《ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠠᠰᠠᠮᠠᠯ ᠵᠠᠮ ᠵᠶ᠋ᠠᠷ ᠶᠠᠪᠤᠭᠤᠯᠬᠤ ᠬᠠᠮᠢᠶᠠᠷᠤᠯᠲᠠ ᠵᠢᠨ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2016 ᠣᠨ᠎ᠤ 62 ᠳ᠋ᠤᠭ᠋ᠠᠷ ᠲᠣᠭ᠋ᠠᠲᠤ)᠎ᠤᠨ ᠳᠥᠴᠢᠨ ᠭᠤᠷᠪᠠᠳᠤᠭ᠋ᠠᠷ ᠵᠦᠢᠯ᠎ᠤᠨ ᠲᠣᠭᠲᠠᠭ᠋ᠠᠯ᠄
ᠲᠡᠷᠭᠡ ᠬᠥᠰᠬᠡ ᠬᠠᠤᠯᠢ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠪᠣᠯ ᠵᠠᠰᠠᠮᠠᠯ ᠵᠠᠮ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠢ᠌ᠳᠠᠯ ᠪᠣᠯᠤᠨ ᠬᠥᠨᠥᠭᠡᠯ᠎ᠤᠨ ᠬᠡᠮᠵᠢᠶ᠎ᠡ ᠵᠢ ᠦᠨᠳᠦᠰᠦᠯᠡᠨ ᠳᠣᠣᠷᠠᠬᠢ ᠲᠣᠭᠲᠠᠭ᠋ᠠᠯ ᠵᠶ᠋ᠠᠷ ᠰᠢᠢ᠍ᠳᠬᠡᠨ᠎ᠡ᠄
(ᠨᠢᠭᠡ) ᠲᠡᠷᠭᠡ ᠪᠠᠷᠠᠭ᠎ᠠ ᠵᠢᠨ ᠶᠡᠷᠦᠩᠬᠡᠶ ᠥᠨᠳᠥᠷ᠎ᠤᠨ ᠬᠡᠮᠵᠢᠶ᠎ᠡ ᠵᠢ ᠭᠠᠵᠠᠷ᠎ᠤᠨ ᠭᠠᠳᠠᠷᠭᠤ᠎ᠠᠴᠠ ᠡᠬᠢᠯᠡᠵᠦ ᠪᠣᠳᠣᠭ᠋ᠠᠳ 4.2 ᠮᠧᠲᠷ᠎ᠠᠴᠠ ᠬᠡᠲᠦᠷᠡᠬᠦ ᠦᠭᠡᠢ᠂ ᠶᠡᠷᠦᠩᠬᠡᠶ ᠥᠷᠭᠡᠨᠤ ᠬᠡᠮᠵᠢᠶ᠎ᠡ᠎ᠨᠢ 3 ᠮᠧᠲᠷ᠎ᠠᠴᠠ ᠬᠡᠲᠦᠷᠡᠬᠦ ᠦᠭᠡᠢ ᠮᠥᠷᠲᠡᠭᠡᠨ ᠶᠡᠷᠦᠩᠬᠡᠶ ᠤᠷᠲᠤ ᠵᠢᠨ ᠬᠡᠮᠵᠢᠶ᠎ᠡ᠎ᠨᠢ 20 ᠮᠧᠲᠷ᠎ᠠᠴᠠ ᠬᠡᠲᠦᠷᠡᠭᠰᠡᠨ ᠦᠭᠡᠢ ᠵᠢ᠎ᠨᠢ 200 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠲᠡᠷᠭᠡ ᠪᠠᠷᠠᠭ᠎ᠠ ᠵᠢᠨ ᠶᠡᠷᠦᠩᠬᠡᠶ ᠥᠨᠳᠥᠷ᠎ᠤᠨ ᠬᠡᠮᠵᠢᠶ᠎ᠡ ᠵᠢ ᠭᠠᠵᠠᠷ᠎ᠤᠨ ᠭᠠᠳᠠᠷᠭᠤ᠎ᠠᠴᠠ ᠡᠬᠢᠯᠡᠵᠦ ᠪᠣᠳᠣᠭ᠋ᠠᠳ 4.5 ᠮᠧᠲᠷ᠎ᠠᠴᠠ ᠬᠡᠲᠦᠷᠡᠬᠦ ᠦᠭᠡᠢ᠂ ᠶᠡᠷᠦᠩᠬᠡᠶ ᠥᠷᠭᠡᠨᠤ ᠬᠡᠮᠵᠢᠶ᠎ᠡ᠎ᠨᠢ 3.75 ᠮᠧᠲᠷ᠎ᠠᠴᠠ ᠬᠡᠲᠦᠷᠡᠬᠦ ᠦᠭᠡᠢ ᠮᠥᠷᠲᠡᠭᠡᠨ ᠶᠡᠷᠦᠩᠬᠡᠶ ᠤᠷᠲᠤ ᠵᠢᠨ ᠬᠡᠮᠵᠢᠶ᠎ᠡ᠎ᠨᠢ 28 ᠮᠧᠲᠷ᠎ᠠᠴᠠ ᠬᠡᠲᠦᠷᠡᠭᠰᠡᠨ ᠦᠭᠡᠢ ᠵᠢ᠎ᠨᠢ 200 ᠲᠥᠭᠥᠷᠢᠭ᠎ᠠᠴᠠ ᠳᠡᠭᠡᠭᠰᠢ 1000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠲᠡᠷᠭᠡ ᠪᠠᠷᠠᠭ᠎ᠠ ᠵᠢᠨ ᠶᠡᠷᠦᠩᠬᠡᠶ ᠥᠨᠳᠥᠷ᠎ᠤᠨ ᠬᠡᠮᠵᠢᠶ᠎ᠡ ᠵᠢ ᠭᠠᠵᠠᠷ᠎ᠤᠨ ᠭᠠᠳᠠᠷᠭᠤ᠎ᠠᠴᠠ ᠡᠬᠢᠯᠡᠵᠦ ᠪᠣᠳᠣᠭ᠋ᠠᠳ 4.5 ᠮᠧᠲᠷ᠎ᠠᠴᠠ ᠬᠡᠲᠦᠷᠡᠵᠦ᠂ ᠶᠡᠷᠦᠩᠬᠡᠶ ᠥᠷᠭᠡᠨᠤ ᠬᠡᠮᠵᠢᠶ᠎ᠡ᠎ᠨᠢ 3.75 ᠮᠧᠲᠷ᠎ᠠᠴᠠ ᠬᠡᠲᠦᠷᠡᠭᠰᠡᠨ ᠪᠤᠶᠤ ᠶᠡᠷᠦᠩᠬᠡᠶ ᠤᠷᠲᠤ ᠵᠢᠨ ᠬᠡᠮᠵᠢᠶ᠎ᠡ᠎ᠨᠢ 28 ᠮᠧᠲᠷ᠎ᠠᠴᠠ ᠬᠡᠲᠦᠷᠡᠭᠰᠡᠨ ᠪᠣᠯ 1000 ᠲᠥᠭᠥᠷᠢᠭ᠎ᠠᠴᠠ ᠳᠡᠭᠡᠭᠰᠢ 3000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ;
(ᠬᠣᠶᠠᠷ) ᠲᠡᠷᠭᠡ ᠪᠠᠷᠠᠭ᠎ᠠ ᠵᠢᠨ ᠶᠡᠷᠦᠩᠬᠡᠶ ᠮᠠᠰ᠎ᠨᠢ ᠲᠤᠰ ᠲᠣᠭᠲᠠᠭ᠋ᠠᠯ᠎ᠤᠨ ᠭᠤᠷᠪᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠳᠥᠷᠪᠡᠳᠦᠭᠡᠷ ᠵᠦᠢ᠍ᠯ᠎ᠠᠴᠠ ᠨᠠᠢᠮᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠢᠵᠠᠭ᠋ᠠᠷᠯᠠᠭᠰᠠᠨ ᠪᠠᠷᠢᠮᠵᠢᠶ᠎ᠠ᠎ᠠᠴᠠ ᠬᠡᠲᠦᠷᠡᠭᠰᠡᠨ ᠪᠣᠯᠪᠠᠴᠤ 1000 ᠺᠢᠯᠣᠭ᠌ᠷᠠᠮ᠎ᠠᠴᠠ ᠬᠡᠲᠦᠷᠡᠭᠰᠡᠨ ᠦᠭᠡᠢ ᠪᠣᠯ ᠰᠡᠷᠡᠮᠵᠢ ᠥᠭᠭᠦᠨ᠎ᠡ; 1000 ᠺᠢᠯᠣᠭ᠌ᠷᠠᠮ᠎ᠠᠴᠠ ᠬᠡᠲᠦᠷᠡᠭᠰᠡᠨ ᠪᠠᠢ᠌ᠪᠠᠯ᠂ 1000 ᠺᠢᠯᠣᠭ᠌ᠷᠠᠮ ᠬᠡᠲᠦᠷᠡᠬᠦ ᠪᠦᠷᠢ 500 ᠲᠥᠭᠥᠷᠢᠭ ᠵᠶ᠋ᠡᠷ ᠲᠣᠷᠭ᠋ᠠᠨ᠎ᠠ᠂ ᠬᠠᠮᠤᠭ ᠥᠨᠳᠥᠷ ᠲᠤ᠎ᠪᠠᠨ 30000 ᠲᠥᠭᠥᠷᠢᠭ᠎ᠠᠴᠠ ᠬᠡᠲᠦᠷᠡᠭᠦᠯᠵᠦ ᠪᠣᠯᠬᠤ ᠦᠭᠡᠢ᠃
ᠡᠮᠦᠨᠡᠬᠢ ᠵᠤᠷᠪᠤᠰ᠎ᠲᠤ ᠵᠢᠭᠰᠠᠭ᠋ᠠᠭᠰᠠᠨ ᠬᠠᠤᠯᠢ᠎ᠠᠴᠠ ᠵᠥᠷᠢᠴᠡᠭᠰᠡᠨ ᠣᠯᠠᠨ ᠵᠦᠢ᠍ᠯ᠎ᠤᠨ ᠦᠢ᠍ᠯᠡ ᠠᠵᠢᠯᠯᠠᠭ᠎ᠠ᠎ᠲᠠᠢ ᠪᠠᠢ᠌ᠪᠠᠯ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠲᠣᠷᠭ᠋ᠠᠬᠤ ᠵᠣᠭᠣᠰ᠎ᠤᠨ ᠲᠣᠭ᠎ᠠ ᠵᠢ ᠨᠡᠢ᠌ᠯᠡᠭᠦᠯᠦᠨ ᠪᠣᠳᠣᠨ᠎ᠠ᠂ ᠭᠡᠪᠡᠴᠦ ᠲᠣᠷᠭ᠋ᠠᠬᠤ ᠵᠣᠭᠣᠰ᠎ᠤᠨ ᠨᠡᠢ᠌ᠲᠡ ᠲᠣᠭ᠎ᠠ ᠵᠢ ᠬᠠᠮᠤᠭ᠎ᠤᠨ ᠥᠨᠳᠥᠷ᠎ᠲᠤ᠎ᠪᠠᠨ 30000 ᠲᠥᠭᠥᠷᠢᠭ᠎ᠠᠴᠠ ᠬᠡᠲᠦᠷᠡᠭᠦᠯᠵᠦ ᠪᠣᠯᠬᠤ ᠦᠭᠡᠶ᠃