ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠤᠬᠤ ᠲᠡᠷᠭᠡ᠄ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠠᠶᠠᠨᠴᠢᠳ᠎ᠤᠨ ᠵᠥᠪᠰᠢᠶᠡᠷᠡᠯ ᠦᠭᠡᠢ᠎ᠪᠠᠷ ᠪᠤᠰᠤᠳ ᠠᠶᠠᠨᠴᠢᠳ᠎ᠢ ᠲᠡᠭᠡᠭᠡᠬᠦ ᠦᠢ᠍ᠯᠡ ᠠᠵᠢᠯᠯᠠᠭ᠎ᠠ᠎ᠳᠤ ᠶᠠᠮᠠᠷ ᠰᠢᠢ᠍ᠳᠬᠡᠯ ᠥᠭᠬᠦ ᠪᠤᠢ?
ᠨᠡᠶ᠋ᠢᠲᠡᠯᠡᠭᠰᠡᠨ ᠴᠠᠭ᠄ 2025-01-09

    《〈ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠵᠢᠨ ᠠᠵᠢᠯ ᠡᠷᠭᠢᠯᠡᠬᠦ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ〉᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠲᠣᠭᠲᠠᠭ᠋ᠠᠯ》      (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2021 ᠣᠨ᠎ᠤ 15 ᠳ᠋ᠤᠭ᠋ᠠᠷ ᠲᠣᠭ᠋ᠠᠲᠤ)᠎ᠤᠨ ᠳᠥᠴᠢᠳᠦᠭᠡᠷ ᠵᠦᠢ᠍ᠯ᠎ᠤᠨ ᠲᠣᠭᠲᠠᠭ᠋ᠠᠯ᠎ᠳᠤ᠂ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠡᠵᠡᠩᠨᠡᠯᠲᠡ ᠵᠢᠨ ᠶᠠᠪᠤᠴᠠ᠎ᠳᠤ᠂ ᠤᠯᠤᠰ᠎ᠤᠨ ᠵᠢᠯᠣᠭᠤᠴᠢ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠤᠬᠠᠶ᠋ᠢᠯᠠᠭᠰᠠᠨ ᠠᠵᠢᠯ᠎ᠤᠨ ᠶᠣᠰᠣ ᠮᠣᠷᠠᠯ᠂ ᠦᠢ᠍ᠯᠡᠴᠢᠯᠡᠭᠡᠨ᠎ᠤ ᠵᠢᠷᠤᠮᠵᠢᠯ᠂ ᠠᠮᠤᠷ ᠲᠦᠪᠰᠢᠨ ᠵᠶ᠋ᠠᠷ ᠡᠵᠡᠩᠨᠡᠬᠦ ᠵᠡᠷᠭᠡ ᠲᠠᠯ᠎ᠠ ᠵᠢᠨ ᠬᠢᠷᠢ ᠬᠡᠮ᠎ᠤᠨ ᠲᠣᠭᠲᠠᠭ᠋ᠠᠯ᠎ᠢ ᠵᠢᠷᠤᠮᠯᠠᠵᠤ᠂ ᠪᠣᠯᠪᠠᠰᠤᠨ ᠵᠶ᠋ᠠᠷ ᠲᠡᠷᠭᠡ ᠵᠢᠯᠣᠭᠤᠳᠬᠤ᠂ ᠴᠢᠨᠠᠷ ᠰᠠᠶ᠋ᠢᠲᠠᠶ ᠦᠢ᠍ᠯᠡᠴᠢᠯᠡᠬᠦ ᠬᠡᠷᠡᠭᠲᠡᠶ ᠭᠡᠵᠦ ᠲᠣᠭᠲᠠᠭ᠋ᠠᠪᠠ᠃ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠳᠣᠤᠷᠠᠬᠢ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠶ᠄ ᠁ (ᠳᠥᠷᠪᠡ) ᠠᠶᠠᠨᠴᠢᠳ᠎ᠤᠨ ᠵᠥᠪᠰᠢᠶᠡᠷᠡᠯ ᠦᠭᠡᠢ᠎ᠪᠠᠷ ᠪᠤᠰᠤᠳ ᠠᠶᠠᠨᠴᠢᠳ᠎ᠢ                ᠲᠡᠭᠡᠭᠡᠭᠰᠡᠨ; ᠁ ᠳᠥᠴᠢᠨ ᠬᠤᠶᠠᠳᠤᠭ᠋ᠠᠷ ᠵᠦᠢ᠍ᠯ᠎ᠤᠨ ᠲᠣᠭᠲᠠᠭ᠋ᠠᠯ᠂ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠠᠷᠪᠠᠨ ᠵᠢᠷᠭᠤᠳᠤᠭ᠋ᠠᠷ ᠵᠦᠢ᠍ᠯ᠂ ᠳᠥᠴᠢᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ᠎ᠤ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠲᠤ 200 ᠲᠥᠭᠦᠷᠢᠭ᠎ᠠᠴᠠ ᠳᠡᠭᠡᠭᠰᠢ 500 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠬᠢᠷᠢ ᠬᠡᠮ᠎ᠤᠨ ᠰᠢᠯᠭ᠋ᠠᠯᠲᠠ᠄ ᠡᠵᠡᠩᠨᠡᠯᠲᠡ ᠵᠢᠨ ᠴᠢᠨᠠᠷᠲᠠᠶ ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ᠂ ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠵᠢᠯᠣᠭᠣᠴᠢ᠂ ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠴᠢᠶᠠᠯᠠᠵᠤ ᠪᠠᠭᠤᠯᠭ᠋ᠠᠬᠤ ᠬᠠᠮᠢᠶᠠᠷᠤᠯᠲᠠ ᠵᠢᠨ ᠠᠵᠢᠯᠲᠠᠨ ᠪᠠ ᠬᠠᠷᠠᠵᠤ ᠲᠡᠭᠡᠭᠡᠪᠦᠷᠢᠯᠡᠬᠦ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ ᠵᠢ ᠬᠡᠷᠬᠢᠨ ᠭᠤᠶᠤᠴᠢᠯᠠᠬᠤ ᠪᠣᠶ?
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ᠎ᠳᠤ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠠᠵᠢᠯ᠎ᠤᠨ ᠵᠢᠯᠣᠭᠤᠳᠤᠮᠵᠢ》 ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠭᠰᠠᠨ ᠪᠣᠶ?
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠵᠣᠷᠢᠭᠤᠳᠠ ᠡᠪᠳᠡᠨ ᠰᠦᠢ᠍ᠳᠭᠡᠬᠦ᠂ ᠳᠤᠷ᠎ᠠ᠎ᠪᠠᠷ ᠵᠶ᠋ᠠᠨ ᠰᠢᠯᠵᠢᠭᠦᠯᠬᠦ᠂ ᠪᠠᠯᠠᠯᠤᠨ ᠥᠭᠡᠷᠡᠴᠢᠯᠡᠬᠦ᠂ ᠬᠠᠯᠬᠠᠯᠠᠬᠤ ᠪᠤᠶᠤ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠠᠰᠢᠭᠯᠠᠨ ᠬᠤᠭᠤᠯᠠᠶ ᠲᠠᠯᠪᠢᠨ᠂ ᠡᠳ᠋ ᠪᠣᠳᠠᠰ ᠡᠯᠭᠦᠵᠦ᠂ ᠵᠠᠰᠠᠮᠠᠯ ᠵᠠᠮ᠎ᠤᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ᠎ᠳᠤ ᠶᠠᠮᠠᠷ ᠶᠠᠮᠠᠷ ᠰᠢᠢ᠍ᠳᠬᠡᠯ ᠥᠭᠬᠦ ᠪᠤᠢ?
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠣᠬᠤ ᠲᠡᠷᠭᠡ᠄ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠣᠴᠢ ᠠᠶᠠᠨᠴᠢᠳ᠎ᠠᠴᠠ ᠠᠭ᠋ᠠᠷ ᠲᠣᠬᠢᠷᠠᠭᠤᠯᠤᠭᠤᠷ᠎ᠤᠨ ᠰᠦᠢ᠍ᠳᠭᠡᠯ ᠬᠤᠷᠢᠶᠠᠬᠤ ᠠᠵᠢᠯᠯᠠᠭ᠎ᠠ᠎ᠨᠢ ᠵᠦᠢ ᠵᠣᠬᠢᠰᠲᠠᠢ ᠤᠤ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠥᠷᠲᠡᠭᠡ᠎ᠠᠴᠠ ᠭᠠᠷᠬᠤ ᠠᠶᠠᠨᠴᠢᠳ᠎ᠤᠨ ᠮᠠᠰᠢᠨ ᠲᠡᠷᠭᠡ ᠵᠢᠨ ᠡᠭᠡᠯᠵᠢ ᠮᠡᠳᠡᠭᠦᠯᠬᠦ ᠭᠠᠷ ᠭᠦᠢᠴᠡᠳᠬᠡᠯ᠎ᠤᠨ ᠪᠠᠢ᠌ᠴᠠᠭ᠋ᠠᠯᠲᠠ᠎ᠳᠤ ᠭᠣᠤᠯᠳᠠᠭᠤ ᠶᠠᠮᠠᠷ ᠶᠠᠮᠠᠷ ᠠᠭᠤᠯᠭ᠎ᠠ ᠵᠢ ᠪᠠᠭᠲᠠᠭ᠋ᠠᠬᠤ ᠪᠣᠶ?
 
            