《ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠡᠵᠡᠩᠨᠡᠯᠲᠡ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2021 ᠣᠨ᠎ᠤ 16 ᠳ᠋ᠤᠭ᠋ᠠᠷ ᠲᠣᠭ᠋ᠠᠲᠤ)᠎ᠤᠨ ᠬᠤᠷᠢᠨ ᠬᠤᠶᠠᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠎ᠲᠤ ᠲᠣᠭᠲᠠᠭ᠋ᠠᠭᠰᠠᠨ᠎ᠨᠢ᠂ ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠠᠶᠠᠨᠴᠢᠳ᠎ᠤᠨ ᠬᠦᠰᠡᠯ ᠰᠠᠨᠠᠭ᠎ᠠ ᠵᠢ ᠦᠨᠳᠦᠰᠦᠯᠡᠨ ᠲᠡᠷᠭᠡᠨ ᠴᠣᠩᠬᠤ ᠵᠢᠨ ᠰᠢᠯ ᠵᠢᠴᠢ ᠠᠭ᠋ᠠᠷ ᠲᠣᠬᠢᠷᠠᠭᠤᠯᠤᠭᠤᠷ᠂ ᠬᠦᠩᠬᠢᠨᠡᠭᠦᠷ᠂ ᠸᠢᠳᠢᠣ᠋ ᠵᠡᠷᠭᠡ ᠦᠢ᠍ᠯᠡᠴᠢᠯᠡᠭᠡᠨ᠎ᠤ ᠲᠥᠬᠦᠭᠡᠷᠦᠮᠵᠢ ᠵᠢ ᠬᠡᠷᠡᠭᠯᠡᠬᠦ ᠬᠡᠷᠡᠭᠲᠡᠶ᠃ ᠳᠥᠴᠢᠨ ᠨᠠᠢ᠍ᠮᠠᠳᠤᠭ᠋ᠠᠷ ᠵᠦᠢ᠍ᠯ᠎ᠤᠨ ᠳᠥᠷᠪᠡᠳᠦᠭᠡᠷ ᠵᠤᠷᠪᠤᠰ᠎ᠲᠤ ᠲᠣᠭᠲᠠᠭ᠋ᠠᠭᠰᠠᠨ᠎ᠨᠢ᠂ ᠲᠣᠭᠲᠠᠭ᠋ᠠᠯ ᠶᠣᠰᠣᠭ᠋ᠠᠷ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠬᠠᠮᠢᠶ᠎ᠠ ᠪᠦᠬᠦᠢ ᠲᠥᠬᠥᠭᠡᠷᠦᠮᠵᠢ ᠵᠢ ᠬᠡᠷᠡᠭᠯᠡᠭᠰᠡᠨ ᠦᠭᠡᠶ ᠪᠣᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠦᠷᠢᠶᠡᠰᠦᠨ ᠮᠠᠰᠢᠨ ᠲᠡᠷᠭᠡᠨ᠎ᠤ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠲᠤ 200 ᠲᠥᠭᠥᠷᠢᠭ᠎ᠠᠴᠠ ᠳᠡᠭᠡᠭᠰᠢ 500 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃