ᠨᠢᠭᠡ᠂ ᠲᠣᠭᠲᠠᠭ᠋ᠠᠭᠰᠠᠨ ᠠᠬᠤᠶ ᠪᠠᠢ᠌ᠳᠠᠯ
2005 ᠣᠨ᠎ᠠᠴᠠ ᠨᠠᠭ᠋ᠠᠰᠢ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ ᠪᠥᠭᠡᠳ ᠵᠠᠰᠠᠪᠤᠷᠢ ᠣᠷᠣᠭᠤᠯᠤᠭᠰᠠᠨ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠳᠤ᠄ 《ᠤᠯᠤᠰ᠎ᠠᠴᠠ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠳᠦᠷᠢᠮ᠎ᠢ ᠬᠡᠷᠡᠭᠵᠢᠭᠦᠯᠦᠨ᠎ᠡ》 ᠭᠡᠵᠦ ᠲᠣᠳᠣᠷᠬᠠᠢ ᠳᠤᠷᠠᠳᠪᠠ᠃ 2008 ᠣᠨ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ 《ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)》 (2006 ᠣᠨ) ᠵᠡᠷᠭᠡ ᠲᠣᠭᠲᠠᠭ᠋ᠠᠯ᠎ᠢ ᠦᠨᠳᠦᠰᠦᠯᠡᠨ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ 2013 ᠣᠨ᠎ᠳᠤ ᠵᠠᠰᠠᠪᠤᠷᠢ ᠣᠷᠣᠭᠤᠯᠵᠤ᠂ ᠡᠯ᠎ᠡ ᠭᠠᠵᠠᠷ᠎ᠢ ᠵᠢᠯᠣᠭᠣᠳᠤᠨ ᠬᠠᠷᠢᠶ᠎ᠠ ᠣᠷᠣᠨ᠎ᠤ᠎ᠪᠠᠨ ᠳᠣᠲᠣᠷᠠᠬᠢ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠳᠤ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠵᠢ ᠥᠷᠨᠢᠭᠦᠯᠵᠦ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠪᠠ᠃
《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ᠂ ᠪᠠᠢ᠌ᠭᠤᠯᠤᠮᠵᠢ ᠵᠢᠨ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ ᠠᠵᠢᠯ ᠦᠢᠯᠡᠰ᠎ᠤᠨ ᠨᠢᠭᠡᠴᠢ ᠵᠢ ᠰᠢᠯᠢᠳᠡᠭᠵᠢᠭᠦᠯᠦᠨ ᠡᠮᠬᠢᠯᠡᠨ ᠨᠡᠢ᠌ᠯᠡᠭᠦᠯᠬᠦ ᠵᠡᠷᠭᠡ ᠠᠵᠢᠯ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ᠂ ᠢᠲᠡᠭᠡᠮᠵᠢ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢ ᠪᠦᠷᠢᠨᠰᠢᠬᠦᠯᠬᠦ ᠪᠠ ᠲᠡᠭᠦᠯᠳᠡᠷᠵᠢᠭᠦᠯᠬᠦ ᠵᠢᠴᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠬᠠᠮᠢᠶ᠎ᠠ ᠪᠥᠬᠥᠶ ᠲᠦᠷᠢᠮ ᠲᠣᠭᠲᠠᠭ᠋ᠠᠯ᠎ᠢ ᠵᠠᠯᠭ᠋ᠠᠭ᠎ᠠ᠎ᠪᠠᠷ ᠨᠡᠢ᠌ᠲᠡᠯᠡᠬᠦ ᠪᠠ ᠵᠠᠰᠠᠪᠤᠷᠢ ᠣᠷᠣᠭᠤᠯᠬᠤ ᠵᠢ ᠳᠠᠭ᠋ᠠᠯᠳᠤᠨ᠂ ᠤᠤᠯ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠵᠢ ᠬᠡᠷᠡᠭᠵᠢᠭᠦᠯᠬᠦ ᠨᠠᠷᠢᠨ ᠲᠦᠷᠢᠮ᠎ᠤᠨ ᠬᠡᠰᠡᠭ ᠵᠦᠢᠯ ᠵᠤᠷᠪᠤᠰ᠎ᠨᠢ ᠳᠡᠭᠡᠳᠦ ᠪᠠᠢ᠌ᠷᠢ ᠵᠢᠨ ᠬᠠᠤᠯᠢ᠎ᠲᠠᠢ ᠨᠢᠭᠡᠳᠦᠯ ᠥᠬᠡᠶ᠂ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ᠎ᠲᠠᠢ ᠵᠣᠬᠢᠴᠠᠯᠳᠤᠬᠤ ᠥᠬᠡᠶ᠂ ᠵᠢᠯᠣᠭᠣᠳᠴᠤ ᠰᠢᠯᠭ᠋ᠠᠨ ᠬᠢᠨᠠᠬᠤ ᠠᠵᠢᠯ᠎ᠳᠤ ᠳᠤᠲᠠᠭᠤᠳᠠᠯ ᠣᠷᠣᠰᠢᠵᠤ ᠪᠠᠢ᠌ᠨ᠎ᠠ᠃ ᠰᠢᠨ᠎ᠡ ᠬᠤᠪᠢᠷᠠᠯᠲᠠ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠪᠥᠬᠥ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠪᠠ ᠦᠨᠡᠨᠴᠢ ᠢᠲᠡᠭᠡᠮᠵᠢ ᠵᠢ ᠦᠨᠡᠯᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠬᠦ ᠵᠢ ᠠᠬᠢᠭᠤᠯᠬᠤ ᠵᠢᠨ ᠲᠥᠯᠥᠭᠡ᠂ ᠮᠠᠨ᠎ᠤ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠠᠷᠭ᠎ᠠ ᠵᠢ ᠲᠣᠭᠲᠠᠭ᠋ᠠᠨ ᠲᠠᠷᠬᠠᠭ᠋ᠠᠬᠤ ᠴᠢᠬᠤᠯᠠᠲᠠᠢ ᠪᠣᠯᠵᠠᠢ᠃
ᠬᠣᠶᠠᠷ᠂ ᠲᠣᠭᠲᠠᠭ᠋ᠠᠭᠰᠠᠨ ᠦᠨᠳᠦᠰᠦᠯᠡᠯ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠦᠯᠭᠦᠢ ᠦᠢᠯᠡᠳᠪᠦᠷᠢᠯᠡᠯ᠎ᠤᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠲᠡᠭᠡᠭᠡᠪᠦᠷᠢ ᠵᠢᠨ ᠲᠦᠷᠢᠮ》᠂ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》᠂ 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠠᠷᠭ᠎ᠠ》᠂ 《ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠣᠯᠤᠨ ᠬᠣᠲᠠ ᠵᠢᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠠᠶᠦᠯᠬᠦᠢ ᠦᠢᠯᠡᠳᠪᠦᠷᠢᠯᠡᠯ᠎ᠤᠨ ᠬᠦᠨᠳᠦ ᠶᠡᠬᠡ ᠡᠨᠳᠡᠯ᠎ᠤᠨ ᠳᠠᠯᠳᠠ ᠬᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》᠂ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠦᠷᠢᠮ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 ᠵᠡᠷᠭᠡ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠣᠢ᠌ᠷ᠎ᠠ ᠵᠢᠨ ᠵᠢᠯ᠎ᠤᠳ᠎ᠲᠤ ᠭᠤᠸᠠᠩᠳᠦ᠋ᠩ ᠮᠤᠵᠢ᠂ ᠯᠢᠶᠣᠤᠨᠢᠩ ᠮᠣᠵᠢ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠵᠡᠷᠭᠡ ᠮᠤᠵᠢ ᠵᠢᠨ ᠨᠡᠢ᠌ᠲᠡᠯᠡᠭᠰᠡᠨ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠭᠰᠠᠨ ᠪᠢᠴᠢᠭ ᠮᠠᠲ᠋ᠧᠷᠢᠶᠠᠯ ᠵᠶ᠋ᠠᠷ ᠯᠠᠪᠯᠠᠯᠲᠠ ᠪᠣᠯᠭ᠋ᠠᠵᠤ᠂ ᠮᠠᠨ᠎ᠤ ᠣᠷᠣᠨ᠎ᠤ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠠᠷᠭ᠎ᠠ》 《ᠳᠣᠷᠣᠭᠰᠢ 《ᠰᠢᠯᠭ᠋ᠠᠨ ᠬᠢᠨᠠᠬᠤ ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠪᠠ᠃
ᠭᠤᠷᠪᠠ᠂ ᠭᠣᠣᠯ ᠠᠭᠤᠯᠭ᠎ᠠ
《ᠰᠢᠯᠭ᠋ᠠᠨ ᠬᠢᠨᠠᠬᠤ ᠠᠷᠭ᠎ᠠ》᠎ᠨᠢ ᠨᠡᠢ᠍ᠢ᠍ᠳᠡ ᠲᠠᠪᠤᠨ ᠪᠦᠯᠦᠭ ᠬᠣᠷᠢᠨ ᠵᠢᠷᠭᠤᠭ᠋ᠠᠨ ᠵᠦᠢ᠍ᠯ᠎ᠲᠠᠢ᠃
ᠨᠢᠭᠡᠳᠦᠭᠡᠷ ᠪᠦᠯᠦᠭ ᠶᠡᠷᠦᠩᠬᠡᠶ ᠳᠦᠷᠢᠮ᠃ ᠭᠣᠤᠯᠳᠠᠭᠤ ᠰᠢᠯᠭ᠋ᠠᠨ ᠬᠢᠨᠠᠬᠤ ᠠᠷᠭ᠎ᠠ ᠵᠢᠨ ᠲᠥᠷᠥ ᠵᠢᠨ ᠪᠣᠳᠣᠯᠭ᠎ᠠ ᠵᠢᠨ ᠦᠨᠳᠦᠰᠦᠯᠡᠯ᠂ ᠳᠣᠭᠢᠷᠠᠬᠤ ᠬᠡᠪᠴᠢᠶ᠎ᠡ᠂ ᠰᠢᠯᠭ᠋ᠠᠨ ᠬᠢᠨᠠᠬᠤ ᠠᠵᠢᠯ᠎ᠤᠨ ᠵᠠᠷᠴᠢᠮ᠂ ᠰᠢᠯᠭ᠋ᠠᠨ ᠬᠢᠨᠠᠬᠤ ᠠᠵᠢᠯ᠎ᠤᠨ ᠵᠣᠷᠢᠯᠭ᠎ᠠ ᠵᠢᠴᠢ ᠰᠢᠯᠭ᠋ᠠᠨ ᠬᠢᠨᠠᠬᠤ ᠠᠵᠢᠯ᠎ᠢ ᠬᠡᠷᠡᠭᠵᠢᠭᠦᠯᠬᠦ ᠭᠣᠤᠯ ᠴᠣᠭᠴᠠ ᠵᠢᠴᠢ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠪᠣᠯᠤᠨ᠎ᠠ᠃
ᠬᠣᠶᠠᠳᠤᠭ᠋ᠠᠷ ᠪᠦᠯᠦᠭ ᠦᠨᠡᠯᠡᠬᠦ ᠭᠦᠢᠴᠡᠳᠬᠡᠯ ᠲᠣᠭ᠎ᠠ ᠵᠢᠴᠢ ᠳᠡᠰ ᠬᠤᠪᠢᠶᠠᠷᠢᠯᠠᠬᠤ᠃ ᠰᠢᠯᠭ᠋ᠠᠨ ᠬᠢᠨᠠᠬᠤ ᠳᠡᠰ᠎ᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ᠎ᠳᠤ᠎ᠪᠠᠨ ᠬᠢᠷᠢ ᠲᠡᠩᠴᠡᠭᠰᠡᠨ ᠪᠠ ᠬᠢᠷᠢ ᠲᠡᠩᠴᠡᠭᠰᠡᠨ ᠦᠭᠡᠶ ᠭᠡᠵᠦ ᠳᠥᠷᠪᠡᠨ ᠳᠡᠰ ᠬᠤᠪᠢᠶᠠᠵᠤ᠂ ᠰᠢᠯᠭ᠋ᠠᠨ ᠬᠢᠨᠠᠬᠤ᠎ᠳᠤ ᠬᠤᠪᠢ ᠪᠣᠳᠣᠬᠤ ᠳᠦᠷᠢᠮ᠎ᠢ ᠬᠡᠷᠡᠭᠵᠢᠭᠦᠯᠵᠦ᠂ ᠰᠢᠯᠭ᠋ᠠᠨ ᠬᠢᠨᠠᠬᠤ ᠶᠡᠷᠦᠩᠬᠡᠶ ᠬᠤᠪᠢ᠎ᠨᠢ 1000 ᠬᠤᠪᠢ ᠪᠠᠢ᠌ᠵᠤ᠂ ᠠᠰᠲᠤᠨᠢ 100 ᠬᠤᠪᠢ ᠲᠣᠬᠢᠷᠠᠭᠤᠯᠵᠤ ᠬᠤᠪᠢ ᠨᠡᠮᠡᠬᠦ ᠵᠦᠢ᠍ᠯ ᠪᠣᠯᠭ᠋ᠠᠨ᠎ᠠ᠃ ᠡᠭᠦᠨ᠎ᠤ ᠬᠠᠮᠲᠤ᠂ ᠰᠢᠯᠭ᠋ᠠᠨ ᠬᠢᠨᠠᠬᠤ ᠲᠠᠰ᠎ᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ᠎ᠳᠤ᠎ᠪᠠᠨ ᠬᠢᠷᠢ ᠲᠡᠩᠴᠡᠭᠰᠡᠨ ᠬᠡᠷᠡᠭᠴᠡᠭᠡ ᠵᠢ ᠵᠡᠷᠭᠡ᠎ᠪᠠᠷ ᠬᠠᠩᠭ᠋ᠠᠬᠤ ᠬᠡᠳᠦᠨ ᠨᠥᠬᠥᠴᠡᠯ ᠵᠢᠴᠢ ᠰᠢᠯᠭ᠋ᠠᠨ ᠬᠢᠨᠠᠬᠤ ᠲᠠᠰ᠎ᠢ B ᠲᠠᠰ ᠵᠶ᠋ᠠᠷ ᠲᠣᠭᠲᠠᠭ᠋ᠠᠬᠤ ᠬᠡᠳᠦᠨ ᠪᠠᠢ᠌ᠳᠠᠯ᠎ᠢ ᠲᠣᠭᠲᠠᠭ᠋ᠠᠵᠠᠶ᠃
ᠭᠤᠷᠪᠠᠳᠤᠭ᠋ᠠᠷ ᠪᠦᠯᠦᠭ ᠵᠣᠬᠢᠶᠠᠨ ᠪᠠᠢ᠌ᠭᠤᠯᠵᠤ ᠬᠡᠷᠡᠭᠵᠢᠭᠦᠯᠬᠦ᠃ ᠰᠢᠯᠭ᠋ᠠᠨ ᠬᠢᠨᠠᠬᠤ ᠦᠶᠡᠯᠡᠯ ᠪᠠ ᠰᠢᠯᠭ᠋ᠠᠨ ᠬᠢᠨᠠᠬᠤ ᠲᠠᠰ ᠳᠠᠷᠠᠭ᠋ᠠᠯᠠᠯ᠎ᠤᠨ ᠲᠣᠬᠢᠷᠠᠭᠤᠯᠤᠯᠲᠠ ᠵᠢ ᠲᠣᠳᠣᠷᠬᠠᠢ᠌ᠯᠠᠵᠤ᠂ ᠰᠢᠯᠭ᠋ᠠᠨ ᠬᠢᠨᠠᠬᠤ ᠠᠵᠢᠯ᠎ᠢ ᠵᠢᠯ ᠪᠦᠷᠢ ᠨᠢᠭᠡ ᠤᠳᠠᠭ᠎ᠠ ᠬᠢᠵᠦ᠂ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠢᠯᠭ᠋ᠠᠨ ᠬᠢᠨᠠᠬᠤ ᠳᠤᠭᠤᠢ᠌ᠯᠠᠩ ᠪᠦᠷᠢᠯᠳᠦᠭᠦᠯᠵᠦ ᠰᠢᠯᠭ᠋ᠠᠨ ᠬᠢᠨᠠᠬᠤ ᠠᠵᠢᠯ᠎ᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢᠯᠡᠴᠢᠯᠡᠭᠡᠨ᠎ᠤ ᠰᠢᠰᠲ᠋ᠧᠮ᠎ᠢ ᠭᠦᠢᠴᠡᠳ ᠠᠰᠢᠭᠯᠠᠨ ᠰᠢᠯᠭ᠋ᠠᠨ ᠬᠢᠨᠠᠬᠤ ᠵᠢ ᠥᠷᠨᠢᠭᠦᠯᠵᠦ᠂ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ ᠲᠣᠭ᠎ᠠ ᠪᠠᠷᠢᠮᠲᠠ ᠵᠢ ᠴᠤᠭᠯᠠᠭᠤᠯᠤᠨ ᠨᠡᠢ᠌ᠯᠡᠭᠦᠯᠵᠦ᠂ ᠬᠠᠮᠲᠤ᠎ᠪᠠᠷ ᠭᠥᠷᠳᠡᠬᠦ ᠵᠢ ᠴᠢᠩᠭ᠋ᠠᠳᠬᠠᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠱᠠᠭ᠋ᠠᠷᠳᠠᠯᠭ᠎ᠠ ᠶᠣᠰᠣ᠎ᠪᠠᠷ ᠵᠠᠷᠯᠠᠨ ᠨᠡᠢ᠌ᠲᠡᠯᠡᠨ᠎ᠡ᠃
ᠳᠥᠷᠪᠡᠳᠦᠭᠡᠷ ᠪᠦᠯᠦᠭ ᠦᠷ᠎ᠡ ᠳ᠋ᠦᠩ᠎ᠤᠨ ᠬᠡᠷᠡᠭᠯᠡᠯᠲᠡ᠃ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠵᠤ᠂ ᠵᠠᠰᠠᠭ ᠵᠠᠬᠢᠷᠭ᠋ᠠᠨ᠎ᠤ ᠪᠠᠢ᠌ᠴᠠᠭ᠋ᠠᠬᠤ ᠠᠷᠭ᠎ᠠ ᠮᠠᠶᠢᠭ ᠪᠠ ᠳᠠᠪᠲᠠᠮᠵᠢ ᠤᠳᠠᠭ᠎ᠠ ᠵᠢ ᠰᠢᠯᠢᠳᠡᠭᠵᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠳᠤ ᠵᠦᠷᠢᠶᠡᠴᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠰᠢᠯᠭ᠋ᠠᠨ ᠬᠢᠨᠠᠬᠤ ᠳᠡᠰ᠎ᠨᠢ ᠰᠢᠯᠢᠳᠡᠭ ᠳᠡᠰ᠎ᠲᠤ ᠬᠦᠷᠦᠭᠰᠡᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠪᠣᠯ ᠲᠡᠭᠡᠭᠡᠪᠦᠷᠢ ᠵᠢᠨ ᠬᠦᠴᠦᠨ᠎ᠢ ᠬᠥᠭᠵᠢᠭᠦᠯᠬᠦ᠂ ᠬᠥᠬᠢᠭᠦᠯᠦᠨ ᠱᠠᠩᠨᠠᠬᠤ᠂ ᠲᠡᠷᠢᠭᠦᠨ᠎ᠤ ᠪᠠ ᠰᠢᠯᠢᠳᠡᠭ᠎ᠢ ᠰᠢᠯᠭ᠋ᠠᠷᠠᠭᠤᠯᠬᠤ᠂ ᠲᠦᠷᠦᠯ ᠲᠡᠮᠳᠡᠭ᠎ᠢ ᠡᠭᠦᠳᠦᠨ ᠪᠠᠢ᠌ᠭᠤᠯᠬᠤ᠂ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠳᠤ ᠣᠷᠣᠯᠴᠠᠬᠤ᠎ᠳᠤ ᠡᠩ ᠲᠡᠷᠢᠭᠦᠨ᠎ᠳᠤ ᠪᠤᠳᠤᠯᠬᠢᠯᠠᠨ᠎ᠠ; ᠰᠢᠯᠭ᠋ᠠᠨ ᠬᠢᠨᠠᠬᠤ ᠳᠡᠰ᠎ᠨᠢ ᠬᠢᠷᠢ ᠲᠡᠩᠴᠡᠭᠰᠡᠨ ᠦᠭᠡᠶ ᠵᠢ᠎ᠨᠢ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠵᠠᠷᠯᠢᠭᠳᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠤᠨ᠎ᠠ᠃ ᠴᠡᠭᠴᠡᠯᠡᠨ ᠰᠠᠢ᠌ᠵᠢᠷᠠᠭᠤᠯᠤᠭᠰᠠᠨ᠎ᠨᠢ ᠬᠢᠷᠢ ᠲᠡᠩᠴᠡᠬᠦ ᠥᠬᠡᠶ ᠪᠥᠭᠡᠳ ᠠᠶᠦᠯᠭᠦᠢ ᠦᠢᠯᠡᠳᠪᠦᠷᠢᠯᠡᠯ᠎ᠤᠨ ᠨᠥᠬᠥᠴᠡᠯ᠎ᠢ ᠪᠦᠷᠢᠯᠳᠦᠭᠦᠯᠦᠭᠡᠳᠦᠶ ᠪᠠᠢ᠌ᠪᠠᠯ᠂ ᠬᠠᠤᠯᠢ ᠶᠣᠰᠣ᠎ᠪᠠᠷ ᠬᠠᠷᠠᠭ᠋ᠠᠯᠵᠠᠭᠰᠠᠨ ᠵᠥᠪᠰᠢᠶᠡᠷᠡᠯ᠎ᠢ᠎ᠨᠢ ᠬᠣᠷᠢᠶᠠᠨ ᠠᠪᠴᠤ ᠬᠦᠴᠦᠨ ᠥᠬᠡᠶ ᠪᠣᠯᠭ᠋ᠠᠨ᠎ᠠ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ᠃