《ᠵᠠᠮ ᠲᠡᠭᠡᠭᠡᠪᠦᠷᠢ ᠵᠢᠨ ᠠᠵᠢᠯᠯᠠᠭᠰᠠᠳ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠳᠤ ᠡᠵᠡᠩᠨᠡᠯᠲᠡ ᠵᠢᠨ ᠴᠢᠨᠠᠷᠲᠠᠶ ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ᠎ᠪᠠᠷ ᠭᠤᠶᠤᠴᠢᠯᠠᠭᠰᠠᠳ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ᠎ᠤᠨ ᠲᠣᠭᠣᠷᠢᠭ ᠪᠠᠢ᠌ᠭᠤᠯᠤᠭᠰᠠᠨ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ 《ᠡᠵᠡᠩᠨᠡᠯᠲᠡ ᠵᠢᠨ ᠴᠢᠨᠠᠷᠲᠠᠶ ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ ᠵᠢᠨ ᠭᠤᠶᠤᠴᠢᠯᠠᠯ᠎ᠤᠨ ᠬᠦᠰᠦᠨᠦᠭᠲᠦ》 (ᠶᠠᠩᠵᠤ ᠵᠢ ᠳᠠᠭ᠋ᠠᠯᠳᠤᠭᠤᠯᠤᠯ 1᠎ᠳᠤ ᠦᠵᠡ) ᠵᠢ ᠲᠠᠭᠯᠠᠬᠤ ᠵᠢᠨ ᠬᠠᠮᠲᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
(ᠨᠢᠭᠡ) ᠪᠡᠶ᠎ᠡ ᠵᠢᠨ ᠬᠢᠷᠢ ᠬᠡᠮ᠎ᠤᠨ ᠭᠡᠷᠡᠴᠢ;
(ᠬᠣᠶᠠᠷ) ᠮᠠᠰᠢᠨ ᠲᠡᠷᠭᠡᠨ᠎ᠤ ᠵᠢᠯᠤᠭᠤᠴᠢ ᠵᠢᠨ ᠦᠨᠡᠮᠯᠡᠯ;
(ᠭᠤᠷᠪᠠ) ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ᠎ᠪᠠᠷ ᠭᠤᠶᠤᠴᠢᠯᠠᠬᠤ᠎ᠳᠤ ᠪᠠᠰᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠷᠭ᠋ᠠᠭᠰᠠᠨ 3 ᠵᠢᠯ᠎ᠤᠨ ᠳᠣᠲᠣᠷ᠎ᠠ ᠬᠦᠨᠳᠦ ᠶᠡᠬᠡ᠎ᠠᠴᠠ ᠳᠡᠭᠡᠭᠰᠢᠬᠢ ᠵᠠᠮ ᠬᠠᠷᠢᠯᠴᠠᠭ᠋ᠠᠨ᠎ᠤ ᠬᠠᠷᠢᠭᠤᠴᠠᠯᠭ᠎ᠠ ᠵᠢᠨ ᠡᠨᠳᠡᠯ᠎ᠤᠨ ᠲᠡᠮᠳᠡᠭᠯᠡᠯ ᠦᠭᠡᠢ ᠭᠡᠷᠡᠴᠢ ᠬᠠᠩᠭ᠋ᠠᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ᠎ᠪᠠᠷ ᠭᠤᠶᠤᠴᠢᠯᠠᠬᠤ᠎ᠳᠤ᠂ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ᠎ᠤᠨ ᠲᠣᠭᠣᠷᠢᠭ ᠪᠠᠢ᠌ᠭᠤᠯᠤᠭᠰᠠᠨ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ 《ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ ᠵᠢᠨ ᠭᠤᠶᠤᠴᠢᠯᠠᠯ᠎ᠤᠨ ᠬᠦᠰᠦᠨᠦᠭᠲᠦ》 (ᠶᠠᠩᠵᠤ ᠵᠢ ᠳᠠᠭ᠋ᠠᠯᠳᠤᠭᠤᠯᠤᠯ 2᠎ᠲᠤ ᠦᠵᠡ) ᠵᠢ ᠲᠠᠭᠯᠠᠬᠤ ᠵᠢᠨ ᠬᠠᠮᠲᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
(ᠨᠢᠭᠡ) ᠪᠡᠶ᠎ᠡ ᠵᠢᠨ ᠬᠢᠷᠢ ᠬᠡᠮ᠎ᠤᠨ ᠭᠡᠷᠡᠴᠢ;
(ᠬᠣᠶᠠᠷ) ᠮᠠᠰᠢᠨ ᠲᠡᠷᠭᠡᠨ᠎ᠤ ᠵᠢᠯᠤᠭᠤᠴᠢ ᠵᠢᠨ ᠦᠨᠡᠮᠯᠡᠯ;
(ᠭᠤᠷᠪᠠ) ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠪᠤᠶᠤ ᠵᠠᠮ᠎ᠤᠨ ᠪᠠᠷᠠᠭ᠎ᠠ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠪᠤᠶᠤ ᠪᠦᠬᠦᠯᠢ ᠡᠳᠦᠷ᠎ᠤᠨ ᠳᠦᠷᠢᠮᠲᠦ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠠᠷᠢᠶ᠎ᠠ ᠵᠢᠨ ᠦᠨᠡᠮᠯᠡᠯ (4500 ᠺᠢᠯᠣᠭ᠌ᠷᠠᠮ ᠵᠢᠴᠢ ᠲᠡᠭᠦᠨ᠎ᠠᠴᠠ ᠳᠣᠷᠣᠭᠰᠢᠬᠢ ᠡᠩ᠎ᠤᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠡᠵᠡᠩᠨᠡᠬᠦ ᠠᠵᠢᠯᠯᠠᠭ᠎ᠠ ᠬᠢᠵᠦ ᠪᠠᠢ᠌ᠭ᠎ᠠ ᠵᠢᠯᠣᠭᠣᠴᠢ᠎ᠠᠴᠠ ᠭᠠᠳᠠᠨ᠎ᠠ);
(ᠳᠥᠷᠪᠡ) ᠬᠠᠮᠢᠶ᠎ᠠ ᠪᠥᠬᠥᠶ ᠪᠣᠯᠪᠠᠰᠤᠷᠠᠯ᠎ᠤᠨ ᠭᠡᠷᠡᠴᠢ;
(ᠲᠠᠪᠤ) ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠷᠭ᠋ᠠᠭᠰᠠᠨ 3 ᠵᠢᠯ᠎ᠤᠨ ᠳᠣᠲᠣᠷ᠎ᠠ ᠬᠦᠨᠳᠦ ᠶᠡᠬᠡ᠎ᠠᠴᠠ ᠳᠡᠭᠡᠭᠰᠢᠬᠢ ᠵᠠᠮ ᠬᠠᠷᠢᠯᠴᠠᠭ᠋ᠠᠨ᠎ᠤ ᠬᠠᠷᠢᠭᠤᠴᠠᠯᠭ᠎ᠠ ᠵᠢᠨ ᠡᠨᠳᠡᠯ᠎ᠤᠨ ᠲᠡᠮᠳᠡᠭᠯᠡᠯ ᠦᠭᠡᠢ ᠭᠡᠷᠡᠴᠢ ᠃
ᠠᠷᠪᠠᠨ ᠳᠣᠯᠣᠳᠤᠭ᠋ᠠᠷ ᠵᠦᠢ᠍ᠯ ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠴᠢᠶᠠᠯᠠᠵᠤ ᠪᠠᠭᠤᠯᠭ᠋ᠠᠬᠤ ᠬᠠᠮᠢᠶᠠᠷᠤᠯᠲᠠ ᠵᠢᠨ ᠠᠵᠢᠯᠳᠠᠨ ᠪᠣᠯᠤᠨ ᠬᠠᠷᠠᠵᠤ ᠲᠡᠭᠡᠭᠡᠪᠦᠷᠢᠯᠡᠬᠦ ᠬᠥᠮᠦᠰ᠎ᠤᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠲᠤ ᠣᠷᠣᠯᠴᠠᠬᠤ᠎ᠪᠠᠷ ᠭᠤᠶᠤᠴᠢᠯᠠᠬᠤ᠎ᠳᠤ᠂ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ᠎ᠤᠨ ᠲᠣᠭᠣᠷᠢᠭ ᠪᠠᠢ᠌ᠭᠤᠯᠤᠭᠰᠠᠨ ᠬᠤᠳᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠡᠨ ᠳᠤᠷᠠᠳᠴᠤ᠂ 《ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ ᠵᠢᠨ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠬᠤ ᠵᠢᠨ ᠬᠠᠮᠲᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠄
(ᠨᠢᠭᠡ) ᠪᠡᠶ᠎ᠡ ᠵᠢᠨ ᠬᠢᠷᠢ ᠬᠡᠮ᠎ᠤᠨ ᠭᠡᠷᠡᠴᠢ;
(ᠬᠣᠶᠠᠷ) ᠰᠤᠷᠤᠯᠭ᠎ᠠ ᠵᠢᠨ ᠨᠠᠮᠲᠠᠷ᠎ᠤᠨ ᠭᠡᠷᠡᠴᠢ;
(ᠭᠤᠷᠪᠠ) ᠬᠠᠮᠢᠶ᠎ᠠ ᠪᠦᠬᠦᠢ ᠪᠣᠯᠪᠠᠰᠤᠷᠠᠯ᠎ᠤᠨ ᠭᠡᠷᠡᠴᠢ᠃
ᠪᠣᠳᠠᠲᠠᠶ ᠵᠦᠢᠯᠡᠰ᠎ᠢ ᠬᠣᠲᠠ ᠵᠢᠨ ᠵᠠᠰᠠᠮᠠᠯ ᠵᠠᠮ᠎ᠤᠨ ᠬᠠᠮᠢᠶᠠᠷᠤᠯᠲᠠ ᠬᠠᠮᠠᠭ᠋ᠠᠯᠠᠯᠲᠠ ᠪᠠ ᠲᠡᠭᠡᠭᠡᠪᠦᠷᠢ ᠵᠢᠨ ᠦᠢᠯᠡᠴᠢᠯᠡᠭᠡᠨ᠎ᠤ ᠪᠠᠲᠤᠯᠠᠭ᠎ᠠ ᠵᠢᠨ ᠲᠥᠪ᠎ᠤᠨ ᠠᠶᠠᠨᠴᠢᠳ᠎ᠤᠨ ᠵᠥᠭᠡᠭᠡᠪᠦᠷᠢ ᠵᠢᠨ ᠰᠠᠯᠠᠭ᠎ᠠ᠎ᠠᠴᠠ ᠯᠠᠪᠯᠠᠵᠤ ᠪᠣᠯᠤᠨ᠎ᠠ᠂ ᠬᠠᠷᠢᠯᠴᠠᠬᠤ ᠤᠲᠠᠰᠤ᠄ 8821205᠂ 8821207᠃