ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-05-12

    ᠨᠢᠭᠡ᠂ ᠲᠤᠭᠤᠷᠪᠢᠨ ᠪᠢᠴᠢᠭᠰᠡᠨ ᠠᠬᠤᠢ ᠪᠠᠢ᠌ᠳᠠᠯ ᠪᠠ ᠦᠨᠳᠦᠰᠦᠯᠡᠯ
    《  ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠵᠠᠮ ᠬᠠᠷᠢᠯᠴᠠᠭ᠎ᠠ ᠲᠥᠯᠥᠪᠵᠢᠭᠦᠯᠭᠡ ᠲᠠᠷᠬᠠᠭ᠋ᠠᠭᠰᠠᠨ [2025] 17 ᠳ᠋ᠤᠭ᠋ᠠᠷ ᠲᠣᠭ᠋ᠠᠲᠤ)᠂ 《2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠨᠠᠷᠢᠨ ᠲᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ  ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠠᠯᠪᠠᠨ ᠲᠢᠩᠬᠢᠮ  ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ  ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠵᠠᠮ ᠬᠠᠷᠢᠯᠴᠠᠭ᠎ᠠ ᠠᠯᠪᠠᠨ  ᠲᠡᠭᠡᠭᠡᠪᠦᠷᠢ [2025] 12 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠠᠵᠢᠯ᠎ᠢ ᠠᠬᠢᠭᠤᠯᠤᠨ᠂ ᠥᠨᠳᠥᠷ ᠡᠨᠧᠷᠭᠢ ᠵᠢᠨ ᠬᠣᠷᠣᠭᠳᠠᠯ᠎ᠲᠠᠢ ᠭᠠᠳᠠᠭᠰᠢᠯᠠᠭᠤᠯᠤᠯᠲᠠ ᠶᠡᠬᠡᠲᠡᠶ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠬᠤ ᠵᠢ ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠢ ᠪᠠᠢ᠌ᠭᠤᠯᠬᠤ᠎ᠳᠤ ᠦᠢ᠍ᠯᠡᠴᠢᠯᠡᠬᠦ ᠵᠢᠨ ᠲᠥᠯᠥᠭᠡ᠂ ᠮᠠᠨ᠎ᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠢ ᠣᠨᠴᠠᠭ᠋ᠠᠢ᠌ᠯᠠᠨ ᠲᠣᠭᠲᠠᠭ᠋ᠠᠪᠠ᠃ 
    ᠬᠣᠶᠠᠷ᠂ ᠲᠣᠭᠲᠠᠭ᠋ᠠᠬᠤ ᠶᠠᠪᠤᠴᠠ
    ᠤᠯᠤᠰ᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ 2024 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠭᠰᠡᠨ ᠲᠤᠷᠰᠢᠯᠭ᠎ᠠ ᠵᠢ ᠭᠦᠢᠴᠡᠳ ᠳ᠋ᠦᠩᠨᠡᠵᠦ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠨᠠᠷᠢᠨ ᠲᠦᠷᠢᠮ᠎ᠢ ᠲᠣᠭᠲᠠᠭ᠋ᠠᠪᠠ᠃
    ᠭᠤᠷᠪᠠ᠂ ᠭᠣᠣᠯ ᠠᠭᠤᠯᠭ᠎ᠠ
    ᠨᠢᠭᠡ᠎ᠳᠤ᠂ ᠬᠡᠷᠡᠭᠵᠢᠭᠦᠯᠬᠦ ᠴᠠᠭ ᠵᠢᠴᠢ ᠬᠡᠪᠴᠢᠶ᠎ᠡ ᠵᠢ ᠲᠣᠳᠣᠷᠬᠠᠢ᠌ᠯᠠᠪᠠ᠃ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢᠴᠢ ᠰᠢᠨ᠎ᠡ᠎ᠪᠠᠷ ᠬᠤᠳᠠᠯᠳᠤᠨ ᠠᠪᠤᠭᠰᠠᠨ ᠰᠢᠨ᠎ᠡ ᠡᠨᠧᠷᠭᠢ ᠵᠢᠨ ᠬᠣᠲᠠ ᠵᠢᠨ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭ᠋ᠠᠨ᠎ᠤ ᠲᠡᠷᠭᠡ ᠵᠢᠨ ᠨᠥᠬᠥᠪᠦᠷᠢᠯᠡᠬᠦ ᠴᠠᠭ᠎ᠨᠢ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠃ ᠲᠤᠬᠠᠢ᠌ᠯᠠᠪᠠᠯ ᠬᠡᠷᠡᠭᠯᠡᠭᠡᠨ᠎ᠠᠴᠠ ᠭᠠᠷᠤᠭᠰᠠᠨ ᠪᠠᠷᠠᠭ᠋ᠠᠨ᠎ᠤ ᠲᠡᠷᠭᠡ ᠵᠢᠨ 《ᠬᠡᠷᠡᠭᠯᠡᠨ᠎ᠠᠴᠠ ᠭᠠᠷᠤᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》᠂ 《ᠮᠠᠰᠢᠨ ᠲᠡᠷᠭᠡ ᠵᠢ ᠬᠦᠴᠦᠨ ᠦᠭᠡᠶ ᠪᠣᠯᠭ᠋ᠠᠭᠰᠠᠨ ᠭᠡᠷᠡᠴᠢ》 ᠵᠢᠨ ᠡᠳᠦᠷ ᠬᠤᠭᠤᠴᠠᠭ᠎ᠠ᠂ ᠰᠢᠨ᠎ᠡ᠎ᠪᠠᠷ ᠬᠤᠳᠠᠯᠳᠤᠨ ᠠᠪᠤᠭᠰᠠᠨ ᠪᠠᠷᠠᠭ᠋ᠠᠨ᠎ᠤ ᠲᠡᠷᠭᠡ ᠵᠢᠨ 《ᠮᠠᠰᠢᠨ ᠲᠡᠷᠭᠡ ᠵᠢᠨ ᠵᠠᠮᠨᠠᠬᠤ ᠦᠨᠡᠮᠯᠡᠯ》᠎ᠢ ᠳᠠᠩᠰᠠᠯᠠᠨ ᠲᠡᠮᠳᠡᠭᠯᠡᠭᠰᠡᠨ ᠡᠳᠦᠷ ᠬᠤᠭᠤᠴᠠᠭ᠎ᠠ ᠪᠣᠯᠤᠨ 《ᠵᠠᠮ ᠲᠡᠭᠡᠭᠡᠪᠦᠷᠢ ᠵᠢᠨ ᠦᠨᠡᠮᠯᠡᠯ》 ᠣᠯᠭᠣᠭᠰᠠᠨ ᠡᠳᠦᠷ ᠬᠤᠭᠤᠴᠠᠭ᠎ᠠ᠎ᠨᠢ ᠴᠥᠮ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠢ᠌ᠭ᠎ᠠ ᠬᠤᠭᠤᠴᠠᠭ᠋ᠠᠨ᠎ᠳᠤ ᠪᠠᠢ᠌ᠬᠤ ᠬᠡᠷᠡᠭᠲᠡᠶ᠃
   ᠬᠣᠶᠠᠷ᠎ᠲᠤ᠂ ᠨᠥᠬᠥᠪᠥᠷᠢ ᠥᠭᠬᠦ ᠪᠠᠷᠢᠮᠵᠢᠶ᠎ᠠ ᠵᠢ ᠲᠣᠭᠲᠠᠭ᠋ᠠᠪᠠ᠃ ᠤᠯᠤᠰ᠎ᠤᠨ ᠳᠥᠷᠪᠡᠳᠦᠭᠡᠷ ᠱᠠᠲᠤᠨ᠎ᠤ ᠮᠠᠰᠢᠨ ᠲᠡᠷᠭᠡᠨ᠎ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠤᠷᠢᠳᠴᠢᠯᠠᠨ ᠬᠡᠷᠡᠭᠯᠡᠭᠡᠨ᠎ᠠᠴᠠ ᠭᠠᠷᠭ᠋ᠠᠬᠤ᠂ ᠤᠯᠤᠰ᠎ᠤᠨ ᠳᠥᠷᠪᠡᠳᠦᠭᠡᠷ ᠱᠠᠲᠤᠨ᠎ᠤ ᠮᠠᠰᠢᠨ ᠲᠡᠷᠭᠡᠨ᠎ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠤᠷᠢᠳᠴᠢᠯᠠᠨ ᠬᠡᠷᠡᠭᠯᠡᠭᠡᠨ᠎ᠠᠴᠠ ᠭᠠᠷᠭ᠋ᠠᠬᠤ ᠪᠥᠭᠡᠳ ᠤᠯᠤᠰ᠎ᠤᠨ ᠵᠢᠷᠭᠤᠳᠤᠭ᠋ᠠᠷ ᠱᠠᠲᠤᠨ᠎ᠤ ᠮᠠᠰᠢᠨ ᠲᠡᠷᠭᠡᠨ᠎ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠨ ᠪᠠᠷᠠᠭ᠋ᠠᠨ᠎ᠤ ᠲᠡᠷᠭᠡ ᠪᠤᠶᠤ ᠰᠢᠨ᠎ᠡ ᠡᠨᠧᠷᠭᠢ ᠵᠢᠨ ᠪᠠᠷᠠᠭ᠋ᠠᠨ᠎ᠤ ᠲᠡᠷᠭᠡ ᠵᠢ ᠰᠢᠨ᠎ᠡ᠎ᠪᠠᠷ ᠬᠤᠳᠠᠯᠳᠤᠨ ᠠᠪᠤᠭᠰᠠᠨ᠂ ᠵᠥᠪᠬᠡᠨ ᠨᠥᠬᠥᠴᠡᠯ᠎ᠳᠤ ᠨᠡᠢ᠌ᠴᠡᠬᠦ ᠰᠢᠨ᠎ᠡ ᠡᠨᠧᠷᠭᠢ ᠵᠢᠨ ᠪᠠᠷᠠᠭ᠋ᠠᠨ᠎ᠤ ᠲᠡᠷᠭᠡ ᠵᠢ ᠰᠢᠨ᠎ᠡ᠎ᠪᠠᠷ ᠬᠤᠳᠠᠯᠳᠤᠨ ᠠᠪᠤᠭᠰᠠᠨ᠂ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡᠨ᠎ᠤ ᠲᠥᠷᠥᠯ ᠬᠡᠯᠪᠡᠷᠢ᠂ ᠬᠡᠷᠡᠭᠯᠡᠭᠡᠨ᠎ᠠᠴᠠ ᠭᠠᠷᠭ᠋ᠠᠬᠤ ᠴᠠᠭ ᠬᠤᠭᠤᠴᠠᠭ᠎ᠠ ᠪᠠ ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠵᠢᠨ ᠬᠥᠳᠡᠯᠭᠡᠬᠦ ᠬᠦᠴᠦᠨ᠎ᠤ ᠲᠥᠷᠥᠯ ᠬᠡᠯᠪᠡᠷᠢ ᠵᠡᠷᠭᠡ ᠵᠢᠨ ᠶᠣᠰᠣᠭ᠋ᠠᠷ᠂ ᠵᠦᠷᠢᠶᠡᠴᠢᠯᠡᠭᠰᠡᠨ ᠨᠥᠬᠥᠪᠥᠷᠢ ᠵᠢᠨ ᠪᠠᠷᠢᠮᠵᠢᠶ᠎ᠠ ᠵᠢ ᠬᠡᠷᠡᠭᠵᠢᠭᠦᠯᠦᠨ᠎ᠡ᠃
    ᠭᠤᠷᠪᠠ᠎ᠳᠤ᠂ ᠨᠥᠬᠥᠪᠥᠷᠢ ᠭᠤᠶᠤᠴᠢᠯᠠᠬᠤ᠂ ᠬᠢᠨᠠᠨ ᠬᠠᠷᠭᠤᠭᠤᠯᠬᠤ ᠪᠠ ᠣᠯᠭᠣᠬᠤ ᠲᠠᠰ ᠳᠠᠷᠠᠭ᠋ᠠᠯᠠᠯ᠎ᠢ ᠨᠠᠷᠢᠯᠢᠭᠵᠢᠭᠤᠯᠪᠠ᠃ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠥᠮᠴᠢᠯᠡᠭᠴᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠢ᠌ᠭ᠎ᠠ ᠬᠤᠭᠤᠴᠠᠭ᠋ᠠᠨ ᠳᠣᠲᠣᠷ᠎ᠠ ᠪᠠᠢ᠌ᠭ᠎ᠠ ᠠᠢ᠌ᠮᠠᠭ ᠬᠣᠲᠠ ᠵᠢᠨ ᠵᠶ᠋ᠠᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ 《ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠥᠷᠢ ᠪᠡᠯᠡ ᠮᠥᠩᠭᠥ ᠵᠢᠨ ᠭᠤᠶᠤᠴᠢᠯᠠᠯ᠎ᠤᠨ ᠬᠦᠰᠦᠨᠦᠭᠲᠦ》 (ᠳᠠᠭ᠋ᠠᠯᠳᠤᠭᠤᠯᠤᠯ) ᠵᠢ ᠲᠠᠭᠯᠠᠨ ᠮᠡᠳᠡᠭᠦᠯᠬᠦ ᠵᠢᠨ ᠬᠠᠮᠲᠤ ᠭᠡᠷᠡᠴᠢ ᠮᠠᠲ᠋ᠧᠷᠢᠶᠠᠯ᠎ᠤᠨ ᠬᠠᠭᠤᠯᠪᠤᠷᠢ ᠪᠤᠶᠤ ᠰᠢᠷᠪᠢᠭᠰᠡᠨ ᠮᠠᠲ᠋ᠧᠷᠢᠶᠠᠯ ᠵᠶ᠋ᠠᠨ ᠱᠠᠭ᠋ᠠᠷᠳᠠᠯᠭ᠎ᠠ ᠶᠣᠰᠣ᠎ᠪᠠᠷ ᠲᠤᠰᠢᠶᠠᠬᠤ ᠬᠡᠷᠡᠭᠲᠡᠶ; ᠡᠰᠡᠬᠦᠯ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠥᠷᠢ ᠭᠤᠶᠤᠴᠢᠯᠠᠨ ᠠᠪᠬᠤ ᠲᠠᠪᠴᠠᠩ》 ᠵᠶ᠋ᠠᠷ ᠳᠠᠮᠵᠢᠭᠤᠯᠤᠨ ᠰᠦᠯᠵᠢᠶᠡᠨ ᠳᠡᠭᠡᠷ᠎ᠡ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠬᠦ ᠪᠠ ᠨᠥᠬᠥᠪᠥᠷᠢ ᠭᠤᠶᠤᠴᠢᠯᠠᠨ ᠠᠪᠤᠨ᠎ᠠ᠃
    ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠳ ᠬᠡᠷᠡᠭᠯᠡᠨ᠎ᠠᠴᠠ ᠭᠠᠷᠭ᠋ᠠᠭᠰᠠᠨ ᠲᠡᠷᠭᠡ ᠬᠥᠰᠬᠡ ᠵᠢᠨ 《ᠵᠠᠮ ᠲᠡᠭᠡᠭᠡᠪᠦᠷᠢ ᠵᠢᠨ ᠦᠨᠡᠮᠯᠡᠯ》᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠬᠡᠷᠡᠭᠯᠡᠨ᠎ᠠᠴᠠ ᠭᠠᠷᠭ᠋ᠠᠭᠰᠠᠨ ᠲᠡᠷᠭᠡ ᠬᠥᠰᠬᠡ ᠵᠢᠨ 《ᠬᠡᠷᠡᠭᠯᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠬᠤ ᠭᠡᠷᠡᠴᠢ》 ᠵᠢᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠵᠢ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠬᠡᠷᠡᠭᠯᠡᠨ᠎ᠠᠴᠠ ᠭᠠᠷᠭ᠋ᠠᠭᠰᠠᠨ ᠲᠡᠷᠭᠡ ᠬᠥᠰᠬᠡ ᠵᠢᠨ 《ᠮᠠᠰᠢᠨ ᠲᠡᠷᠭᠡ ᠵᠢ ᠬᠦᠴᠦᠨ ᠦᠭᠡᠶ ᠪᠣᠯᠭ᠋ᠠᠭᠰᠠᠨ ᠭᠡᠷᠡᠴᠢ》᠂ 《ᠮᠠᠰᠢᠨ ᠲᠡᠷᠭᠡ ᠵᠢᠨ ᠵᠠᠮᠨᠠᠬᠤ ᠦᠨᠡᠮᠯᠡᠯ》᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠵᠢ ᠬᠠᠷᠢᠭᠤᠴᠠᠬᠤ ᠵᠢᠨ ᠬᠠᠮᠲᠤ ᠭᠤᠶᠤᠴᠢᠯᠠᠯ᠎ᠢ ᠬᠦᠯᠢᠶᠡᠨ ᠠᠪᠤᠭᠰᠠᠨ᠎ᠤ ᠳᠠᠷᠠᠭ᠎ᠠ 10 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠬᠤ ᠵᠢ ᠪᠡᠶᠡᠯᠡᠭᠦᠯᠬᠦ ᠬᠡᠷᠡᠭᠲᠡᠶ᠃
    ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠠᠷ᠎ᠠ ᠪᠦᠷᠢ ᠨᠥᠬᠥᠴᠡᠯ᠎ᠳᠤ ᠨᠡᠢ᠌ᠴᠡᠬᠦ ᠭᠤᠶᠤᠴᠢᠯᠠᠯ᠎ᠤᠨ ᠮᠡᠳᠡᠭᠡ ᠵᠠᠩᠭᠢ ᠵᠢ ᠬᠤᠷᠢᠶᠠᠩᠭᠤᠢ᠌ᠯᠠᠵᠤ᠂ ᠪᠡᠯᠡ ᠮᠥᠩᠭᠥ ᠵᠢᠨ ᠵᠣᠭᠣᠰᠣᠨ ᠲᠣᠭ᠎ᠠ᠎ᠪᠠᠨ ᠳᠤᠷᠠᠳᠬᠤ ᠵᠢᠨ ᠬᠠᠮᠲᠤ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠡᠯᠡ ᠮᠥᠩᠭᠥ ᠰᠢᠯᠵᠢᠭᠦᠯᠦᠨ ᠥᠭᠬᠦ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ; ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠤᠷᠠᠳᠤᠭᠰᠠᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠣᠯᠤᠨ ᠪᠡᠯᠡ ᠮᠥᠩᠭᠥ ᠲᠣᠬᠢᠷᠠᠭᠤᠯᠬᠤ ᠰᠠᠨᠠᠭᠤᠯᠭ᠎ᠠ ᠵᠢ ᠦᠨᠳᠦᠰᠦᠯᠡᠨ᠂ ᠬᠠᠮᠢᠶ᠎ᠠ ᠪᠦᠬᠦᠢ ᠲᠣᠭᠲᠠᠭ᠋ᠠᠯ ᠶᠣᠰᠣ᠎ᠪᠠᠷ ᠪᠡᠯᠡ ᠮᠥᠩᠭᠥ ᠪᠠᠭᠤᠯᠭ᠋ᠠᠨ ᠥᠭᠭᠦᠨ᠎ᠡ᠃
    ᠳᠥᠷᠪᠡ᠎ᠳᠤ᠂ ᠰᠤᠭᠤᠴᠢᠨ ᠪᠠᠢ᠌ᠴᠠᠭ᠋ᠠᠵᠤ ᠬᠢᠨᠠᠨ ᠵᠢᠯᠣᠭᠣᠳᠬᠤ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠨᠥᠬᠥᠪᠥᠷᠢ ᠵᠢᠨ ᠪᠠᠯᠠ ᠮᠥᠩᠭᠥ ᠵᠢᠨ ᠲᠣᠬᠢᠷᠠᠭᠤᠯᠤᠯᠲᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠨᠢᠭᠲᠠ ᠮᠥᠷᠳᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠰᠤᠭᠤᠴᠢᠨ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠳᠠᠭ᠎ᠠ ᠪᠦᠷᠢ ᠵᠢᠨ ᠰᠤᠭᠤᠴᠢᠨ ᠪᠠᠢ᠌ᠴᠠᠭ᠋ᠠᠬᠤ ᠬᠠᠷᠢᠴᠠᠯ᠎ᠢ 5%᠎ᠠᠴᠠ ᠳᠣᠤᠷ᠎ᠠ ᠪᠠᠢ᠌ᠯᠭ᠋ᠠᠵᠤ ᠪᠣᠯᠬᠤ ᠥᠬᠡᠶ᠃
     2024 ᠣᠨ ᠬᠢᠭᠡᠳ 2025 ᠣᠨ᠎ᠤ ᠲᠥᠷᠥ ᠵᠢᠨ ᠪᠣᠳᠣᠯᠭ᠎ᠠ ᠵᠢᠨ ᠬᠠᠷᠢᠴᠠᠭᠤᠯᠤᠯ᠄
     2025 ᠣᠨ᠎ᠳᠤ ᠭᠣᠤᠯᠳᠠᠭᠤ 《ᠨᠢᠭᠡ ᠵᠢ ᠬᠤᠪᠢᠷᠠᠭᠤᠯᠬᠤ ᠥᠬᠡᠶ᠂ ᠭᠤᠷᠪᠠ᠎ᠳᠤ ᠲᠣᠬᠢᠷᠠᠭᠤᠯᠤᠯᠲᠠ ᠬᠢᠵᠦ᠂ ᠨᠢᠭᠡ ᠵᠢ ᠰᠢᠨ᠎ᠡ᠎ᠪᠠᠷ ᠨᠡᠮᠡᠭᠳᠡᠭᠦᠯᠪᠡ》᠃ 《ᠨᠢᠭᠡ ᠵᠢ ᠬᠤᠪᠢᠷᠠᠭᠤᠯᠬᠤ ᠦᠭᠡᠢ》 ᠭᠡᠳᠡᠭ᠎ᠨᠢ ᠳᠠᠷᠤᠢ ᠨᠥᠬᠥᠪᠥᠷᠢ ᠵᠢᠨ ᠪᠠᠷᠢᠮᠵᠢᠶ᠎ᠠ ᠵᠢ ᠨᠢᠳᠤᠨᠤᠨ᠎ᠤ᠎ᠬᠢ᠎ᠲᠠᠢ ᠨᠢᠭᠡᠳᠦᠯᠲᠡᠢ ᠪᠠᠢ᠌ᠯᠭ᠋ᠠᠨ᠎ᠠ᠃ 《ᠭᠤᠷᠪᠠ᠎ᠳᠤ ᠲᠣᠬᠢᠷᠠᠭᠤᠯᠤᠯᠲᠠ ᠬᠢᠬᠦ》᠄ ᠨᠢᠭᠡ᠎ᠳᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ᠎ᠨᠢ ᠣᠷᠳᠣ ᠪᠣᠯᠪᠠ᠃ ᠨᠢᠳᠤᠨᠤᠨ᠎ᠤ 5 ᠰᠠᠷ᠎ᠠ᠎ᠠᠴᠠ ᠡᠨᠡ ᠵᠢᠯ᠎ᠤᠨ 12 ᠰᠠᠷ᠎ᠠ ᠪᠣᠯᠭ᠋ᠠᠨ ᠲᠣᠬᠢᠷᠠᠭᠤᠯᠪᠠ; ᠬᠣᠶᠠᠷ᠎ᠲᠤ ᠨᠥᠬᠥᠪᠥᠷᠢ ᠥᠭᠬᠦ ᠬᠡᠪᠴᠢᠶ᠎ᠡ ᠵᠢ ᠥᠷᠭᠡᠳᠬᠡᠪᠡ᠃ ᠨᠢᠳᠤᠨᠤᠨ ᠪᠣᠯ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡᠨ᠎ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠪᠠᠢ᠌ᠵᠤ᠂ ᠡᠨᠡ ᠵᠢᠯ ᠤᠯᠤᠰ᠎ᠤᠨ ᠳᠥᠷᠪᠡᠳᠦᠭᠡᠷ ᠱᠠᠲᠤᠨ᠎ᠤ ᠮᠠᠰᠢᠨ ᠲᠡᠷᠭᠡᠨ᠎ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠣᠷᠣᠭᠤᠯᠤᠭᠰᠠᠨ ᠪᠥᠭᠡᠳ ᠬᠡᠷᠡᠭᠯᠡᠭᠡᠨ᠎ᠠᠴᠠ ᠭᠠᠷᠭ᠋ᠠᠵᠤ ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡᠨ᠎ᠤ ᠬᠡᠯᠪᠡᠷᠢ ᠵᠢ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡᠨ᠎ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠪᠤᠶᠤ ᠰᠢᠨ᠎ᠡ ᠡᠨᠧᠷᠭᠢ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠪᠣᠯᠭ᠋ᠠᠨ ᠲᠣᠬᠢᠷᠠᠭᠤᠯᠪᠠ; ᠭᠤᠷᠪᠠ᠎ᠳᠤ ᠮᠠᠲ᠋ᠧᠷᠢᠶᠠᠯ᠎ᠢ ᠬᠢᠨᠠᠨ ᠬᠠᠷᠭᠤᠭᠤᠯᠬᠤ ᠴᠠᠭ᠎ᠢ ᠪᠣᠭᠣᠨᠢᠰᠬᠠᠪᠠ᠃ ᠨᠢᠳᠤᠨᠤᠨ ᠵᠠᠮ ᠬᠠᠷᠢᠯᠴᠠᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠮᠲᠤᠷᠠᠨ ᠬᠢᠨᠠᠨ ᠬᠠᠷᠭᠤᠭᠤᠯᠬᠤ ᠮᠠᠲ᠋ᠧᠷᠢᠶᠠᠯ᠎ᠤᠨ ᠴᠠᠭ᠎ᠨᠢ 15 ᠠᠵᠢᠯᠯᠠᠬᠤ ᠡᠳᠦᠷ ᠪᠠᠢ᠌ᠵᠤ᠂ ᠡᠨᠡ ᠵᠢᠯ 10 ᠠᠵᠢᠯᠯᠠᠬᠤ ᠡᠳᠦᠷ ᠪᠣᠯᠭ᠋ᠠᠨ ᠲᠣᠬᠢᠷᠠᠭᠤᠯᠪᠠ᠃ 《ᠨᠢᠭᠡ ᠰᠢᠨ᠎ᠡ᠎ᠪᠠᠷ ᠨᠡᠮᠡᠭᠳᠡᠭᠰᠡᠨ》 ᠭᠡᠳᠡᠭ᠎ᠨᠢ ᠳᠠᠷᠤᠶ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠤᠷᠢᠳᠴᠢᠯᠠᠨ ᠬᠡᠷᠡᠭᠯᠡᠭᠡᠨ᠎ᠠᠴᠠ ᠭᠠᠷᠭ᠋ᠠᠭᠰᠠᠨ ᠴᠠᠭ᠎ᠨᠢ 1 ᠵᠢᠯ ᠬᠦᠷᠬᠦ ᠦᠭᠡᠶ ᠪᠣᠯ ᠬᠡᠷᠡᠭᠯᠡᠭᠡᠨ᠎ᠠᠴᠠ ᠭᠠᠷᠭ᠋ᠠᠬᠤ ᠨᠥᠬᠥᠪᠥᠷᠢ ᠭᠤᠶᠤᠴᠢᠯᠠᠵᠤ ᠪᠣᠯᠬᠤ ᠦᠭᠡᠶ᠂ ᠭᠡᠬᠦ᠎ᠳᠡᠭᠡᠨ ᠰᠢᠨ᠎ᠡ᠎ᠪᠠᠷ ᠬᠤᠳᠠᠯᠳᠤᠨ ᠠᠪᠤᠭᠰᠠᠨ ᠪᠠᠷᠠᠭ᠋ᠠᠨ᠎ᠤ ᠲᠡᠷᠭᠡ ᠵᠢᠨ ᠨᠥᠬᠥᠪᠥᠷᠢ ᠵᠢ ᠭᠤᠶᠤᠴᠢᠯᠠᠵᠤ ᠪᠣᠯᠤᠨ᠎ᠠ᠃


ᠲᠦᠷᠦ ᠵᠢᠨ ᠪᠣᠳᠤᠯᠭ᠎ᠠ ᠵᠢᠨ ᠪᠢᠴᠢᠭ ᠮᠠᠲᠸᠷᠢᠶᠠᠯ
     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ  ᠡᠳ᠋᠎ᠤᠨ ᠵᠠᠰᠠᠭ᠎ᠤᠨ ᠲᠢᠩᠬᠢᠮ  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠮᠡᠳᠡᠭᠳᠡᠯ
   

 

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠨᠢᠭᠡ ᠵᠢᠷᠤᠭ ᠵᠶ᠋ᠠᠷ ᠣᠢ᠌ᠯᠠᠭ᠋ᠠᠬᠤᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠬᠡᠷᠡᠭᠵᠢᠭᠦᠯᠬᠦ ᠨᠠᠷᠢᠨ ᠲᠦᠷᠢᠮ》
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠨᠥᠬᠥᠪᠥᠷᠢ ᠵᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠨᠥᠬᠥᠪᠥᠷᠢ ᠵᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠰᠠᠮᠠᠯ ᠵᠠᠮ᠎ᠤᠨ ᠲᠣᠪᠴᠢᠶᠠᠨ᠎ᠤ ᠲᠣᠪᠴᠢᠶᠠᠨ ᠳᠠᠷᠤᠭ᠎ᠠ ᠦ᠋ ᠳ᠋ᠧ ᠵᠢᠨ 《ᠬᠥᠳᠡᠭᠡ ᠲᠤᠰᠬᠤᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠳᠤ ᠲᠠᠶ᠋ᠢᠯᠤᠮᠵᠢ ᠬᠢᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            