ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠮᠠᠰᠢᠨᠲᠤ ᠲᠡᠷᠭᠡ ᠵᠢᠨ ᠰᠡᠯᠪᠢᠨ ᠵᠠᠰᠠᠯᠲᠠ᠄ ᠨᠢᠭᠡᠳᠦᠭᠡᠷ ᠲᠥᠷᠥᠯ ᠪᠠ ᠬᠣᠶᠠᠳᠤᠭ᠋ᠠᠷ ᠲᠥᠷᠥᠯ᠎ᠤᠨ ᠮᠠᠰᠢᠨ ᠲᠡᠷᠭᠡ ᠰᠡᠯᠪᠢᠨ ᠵᠠᠰᠠᠬᠤ ᠲᠤᠬᠠᠢ᠌ᠯᠠᠭᠰᠠᠨ ᠠᠵᠢᠯ᠎ᠢ ᠡᠷᠭᠢᠯᠡᠬᠦ᠎ᠳᠤ᠂ ᠠᠵᠢᠯᠲᠠᠨ᠎ᠤ ᠲᠣᠬᠢᠷᠠᠭᠤᠯᠤᠯᠲᠠ᠎ᠨᠢ ᠶᠠᠮᠠᠷ ᠶᠠᠮᠠᠷ ᠱᠠᠭ᠋ᠠᠷᠳᠠᠯᠭ᠎ᠠ᠎ᠳᠤ ᠨᠡᠢ᠌ᠴᠡᠭᠦᠯᠬᠦ ᠴᠢᠬᠤᠯᠠᠲᠠᠢ ᠪᠣᠶ?
ᠨᠡᠶ᠋ᠢᠲᠡᠯᠡᠭᠰᠡᠨ ᠴᠠᠭ᠄ 2024-12-05

     《ᠮᠠᠰᠢᠨᠲᠤ ᠲᠡᠷᠭᠡ ᠰᠡᠯᠪᠢᠨ ᠵᠠᠰᠠᠬᠤ ᠬᠠᠮᠢᠶᠠᠷᠤᠯᠲᠠ ᠵᠢᠨ ᠲᠣᠭᠲᠠᠭ᠋ᠠᠯ》 (2015 ᠣᠨ᠎ᠤ 17 ᠳ᠋ᠤᠭ᠋ᠠᠷ ᠲᠣᠭ᠋ᠠᠲᠤ)᠎ᠤᠨ ᠠᠷᠪᠠᠨ ᠨᠢᠭᠡᠳᠦᠭᠡᠷ ᠵᠦᠢᠯ᠎ᠤᠨ ᠲᠣᠭᠲᠠᠭ᠋ᠠᠯ᠎ᠢ ᠦᠨᠳᠦᠰᠦᠯᠡᠪᠡᠯ᠄ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠵᠢᠨ ᠲᠤᠬᠠᠢ᠌ᠯᠠᠭᠰᠠᠨ ᠠᠵᠢᠯ ᠪᠤᠶᠤ ᠪᠤᠰᠤᠳ ᠮᠠᠰᠢᠨ ᠬᠦᠳᠡᠯᠭᠡᠭᠦᠷᠲᠤ ᠲᠡᠷᠭᠡ ᠰᠡᠯᠪᠢᠨ ᠵᠠᠰᠠᠬᠤ ᠡᠵᠡᠩᠨᠡᠯᠲᠡ ᠵᠢᠨ ᠲᠤᠬᠠᠢ᠌ᠯᠠᠭᠰᠠᠨ ᠠᠵᠢᠯ ᠡᠷᠭᠢᠯᠡᠬᠦ᠎ᠪᠠᠷ ᠭᠤᠶᠤᠴᠢᠯᠠᠬᠤ᠎ᠳᠤ᠂ ᠳᠣᠤᠷᠠᠬᠢ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠄  (ᠨᠢᠭᠡ) ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠲᠠᠢ᠎ᠪᠠᠨ ᠲᠣᠬᠢᠷᠠᠯᠴᠠᠭᠰᠠᠨ ᠲᠡᠷᠭᠡᠨ ᠵᠣᠭᠰᠣᠭ᠋ᠠᠯ ᠪᠠ ᠣᠢ᠌ᠯᠠᠳᠪᠦᠷᠢ ᠵᠢᠨ ᠬᠡᠷ᠎ᠲᠠᠢ ᠪᠠᠢ᠌ᠬᠤ ᠬᠡᠷᠡᠭᠲᠡᠢ᠃ ᠲᠦᠷᠢᠶᠡᠰᠦᠯᠡᠨ ᠬᠡᠷᠡᠭᠯᠡᠬᠦ ᠭᠠᠵᠠᠷ᠎ᠨᠢ ᠪᠢᠴᠢᠭ᠎ᠤᠨ ᠬᠡᠯᠪᠡᠷᠢ ᠵᠢᠨ ᠲᠦᠷᠢᠶᠡᠰᠦᠯᠡᠯ᠎ᠤᠨ ᠭᠡᠷ᠎ᠡ᠎ᠲᠠᠢ ᠪᠠᠢ᠌ᠬᠤ ᠬᠡᠷᠡᠭᠲᠡᠢ ᠪᠥᠭᠡᠳ ᠲᠦᠷᠢᠶᠡᠰᠦᠯᠡᠬᠦ ᠬᠤᠭᠤᠴᠠᠭ᠎ᠠ᠎ᠨᠢ 1 ᠵᠢᠯ᠎ᠠᠴᠠ ᠪᠠᠭ᠎ᠠ ᠪᠠᠢ᠌ᠵᠤ ᠪᠣᠯᠬᠤ ᠦᠭᠡᠢ᠃ ᠲᠡᠷᠭᠡᠨ ᠵᠣᠭᠰᠣᠭ᠋ᠠᠯ ᠪᠠ ᠦᠢᠯᠡᠳᠪᠦᠷᠢ ᠵᠢᠨ ᠬᠡᠷ᠎ᠤᠨ ᠲᠠᠯᠠᠪᠠᠶ ᠵᠢ ᠤᠯᠤᠰ᠎ᠤᠨ ᠪᠠᠷᠢᠮᠵᠢᠶ᠎ᠠ ᠪᠣᠯᠬᠤ 《ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠥᠴᠡᠯ》              (GB/T16739)᠎ᠤᠨ ᠬᠠᠮᠢᠶ᠎ᠠ ᠪᠥᠬᠥᠶ ᠵᠦᠢᠯ ᠵᠤᠷᠪᠤᠰ᠎ᠤᠨ ᠲᠣᠭᠲᠠᠭ᠋ᠠᠯ ᠶᠣᠰᠣ᠎ᠪᠠᠷ ᠬᠡᠷᠡᠭᠵᠢᠭᠦᠯᠦᠨ᠎ᠡ᠃        (ᠬᠣᠶᠠᠷ) ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠲᠠᠢ ᠵᠣᠬᠢᠴᠠᠯᠳᠤᠭᠰᠠᠨ ᠲᠥᠬᠥᠭᠡᠷᠦᠮᠵᠢ᠂ ᠪᠡᠯᠡᠳᠬᠡᠮᠵᠢ᠎ᠲᠠᠢ ᠪᠠᠢ᠌ᠬᠤ ᠬᠡᠷᠡᠭᠲᠡᠢ᠃ ᠲᠤᠬᠢᠷᠠᠭᠤᠯᠤᠭᠰᠠᠨ ᠬᠡᠮᠵᠢᠯᠲᠡ ᠵᠢᠨ ᠲᠤᠨᠤᠭ ᠲᠥᠬᠥᠭᠡᠷᠦᠮᠵᠢ᠎ᠨᠢ ᠤᠯᠤᠰ᠎ᠤᠨ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠪᠥᠭᠡᠳ ᠬᠠᠤᠯᠢ᠎ᠪᠠᠷ ᠲᠣᠭᠲᠠᠭ᠋ᠠᠭᠰᠠᠨ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ᠎ᠪᠠᠷ ᠰᠢᠯᠭ᠋ᠠᠨ ᠲᠣᠭᠲᠠᠭ᠋ᠠᠯᠭ᠋ᠠᠭ᠋ᠠᠳ ᠬᠢᠷᠢ ᠲᠡᠩᠴᠡᠭᠰᠡᠨ ᠪᠠᠢ᠌ᠬᠤ ᠬᠡᠷᠡᠭᠲᠡᠢ᠃ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠲᠥᠬᠥᠭᠡᠷᠦᠮᠵᠢ᠂ ᠪᠡᠯᠡᠳᠬᠡᠮᠵᠢ ᠵᠢᠨ ᠪᠣᠳᠠᠲᠠᠶ ᠱᠠᠭ᠋ᠠᠷᠳᠠᠯᠭ᠎ᠠ ᠵᠢ ᠤᠯᠤᠰ᠎ᠤᠨ ᠪᠠᠷᠢᠮᠵᠢᠶ᠎ᠠ ᠪᠣᠯᠬᠤ 《ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠥᠴᠡᠯ》 (GB/T16739)᠎ᠤᠨ ᠬᠠᠮᠢᠶ᠎ᠠ ᠪᠥᠬᠥᠶ ᠵᠦᠢᠯ ᠵᠤᠷᠪᠤᠰ᠎ᠤᠨ ᠲᠣᠭᠲᠠᠭ᠋ᠠᠯ ᠶᠣᠰᠣ᠎ᠪᠠᠷ ᠬᠡᠷᠡᠭᠵᠢᠭᠦᠯᠦᠨ᠎ᠡ; ᠪᠤᠰᠤᠳ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠵᠢᠨ ᠲᠤᠬᠠᠢ᠌ᠯᠠᠭᠰᠠᠨ ᠠᠵᠢᠯ ᠡᠷᠬᠢᠯᠡᠬᠦ ᠲᠥᠬᠥᠭᠡᠷᠦᠮᠵᠢ᠂ ᠪᠡᠯᠡᠳᠬᠡᠮᠵᠢ ᠵᠢᠨ ᠪᠣᠳᠠᠲᠠᠶ ᠱᠠᠭ᠋ᠠᠷᠳᠠᠯᠭ᠎ᠠ ᠵᠢ ᠤᠯᠤᠰ᠎ᠤᠨ ᠪᠠᠷᠢᠮᠵᠢᠶ᠎ᠠ ᠪᠣᠯᠬᠤ 《ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠥᠴᠡᠯ》 (GB/T16739) ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠂ ᠭᠡᠬᠦ᠎ᠳᠤ᠎ᠪᠠᠨ ᠲᠣᠬᠢᠷᠠᠭᠤᠯᠤᠭᠰᠠᠨ ᠲᠥᠬᠥᠭᠡᠷᠦᠮᠵᠢ᠂ ᠪᠡᠯᠡᠳᠬᠡᠮᠵᠢ᠎ᠨᠢ ᠰᠡᠯᠪᠢᠨ ᠵᠠᠰᠠᠬᠤ ᠲᠡᠷᠭᠡᠨ᠎ᠤ ᠬᠡᠯᠪᠡᠷᠢ᠎ᠲᠠᠢ ᠲᠣᠬᠢᠷᠠᠯᠴᠠᠭᠤᠯᠬᠤ ᠬᠡᠷᠡᠭᠲᠡᠶ᠃ (ᠭᠤᠷᠪᠠ) ᠴᠢᠬᠤᠯᠠ ᠪᠦᠬᠦᠢ ᠮᠡᠷᠭᠡᠵᠢᠯ᠎ᠤᠨ ᠠᠵᠢᠯᠲᠠᠨ᠄ 1. ᠨᠢᠭᠡᠳᠦᠭᠡᠷ ᠲᠥᠷᠥᠯ ᠪᠠ ᠬᠣᠶᠠᠳᠤᠭ᠋ᠠᠷ ᠲᠥᠷᠥᠯ᠎ᠤᠨ ᠰᠡᠯᠪᠢᠨ ᠵᠠᠰᠠᠬᠤ ᠲᠤᠬᠠᠢ᠌ᠯᠠᠭᠰᠠᠨ ᠠᠵᠢᠯ᠎ᠢ ᠡᠷᠬᠢᠯᠡᠬᠦ᠎ᠳᠤ ᠪᠠᠭ᠎ᠠ᠎ᠳᠤ᠎ᠪᠠᠨ 1 ᠮᠡᠷᠭᠡᠵᠢᠯ᠎ᠤᠨ ᠬᠠᠷᠢᠭᠤᠴᠠᠯᠭ᠋ᠠᠲᠠᠨ ᠪᠠ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠠᠵᠢᠯᠲᠠᠨ᠎ᠢ ᠲᠣᠬᠢᠷᠠᠭᠤᠯᠬᠤ ᠬᠡᠷᠡᠭᠲᠡᠶ᠃ ᠮᠡᠷᠭᠡᠵᠢᠯ᠎ᠤᠨ ᠬᠠᠷᠢᠭᠤᠴᠠᠯᠭ᠋ᠠᠲᠠᠨ᠎ᠨᠢ ᠮᠠᠰᠢᠨ ᠲᠡᠷᠭᠡ ᠪᠤᠶᠤ ᠪᠤᠰᠤᠳ ᠮᠠᠰᠢᠨ ᠲᠡᠷᠭᠡ ᠰᠡᠯᠪᠢᠨ ᠵᠠᠰᠠᠬᠤ ᠲᠤᠬᠠᠢ᠌ᠯᠠᠭᠰᠠᠨ ᠠᠵᠢᠯ᠎ᠢ ᠰᠠᠢ᠌ᠨ ᠮᠡᠳᠡᠬᠦ ᠵᠢᠨ ᠬᠠᠮᠲᠤ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠣᠯᠤᠨ ᠮᠡᠷᠭᠡᠵᠢᠯ᠎ᠤᠨ ᠵᠢᠷᠤᠮᠵᠢᠯ᠎ᠢ ᠡᠵᠡᠮᠰᠢᠬᠦ ᠬᠡᠷᠡᠭᠲᠡᠶ; ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠠᠵᠢᠯᠲᠠᠨ ᠡᠯ᠎ᠡ ᠲᠥᠷᠥᠯ᠎ᠤᠨ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠪᠠᠢ᠌ᠴᠠᠭ᠋ᠠᠨ ᠬᠡᠮᠵᠢᠬᠦ ᠠᠵᠢᠯ᠎ᠤᠨ ᠵᠢᠷᠤᠮᠵᠢᠯ᠎ᠢ ᠣᠢ᠌ᠯᠠᠭ᠋ᠠᠵᠤ᠂ ᠮᠠᠰᠢᠨ ᠲᠡᠷᠭᠡ ᠪᠤᠶᠤ ᠪᠤᠰᠤᠳ ᠮᠠᠰᠢᠨᠲᠤ  ᠲᠡᠷᠭᠡᠨ᠎ᠤ ᠰᠡᠯᠪᠢᠨ ᠵᠠᠰᠠᠬᠤ ᠭᠡᠮᠲᠦᠯ᠎ᠢ ᠣᠨᠣᠰᠢᠯᠠᠬᠤ ᠪᠠ ᠶᠠᠰᠤ ᠴᠢᠨᠠᠷ᠎ᠤᠨ ᠪᠠᠢ᠌ᠴᠠᠭ᠋ᠠᠨ ᠰᠢᠯᠭ᠋ᠠᠬᠤ ᠬᠠᠮᠢᠶ᠎ᠠ ᠪᠦᠬᠦᠢ ᠮᠡᠷᠭᠡᠵᠢᠯ᠎ᠢ ᠡᠵᠡᠮᠰᠢᠵᠦ᠂ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠦᠢᠯᠡᠴᠢᠯᠡᠭᠡᠨ᠎ᠤ ᠰᠦᠢᠳᠬᠡᠯ ᠬᠤᠷᠢᠶᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠮᠡᠷᠭᠡᠵᠢᠯ᠎ᠤᠨ ᠵᠢᠷᠤᠮᠵᠢᠯ᠎ᠢ ᠣᠢ᠌ᠯᠠᠭ᠋ᠠᠬᠤ ᠬᠡᠷᠡᠭᠲᠡᠶ᠃ ᠮᠡᠷᠭᠡᠵᠢᠯ᠎ᠤᠨ ᠬᠠᠷᠢᠭᠤᠴᠠᠯᠭ᠋ᠠᠲᠠᠨ ᠪᠠ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠠᠵᠢᠯᠲᠠᠨ᠎ᠤ ᠶᠡᠷᠦᠩᠬᠡᠶ ᠲᠣᠭ᠎ᠠ ᠵᠢᠨ 60%᠎ᠨᠢ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠬᠢᠷᠢ ᠲᠡᠩᠴᠡᠭᠰᠡᠨ ᠪᠠᠢ᠌ᠬᠤ ᠬᠡᠷᠡᠭᠲᠡᠢ᠃ 2. ᠨᠢᠭᠡᠳᠦᠭᠡᠷ ᠲᠥᠷᠥᠯ ᠪᠠ ᠬᠣᠶᠠᠳᠤᠭ᠋ᠠᠷ ᠲᠥᠷᠥᠯ᠎ᠤᠨ ᠰᠡᠯᠪᠢᠨ ᠵᠠᠰᠠᠬᠤ ᠲᠤᠬᠠᠢ᠌ᠯᠠᠭᠰᠠᠨ ᠠᠵᠢᠯ᠎ᠢ ᠡᠷᠬᠢᠯᠡᠬᠦ᠎ᠳᠤ ᠪᠠᠭ᠎ᠠ᠎ᠳᠤ᠎ᠪᠠᠨ 1 ᠮᠠᠰᠢᠨ ᠰᠡᠯᠪᠢᠨ ᠵᠠᠰᠠᠬᠤ᠂ ᠴᠠᠬᠢᠯᠭ᠋ᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠰᠢᠷᠲᠡᠬᠦ ᠮᠡᠷᠭᠡᠵᠢᠯ᠎ᠤᠨ ᠠᠵᠢᠯᠲᠠᠨ᠎ᠢ ᠲᠣᠬᠢᠷᠠᠭᠤᠯᠬᠤ ᠬᠡᠷᠡᠭᠲᠡᠶ; ᠮᠠᠰᠢᠨ ᠰᠡᠯᠪᠢᠨ ᠵᠠᠰᠠᠬᠤ᠂ ᠴᠠᠬᠢᠯᠭ᠋ᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯ᠎ᠤᠨ ᠠᠵᠢᠯᠲᠠᠨ ᠬᠢᠵᠦ ᠪᠠᠢ᠌ᠭ᠎ᠠ ᠠᠵᠢᠯ ᠲᠥᠷᠥᠯ᠎ᠤᠨ ᠰᠡᠯᠪᠢᠨ ᠵᠠᠰᠠᠬᠤ ᠮᠡᠷᠭᠡᠵᠢᠯ ᠪᠣᠯᠤᠨ ᠠᠵᠢᠯᠯᠠᠭᠤᠯᠬᠤ ᠵᠢᠷᠤᠮᠵᠢᠯ᠎ᠢ ᠰᠠᠢ᠌ᠨ ᠮᠡᠳᠡᠬᠦ ᠵᠢᠨ ᠬᠠᠮᠲᠤ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠣᠢ᠌ᠯᠠᠭ᠋ᠠᠬᠤ ᠬᠡᠷᠡᠭᠲᠡᠶ᠃ ᠮᠠᠰᠢᠨ ᠰᠡᠯᠪᠢᠨ ᠵᠠᠰᠠᠬᠤ᠂ ᠴᠠᠬᠢᠯᠭ᠋ᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯ᠎ᠤᠨ ᠠᠵᠢᠯᠲᠠᠨ᠎ᠤ ᠶᠡᠷᠦᠩᠬᠡᠶ ᠲᠣᠭ᠎ᠠ ᠵᠢᠨ 40%᠎ᠨᠢ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠬᠢᠷᠢ ᠲᠡᠩᠴᠡᠭᠰᠡᠨ ᠪᠠᠢ᠌ᠬᠤ ᠬᠡᠷᠡᠭᠲᠡᠶ᠃ 3. ᠭᠤᠷᠪᠠᠳᠤᠭ᠋ᠠᠷ ᠲᠥᠷᠥᠯ᠎ᠤᠨ ᠰᠡᠯᠪᠢᠨ ᠵᠠᠰᠠᠬᠤ ᠲᠤᠬᠠᠢ᠌ᠯᠠᠭᠰᠠᠨ ᠠᠵᠢᠯ᠎ᠢ ᠡᠷᠬᠢᠯᠡᠬᠦ᠎ᠳᠤ᠂ ᠲᠡᠭᠦᠨ᠎ᠤ ᠡᠵᠡᠩᠨᠡᠯᠲᠡ ᠵᠢᠨ ᠲᠥᠷᠥᠯ ᠵᠦᠢᠯ᠎ᠤᠨ ᠶᠣᠰᠣ᠎ᠪᠠᠷ ᠵᠣᠬᠢᠬᠤ ᠮᠠᠰᠢᠨ ᠰᠡᠯᠪᠢᠨ ᠵᠠᠰᠠᠬᠤ᠂ ᠴᠠᠬᠢᠯᠭ᠋ᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯᠲᠡᠨ᠎ᠢ ᠲᠣᠰ ᠲᠣᠰ᠎ᠲᠤᠨᠢ ᠲᠣᠬᠢᠷᠠᠭᠤᠯᠬᠤ ᠬᠡᠷᠡᠭᠲᠡᠶ; ᠬᠥᠳᠡᠯᠭᠡᠭᠦᠷ ᠮᠠᠰᠢᠨ᠎ᠢ ᠰᠡᠯᠪᠢᠨ ᠵᠠᠰᠠᠬᠤ᠂ ᠲᠡᠷᠭᠡᠨ᠎ᠤ ᠪᠡᠶ᠎ᠡ ᠵᠢ ᠰᠡᠯᠪᠢᠨ ᠵᠠᠰᠠᠬᠤ᠂ ᠴᠠᠬᠢᠯᠭ᠋ᠠᠨ᠎ᠤ ᠰᠢᠰᠲ᠋ᠧᠮ᠎ᠢ ᠰᠡᠯᠪᠢᠨ ᠵᠠᠰᠠᠬᠤ᠂ ᠠᠦ᠋ᠲ᠋ᠣ᠋ ᠬᠤᠷᠳᠤᠴᠠ ᠥᠭᠡᠷᠡᠴᠢᠯᠡᠭᠴᠢ ᠵᠢ ᠰᠡᠯᠪᠢᠨ ᠵᠠᠰᠠᠬᠤ ᠠᠵᠢᠯ᠎ᠢ ᠡᠷᠬᠢᠯᠡᠬᠦ᠎ᠳᠤ ᠪᠠᠰᠠ ᠮᠡᠷᠭᠡᠵᠢᠯ᠎ᠤᠨ ᠬᠠᠷᠢᠭᠤᠴᠠᠯᠭ᠋ᠠᠲᠠᠨ ᠪᠠ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠠᠵᠢᠯᠳᠡᠠ ᠲᠤᠬᠢᠷᠡᠭᠤᠯᠬᠤ ᠬᠡᠷᠡᠭᠲᠡᠢ᠃ ᠮᠡᠷᠭᠡᠵᠢᠯ᠎ᠤᠨ ᠬᠠᠷᠢᠭᠤᠴᠠᠯᠭ᠋ᠠᠲᠠᠨ᠂ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠠᠵᠢᠯᠲᠠᠨ ᠵᠢᠴᠢ ᠮᠠᠰᠢᠨ ᠰᠡᠯᠪᠢᠨ ᠵᠠᠰᠠᠬᠤ᠂ ᠴᠠᠬᠢᠯᠭ᠋ᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠣᠯᠬᠤ ᠰᠡᠯᠪᠢᠨ ᠵᠠᠰᠠᠬᠤ ᠮᠡᠷᠭᠡᠵᠢᠯ᠎ᠤᠨ ᠠᠵᠢᠯᠲᠠᠨ᠎ᠤ ᠶᠡᠷᠦᠩᠬᠡᠶ ᠲᠣᠭ᠎ᠠ ᠵᠢᠨ 40%᠎ᠨᠢ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠬᠢᠷᠢ ᠲᠡᠩᠴᠡᠭᠰᠡᠨ ᠪᠠᠢ᠌ᠬᠤ ᠬᠡᠷᠡᠭᠲᠡᠶ᠃ (ᠳᠥᠷᠪᠡ) ᠪᠦᠷᠢᠨ ᠲᠥᠬᠦᠷ ᠰᠡᠯᠪᠢᠨ ᠵᠠᠰᠠᠬᠤ ᠬᠠᠮᠢᠶᠠᠷᠤᠯᠲᠠ ᠵᠢᠨ ᠳᠦᠷᠢᠮ᠎ᠲᠠᠢ ᠪᠠᠢ᠌ᠬᠤ ᠬᠡᠷᠡᠭᠲᠡᠢ᠃ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ᠂ ᠠᠶᠦᠯᠭᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠲᠦᠷᠢᠮ᠂ ᠲᠡᠷᠭᠡ ᠬᠥᠰᠬᠡ ᠰᠡᠯᠪᠢᠨ ᠵᠠᠰᠠᠬᠤ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠦᠷᠢᠮ᠂ ᠠᠵᠢᠯᠲᠠᠨ᠎ᠤ  ᠪᠣᠯᠪᠠᠰᠤᠷᠠᠯ᠎ᠤᠨ ᠲᠦᠷᠢᠮ᠂ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠲᠦᠷᠢᠮ ᠵᠢᠴᠢ ᠰᠡᠯᠪᠢᠭ ᠲᠣᠨᠣᠭ᠎ᠤᠨ ᠬᠠᠮᠢᠶᠠᠷᠤᠯᠲᠠ ᠵᠢᠨ ᠲᠦᠷᠢᠮ᠎ᠢ ᠪᠠᠭᠲᠠᠭ᠋ᠠᠨ᠎ᠠ᠃ ᠪᠣᠳᠠᠲᠠᠶ ᠱᠠᠭ᠋ᠠᠷᠳᠠᠯᠭ᠎ᠠ ᠵᠢ ᠤᠯᠤᠰ᠎ᠤᠨ ᠪᠠᠷᠢᠮᠵᠢᠶ᠎ᠠ ᠪᠣᠯᠬᠤ 《ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ         ᠨᠥᠬᠥᠴᠡᠯ》 (GB/T16739)᠎ᠤᠨ ᠬᠠᠮᠢᠶ᠎ᠠ ᠪᠥᠬᠥᠶ ᠵᠦᠢᠯ ᠵᠤᠷᠪᠤᠰ᠎ᠤᠨ ᠲᠣᠭᠲᠠᠭ᠋ᠠᠯ ᠶᠣᠰᠣ᠎ᠪᠠᠷ ᠬᠡᠷᠡᠭᠵᠢᠭᠦᠯᠦᠨ᠎ᠡ᠃ (ᠲᠠᠪᠤ) ᠣᠷᠴᠢᠨ ᠠᠬᠤᠢ ᠵᠢ ᠬᠠᠮᠠᠭ᠋ᠠᠯᠠᠬᠤ ᠴᠢᠬᠤᠯᠠ ᠪᠦᠬᠦᠢ ᠠᠷᠭ᠎ᠠ ᠬᠡᠮᠵᠢᠢ᠎ᠡ᠎ᠲᠠᠢ ᠪᠠᠢ᠌ᠬᠤ ᠬᠡᠷᠡᠭᠲᠡᠢ᠃ ᠪᠣᠳᠠᠲᠠᠶ ᠱᠠᠭ᠋ᠠᠷᠳᠠᠯᠭ᠎ᠠ ᠵᠢ ᠤᠯᠤᠰ᠎ᠤᠨ ᠪᠠᠷᠢᠮᠵᠢᠶ᠎ᠠ ᠪᠣᠯᠬᠤ 《ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ  ᠨᠥᠬᠥᠴᠡᠯ》 (GB/T16739)᠎ᠤᠨ ᠬᠠᠮᠢᠶ᠎ᠠ ᠪᠥᠬᠥᠶ ᠵᠦᠢᠯ ᠵᠤᠷᠪᠤᠰ᠎ᠤᠨ ᠲᠣᠭᠲᠠᠭ᠋ᠠᠯ ᠶᠣᠰᠣ᠎ᠪᠠᠷ ᠬᠡᠷᠡᠭᠵᠢᠭᠦᠯᠦᠨ᠎ᠡ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠤᠬᠤ ᠲᠡᠷᠭᠡ᠄ ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ 《ᠠᠶᠠᠨᠴᠢᠳ᠎ᠢ ᠨᠡᠢ᠌ᠯᠡᠭᠦᠯᠬᠦ》 ᠵᠢᠨ ᠠᠵᠢᠯᠯᠠᠭ᠎ᠠ ᠵᠢᠨ ᠪᠦᠷᠢᠯᠳᠦᠯ᠎ᠤᠨ ᠴᠢᠬᠤᠯᠠ ᠨᠥᠬᠦᠴᠡᠯ᠎ᠨᠢ ᠶᠠᠭᠤ ᠪᠣᠶ?
ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠄ ᠤᠰᠤᠨ ᠳᠡᠭᠡᠷ᠎ᠡ ᠤᠰᠤᠨ ᠳᠣᠣᠷ᠎ᠠ ᠠᠵᠢᠯᠯᠠᠬᠤ ᠶᠠᠪᠤᠴᠠ᠎ᠳᠤ᠂ ᠪᠠᠷᠢᠯᠭ᠎ᠠ ᠵᠢᠨ ᠨᠢᠭᠡᠴᠢ ᠪᠣᠯᠤᠨ ᠠᠵᠢᠯᠯᠠᠭᠰᠠᠳ ᠶᠠᠮᠠᠷ ᠶᠠᠮᠠᠷ ᠪᠣᠳᠠᠲᠠᠶ ᠲᠣᠭᠲᠠᠭ᠋ᠠᠯ᠎ᠢ ᠵᠢᠷᠤᠮᠯᠠᠬᠤ ᠬᠡᠷᠡᠭᠲᠡᠶ ᠪᠤᠶ?
ᠬᠢᠷᠢ ᠬᠡᠮ᠎ᠤᠨ ᠰᠢᠯᠭ᠋ᠠᠯᠲᠠ᠄ ᠪᠠᠷᠠᠭ᠋ᠠᠨ᠎ᠤ ᠲᠡᠷᠭᠡᠨ ᠵᠢᠯᠣᠭᠤᠴᠢ ᠵᠠᠮ᠎ᠤᠨ ᠪᠠᠷᠠᠭ᠎ᠠ ᠲᠡᠭᠡᠭᠡᠪᠦᠷᠢ ᠵᠢᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ᠎ᠢ ᠭᠤᠶᠤᠴᠢᠯᠠᠨ ᠠᠪᠬᠤ᠎ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠶ ᠪᠣᠶ?
ᠰᠦᠢ᠍ᠳᠬᠡᠯ ᠬᠤᠷᠢᠶᠠᠬᠤ ᠲᠥᠷᠥ ᠵᠢᠨ ᠪᠣᠳᠣᠯᠭ᠎ᠠ᠄ ᠵᠠᠰᠠᠮᠠᠯ ᠵᠠᠮ᠎ᠤᠨ ᠰᠦᠢ᠍ᠳᠬᠡᠯ ᠬᠤᠷᠢᠶᠠᠬᠤ ᠥᠷᠲᠡᠭᠡ᠎ᠨᠢ ᠣᠶ᠋ᠢᠷ᠎ᠠ ᠬᠠᠪᠢ ᠵᠢᠨ ᠰᠠᠭᠤᠭ᠋ᠠᠯᠢ ᠠᠷᠠᠳ᠎ᠲᠤ ᠶᠠᠮᠠᠷ ᠶᠠᠮᠠᠷ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠪᠠᠶ᠋ᠢᠬᠤ ᠪᠣᠶ?
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠬᠠᠤᠯᠢ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠢ ᠬᠡᠷᠬᠢᠨ ᠰᠢᠢ᠍ᠳᠭᠡᠨ ᠲᠣᠷᠭ᠋ᠠᠬᠤ ᠪᠤᠶ?
 
            