《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠮᠡᠷᠭᠡᠵᠢᠯ᠎ᠤᠨ ᠬᠠᠮᠢᠶᠠᠷᠤᠯᠲᠠ ᠵᠢᠨ ᠲᠣᠭᠲᠠᠭ᠋ᠠᠯ》 (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2019 ᠣᠨ᠎ᠤ 19 ᠳ᠋ᠦ᠍ᠭᠡᠷ ᠲᠣᠭ᠋ᠠᠲᠤ)᠎ᠤᠨ ᠳᠣᠯᠣᠳᠤᠭ᠋ᠠᠷ ᠵᠦᠢᠯ᠎ᠤᠨ ᠲᠣᠭᠲᠠᠭ᠋ᠠᠯ᠎ᠢ ᠦᠨᠳᠦᠰᠦᠯᠡᠪᠡᠯ᠄ ᠵᠠᠮ ᠲᠡᠭᠡᠭᠡᠪᠦᠷᠢ ᠵᠢᠨ ᠡᠵᠡᠩᠨᠡᠯᠲᠡ ᠬᠢᠵᠦ ᠪᠠᠢ᠌ᠭ᠎ᠠ ᠲᠡᠷᠭᠡ ᠬᠥᠰᠬᠡ᠎ᠨᠢ ᠳᠣᠤᠷᠠᠬᠢ ᠮᠡᠲᠦ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠄ (ᠨᠢᠭᠡ) ᠲᠡᠷᠭᠡ ᠬᠥᠰᠬᠡ ᠵᠢᠨ ᠭᠠᠳᠠᠷ ᠬᠦᠪᠡᠭᠡ ᠵᠢᠨ ᠬᠡᠮᠵᠢᠶ᠎ᠡ᠂ ᠲᠡᠩᠭᠡᠯᠢᠭ᠎ᠤᠨ ᠳᠠᠭ᠋ᠠᠭ᠋ᠠᠴᠠ ᠪᠣᠯᠤᠨ ᠬᠠᠮᠤᠭ᠎ᠤᠨ ᠶᠡᠬᠡ ᠵᠥᠪᠰᠢᠶᠡᠷᠡᠭᠰᠡᠨ ᠶᠡᠷᠦᠩᠬᠡᠶ ᠮᠠᠰ᠎ᠨᠢ 《ᠵᠠᠮ᠎ᠤᠨ ᠲᠡᠷᠭᠡ ᠬᠥᠰᠬᠡ ᠵᠢᠨ ᠭᠠᠳᠠᠷ ᠬᠦᠪᠡᠭᠡ ᠵᠢᠨ ᠬᠡᠮᠵᠢᠶ᠎ᠡ᠂ ᠲᠡᠩᠭᠡᠯᠢᠭ᠎ᠤᠨ ᠳᠠᠭ᠋ᠠᠭ᠋ᠠᠴᠠ ᠵᠢᠴᠢ ᠮᠠᠰ᠎ᠤᠨ ᠬᠢᠵᠠᠭ᠋ᠠᠷᠲᠤ ᠬᠡᠮᠵᠢᠭᠳᠡᠯ》 (GB 1589)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ; (ᠬᠣᠶᠠᠷ) ᠲᠡᠷᠭᠡ ᠬᠥᠰᠬᠡ ᠵᠢᠨ ᠮᠡᠷᠭᠡᠵᠢᠯ᠎ᠤᠨ ᠰᠢᠨᠵᠢ ᠴᠢᠳᠠᠯ᠎ᠨᠢ 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠶᠡᠷᠦᠩᠬᠡᠢ᠌ᠯᠡᠭᠰᠡᠨ ᠰᠢᠨᠵᠢ ᠴᠢᠳᠠᠯ᠎ᠤᠨ ᠱᠠᠭ᠋ᠠᠷᠳᠠᠯᠭ᠎ᠠ ᠪᠣᠯᠤᠨ ᠰᠢᠯᠭ᠋ᠠᠨ ᠪᠠᠢ᠌ᠴᠠᠭ᠋ᠠᠬᠤ ᠠᠷᠭ᠎ᠠ》 (GB 18565) ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ; (ᠭᠤᠷᠪᠠ) ᠲᠡᠷᠭᠡᠨ ᠬᠡᠯᠪᠡᠷᠢ ᠵᠢᠨ ᠲᠦᠯᠡᠰᠢᠨᠤ ᠬᠣᠷᠣᠭᠳᠠᠯ᠎ᠤᠨ ᠬᠡᠮᠵᠢᠶ᠎ᠡ ᠵᠢᠨ ᠬᠢᠵᠠᠭ᠋ᠠᠷᠲᠤ ᠬᠡᠮᠵᠢᠭᠳᠡᠯ᠎ᠨᠢ 《ᠲᠡᠭᠡᠭᠡᠪᠦᠷᠢ ᠡᠵᠡᠩᠨᠡᠵᠦ ᠪᠠᠢ᠌ᠭ᠎ᠠ ᠠᠶᠠᠨᠴᠢᠳ᠎ᠤᠨ ᠲᠡᠷᠭᠡ ᠵᠢᠨ ᠲᠦᠯᠡᠰᠢᠨᠤ ᠬᠣᠷᠣᠭᠳᠠᠯ᠎ᠤᠨ ᠬᠡᠮᠵᠢᠶ᠎ᠡ ᠵᠢᠨ ᠬᠢᠵᠠᠭ᠋ᠠᠷᠲᠤ ᠬᠡᠮᠵᠢᠭᠳᠡᠯ ᠵᠢᠴᠢ ᠬᠡᠮᠵᠢᠬᠦ ᠠᠷᠭ᠎ᠠ》 (JT 711)᠂ 《ᠲᠡᠭᠡᠭᠡᠪᠦᠷᠢ ᠡᠵᠡᠩᠨᠡᠵᠦ ᠪᠠᠢ᠌ᠭ᠎ᠠ ᠪᠠᠷᠠᠭ᠋ᠠᠨ᠎ᠤ ᠲᠡᠷᠭᠡ ᠵᠢᠨ ᠲᠦᠯᠡᠰᠢᠨᠤ ᠬᠣᠷᠣᠭᠳᠠᠯ᠎ᠤᠨ ᠬᠡᠮᠵᠢᠶ᠎ᠡ ᠵᠢᠨ ᠬᠢᠵᠠᠭ᠋ᠠᠷᠲᠤ ᠬᠡᠮᠵᠢᠭᠳᠡᠯ ᠵᠢᠴᠢ ᠬᠡᠮᠵᠢᠬᠦ ᠠᠷᠭ᠎ᠠ》 (JT 719) ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃ (ᠳᠥᠷᠪᠡ) ᠲᠡᠷᠭᠡ ᠬᠥᠰᠬᠡ ᠵᠢᠨ ᠮᠡᠷᠭᠡᠵᠢᠯ᠎ᠤᠨ ᠳᠡᠰ᠎ᠨᠢ ᠬᠣᠶᠠᠳᠤᠭ᠋ᠠᠷ ᠳᠡᠰ᠎ᠠᠴᠠ ᠳᠡᠭᠡᠭᠰᠢ ᠬᠦᠷᠦᠭᠰᠡᠨ ᠪᠠᠢ᠌ᠬᠤ ᠬᠡᠷᠡᠭᠲᠡᠶ᠃ ᠠᠶᠤᠯᠲᠠᠢ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ᠂ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠲᠡᠷᠭᠡ ᠬᠥᠰᠬᠡ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠡᠵᠡᠩᠨᠡᠯᠲᠡ ᠵᠢᠨ ᠵᠠᠮ ᠱᠤᠭᠤᠮ᠎ᠤᠨ ᠤᠷᠲᠤ᠎ᠨᠢ 800 ᠺᠢᠯᠣᠮᠧᠲᠷ᠎ᠠᠴᠠ ᠳᠡᠭᠡᠭᠰᠢᠬᠢ ᠠᠶᠠᠨᠴᠢᠳ᠎ᠤᠨ ᠲᠡᠷᠭᠡ ᠵᠢᠨ ᠮᠡᠷᠭᠡᠵᠢᠯ᠎ᠤᠨ ᠳᠡᠰ᠎ᠨᠢ ᠨᠢᠭᠡᠳᠦᠭᠡᠷ ᠳᠡᠰ᠎ᠲᠤ ᠬᠦᠷᠦᠭᠰᠡᠨ ᠪᠠᠢ᠌ᠬᠤ ᠬᠡᠷᠡᠭᠲᠡᠶ᠃ ᠮᠡᠷᠭᠡᠵᠢᠯ᠎ᠤᠨ ᠳᠡᠰ᠎ᠢ ᠦᠨᠡᠯᠡᠨ ᠲᠣᠭᠲᠠᠭ᠋ᠠᠬᠤ ᠠᠷᠭ᠎ᠠ᠎ᠨᠢ ᠤᠯᠤᠰ᠎ᠤᠨ ᠬᠣᠯᠪᠣᠭᠳᠠᠯ ᠪᠦᠬᠦᠢ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠮᠡᠷᠭᠡᠵᠢᠯ᠎ᠤᠨ ᠲᠠᠰ᠎ᠤᠨ ᠬᠤᠪᠢᠶᠠᠷᠢᠯᠠᠯ ᠪᠣᠯᠤᠨ ᠦᠨᠡᠯᠡᠨ ᠲᠣᠭᠲᠠᠭ᠋ᠠᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ; (ᠲᠠᠪᠤ) ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ᠂ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠵᠥᠭᠡᠭᠡᠪᠦᠷᠢ᠂ ᠣᠯᠠᠨ ᠤᠯᠤᠰ᠎ᠤᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠡᠵᠡᠩᠨᠡᠯᠲᠡ ᠵᠢᠨ ᠵᠠᠮ ᠱᠤᠭᠤᠮ᠎ᠤᠨ ᠤᠷᠲᠤ ᠵᠢᠨ ᠬᠡᠮᠵᠢᠶ᠎ᠡ᠎ᠨᠢ 800 ᠺᠢᠯᠣᠮᠧᠲᠷ᠎ᠠᠴᠠ ᠳᠡᠭᠡᠭᠰᠢᠬᠢ ᠠᠶᠠᠨᠴᠢᠳ᠎ᠤᠨ ᠲᠡᠷᠭᠡ ᠵᠢᠨ ᠲᠥᠷᠥᠯ ᠬᠡᠯᠪᠡᠷᠢ ᠳᠡᠰ᠎ᠨᠢ ᠳᠤᠮᠳᠠ ᠵᠡᠷᠭᠡ᠎ᠠᠴᠠ ᠳᠡᠭᠡᠭᠰᠢ ᠬᠦᠷᠦᠭᠰᠡᠨ ᠪᠠᠢ᠌ᠬᠤ ᠬᠡᠷᠡᠭᠲᠡᠶ᠃ ᠲᠡᠭᠦᠨ᠎ᠤ ᠲᠥᠷᠥᠯ ᠬᠡᠯᠪᠡᠷᠢ ᠵᠢ ᠬᠤᠪᠢᠶᠠᠷᠢᠯᠠᠬᠤ ᠪᠠ ᠳᠡᠰ᠎ᠢ ᠦᠨᠡᠯᠡᠨ ᠲᠣᠭᠲᠠᠭ᠋ᠠᠬᠤ᠎ᠨᠢ ᠤᠯᠤᠰ᠎ᠤᠨ ᠬᠣᠯᠪᠣᠭᠳᠠᠯ ᠪᠦᠬᠦᠢ ᠲᠡᠭᠡᠭᠡᠪᠦᠷᠢ ᠡᠵᠡᠩᠨᠡᠬᠦ ᠠᠶᠠᠨᠴᠢᠳ᠎ᠤᠨ ᠲᠡᠷᠭᠡ ᠵᠢᠨ ᠲᠥᠷᠥᠯ ᠬᠡᠯᠪᠡᠷᠢ ᠵᠢ ᠬᠤᠪᠢᠶᠠᠷᠢᠯᠠᠬᠤ ᠵᠢᠴᠢ ᠳᠡᠰ᠎ᠢ ᠦᠨᠡᠯᠡᠨ ᠲᠣᠭᠲᠠᠭ᠋ᠠᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ; (ᠵᠢᠷᠭᠤᠭ᠎ᠠ) ᠠᠶᠤᠯᠲᠠᠢ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ᠎ᠨᠢ 《ᠮᠠᠰᠢᠨ ᠲᠡᠷᠭᠡ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠳᠦᠷᠢᠮ》 (JT 622)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃