᠵᠦᠭ᠌ᠯᠡᠭᠦᠷ》 ᠭᠡᠵᠦ᠍ ᠲᠣᠪᠴᠢᠯᠠᠨ᠎ᠠ)᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠲᠡᠷᠭᠡᠨ᠎ᠤ ᠵᠠᠮ ᠱᠤᠭᠤᠮ᠎ᠢ ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠵᠤ᠂ ᠣᠨᠴᠠ ᠵᠥᠪᠰᠢᠶᠡᠷᠡᠭᠰᠡᠨ ᠡᠵᠡᠩᠨᠡᠯᠲᠡ᠎ᠶᠢᠨ ᠲᠠᠰ ᠳᠠᠷᠠᠭᠠᠯᠠᠯ᠎ᠤᠨ ᠱᠠᠭᠠᠷᠳᠠᠯᠭ᠎ᠠ᠎ᠶᠢ ᠲᠣᠳᠣᠷᠬᠠᠢᠯᠠᠨ᠎ᠠ᠃ 

ᠭᠤᠷᠪᠠ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠮᠠᠱᠢᠨ ᠲᠡᠷᠭᠡᠨ᠎ᠤ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠦᠨᠡᠯᠡᠬᠦ᠌ ᠠᠵᠢᠯ᠎ᠤᠨ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》 (ᠳᠣᠷᠣᠭ᠍ᠰᠢ 《ᠦᠢᠯᠡᠴᠢᠯᠡᠭᠡᠨ᠎ᠤ ᠶᠠᠰᠤ ᠴᠢᠨᠠᠷ᠎ᠢ ᠦᠨᠡᠯᠡᠬᠦ᠌ ᠠᠵᠢᠯ᠎ᠤᠨ ᠵᠦᠭ᠌ᠯᠡᠭᠦᠷ》 ᠭᠡᠵᠦ᠍ ᠲᠣᠪᠴᠢᠯᠠᠨ᠎ᠠ)᠂ ᠡᠭᠦᠨ᠎ᠦ ᠵᠣᠷᠢᠯᠭ᠎ᠠ ᠨᠢ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠮᠠᠱᠢᠨ ᠲᠡᠷᠭᠡᠨ᠎ᠤ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠶᠤᠮ᠃ ᠡᠭᠦᠨ᠎ᠤ ᠬᠠᠮᠲᠤ᠌᠂ ᠲᠣᠰ ᠵᠦᠭ᠌ᠯᠡᠭᠦᠷ᠎ᠨᠢ 《ᠵᠠᠮ ᠱᠤᠭᠤᠮ᠎ᠤᠨ ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠠᠵᠢᠯ᠎ᠤᠨ ᠵᠦᠭ᠌ᠯᠡᠭᠦᠷ》 ᠎ᠤᠨ ᠢᠵᠢ ᠪᠥᠷᠢᠳᠦᠭ᠌ᠰᠡᠨ ᠪᠢᠴᠢᠭ ᠮᠠᠲ᠋ᠧᠷᠢᠶᠠᠯ ᠪᠣᠯᠤᠭ᠍ᠰᠠᠨ᠎ᠤ ᠬᠤᠪᠢ᠎ᠳᠤ᠂ ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠵᠥᠪᠯᠡᠯᠴᠡᠭᠡᠷ᠎ᠲᠠᠬᠢ ᠦᠢᠯᠡᠴᠢᠯᠡᠭᠡᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠳᠤ ᠬᠡᠷᠡᠭ᠌ᠯᠡᠪᠡ; 《ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ᠎ᠶ᠋ᠢᠨ ᠠᠵᠢᠯ᠎ᠤᠨ ᠵᠦᠭ᠌ᠯᠡᠭᠦᠷ》 ᠎ᠤᠨ ᠢᠵᠢ ᠪᠥᠷᠢᠳᠦᠭ᠌ᠰᠡᠨ ᠪᠢᠴᠢᠭ ᠮᠠᠲ᠋ᠧᠷᠢᠶᠠᠯ ᠪᠣᠯᠤᠭ᠍ᠰᠠᠨ᠎ᠤ ᠬᠤᠪᠢ᠎ᠳᠤ᠂ ᠲᠡᠭᠦᠨ᠎ᠤ ᠦᠨᠡᠯᠡᠯᠲᠡ᠎ᠶ᠋ᠢᠨ ᠦᠷ᠎ᠡ ᠳ᠋ᠦᠩ ᠪᠣᠯ ᠨᠥᠬᠦᠪᠥᠷᠢ᠎ᠶ᠋ᠢᠨ ᠢᠯᠡᠳᠭᠡᠮᠵᠢ᠎ᠶ᠋ᠢ ᠲᠣᠭ᠍ᠲᠠᠭᠠᠬᠤ᠎ᠶ᠋ᠢᠨ ᠭᠤᠤᠯ ᠦᠨᠳᠦᠰᠦᠯᠡᠯ ᠪᠣᠯᠤᠨ᠎ᠠ᠃

ᠲᠣᠰ ᠤᠳᠠᠭ᠎ᠠ ᠲᠣᠭ᠍ᠲᠠᠭᠠᠭ᠍ᠰᠠᠨ ᠭᠤᠷᠪᠠᠨ ᠵᠦᠢᠯ᠎ᠤᠨ ᠵᠦᠭ᠌ᠯᠡᠭᠦᠷ ᠬᠠᠷᠢᠯᠴᠠᠨ ᠬᠤᠯᠪᠣᠯᠳᠤᠵᠤ᠂ ᠬᠠᠷᠢᠯᠴᠠᠨ ᠲᠤᠯᠭᠠᠭᠤᠷᠢᠯᠠᠵᠤ᠂ 《 ᠵᠠᠮ ᠱᠤᠭᠤᠮ᠎ᠤᠨ ᠡᠷᠬᠡ ᠣᠯᠭᠣᠯᠲᠠ 》᠎ᠠᠴᠠ 《 ᠥᠪᠡᠷ᠎ᠦᠨ ᠥᠷᠲᠡᠭ᠎ᠦᠨ ᠪᠠᠲᠤᠯᠠᠭ᠎ᠠ 》 ᠬᠦᠷᠲᠡᠯ᠎ᠡ ᠳᠠᠬᠢᠨ 《 ᠦᠢᠯᠡᠴᠢᠯᠡᠭᠡᠨ᠎ᠦ ᠬᠢᠨᠠᠨ ᠰᠢᠯᠭᠠᠯᠲᠠ 》 ᠬᠦᠷᠲᠡᠯᠡᠬᠢ ᠪᠢᠲᠡᠭᠦᠦ ᠴᠠᠭᠠᠷᠢᠭ᠋ ᠬᠠᠮᠢᠶᠠᠷᠤᠯᠲᠠ᠎ᠶᠢᠨ ᠰᠢᠰᠲᠧᠮ᠎ᠢ ᠪᠦᠷᠢᠯᠳᠦᠭᠦᠯᠵᠦ᠂ ᠣᠷᠭᠠᠨᠢᠭ ᠪᠦᠬᠦᠯᠢ ᠴᠣᠭ᠍ᠴᠠ᠎ᠶ᠋ᠢ ᠪᠦᠷᠢᠯᠳᠦᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠤ  ᠬᠠᠮᠲᠦ᠎ᠪᠠᠷ ᠦᠢ᠍ᠯᠡᠴᠢᠯᠡᠨ᠎ᠡ᠃

ᠬᠤᠶᠠᠷ᠂ ᠲᠣᠭ᠍ᠲᠠᠭᠠᠭ᠍ᠰᠠᠨ ᠦᠨᠳᠦᠰᠦᠯᠡᠯ

(ᠨᠢᠭᠡ) ᠬᠠᠤᠯᠢ ᠲᠣᠭ᠍ᠲᠠᠭᠠᠯ ᠳᠦᠷᠢᠮ ᠲᠣᠭ᠍ᠲᠠᠭᠠᠯ

《ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠳᠦᠷᠢᠮ》 (ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠵᠠᠷᠯᠢᠭ 793 ᠳ᠋ᠤᠭᠠᠷ ᠲᠣᠭᠠᠲᠤ)᠂ 《ᠰᠠᠭᠤᠷᠢ ᠪᠡᠯᠡᠳᠭᠡᠮᠵᠢ ᠪᠠ ᠨᠡᠢᠲᠡ᠎ᠶ᠋ᠢᠨ ᠬᠡᠷᠡᠭ᠌ᠯᠡᠭᠡᠨ᠎ᠤ ᠠᠵᠢᠯ ᠦᠢᠯᠡᠰ᠎ᠤᠨ ᠣᠨᠴᠠ ᠵᠥᠪᠱᠢᠶᠡᠷᠡᠭ᠌ᠰᠡᠨ ᠡᠵᠡᠩᠨᠡᠯᠲᠡ ᠬᠠᠮᠢᠶᠠᠷᠤᠯᠲᠠ᠎ᠶ᠋ᠢᠨ ᠠᠷᠭ᠎ᠠ》 (ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠵᠠᠷᠯᠢᠭ 2024 ᠣᠨ᠎ᠤ 17 ᠳ᠋ᠤᠭᠠᠷ ᠲᠣᠭᠠᠲᠤ)᠂ 《ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠲᠡᠷᠭᠡᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠭᠠᠯ》 (ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠵᠠᠷᠯᠢᠭ 2020 ᠣᠨ᠎ᠤ 5 ᠳ᠋ᠤᠭᠠᠷ ᠲᠣᠭᠠᠲᠤ)᠃

(ᠬᠤᠶᠠᠷ) ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ

《ᠬᠤᠳᠡ᠎ᠶ᠋ᠢᠨ ᠣᠯᠡᠨ ᠨᠡᠢᠲᠡ᠎ᠶ᠋ᠢᠨ ᠵᠠᠮ ᠬᠠᠷᠢᠯᠴᠠᠭ᠎ᠠ᠎ᠶ᠋ᠢ ᠣᠷᠢᠳᠡᠪᠡᠷ ᠬᠦᠭ᠌ᠵᠢᠬᠦᠯᠬᠦ᠌ ᠲᠣᠬᠠᠢ ᠳᠥᠷᠥ᠎ᠶ᠋ᠢᠨ ᠶᠠᠪᠤᠳᠡᠯ᠎ᠤᠨ ᠬᠤᠷᠢᠶ᠎ᠠ᠎ᠶ᠋ᠢᠨ ᠵᠢᠯᠥᠭᠤᠳᠭᠤ ᠰᠠᠨᠠᠯ》 (ᠳᠥᠷᠥ᠍ ᠲᠠᠷᠬᠠᠭᠠᠠᠠᠰᠠᠨ [2012] 64 ᠳ᠋ᠣᠭᠡᠷ ᠲᠣᠭᠠᠳᠣ)᠂ 《ᠬᠤᠳᠡ᠎ᠶ᠋ᠢᠨ ᠣᠯᠡᠨ ᠨᠡᠢᠲᠡ᠎ᠶ᠋ᠢᠨ ᠵᠠᠮ ᠬᠠᠷᠢᠯᠴᠠᠭ᠎ᠠ᠎ᠶ᠋ᠢᠨ ᠴᠢᠨᠡᠷ ᠰᠠᠢᠳᠡᠢ ᠬᠦᠭ᠌ᠵᠢᠯᠳᠡ᠎ᠶ᠋ᠢ ᠳᠥᠷᠭᠡᠳᠭᠡᠨ ᠠᠬᠢᠭᠤᠯᠬᠤ ᠲᠣᠬᠠᠢ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠦᠪᠤᠷ ᠵᠠᠰᠠᠭ ᠲᠠᠷᠬᠠᠭᠠᠠᠠᠰᠠᠨ  [2025]  15 ᠳ᠋ᠣᠭᠠᠷ ᠲᠣᠭᠠᠳᠦ)᠂ 《ᠵᠠᠮ ᠬᠠᠷᠢᠯᠴᠠᠭ᠎ᠠ ᠳᠡᠭᠡᠭᠡᠪᠦᠷᠢ᠎ᠶ᠋ᠢᠨ ᠶᠠᠮᠤᠨ ᠵᠡᠷᠭᠡ ᠰᠠᠯᠠᠭ᠎ᠠ ᠮᠦᠴᠢᠷ᠎ᠤᠨ ᠬᠤᠳᠡ᠎ᠶ᠋ᠢᠨ ᠣᠯᠡᠨ ᠨᠡᠢᠲᠡ᠎ᠶ᠋ᠢᠨ ᠵᠠᠮ ᠬᠠᠷᠢᠯᠴᠠᠭ᠎ᠠ᠎ᠶ᠋ᠢᠨ ᠡᠷᠡᠬᠦᠯ᠎ᠢᠶᠠᠷ ᠦᠷᠬᠦᠯᠵᠢᠯᠡᠨ ᠬᠦᠭ᠌ᠵᠢᠬᠦ᠌᠎ᠶ᠋ᠢ ᠠᠬᠢᠭᠤᠯᠬᠤ ᠲᠣᠬᠠᠢ ᠰᠠᠨᠠᠯ᠎ᠤᠳ》 ( ᠵᠠᠮ ᠳᠡᠭᠡᠭᠡᠪᠦᠷᠢ ᠲᠠᠷᠬᠠᠭᠠᠠᠠᠰᠠᠨ [2023] 144 ᠳ᠋ᠣᠭᠡᠷ ᠲᠣᠭᠠᠳᠣ)

ᠭᠤᠷᠪᠠ᠂ ᠭᠤᠣᠯ ᠠᠭᠤᠯᠭ᠎ᠠ

《ᠵᠠᠮ ᠱᠤᠭᠤᠮ᠎ᠢ ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠠᠵᠢᠯ᠎ᠤᠨ ᠵᠦᠭ᠌ᠯᠡᠭᠦᠷ》 ᠨᠡᠢᠲᠡ 9 ᠵᠤᠷᠪᠤᠰ᠂ ᠭᠤᠤᠯᠳᠠᠭᠤ ᠵᠠᠮ ᠱᠤᠭᠤᠮ᠎ᠢ ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠲᠣᠮᠢᠶᠠᠯᠠᠯ ᠬᠢᠭᠡᠳ ᠬᠡᠷᠡᠭ᠌ᠯᠡᠬᠦ᠌ ᠬᠡᠪᠴᠢᠶ᠎ᠡ᠎ᠶ᠋ᠢ ᠲᠣᠳᠣᠷᠬᠠᠢᠯᠠᠪᠠ; ᠠᠢᠮᠠᠭ ᠬᠤᠲᠠ᠂ ᠬᠤᠱᠢᠭᠤ ᠱᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠶ᠋ᠢ ᠲᠣᠭ᠍ᠲᠠᠭᠠᠪᠠ; ᠡᠵᠡᠩᠨᠡᠯᠲᠡ᠎ᠶ᠋ᠢᠨ ᠠᠵᠤ ᠠᠬᠤᠢᠯᠠᠯ᠎ᠢ ᠵᠥᠪᠱᠢᠶᠡᠷᠡᠨ ᠣᠷᠣᠭᠤᠯᠬᠤ ᠨᠥᠬᠦᠴᠡᠯ᠎ᠢ ᠲᠣᠭ᠍ᠲᠠᠭᠠᠪᠠ; ᠣᠨᠴᠠ ᠵᠥᠪᠱᠢᠶᠡᠷᠡᠬᠦ᠌ ᠡᠵᠡᠩᠨᠡᠯᠲᠡ᠎ᠶ᠋ᠢᠨ ᠬᠡᠯᠡᠯᠴᠡᠭᠡᠷ ᠪᠠ ᠡᠵᠡᠩᠨᠡᠯᠲᠡ᠎ᠶ᠋ᠢᠨ ᠦᠢᠯᠡᠴᠢᠯᠡᠭᠡᠨ᠎ᠤ ᠬᠡᠯᠡᠯᠴᠡᠭᠡᠷ᠎ᠤᠨ ᠭᠤᠣᠯ ᠠᠭᠤᠯᠭ᠎ᠠ᠎ᠶ᠋ᠢ ᠵᠢᠷᠤᠮᠵᠢᠭᠤᠯᠪᠠ᠃

《ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ ᠥᠭ᠌ᠬᠦ ᠠᠵᠢᠯ᠎ᠤᠨ ᠵᠦᠭ᠌ᠯᠡᠭᠦᠷ》 ᠨᠡᠢᠲᠡ ᠵᠢᠷᠭᠤᠭᠠᠨ ᠪᠦᠯᠦᠭ 30 ᠵᠦᠶ᠋ᠯ ᠪᠠᠢᠵᠤ᠂ ᠭᠤᠤᠯᠳᠠᠭᠤ ᠶᠡᠷᠦᠩᠬᠡᠶ ᠲᠦᠷᠢᠮ᠂ ᠠᠵᠢᠯ᠎ᠤᠨ ᠶᠠᠪᠤᠴᠠ᠂ ᠨᠥᠬᠦᠪᠥᠷᠢ᠎ᠶ᠋ᠢᠨ ᠪᠠᠯᠠ ᠮᠥᠩᠭᠦ᠎ᠶ᠋ᠢ ᠲᠥᠰᠦᠭᠡᠯᠡᠨ ᠪᠤᠳᠤᠬᠤ ᠠᠷᠭ᠎ᠠ᠂ ᠥᠪᠡᠷ᠎ᠤᠨ ᠥᠷᠲᠡᠭ᠎ᠤᠨ ᠲᠥᠷᠥᠯ ᠵᠦᠶ᠋ᠯ᠎ᠤᠨ ᠪᠦᠷᠢᠯᠳᠦᠯ᠂ ᠣᠷᠣᠯᠭ᠎ᠠ᠎ᠶ᠋ᠢᠨ ᠲᠥᠷᠥᠯ ᠵᠦᠶ᠋ᠯ᠎ᠤᠨ ᠪᠦᠲᠦᠴᠡ ᠪᠠ ᠳᠠᠭᠠᠯᠳᠤᠭᠤᠯᠤᠯ ᠲᠦᠷᠢᠮ᠎ᠢ ᠪᠠᠭ᠍ᠲᠠᠭᠠᠨ᠎ᠠ᠃ ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ᠎ᠶ᠋ᠢᠨ ᠦᠨᠳᠦᠰᠦᠨ ᠵᠠᠷᠴᠢᠮ᠎ᠢ ᠲᠣᠭ᠍ᠲᠠᠭᠠᠪᠠ; ᠠᠵᠤ ᠠᠬᠤᠢᠯᠠᠯ ᠭᠤᠶᠤᠴᠢᠯᠠᠨ ᠮᠡᠳᠡᠭᠦᠯᠬᠦ᠂ ᠥᠪᠡᠷ᠎ᠤᠨ ᠥᠷᠲᠡᠭ᠎ᠢ ᠬᠢᠨᠠᠨ ᠬᠠᠷᠭᠤᠭᠤᠯᠬᠤ᠂ ᠦᠢᠯᠡᠴᠢᠯᠡᠭᠡᠨ᠎ᠤ ᠶᠠᠰᠤ ᠴᠢᠨᠠᠷ᠎ᠢ ᠦᠨᠡᠯᠡᠬᠦ᠌ ᠢᠯᠡᠳᠭᠡᠮᠵᠢ᠎ᠶ᠋ᠢ ᠪᠡᠯᠡ ᠮᠥᠩᠭᠦ᠌ ᠰᠠᠯᠭᠠᠨ ᠥᠭ᠌ᠬᠦ ᠪᠠ ᠢᠯᠭᠠᠷᠠᠭᠤᠯᠤᠨ ᠪᠤᠳᠤᠬᠤ ᠬᠦᠷᠲᠡᠯᠡᠬᠢ ᠴᠤᠪᠤᠷᠠᠯ᠎ᠢ ᠵᠢᠷᠤᠮᠵᠢᠭᠤᠯᠪᠠ; 《ᠪᠣᠳᠠᠲᠠᠶ ᠬᠤᠷᠢᠶᠠᠬᠤ ᠲᠤᠰᠭᠠᠶ ᠪᠡᠯᠡ ᠮᠥᠩᠭᠦ᠌》 ᠵᠡᠷᠭᠡ ᠴᠢᠬᠤᠯᠠ ᠤᠬᠠᠭ᠍ᠳᠠᠬᠤᠨ᠎ᠢ ᠵᠠᠭᠠᠭ᠍ᠯᠠᠨ ᠲᠣᠭ᠍ᠲᠠᠭᠠᠪᠠ᠃

《ᠦᠶ᠋ᠯᠡᠴᠢᠯᠡᠭᠡᠨ᠎ᠤ ᠶᠠᠰᠤ ᠴᠢᠨᠠᠷ᠎ᠤᠨ ᠦᠨᠡᠯᠡᠯᠲᠡ᠎ᠶ᠋ᠢᠨ ᠠᠵᠢᠯ᠎ᠤᠨ ᠵᠦᠭ᠌ᠯᠡᠭᠦᠷ》 ᠨᠡᠢᠲᠡ ᠭᠤᠷᠪᠠᠨ ᠪᠦᠯᠦᠭ 13 ᠵᠦᠶ᠋ᠯ ᠪᠠᠢᠵᠤ᠂ ᠭᠤᠤᠯᠳᠠᠭᠤ ᠶᠡᠷᠦᠩᠬᠡᠶ ᠲᠦᠷᠢᠮ᠂ ᠦᠨᠡᠯᠡᠬᠦ᠌ ᠭᠦᠶ᠋ᠴᠡᠳᠭᠡᠯ ᠲᠤᠭ᠎ᠠ᠂ ᠦᠨᠡᠯᠡᠬᠦ᠌ ᠴᠤᠪᠤᠷᠠᠯ ᠪᠠ ᠳᠠᠭᠠᠯᠳᠤᠭᠤᠯᠤᠯ ᠲᠦᠷᠢᠮ᠎ᠢ ᠪᠠᠭ᠍ᠲᠠᠭᠠᠨ᠎ᠠ᠃ ᠦᠨᠡᠯᠡᠬᠦ᠌ ᠠᠵᠢᠯ᠎ᠤᠨ ᠵᠢᠷᠤᠮᠯᠠᠬᠤ ᠵᠠᠷᠴᠢᠮ᠎ᠢ ᠲᠣᠭ᠍ᠲᠠᠭᠠᠵᠤ᠂ ᠦᠢᠯᠡᠴᠢᠯᠡᠭᠡᠨ᠎ᠤ ᠨᠠᠢᠳᠠᠪᠤᠷᠢᠲᠤ ᠴᠢᠨᠠᠷ᠂ ᠠᠮᠤᠷ ᠲᠦᠪᠱᠢᠨ ᠴᠢᠨᠠᠷ᠂ ᠲᠠᠭᠠᠯᠠᠮᠵᠢᠲᠤ ᠴᠢᠨᠠᠷ ᠵᠡᠷᠭᠡ ᠤᠯᠠᠨ ᠲᠠᠯ᠎ᠠ᠎ᠠᠴᠠ ᠦᠨᠡᠯᠡᠬᠦ᠌ ᠭᠦᠢᠴᠡᠳᠭᠡᠯ ᠲᠤᠭ᠎ᠠ᠎ᠶ᠋ᠢᠨ ᠪᠣᠷᠣ ᠲᠥᠯᠥᠪ᠎ᠢ ᠪᠠᠢᠭᠤᠯᠵᠤ᠂ ᠦᠨᠡᠯᠡᠭ᠌ᠰᠡᠨ ᠦᠷ᠎ᠡ ᠳ᠋ᠦᠩ᠎ᠢ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠢᠯᠡᠳᠭᠡᠮᠵᠢ᠎ᠶ᠋ᠢ ᠨᠢᠭ᠍ᠲᠠ ᠬᠤᠯᠪᠣᠭ᠍ᠳᠠᠭᠤᠯᠤᠭ᠍ᠰᠠᠨ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            