《ᠮᠠᠰᠢᠨ ᠲᠡᠷᠭᠡ᠂ ᠴᠢᠷᠦᠭᠦᠯ ᠲᠡᠷᠭᠡ ᠵᠢᠴᠢ ᠮᠠᠰᠢᠨ ᠲᠡᠷᠭᠡᠨ᠎ᠤ ᠴᠣᠪᠤᠭ᠎ᠠ ᠲᠡᠷᠭᠡ ᠵᠢᠨ ᠭᠠᠳᠠᠷ ᠬᠥᠪᠡᠭᠡ ᠵᠢᠨ ᠬᠡᠮᠵᠢᠶ᠎ᠡ᠂ ᠲᠡᠩᠭᠡᠯᠢᠭ᠎ᠤᠨ ᠳᠠᠭ᠋ᠠᠭ᠋ᠠᠴᠠ ᠵᠢᠴᠢ ᠮᠠᠰ᠎ᠤᠨ ᠬᠢᠵᠠᠭ᠋ᠠᠷᠯᠠᠯ》 (GB158-2016) ᠪᠠ 《ᠬᠡᠮᠵᠢᠶ᠎ᠡ᠎ᠠᠴᠠ ᠬᠡᠲᠦᠷᠡᠭᠦᠯᠦᠭᠰᠡᠨ ᠲᠡᠭᠡᠭᠡᠪᠦᠷᠢ ᠵᠢᠨ ᠲᠡᠷᠭᠡ ᠵᠠᠰᠠᠮᠠᠯ ᠵᠠᠮ ᠵᠶ᠋ᠠᠷ ᠶᠠᠪᠤᠬᠤ ᠬᠠᠮᠢᠶᠠᠷᠤᠯᠲᠠ ᠵᠢᠨ ᠲᠣᠭᠲᠠᠭ᠋ᠠᠯ》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠭᠠᠯ ᠤᠨᠲᠠᠷᠠᠭ᠋ᠠᠬᠤ ᠲᠡᠷᠭᠡ᠂ ᠰᠠᠭ᠋ᠠᠳ᠎ᠢ ᠠᠷᠢᠯᠭ᠋ᠠᠬᠤ ᠲᠡᠷᠭᠡ᠂ ᠪᠧᠲ᠋ᠤᠨ ᠬᠥᠭᠡᠷᠭᠡ ᠵᠢᠨ ᠲᠡᠷᠭᠡ᠂ ᠲᠣᠰᠣᠨ ᠠᠭᠤᠷᠬᠠᠢ ᠵᠢᠨ ᠲᠤᠰᠬᠠᠢ ᠠᠵᠢᠯᠯᠠᠬᠤ ᠲᠡᠷᠭᠡ᠂ ᠮᠠᠰᠢᠨ ᠲᠡᠷᠭᠡᠨ᠎ᠤ ᠡᠷᠭᠦᠭᠦᠷ ᠮᠠᠰᠢᠨ ᠵᠡᠷᠭᠡ ᠲᠤᠰᠬᠠᠢ ᠠᠵᠢᠯᠯᠠᠬᠤ ᠲᠡᠷᠭᠡ᠂ ᠡᠯ᠎ᠡ ᠲᠡᠩᠭᠡᠯᠢᠭ᠎ᠤᠨ ᠬᠠᠮᠤᠭ᠎ᠤᠨ ᠶᠡᠭᠡ ᠵᠥᠪᠰᠢᠶᠡᠷᠡᠬᠦ ᠲᠡᠩᠭᠡᠯᠢᠭ᠎ᠤᠨ ᠳᠠᠭ᠋ᠠᠭ᠋ᠠᠴᠠ ᠵᠢ 13000kg᠎ᠠᠴᠠ ᠬᠡᠲᠦᠷᠡᠭᠦᠯᠵᠦ ᠪᠣᠯᠬᠤ ᠦᠭᠡᠢ᠂ ᠬᠠᠮᠤᠭ᠎ᠤᠨ ᠶᠡᠭᠡ ᠵᠥᠪᠰᠢᠶᠡᠷᠡᠬᠦ ᠶᠡᠷᠦᠩᠬᠡᠢ ᠮᠠᠰᠢ 55000kg᠎ᠠᠴᠠ ᠬᠡᠲᠦᠷᠡᠭᠦᠯᠵᠦ ᠪᠣᠯᠬᠤ ᠦᠭᠡᠢ᠃ ᠳᠡᠭᠡᠷ᠎ᠡ ᠳᠤᠷᠠᠳᠤᠭᠰᠠᠨ ᠲᠣᠭᠲᠠᠭ᠋ᠠᠯ᠎ᠳᠤ ᠨᠡᠶ᠋ᠢᠴᠡᠬᠦ ᠬᠦᠢ᠍ᠲᠡᠨ ᠵᠶ᠋ᠠᠷ ᠬᠠᠳᠠᠭ᠋ᠠᠯᠠᠬᠤ ᠲᠡᠷᠭᠡ᠂ ᠮᠠᠰᠢᠨ ᠲᠡᠷᠭᠡᠨ᠎ᠤ ᠴᠣᠪᠤᠭ᠎ᠠ ᠲᠡᠷᠭᠡ᠂ ᠠᠭ᠋ᠠᠷ᠎ᠤᠨ ᠲᠠᠯᠪᠢᠭᠤᠷ ᠲᠠᠭ᠋ᠠᠷᠠᠭᠤᠯᠤᠭᠰᠠᠨ ᠲᠡᠷᠭᠡ ᠵᠢᠴᠢ ᠲᠤᠰᠬᠠᠶ ᠠᠵᠢᠯᠯᠠᠬᠤ ᠲᠡᠷᠭᠡ ᠵᠢ ᠬᠡᠮᠵᠢᠶ᠎ᠡ᠎ᠠᠴᠠ ᠬᠡᠲᠦᠷᠡᠭᠦᠯᠦᠭᠰᠡᠨ ᠲᠡᠭᠡᠭᠡᠪᠦᠷᠢ ᠵᠢᠨ ᠲᠡᠷᠭᠡ ᠬᠥᠰᠬᠡ ᠭᠡᠵᠦ ᠦᠨᠡᠮᠰᠢᠬᠦ ᠦᠭᠡᠶ᠂ ᠳᠡᠭᠡᠳᠦ ᠬᠤᠷᠳᠤ ᠵᠢᠨ ᠵᠠᠰᠠᠮᠠᠯ ᠵᠠᠮ ᠵᠶ᠋ᠠᠷ ᠬᠠᠤᠯᠢ ᠶᠣᠰᠣᠭ᠋ᠠᠷ ᠨᠡᠪᠲᠡᠷᠡᠵᠦ ᠪᠣᠯᠤᠨ᠎ᠠ᠃