ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠣᠬᠤ ᠲᠡᠷᠭᠡ᠄ ᠰᠦᠯᠵᠢᠶ᠎ᠡ᠎ᠪᠠᠷ ᠪᠣᠯᠵᠣᠬᠤ ᠮᠠᠰᠢᠨ ᠲᠡᠷᠭᠡᠨ᠎ᠤ ᠡᠵᠡᠩᠨᠡᠯᠲᠡ ᠬᠢᠬᠦ᠎ᠪᠠᠷ ᠭᠤᠶᠤᠴᠢᠯᠠᠬᠤ᠎ᠳᠤ ᠶᠠᠮᠠᠷ ᠴᠢᠳᠠᠪᠤᠷᠢ ᠵᠢ ᠪᠦᠷᠢᠯᠳᠦᠭᠦᠯᠬᠦ ᠪᠤᠢ?
ᠨᠡᠶ᠋ᠢᠲᠡᠯᠡᠭᠰᠡᠨ ᠴᠠᠭ᠄ 2025-02-13

    《ᠰᠦᠯᠵᠢᠶ᠎ᠡ᠎ᠪᠠᠷ ᠪᠣᠯᠵᠣᠬᠤ ᠳᠦᠷᠢᠶᠡᠰᠦᠨ ᠮᠠᠰᠢᠨ ᠲᠡᠷᠭᠡᠨ᠎ᠤ ᠡᠵᠡᠩᠨᠡᠯᠲᠡ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2019 ᠣᠨ᠎ᠤ 46 ᠳ᠋ᠤᠭ᠋ᠠᠷ ᠲᠣᠭ᠋ᠠᠲᠤ)᠎ᠤᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠄ ᠰᠦᠯᠵᠢᠶ᠎ᠡ᠎ᠪᠠᠷ ᠪᠣᠯᠵᠣᠬᠤ ᠮᠠᠰᠢᠨ ᠲᠡᠷᠭᠡᠨ᠎ᠤ ᠡᠵᠡᠩᠨᠡᠯᠲᠡ ᠬᠢᠬᠦ᠎ᠪᠠᠷ ᠭᠤᠶᠤᠴᠢᠯᠠᠪᠠᠯ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢ᠍ᠯᠡᠴᠢᠯᠡᠭᠡᠨ᠎ᠤ ᠴᠢᠳᠠᠪᠤᠷᠢ ᠵᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠂ ᠳᠣᠣᠷ᠎ᠠ ᠵᠢᠭᠰᠠᠭ᠋ᠠᠭᠰᠠᠨ ᠨᠥᠬᠥᠴᠡᠯ᠎ᠳᠤ ᠨᠡᠶ᠋ᠢᠴᠡᠨ᠎ᠡ᠄ (ᠨᠢᠭᠡ) ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠬᠢᠷᠢ ᠭᠡᠮ ᠪᠠᠢ᠌ᠬᠤ ᠬᠡᠷᠡᠭᠲᠡᠢ; (ᠬᠣᠶᠠᠷ) ᠰᠦᠯᠵᠢᠶ᠎ᠡ᠎ᠪᠠᠷ ᠪᠣᠯᠵᠣᠬᠤ ᠮᠠᠰᠢᠨ ᠲᠡᠷᠭᠡᠨ᠎ᠤ ᠡᠵᠡᠩᠨᠡᠯᠲᠡ ᠦᠷᠨᠢᠭᠦᠯᠬᠦ ᠢᠨᠲ᠋ᠧᠷ ᠰᠦᠯᠵᠢᠶᠡᠨ᠎ᠤ ᠲᠠᠪᠴᠠᠩ ᠪᠠ ᠲᠤᠬᠠᠶ᠋ᠢᠯᠠᠭᠰᠠᠨ ᠠᠵᠢᠯ ᠥᠷᠨᠢᠭᠦᠯᠬᠦ᠎ᠪᠠᠷ ᠪᠠᠶ᠋ᠢᠭ᠎ᠠ ᠮᠡᠳᠡᠭᠡ ᠵᠠᠩᠭᠢ ᠵᠢᠨ ᠲᠤᠭ᠎ᠠ ᠪᠠᠷᠢᠮᠲᠠ᠎ᠲᠠᠢ ᠬᠠᠷᠢᠯᠴᠠᠨ ᠨᠡᠪᠲᠡᠷᠡᠯᠴᠡᠬᠦ ᠵᠢᠴᠢ ᠰᠢᠢ᠍ᠳᠪᠦᠷᠢᠯᠡᠬᠦ ᠴᠢᠳᠠᠪᠤᠷᠢ ᠵᠢ ᠪᠦᠷᠢᠳᠦᠭᠦᠯᠵᠦ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠭᠠᠶ᠋ᠢᠯᠢ ᠵᠢᠨ ᠶᠠᠪᠤᠳᠠᠯ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠡᠷᠭᠡ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ ᠬᠠᠮᠢᠶ᠎ᠠ ᠪᠦᠬᠦᠢ ᠰᠦᠯᠵᠢᠶᠡᠨ᠎ᠤ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠨᠥᠬᠦᠴᠡᠯ᠎ᠢ ᠪᠦᠷᠢᠳᠦᠭᠦᠯᠵᠦ᠂ ᠰᠦᠯᠵᠢᠶ᠎ᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠳ᠋ᠠᠶ᠋ᠢᠲ᠋ᠠ ᠬᠥᠮᠥᠷᠭᠡ᠎ᠨᠢ ᠲᠦᠷᠢᠶᠡᠰᠦᠨ ᠮᠠᠰᠢᠨ ᠲᠡᠷᠭᠡᠨ᠎ᠤ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠦᠴᠢᠷ᠎ᠯᠦᠭᠡ ᠵᠠᠯᠭ᠋ᠠᠨ ᠠᠪᠴᠤ᠂ ᠦᠢ᠍ᠯᠡᠴᠢᠯᠡᠭᠦᠷ᠎ᠢ ᠳᠤᠮᠳᠠᠳᠤ ᠤᠯᠤᠰ᠎ᠤᠨ ᠳᠣᠲᠣᠷ ᠭᠠᠵᠠᠷ᠎ᠲᠤ ᠪᠠᠢ᠌ᠷᠢᠯᠠᠭᠤᠯᠵᠤ᠂ ᠲᠣᠭᠲᠠᠭ᠋ᠠᠯ᠎ᠳᠤ ᠨᠡᠶ᠋ᠢᠴᠡᠭᠰᠡᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ ᠪᠠ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠮᠡᠷᠭᠡᠵᠢᠯ᠎ᠤᠨ ᠠᠷᠭ᠎ᠠ ᠬᠡᠮᠵᠢᠶ᠎ᠡ ᠪᠠᠢ᠌ᠬᠤ ᠬᠡᠷᠡᠭᠲᠡᠢ; (ᠭᠤᠷᠪᠠ) ᠡᠯᠧᠺᠲᠷᠣᠨ ᠵᠶ᠋ᠠᠷ ᠥᠭᠬᠦ ᠵᠢ ᠬᠡᠷᠡᠭᠯᠡᠭᠰᠡᠨ ᠪᠠᠶ᠋ᠢᠪᠠᠯ᠂ ᠪᠠᠩᠬᠢ᠂ ᠪᠠᠩᠬᠢ ᠵᠢᠨ ᠪᠤᠰᠤ ᠵᠣᠭᠣᠰ ᠥᠭᠬᠦ ᠪᠠᠶ᠋ᠢᠭᠤᠯᠤᠮᠵᠢ᠎ᠯᠤᠭ᠎ᠠ ᠦᠭᠴᠦ ᠳ᠋ᠦᠩᠨᠡᠨ ᠪᠣᠳᠣᠬᠤ ᠦᠢ᠍ᠯᠡᠴᠢᠯᠡᠭᠡᠨ ᠬᠠᠩᠭ᠋ᠠᠬᠤ ᠵᠥᠪᠳᠡᠯᠴᠡᠬᠡᠷ ᠲᠣᠭᠲᠠᠬᠤ ᠬᠡᠷᠡᠭᠲᠡᠶ; (ᠳᠦᠷᠪᠡ) ᠪᠦᠷᠢᠨ ᠲᠡᠭᠦᠯᠳᠡᠷ ᠡᠵᠡᠩᠨᠡᠯᠲᠡ ᠬᠠᠮᠢᠶᠠᠷᠤᠯᠲᠠ ᠵᠢᠨ ᠳᠦᠷᠢᠮ᠂ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠳᠦᠷᠢᠮ ᠪᠠ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠳᠦᠷᠢᠮ ᠪᠠᠢ᠌ᠬᠤ ᠬᠡᠷᠡᠭᠲᠡᠢ; (ᠲᠠᠪᠤ) ᠦᠢ᠍ᠯᠡᠴᠢᠯᠡᠭᠡᠨ᠎ᠤ ᠪᠠᠶ᠋ᠢᠭ᠎ᠠ ᠭᠠᠵᠠᠷ᠎ᠲᠤ ᠵᠣᠬᠢᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠴᠢ ᠦᠢ᠍ᠯᠡᠴᠢᠯᠡᠭᠡᠨ᠎ᠤ ᠴᠢᠳᠠᠪᠤᠷᠢ᠎ᠲᠠᠢ ᠪᠠᠶ᠋ᠢᠬᠤ ᠬᠡᠷᠡᠭᠲᠡᠢ; (ᠵᠢᠷᠭᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠦᠴᠡᠯ᠎ᠲᠠᠢ ᠪᠠᠶ᠋ᠢᠬᠤ ᠬᠡᠷᠡᠭᠲᠡᠢ᠃ ᠭᠠᠳᠠᠭ᠋ᠠᠳᠤ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠰᠦᠯᠵᠢᠶ᠎ᠡ᠎ᠪᠠᠷ ᠪᠣᠯᠵᠣᠬᠤ ᠲᠡᠷᠭᠡ ᠡᠵᠡᠩᠨᠡᠭᠰᠡᠨ ᠪᠠᠶ᠋ᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ᠎ᠠᠴᠠ ᠭᠠᠳᠠᠨ᠎ᠠ᠂ ᠪᠠᠰᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
   

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠬᠢᠷᠢ ᠬᠡᠮ᠎ᠤᠨ ᠰᠢᠯᠭ᠋ᠠᠯᠲᠠ᠄ ᠵᠠᠮ᠎ᠤᠨ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠪᠣᠯᠪᠠᠰᠤᠷᠠᠯ᠎ᠤᠨ ᠰᠤᠷᠭ᠋ᠠᠭᠴᠢ᠎ᠨᠢ ᠶᠠᠮᠠᠷ ᠶᠠᠮᠠᠷ ᠨᠥᠬᠥᠴᠡᠯ᠎ᠳᠤ ᠨᠡᠢ᠌ᠴᠡᠬᠦ ᠬᠡᠷᠡᠭᠲᠡᠶ ᠪᠤᠢ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄【ᠵᠢᠷᠤᠭᠲᠤ ᠲᠠᠢ᠌ᠯᠤᠮᠵᠢ】 ᠬᠡᠳᠦᠨ ᠰᠠᠭᠤᠳᠠᠯᠲᠤ ᠲᠡᠷᠭᠡ᠎ᠨᠢ ᠵᠠᠬᠢᠶᠠᠯᠠᠬᠤ ᠠᠶᠠᠨᠴᠢᠳ᠎ᠤᠨ ᠵᠥᠭᠡᠭᠡᠪᠦᠷᠢ ᠡᠵᠡᠩᠨᠡᠵᠦ ᠪᠣᠯᠬᠤ ᠪᠣᠶ?
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄【ᠵᠢᠷᠤᠭᠲᠤ ᠲᠠᠢ᠌ᠯᠤᠮᠵᠢ】《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠷᠢᠶᠡᠨ᠎ᠳᠤ ᠶᠣᠰᠣ ᠬᠡᠯᠡᠬᠦ ᠮᠠᠶᠢᠭ ᠵᠶ᠋ᠠᠷ ᠬᠠᠤᠯᠢ ᠬᠡᠷᠡᠭᠵᠢᠭᠦᠯᠬᠦ ᠠᠵᠢᠯ᠎ᠢ ᠳᠡᠯᠭᠡᠷᠡᠭᠦᠯᠬᠦ ᠵᠢᠯᠣᠭᠤᠳᠤᠮᠵᠢ》 ᠵᠢᠨ ᠠᠬᠤᠢ ᠪᠠᠢ᠌ᠳᠠᠯ᠎ᠤᠨ ᠦᠨᠳᠦᠰᠦᠯᠡᠯ᠎ᠨᠢ ᠶᠠᠭᠤ ᠪᠣᠢ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠡᠵᠡᠩᠨᠡᠯᠲᠡ ᠵᠢᠨ ᠴᠢᠨᠠᠷᠲᠠᠢ ᠠᠶᠠᠨᠴᠢᠳ᠎ᠤᠨ ᠮᠠᠰᠢᠨ ᠲᠡᠷᠭᠡ ᠵᠢᠨ ᠡᠵᠡᠩᠨᠡᠯᠲᠡ ᠵᠢᠨ ᠬᠤᠭᠤᠴᠠᠭ᠎ᠠ᠎ᠨᠢ ᠬᠡᠳᠦᠢ ᠤᠷᠳᠤ ᠪᠤᠢ?
ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ᠄ ᠵᠠᠮ᠎ᠤᠨ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠢ ᠬᠡᠷᠬᠢᠨ ᠲᠣᠭᠲᠠᠭ᠋ᠠᠭᠰᠠᠨ ᠪᠣᠶ?
 
            