ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠤᠬᠤ ᠲᠡᠷᠭᠡ᠄ ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠠᠶᠠᠨᠴᠢᠳ᠎ᠲᠤ ᠪᠠᠷᠢᠮᠲᠠ ᠬᠠᠩᠭ᠋ᠠᠬᠤ ᠵᠢ ᠲᠡᠪᠴᠢᠭᠰᠡᠨ ᠪᠠᠶ᠋ᠢᠳᠠᠯ᠎ᠢ ᠬᠡᠷᠬᠢᠨ ᠰᠢᠢ᠍ᠳᠪᠦᠷᠢᠯᠡᠬᠦ ᠪᠤᠢ?
ᠨᠡᠶ᠋ᠢᠲᠡᠯᠡᠭᠰᠡᠨ ᠴᠠᠭ᠄ 2024-12-05

    《〈ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠵᠢᠨ ᠠᠵᠢᠯ ᠡᠷᠭᠢᠯᠡᠬᠦ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ〉᠎ᠲᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2021 ᠣᠨ᠎ᠤ 15 ᠳ᠋ᠤᠭ᠋ᠠᠷ ᠲᠣᠭ᠋ᠠᠲᠤ)᠎ᠤᠨ ᠳᠥᠴᠢᠳᠦᠭᠡᠷ ᠵᠦᠢ᠍ᠯ᠎ᠤᠨ ᠲᠣᠭᠲᠠᠭ᠋ᠠᠯ᠎ᠳᠤ᠂ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠡᠵᠡᠩᠨᠡᠯᠲᠡ ᠵᠢᠨ ᠶᠠᠪᠤᠴᠠ᠎ᠳᠤ᠂ ᠤᠯᠤᠰ᠎ᠤᠨ ᠵᠢᠯᠣᠭᠤᠴᠢ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠤᠬᠠᠶ᠋ᠢᠯᠠᠭᠰᠠᠨ ᠠᠵᠢᠯ᠎ᠤᠨ ᠶᠣᠰᠣ ᠮᠣᠷᠠᠯ᠂ ᠦᠢ᠍ᠯᠡᠴᠢᠯᠡᠭᠡᠨ᠎ᠤ ᠵᠢᠷᠤᠮᠵᠢᠯ᠂ ᠠᠮᠤᠷ ᠲᠦᠪᠰᠢᠨ ᠵᠶ᠋ᠠᠷ ᠡᠵᠡᠩᠨᠡᠬᠦ ᠵᠡᠷᠭᠡ ᠲᠠᠯ᠎ᠠ ᠵᠢᠨ ᠬᠢᠷᠢ ᠬᠡᠮ᠎ᠤᠨ ᠲᠣᠭᠲᠠᠭ᠋ᠠᠯ᠎ᠢ ᠵᠢᠷᠤᠮᠯᠠᠵᠤ᠂ ᠪᠣᠯᠪᠠᠰᠤᠨ ᠵᠶ᠋ᠠᠷ ᠲᠡᠷᠭᠡ ᠵᠢᠯᠣᠭᠤᠳᠬᠤ᠂ ᠴᠢᠨᠠᠷ ᠰᠠᠶ᠋ᠢᠲᠠᠶ ᠦᠢ᠍ᠯᠡᠴᠢᠯᠡᠬᠦ ᠬᠡᠷᠡᠭᠲᠡᠶ ᠭᠡᠵᠦ ᠲᠣᠭᠲᠠᠭ᠋ᠠᠪᠠ᠃ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠳᠣᠤᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠶ᠄ ᠁ (ᠲᠠᠪᠤ) ᠲᠣᠭᠲᠠᠭ᠋ᠠᠯ ᠶᠣᠰᠣᠭ᠋ᠠᠷ ᠵᠣᠬᠢᠴᠠᠩᠭᠤᠶ ᠲᠡᠷᠭᠡᠨ᠎ᠤ ᠰᠦᠢ᠍ᠳᠬᠡᠯ᠎ᠤᠨ ᠫᠢᠶᠣᠣ ᠪᠠᠷᠢᠮᠲᠠ ᠥᠭᠬᠦ ᠦᠭᠡᠢ; ᠁ . ᠳᠥᠴᠢᠨ ᠬᠤᠶᠠᠳᠤᠭ᠋ᠠᠷ ᠵᠦᠢ᠍ᠯ᠎ᠤᠨ ᠲᠣᠭᠲᠠᠭ᠋ᠠᠯ ᠎ᠤᠨ᠂ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠠᠷᠪᠠᠨ ᠵᠢᠷᠭᠤᠳᠤᠭ᠋ᠠᠷ ᠵᠦᠢ᠍ᠯ᠂ ᠳᠥᠴᠢᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ᠎ᠤ ᠵᠠᠰᠠᠭ ᠵᠠᠬᠢᠷᠭ᠋ᠠᠨ᠎ᠤ  ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠲᠤ 200 ᠲᠥᠭᠦᠷᠢᠭ᠎ᠠᠴᠠ ᠳᠡᠭᠡᠭᠰᠢ 500 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠮᠠᠰᠢᠨᠲᠤ ᠲᠡᠷᠭᠡ ᠵᠢᠨ ᠰᠡᠯᠪᠢᠨ ᠵᠠᠰᠠᠯᠲᠠ᠄ ᠨᠢᠭᠡᠳᠦᠭᠡᠷ ᠲᠥᠷᠥᠯ ᠪᠠ ᠬᠣᠶᠠᠳᠤᠭ᠋ᠠᠷ ᠲᠥᠷᠥᠯ᠎ᠤᠨ ᠮᠠᠰᠢᠨ ᠲᠡᠷᠭᠡ ᠰᠡᠯᠪᠢᠨ ᠵᠠᠰᠠᠬᠤ ᠲᠤᠬᠠᠢ᠌ᠯᠠᠭᠰᠠᠨ ᠠᠵᠢᠯ᠎ᠢ ᠡᠷᠭᠢᠯᠡᠬᠦ᠎ᠳᠤ᠂ ᠠᠵᠢᠯᠲᠠᠨ᠎ᠤ ᠲᠣᠬᠢᠷᠠᠭᠤᠯᠤᠯᠲᠠ᠎ᠨᠢ ᠶᠠᠮᠠᠷ ᠶᠠᠮᠠᠷ ᠱᠠᠭ᠋ᠠᠷᠳᠠᠯᠭ᠎ᠠ᠎ᠳᠤ ᠨᠡᠢ᠌ᠴᠡᠭᠦᠯᠬᠦ ᠴᠢᠬᠤᠯᠠᠲᠠᠢ ᠪᠣᠶ?
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠤᠬᠤ ᠲᠡᠷᠭᠡ᠄ ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ 《ᠠᠶᠠᠨᠴᠢᠳ᠎ᠢ ᠨᠡᠢ᠌ᠯᠡᠭᠦᠯᠬᠦ》 ᠵᠢᠨ ᠠᠵᠢᠯᠯᠠᠭ᠎ᠠ ᠵᠢᠨ ᠪᠦᠷᠢᠯᠳᠦᠯ᠎ᠤᠨ ᠴᠢᠬᠤᠯᠠ ᠨᠥᠬᠦᠴᠡᠯ᠎ᠨᠢ ᠶᠠᠭᠤ ᠪᠣᠶ?
ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠄ ᠤᠰᠤᠨ ᠳᠡᠭᠡᠷ᠎ᠡ ᠤᠰᠤᠨ ᠳᠣᠣᠷ᠎ᠠ ᠠᠵᠢᠯᠯᠠᠬᠤ ᠶᠠᠪᠤᠴᠠ᠎ᠳᠤ᠂ ᠪᠠᠷᠢᠯᠭ᠎ᠠ ᠵᠢᠨ ᠨᠢᠭᠡᠴᠢ ᠪᠣᠯᠤᠨ ᠠᠵᠢᠯᠯᠠᠭᠰᠠᠳ ᠶᠠᠮᠠᠷ ᠶᠠᠮᠠᠷ ᠪᠣᠳᠠᠲᠠᠶ ᠲᠣᠭᠲᠠᠭ᠋ᠠᠯ᠎ᠢ ᠵᠢᠷᠤᠮᠯᠠᠬᠤ ᠬᠡᠷᠡᠭᠲᠡᠶ ᠪᠤᠶ?
ᠬᠢᠷᠢ ᠬᠡᠮ᠎ᠤᠨ ᠰᠢᠯᠭ᠋ᠠᠯᠲᠠ᠄ ᠪᠠᠷᠠᠭ᠋ᠠᠨ᠎ᠤ ᠲᠡᠷᠭᠡᠨ ᠵᠢᠯᠣᠭᠤᠴᠢ ᠵᠠᠮ᠎ᠤᠨ ᠪᠠᠷᠠᠭ᠎ᠠ ᠲᠡᠭᠡᠭᠡᠪᠦᠷᠢ ᠵᠢᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ᠎ᠢ ᠭᠤᠶᠤᠴᠢᠯᠠᠨ ᠠᠪᠬᠤ᠎ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠶ ᠪᠣᠶ?
ᠰᠦᠢ᠍ᠳᠬᠡᠯ ᠬᠤᠷᠢᠶᠠᠬᠤ ᠲᠥᠷᠥ ᠵᠢᠨ ᠪᠣᠳᠣᠯᠭ᠎ᠠ᠄ ᠵᠠᠰᠠᠮᠠᠯ ᠵᠠᠮ᠎ᠤᠨ ᠰᠦᠢ᠍ᠳᠬᠡᠯ ᠬᠤᠷᠢᠶᠠᠬᠤ ᠥᠷᠲᠡᠭᠡ᠎ᠨᠢ ᠣᠶ᠋ᠢᠷ᠎ᠠ ᠬᠠᠪᠢ ᠵᠢᠨ ᠰᠠᠭᠤᠭ᠋ᠠᠯᠢ ᠠᠷᠠᠳ᠎ᠲᠤ ᠶᠠᠮᠠᠷ ᠶᠠᠮᠠᠷ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠪᠠᠶ᠋ᠢᠬᠤ ᠪᠣᠶ?
 
            