ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
《《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠨᠠᠷᠢᠨ ᠲᠦᠷᠢᠮ》》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-02-08

    ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ
    ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠮᠤᠷ ᠲᠦᠪᠰᠢᠨ᠎ᠤ ᠲᠦᠭᠰᠢᠭᠦᠷᠢ ᠵᠢᠨ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠲᠦᠷᠭᠡᠳᠬᠡᠨ ᠠᠬᠢᠭᠤᠯᠵᠤ᠂ ᠡᠵᠡᠩᠨᠡᠭᠴᠢ ᠵᠢ ᠡᠮᠬᠢ ᠵᠢᠷᠤᠮ᠎ᠲᠠᠢ᠎ᠪᠠᠷ ᠬᠥᠲᠥᠯᠥᠨ ᠵᠢᠯᠣᠭᠤᠳᠴᠤ ᠪᠠᠶ᠋ᠢᠭ᠋ᠠᠳ ᠬᠣᠯᠠ ᠵᠠᠶ ᠵᠢᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠵᠠᠬ᠎ᠠ ᠳᠡᠯᠭᠡᠭᠦᠷ᠎ᠠᠴᠠ ᠭᠠᠷᠭ᠋ᠠᠵᠤ᠂ ᠲᠦᠭᠰᠢᠭᠦᠷᠢ ᠵᠢ ᠰᠡᠷᠭᠡᠶ᠋ᠢᠯᠡᠬᠦ᠂ ᠯᠠᠪᠳᠠᠭᠤᠨ ᠪᠥᠭᠡᠳ ᠡᠮᠬᠢ ᠵᠢᠷᠤᠮ᠎ᠲᠠᠢ ᠪᠠᠶ᠋ᠢᠯᠭ᠋ᠠᠬᠤ᠂ ᠨᠡᠮᠡᠭᠳᠡᠯ᠎ᠤᠨ ᠬᠡᠮᠵᠢᠶ᠎ᠡ ᠵᠢ ᠴᠢᠩᠭ᠎ᠠ ᠬᠢᠵᠠᠭ᠋ᠠᠷᠯᠠᠬᠤ᠂ ᠬᠠᠳᠠᠭ᠋ᠠᠯᠠᠯᠲᠠ ᠵᠢᠨ ᠬᠡᠮᠵᠢᠶ᠎ᠡ ᠵᠢ ᠰᠢᠯᠢᠳᠡᠭᠵᠢᠭᠦᠯᠬᠦ ᠵᠠᠷᠴᠢᠮ ᠶᠣᠰᠣᠭ᠋ᠠᠷ᠂ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢ ᠭᠤᠤᠯᠳᠠᠯᠭ᠎ᠠ᠎ᠲᠠᠢ ᠴᠢᠩᠭ᠋ᠠᠳᠬᠠᠨ᠎ᠠ᠃ 2020 ᠣᠨ᠎ᠤ 7 ᠳ᠋ᠤᠭ᠋ᠠᠷ ᠰᠠᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠵᠠᠮ ᠲᠡᠭᠡᠭᠡᠪᠦᠷᠢ ᠵᠢᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠳᠤ᠄ 《ᠲᠡᠭᠡᠭᠡᠪᠦᠷᠢ ᠵᠢᠨ ᠵᠠᠮ ᠱᠤᠭᠤᠮ᠎ᠢ ᠬᠢᠨᠠᠨ ᠪᠠᠶ᠋ᠢᠴᠠᠭ᠋ᠠᠬᠤ᠎ᠳᠤ ᠣᠷᠳᠣ᠎ᠨᠢ 800 ᠺᠢᠯᠣᠮᠧᠲᠷ᠎ᠠᠴᠠ ᠳᠡᠭᠡᠭᠰᠢᠬᠢ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠭᠤᠶᠤᠴᠢᠯᠠᠬᠤ ᠦᠶ᠎ᠡ᠎ᠳᠤ ᠪᠠᠰᠠ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠬᠡᠷᠡᠭᠲᠡᠶ》 ᠭᠡᠵᠦ ᠲᠣᠳᠣᠷᠬᠠᠶ ᠳᠤᠷᠠᠳᠤᠨ ᠭᠠᠷᠭ᠋ᠠᠪᠠ᠃ 2021 ᠣᠨ᠎ᠤ 12 ᠳ᠋ᠤᠭ᠋ᠠᠷ ᠰᠠᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ 《ᠮᠤᠵᠢ ᠵᠢᠨ ᠬᠤᠭᠤᠷᠣᠨᠳᠣᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠬᠠᠮᠢᠶᠠᠷᠤᠯᠲᠠ ᠵᠢᠨ ᠬᠤᠯᠪᠣᠭᠳᠠᠯ ᠪᠥᠬᠦᠶ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》                      (ᠵᠠᠮ ᠲᠡᠭᠡᠭᠡᠪᠦᠷᠢ [2021] 85 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠡᠭᠦᠨ᠎ᠳᠤ ᠳᠠᠭ᠋ᠠᠯᠳᠤᠭᠤᠯᠤᠯ 《800 ᠺᠢᠯᠣᠮᠧᠲᠷ᠎ᠠᠴᠠ ᠳᠡᠭᠡᠭᠰᠢᠬᠢ ᠮᠤᠵᠢ ᠵᠢᠨ ᠬᠤᠭᠤᠷᠣᠨᠳᠣᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠦᠭᠯᠡᠭᠦᠷ》᠎ᠳᠤ ᠦᠨᠳᠦᠰᠦᠯᠡᠯ ᠪᠠ ᠬᠡᠷᠡᠭᠯᠡᠬᠦ ᠬᠡᠪᠴᠢᠶ᠎ᠡ᠂ ᠲᠦᠭᠰᠢᠭᠦᠷᠢ ᠵᠢ ᠦᠨᠡᠯᠡᠨ ᠵᠢᠱ᠌ᠢᠬᠦ ᠭᠤᠤᠯᠳᠠᠯᠭ᠎ᠠ᠂ ᠲᠦᠭᠰᠢᠭᠦᠷᠢ ᠵᠢᠨ ᠲᠠᠰ᠎ᠢ ᠮᠠᠭ᠋ᠠᠳᠯᠠᠨ ᠲᠣᠭᠲᠠᠭ᠋ᠠᠬᠤ ᠵᠡᠷᠭᠡ ᠠᠭᠤᠯᠭ᠎ᠠ ᠵᠢ ᠲᠣᠳᠣᠷᠬᠠᠶ᠋ᠢᠯᠠᠪᠠ᠃
    ᠬᠤᠶᠠᠷ᠂ ᠲᠣᠭᠲᠠᠭ᠋ᠠᠭᠰᠠᠨ ᠦᠨᠳᠦᠰᠦᠯᠡᠯ
    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯᠭᠦᠶ ᠦᠢ᠍ᠯᠡᠳᠪᠦᠷᠢᠯᠡᠯ᠎ᠤᠨ ᠬᠠᠤᠯᠢ》᠂      《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡ ᠵᠢᠨ ᠬᠠᠮᠢᠶᠠᠷᠤᠯᠲᠠ ᠵᠢᠨ ᠲᠣᠭᠲᠠᠭ᠋ᠠᠯ》᠂ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠶ᠋ᠢᠯᠠᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠂ 《ᠠᠶᠦᠯᠭᠦᠢ ᠦᠢᠯᠡᠳᠪᠦᠷᠢᠯᠡᠯ᠎ᠤᠨ ᠬᠦᠨᠳᠦ ᠶᠡᠬᠡ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠠᠵᠢᠯ᠎ᠢ ᠭᠦᠨᠵᠡᠭᠡᠢ᠌ᠷᠡᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ        ᠰᠠᠨᠠᠯ》᠂ 《ᠮᠤᠵᠢ ᠵᠢᠨ ᠬᠤᠭᠤᠷᠣᠨᠳᠣᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠬᠠᠮᠢᠶᠠᠷᠤᠯᠲᠠ ᠵᠢᠨ ᠬᠤᠯᠪᠣᠭᠳᠠᠯ ᠪᠥᠬᠦᠶ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠂ 《〈ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠣᠯᠤᠨ ᠬᠣᠲᠠ ᠵᠢᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠠᠶᠦᠯᠭᠦᠢ ᠦᠢᠯᠡᠳᠪᠦᠷᠢᠯᠡᠯ᠎ᠤᠨ ᠬᠦᠨᠳᠦ ᠶᠡᠬᠡ ᠡᠨᠳᠡᠯ᠎ᠤᠨ ᠳᠠᠯᠳᠠ ᠬᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ) ᠵᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 ᠵᠡᠷᠭᠡ ᠲᠣᠭᠲᠠᠭ᠋ᠠᠯ᠎ᠢ ᠦᠨᠳᠦᠰᠦᠯᠡᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠨᠠᠷᠢᠨ ᠲᠦᠷᠢᠮ》 (ᠳᠣᠷᠣᠭᠰᠢ               《ᠬᠡᠷᠡᠭᠵᠢᠭᠦᠯᠬᠦ ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠲᠣᠭᠲᠠᠭ᠋ᠠᠪᠠ᠃
    ᠭᠤᠷᠪᠠ᠂ ᠭᠤᠣᠯ ᠠᠭᠤᠯᠭ᠎ᠠ
    《ᠬᠡᠷᠡᠭᠵᠢᠭᠦᠯᠬᠦ ᠨᠠᠷᠢᠨ ᠳᠦᠷᠢᠮ》᠎ᠤᠨ ᠠᠭᠤᠯᠭ᠎ᠠ᠎ᠨᠢ ᠨᠡᠶ᠋ᠢᠲᠡ ᠭᠤᠷᠪᠠᠨ ᠪᠦᠯᠦᠭ ᠠᠷᠪᠠᠨ ᠬᠣᠶᠠᠷ ᠵᠦᠢ᠍ᠯ ᠬᠤᠪᠢᠶᠠᠨ᠎ᠠ᠃
    (ᠨᠢᠭᠡ) ᠨᠢᠭᠡᠳᠦᠭᠡᠷ ᠪᠦᠯᠦᠭ ᠶᠡᠷᠦᠩᠬᠡᠢ ᠳᠦᠷᠢᠮ᠃ ᠡᠭᠦᠨ᠎ᠳᠤ ᠭᠤᠣᠯᠳᠠᠭᠤ ᠠᠵᠢᠯ᠎ᠤᠨ ᠵᠠᠷᠴᠢᠮ ᠵᠢᠴᠢ ᠬᠡᠷᠡᠭᠵᠢᠭᠦᠯᠬᠦ ᠭᠤᠣᠯ ᠴᠣᠭᠴᠠ ᠪᠠᠭᠲᠠᠨ᠎ᠠ᠃ 《ᠬᠡᠨ ᠭᠣᠤᠯᠯᠠᠨ ᠬᠠᠮᠢᠶᠠᠷᠪᠠᠯ ᠬᠡᠨ ᠬᠠᠷᠢᠭᠤᠴᠠᠬᠤ》 ᠵᠢᠴᠢ ᠬᠠᠷᠢᠶ᠎ᠠ ᠭᠠᠵᠠᠷ᠎ᠲᠤ᠎ᠨᠢ ᠬᠠᠮᠢᠶᠠᠷᠤᠭᠤᠯᠬᠤ ᠵᠠᠷᠴᠢᠮ᠎ᠢ ᠵᠢᠷᠤᠮᠯᠠᠨ᠂ ᠬᠠᠷᠢᠶ᠎ᠠ ᠭᠠᠵᠠᠷ᠎ᠤᠨ ᠠᠶ᠋ᠢᠮᠠᠭ ᠬᠤᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠦᠷᠨᠢᠭᠦᠯᠦᠨ᠎ᠡ᠃
    (ᠬᠤᠶᠠᠷ) ᠬᠣᠶᠠᠳᠤᠭ᠋ᠠᠷ ᠪᠦᠯᠦᠭ ᠦᠨᠡᠯᠡᠨ ᠵᠢᠱ᠌ᠢᠬᠦ ᠱᠠᠭ᠋ᠠᠷᠳᠠᠯᠭ᠎ᠠ ᠪᠠ ᠠᠭᠤᠯᠭ᠎ᠠ ᠃
    1. ᠦᠨᠡᠯᠡᠨ ᠵᠢᠱ᠌ᠢᠬᠦ ᠠᠵᠢᠯ᠎ᠤᠨ ᠵᠠᠷᠴᠢᠮ ᠪᠠ ᠬᠤᠪᠢ ᠲᠣᠭᠲᠠᠭ᠋ᠠᠬᠤ ᠭᠦᠢ᠍ᠴᠡᠳᠬᠡᠯ ᠲᠤᠭ᠎ᠠ᠃ ᠦᠨᠡᠯᠡᠨ ᠵᠢᠱ᠌ᠢᠬᠦ ᠠᠵᠢᠯ᠎ᠨᠢ ᠴᠢᠩᠭ᠎ᠠ ᠨᠢᠮᠪᠠᠶ ᠪᠠᠶ᠋ᠢᠬᠤ᠂ ᠬᠡᠮᠵᠢᠶᠡᠵᠢᠭᠦᠯᠬᠦ ᠪᠠᠷᠢᠮᠵᠢᠶ᠎ᠠ᠂ ᠶᠡᠷᠦᠩᠬᠡᠶ᠋ᠢᠯᠡᠭᠰᠡᠨ ᠦᠨᠡᠯᠡᠨ ᠵᠢᠱ᠌ᠢᠬᠦ ᠵᠠᠷᠴᠢᠮ᠎ᠢ ᠪᠠᠷᠢᠮᠲᠠᠯᠠᠬᠤ ᠬᠡᠷᠡᠭᠲᠡᠶ᠃ ᠦᠨᠡᠯᠡᠨ ᠵᠢᠱ᠌ᠢᠬᠦ ᠭᠦᠢ᠍ᠴᠡᠳᠬᠡᠯ ᠲᠤᠭ᠎ᠠ ᠵᠢ ᠵᠠᠮ ᠱᠤᠭᠤᠮ᠂ ᠲᠡᠷᠭᠡ ᠬᠥᠰᠬᠡ᠂ ᠠᠵᠢᠯ ᠡᠷᠬᠢᠯᠡᠭᠰᠡᠳ᠂ ᠬᠠᠮᠢᠶᠠᠷᠤᠯᠲᠠ ᠵᠢᠨ ᠲᠦᠷᠢᠮ᠂ ᠡᠵᠡᠩᠨᠡᠯᠲᠡ ᠵᠢᠨ ᠣᠳᠣᠬᠢ ᠪᠠᠶ᠋ᠢᠳᠠᠯ ᠵᠡᠷᠭᠡ 5 ᠶᠡᠭᠡ ᠲᠥᠷᠥᠯ 17 ᠬᠤᠪᠢ ᠬᠤᠪᠢᠶᠠᠵᠤ᠂ ᠪᠦᠷᠢᠨ ᠬᠤᠪᠢ᠎ᠨᠢ 100 ᠬᠤᠪᠢ ᠪᠣᠯᠤᠨ᠎ᠠ᠃
    2. ᠦᠨᠡᠯᠡᠨ ᠵᠢᠱ᠌ᠢᠭᠰᠡᠨ ᠦᠷ᠎ᠡ ᠳ᠋ᠦᠩ ᠪᠣᠯᠤᠨ ᠬᠤᠪᠢᠶᠠᠷᠢᠯᠠᠬᠤ ᠪᠠᠷᠢᠮᠵᠢᠶ᠎ᠠ᠃ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠡᠯ᠎ᠡ ᠭᠦᠢ᠍ᠴᠡᠳᠬᠡᠯ ᠲᠤᠭ᠎ᠠ ᠵᠢᠨ ᠬᠤᠪᠢ ᠣᠯᠤᠭᠰᠠᠨ ᠪᠠᠶ᠋ᠢᠳᠠᠯ ᠶᠣᠰᠣᠭ᠋ᠠᠷ᠂ ᠡᠩ᠎ᠤᠨ ᠲᠦᠭᠰᠢᠭᠦᠷᠢ᠂ ᠳᠤᠮᠳᠠ ᠲᠦᠭᠰᠢᠭᠦᠷᠢ᠂ ᠥᠨᠳᠥᠷ ᠲᠦᠭᠰᠢᠭᠦᠷᠢ ᠭᠡᠵᠦ ᠭᠤᠷᠪᠠᠨ ᠳᠡᠰ ᠬᠤᠪᠢᠶᠠᠨ᠎ᠠ᠃
    3. ᠭᠤᠶᠤᠴᠢᠯᠠᠬᠤ ᠪᠤᠶᠤ ᠦᠷᠭᠦᠯᠵᠢᠯᠡᠨ ᠡᠵᠡᠩᠨᠡᠬᠦ᠎ᠪᠠᠷ ᠪᠠᠶ᠋ᠢᠭ᠎ᠠ ᠡᠭᠡᠯᠵᠢ ᠵᠢᠨ ᠱᠤᠭᠤᠮ᠎ᠤᠨ ᠦᠷ᠎ᠡ ᠳ᠋ᠦᠩ᠎ᠤᠨ ᠬᠡᠷᠡᠭᠯᠡᠯᠲᠡ᠃ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠡᠩ᠎ᠤᠨ ᠲᠥᠭᠰᠢᠭᠦᠷᠢ ᠪᠠᠶ᠋ᠢᠪᠠᠯ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠤᠶᠤᠴᠢᠯᠠᠬᠤ ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠨ᠎ᠡ; ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠳᠤᠮᠳᠠ᠂ ᠥᠨᠳᠥᠷ ᠲᠦᠭᠰᠢᠭᠦᠷᠢ ᠪᠠᠶ᠋ᠢᠪᠠᠯ᠂ ᠴᠡᠭᠴᠡᠯᠡᠨ ᠰᠠᠶ᠋ᠢᠵᠢᠷᠠᠭᠤᠯᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠳᠠᠬᠢᠨᠲᠠ ᠦᠨᠡᠯᠡᠨ ᠵᠢᠱ᠌ᠢᠵᠦ᠂ ᠬᠠᠤᠯᠢ᠎ᠪᠠᠷ ᠲᠣᠭᠲᠠᠭ᠋ᠠᠭᠰᠠᠨ ᠵᠥᠪᠰᠢᠶᠡᠷᠡᠯ᠎ᠤᠨ ᠨᠥᠬᠦᠴᠡᠯ᠎ᠢ ᠪᠦᠷᠢᠯᠳᠦᠭᠦᠯᠦᠭᠰᠡᠨ ᠥᠬᠡᠶ ᠪᠠᠶ᠋ᠢᠪᠠᠯ᠂ ᠬᠠᠤᠯᠢ ᠶᠣᠰᠣᠭ᠋ᠠᠷ ᠵᠥᠪᠰᠢᠶᠡᠷᠡᠬᠦ ᠥᠬᠡᠶ᠃
    4. ᠡᠵᠡᠩᠨᠡᠵᠦ ᠪᠠᠶ᠋ᠢᠭ᠎ᠠ ᠡᠭᠡᠯᠵᠢ ᠵᠢᠨ ᠱᠤᠭᠤᠮ᠎ᠳᠤ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ ᠥᠷᠨᠢᠭᠦᠯᠦᠭᠰᠡᠨ ᠦᠭᠡᠢ ᠪᠠᠶ᠋ᠢᠪᠠᠯ᠂ ᠬᠠᠷᠢᠶ᠎ᠠ ᠭᠠᠵᠠᠷ᠎ᠤᠨ ᠠᠶ᠋ᠢᠮᠠᠭ ᠬᠤᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠬᠡᠷᠡᠭᠵᠢᠭᠦᠯᠬᠦ ᠨᠠᠷᠢᠨ ᠲᠦᠷᠢᠮ》᠎ᠤᠨ ᠶᠣᠰᠣᠭ᠋ᠠᠷ ᠲᠦᠭᠰᠢᠭᠦᠷᠢ ᠵᠢ ᠦᠨᠡᠯᠡᠨ ᠵᠢᠱ᠌ᠢᠬᠦ ᠪᠠ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠦᠨᠡᠯᠡᠨ ᠵᠢᠱ᠌ᠢᠬᠦ ᠠᠵᠢᠯ᠎ᠢ ᠥᠷᠨᠢᠭᠦᠯᠦᠭᠰᠡᠨ ᠦᠷ᠎ᠡ ᠳ᠋ᠦᠩ᠎ᠨᠢ ᠡᠩ᠎ᠤᠨ ᠲᠦᠭᠰᠢᠭᠦᠷᠢ ᠪᠠᠶ᠋ᠢᠪᠠᠯ᠂ ᠦᠷᠭᠦᠯᠵᠢᠯᠡᠨ ᠡᠵᠡᠩᠨᠡᠨ᠎ᠡ; ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠳᠤᠮᠳᠠ᠂ ᠥᠨᠳᠥᠷ ᠲᠦᠭᠰᠢᠭᠦᠷᠢ ᠪᠠᠶ᠋ᠢᠪᠠᠯ᠂ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠥᠷᠨᠢᠭᠦᠯᠦᠨ᠎ᠡ᠃
    5. ᠠᠮᠤᠷ ᠲᠥᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠳᠠᠬᠢᠨ ᠥᠷᠨᠢᠭᠦᠯᠬᠦ ᠴᠢᠬᠤᠯᠠᠲᠠᠢ ᠪᠠᠢ᠌ᠳᠠᠯ᠃ ᠵᠠᠮ ᠱᠤᠭᠤᠮ᠂ ᠲᠡᠷᠭᠡ ᠬᠥᠰᠬᠡ ᠵᠡᠷᠭᠡ ᠠᠶᠠᠨᠴᠢᠳ᠎ᠤᠨ ᠵᠥᠭᠡᠭᠡᠪᠦᠷᠢ ᠵᠢᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠦᠢ᠍ᠯ᠎ᠳᠤ ᠬᠤᠪᠢᠷᠠᠯᠲᠠ ᠭᠠᠷᠤᠭᠰᠠᠨ᠂ ᠡᠵᠡᠩᠨᠡᠯᠲᠡ ᠵᠢᠨ ᠬᠤᠭᠤᠴᠠᠭ᠋ᠠᠨ᠎ᠳᠤ ᠬᠥᠮᠦᠨ᠎ᠨᠢ ᠦᠬᠦᠭᠰᠡᠨ ᠪᠤᠶᠤ ᠡᠩ᠎ᠤᠨ ᠵᠢᠴᠢ ᠲᠡᠭᠦᠨ᠎ᠠᠴᠠ ᠳᠡᠭᠡᠭᠰᠢᠬᠢ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠪᠠᠶ᠋ᠢᠪᠠᠯ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠳᠠᠬᠢᠨ ᠥᠷᠨᠢᠭᠦᠯᠬᠦ ᠬᠡᠷᠡᠭᠲᠡᠶ᠃
    (ᠭᠤᠷᠪᠠ) ᠭᠤᠷᠪᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠃
   

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠠᠯᠠ ᠣᠷᠣᠭᠤᠯᠤᠯᠲᠠ ᠵᠢᠨ ᠬᠡᠪᠴᠢᠶ᠎ᠡ᠎ᠪᠠᠷ ᠶᠡᠭᠡ᠂ ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ〉 ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠲᠥᠷᠥᠯ ᠵᠦᠢ᠍ᠯ᠎ᠢ ᠨᠤᠲᠠᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠬᠦᠢ ᠦᠢᠯᠡᠳᠪᠦᠷᠢᠯᠡᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠶ᠋ᠢᠯᠤᠮᠵᠢ᠄ 《ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠨᠠᠷᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            