ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ᠄ ᠵᠠᠮ᠎ᠤᠨ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠢ ᠬᠡᠷᠬᠢᠨ ᠲᠣᠭᠲᠠᠭ᠋ᠠᠭᠰᠠᠨ ᠪᠣᠶ?
ᠨᠡᠶ᠋ᠢᠲᠡᠯᠡᠭᠰᠡᠨ ᠴᠠᠭ᠄ 2025-03-11

     ᠤᠯᠠᠨ᠎ᠤ ᠮᠡᠳᠡᠭᠡᠵᠢ᠎ᠪᠠᠷ᠂ ᠵᠠᠮ ᠪᠣᠯ ᠬᠤᠷᠳᠤᠴᠠ ᠵᠢᠨ ᠬᠢᠵᠠᠭ᠋ᠠᠷ᠎ᠲᠠᠢ ᠮᠥᠷᠲᠡᠭᠡᠨ ᠠᠳᠠᠯᠢ ᠪᠤᠰᠤ ᠲᠦᠷᠦᠯ᠎ᠤᠨ ᠵᠠᠮ᠎ᠳᠤ ᠠᠳᠠᠯᠢ ᠪᠤᠰᠤ ᠵᠢᠨ ᠬᠤᠷᠳᠤᠴᠠ ᠵᠢᠨ ᠬᠢᠵᠠᠭ᠋ᠠᠷ᠎ᠲᠠᠢ ᠪᠠᠢ᠌ᠳᠠᠭ᠂ ᠲᠡᠭᠡᠪᠡᠯ ᠡᠨᠡ ᠬᠦ᠌ ᠲᠣᠭ᠎ᠠ ᠬᠡᠮᠵᠢᠭᠳᠡᠯ᠎ᠢ ᠴᠤᠬᠤᠮ ᠬᠡᠷᠬᠢᠨ ᠲᠣᠭᠲᠠᠭ᠋ᠠᠭᠰᠠᠨ ᠪᠤᠢ? ᠡᠨᠡ ᠠᠰᠠᠭᠤᠳᠠᠯ᠎ᠢ ᠥᠭᠦᠯᠡᠬᠦ᠎ᠠᠴᠠ ᠡᠮᠦᠨ᠎ᠡ᠂ ᠪᠢᠳᠡ ᠤᠷᠢᠳ ᠵᠶ᠋ᠠᠷ ᠠᠮᠠᠷᠬᠠᠨ ᠬᠤᠳᠬᠤᠯᠳᠤᠭᠤᠯᠬᠤ ᠬᠡᠳᠦᠨ ᠤᠬᠠᠭᠳᠠᠬᠤᠨ᠎ᠠᠴᠠ ᠣᠢ᠌ᠯᠠᠭ᠋ᠠᠶ᠎ᠠ᠃
    01  ᠬᠢᠵᠠᠭ᠋ᠠᠷᠯᠠᠭᠰᠠᠨ ᠬᠤᠷᠳᠤᠴᠠ
     ᠵᠠᠮ᠎ᠤᠨ ᠣᠨᠴᠠ ᠲᠣᠭᠲᠠᠭ᠋ᠠᠭᠰᠠᠨ ᠬᠡᠰᠡᠭ᠎ᠲᠤ ᠮᠠᠰᠢᠨ ᠲᠡᠷᠭᠡ ᠵᠢᠨ ᠶᠠᠪᠤᠬᠤ ᠵᠢ ᠵᠥᠪᠰᠢᠶᠡᠷᠡᠬᠦ ᠬᠠᠮᠤᠭ᠎ᠤᠨ ᠥᠨᠳᠥᠷ ᠬᠤᠷᠳᠤᠴᠠ᠃
    02 ᠲᠥᠯᠥᠪᠯᠡᠭᠰᠡᠨ ᠬᠤᠷᠳᠤᠴᠠ
     ᠵᠠᠮ᠎ᠤᠨ ᠭᠧᠣᠮᠧᠲᠷᠢ ᠵᠢᠨ ᠲᠥᠯᠥᠪᠯᠡᠭᠡ᠎ᠳᠤ ᠬᠡᠷᠡᠭᠯᠡᠭᠰᠡᠨ ᠮᠠᠰᠢᠨ ᠲᠡᠷᠭᠡᠨ᠎ᠤ ᠬᠤᠷᠳᠤᠴᠠ᠃ 
    03 ᠰᠠᠨᠠᠭᠤᠯᠬᠤ ᠬᠤᠷᠳᠤᠴᠠ
   ᠨᠢᠭᠡ ᠬᠡᠰᠡᠭ ᠵᠠᠮ ᠳᠡᠭᠡᠷ᠎ᠡ ᠵᠠᠮ᠎ᠤᠨ ᠵᠢᠷᠤᠭ ᠲᠦᠯᠦᠪᠯᠡᠭᠰᠡᠨ᠂ ᠵᠠᠮ ᠬᠠᠷᠢᠯᠴᠠᠭ᠋ᠠᠨ᠎ᠤ ᠣᠨᠴᠠᠯᠢᠭ ᠪᠠ ᠣᠷᠴᠢᠨ ᠲᠣᠭᠣᠷᠢᠨ᠎ᠤ ᠨᠥᠬᠥᠴᠡᠯ ᠵᠡᠷᠭᠡ ᠵᠢ ᠦᠨᠳᠦᠰᠦᠯᠡᠵᠦ᠂ ᠰᠠᠨᠠᠭᠤᠯᠤᠭᠰᠠᠨ ᠮᠠᠰᠢᠨ ᠲᠡᠷᠭᠡᠨ᠎ᠤ ᠶᠠᠪᠤᠬᠤ ᠬᠤᠷᠳᠤᠴᠠ᠃
     04 ᠠᠵᠢᠯᠯᠠᠭ᠋ᠠᠨ᠎ᠤ ᠬᠤᠷᠳᠤᠴᠠ
    ᠵᠠᠮ ᠬᠠᠷᠢᠯᠴᠠᠭ᠎ᠠ ᠬᠢᠵᠠᠭ᠋ᠠᠷᠯᠠᠯ ᠦᠭᠡᠢ ᠪᠠᠢ᠌ᠳᠠᠯ᠎ᠲᠠᠢ ᠮᠥᠷᠲᠡᠭᠡᠨ ᠴᠠᠭ ᠠᠭᠤᠷ ᠰᠠᠢ᠌ᠨ ᠪᠠᠢ᠌ᠬᠤ ᠦᠶᠡᠰ᠎ᠤᠨ ᠵᠢᠯᠣᠭᠣᠴᠢ ᠵᠢᠨ ᠮᠠᠰᠢᠨ ᠲᠡᠷᠭᠡ ᠪᠠᠷᠢᠬᠤ ᠬᠤᠷᠳᠤᠴᠠ ᠵᠢ ᠬᠡᠯᠡᠨ᠎ᠡ᠃ ᠶᠡᠷᠦ᠎ᠳᠤ᠎ᠪᠠᠨ ᠵᠠᠮ᠎ᠤᠨ ᠬᠡᠰᠡᠭ᠎ᠤᠨ ᠶᠠᠮᠠᠷ ᠨᠢᠭᠡᠨ ᠣᠭᠲᠣᠯᠤᠭ᠋ᠠᠰᠤ ᠪᠤᠶᠤ ᠣᠨᠴᠠᠯᠢᠭᠲᠤ ᠴᠡᠭ᠎ᠠᠴᠠ ᠬᠡᠮᠵᠢᠨ ᠲᠣᠭᠲᠠᠭ᠋ᠠᠭᠰᠠᠨ 85% ᠳ᠋ᠤᠭ᠋ᠠᠷ ᠣᠷᠣᠨᠲᠤ ᠬᠤᠷᠳᠤᠴᠠ ᠵᠢ ᠬᠡᠷᠡᠭᠯᠡᠳᠡᠭ᠃ 
     ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠢ ᠲᠣᠭᠲᠠᠭ᠋ᠠᠬᠤ ᠵᠢ ᠨᠥᠯᠥᠭᠡᠯᠡᠬᠦ ᠬᠦᠴᠦᠨ ᠵᠦᠢ᠍ᠯ
    ᠵᠠᠮ᠎ᠤᠨ ᠴᠢᠳᠠᠮᠵᠢ᠂ ᠠᠵᠢᠯᠯᠠᠭ᠋ᠠᠨ᠎ᠤ ᠬᠤᠷᠳᠤᠴᠠ᠂ ᠵᠠᠮ᠎ᠤᠨ ᠣᠷᠴᠢᠨ ᠲᠣᠭᠣᠷᠢᠨ ᠵᠢᠴᠢ ᠥᠩᠭᠡᠷᠡᠭᠰᠡᠨ᠎ᠤ ᠡᠨᠳᠡᠯ ᠵᠡᠷᠭᠡ ᠬᠦᠴᠦᠨ ᠵᠦᠢᠯ᠎ᠢ ᠪᠣᠳᠣᠯᠬᠢᠯᠠᠨ᠎ᠠ᠃
     ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠨᠢ ᠵᠠᠮ᠎ᠤᠨ ᠵᠢᠷᠤᠵᠤ ᠲᠥᠯᠥᠪᠯᠡᠭᠰᠡᠨ ᠬᠤᠷᠳᠤᠴᠠ ᠵᠢᠨ ᠬᠡᠮᠵᠢᠭᠳᠡᠯ ᠵᠶ᠋ᠡᠷ ᠰᠠᠭᠤᠷᠢ ᠪᠣᠯᠭ᠋ᠠᠵᠤ᠂ ᠵᠢᠷᠤᠵᠤ ᠲᠥᠯᠥᠪᠯᠡᠭᠰᠡᠨ ᠬᠤᠷᠳᠤᠴᠠ ᠵᠢᠨ ᠬᠡᠮᠵᠢᠭᠳᠡᠯ ᠪᠤᠶᠤ ᠵᠢᠷᠤᠵᠤ ᠲᠥᠯᠥᠪᠯᠡᠭᠰᠡᠨ ᠬᠤᠷᠳᠤᠴᠠ ᠵᠢᠨ ᠬᠡᠮᠵᠢᠭᠳᠡᠯ᠎ᠠᠴᠠ ᠳᠣᠤᠷ᠎ᠠ ᠪᠠᠢ᠌ᠬᠤ ᠵᠢ᠎ᠨᠢ ᠠᠪᠴᠤ ᠪᠣᠯᠤᠨ᠎ᠠ᠃ ᠬᠠᠤᠯᠢ ᠴᠠᠭ᠋ᠠᠵᠠ ᠵᠢᠨ ᠲᠣᠭᠲᠠᠭ᠋ᠠᠯ᠎ᠳᠤ ᠨᠡᠢ᠌ᠴᠡᠭᠰᠡᠨ ᠤᠷᠢᠲᠠᠯ ᠳᠣᠣᠷ᠎ᠠ᠂ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠢ ᠪᠠᠰᠠ 10 km/h~20 km/h ᠳᠡᠭᠡᠭᠰᠢᠯᠡᠭᠦᠯᠵᠦ ᠪᠣᠯᠤᠨ᠎ᠠ᠂ ᠭᠡᠪᠡᠴᠦ 120 km/h᠎ᠠᠴᠠ ᠥᠨᠳᠥᠷ ᠪᠠᠢ᠌ᠯᠭ᠋ᠠᠵᠤ ᠪᠣᠯᠬᠤ ᠤᠢ᠍ᠭᠡᠢ᠃ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠨᠢ ᠵᠢᠷᠤᠵᠤ ᠲᠥᠯᠥᠪᠯᠡᠭᠰᠡᠨ ᠬᠤᠷᠳᠤᠴᠠ᠎ᠠᠴᠠ 10 km/h~20 km/h ᠥᠨᠳᠥᠷ ᠪᠣᠯ᠂ ᠵᠠᠮ ᠬᠠᠷᠢᠯᠴᠠᠭ᠋ᠠᠨ᠎ᠤ ᠢᠨᠵᠧᠨᠧᠷᠢᠩ᠎ᠤᠨ ᠨᠤᠲᠠᠯᠠᠯᠲᠠ ᠬᠢᠬᠦ ᠬᠡᠷᠡᠭᠲᠡᠶ᠃
    ᠬᠤᠷᠳᠤᠴᠠ ᠬᠢᠵᠠᠭ᠋ᠠᠷᠯᠠᠬᠤ ᠣᠷᠣᠨ᠎ᠤ ᠳᠣᠲᠣᠷᠠᠬᠢ ᠬᠡᠰᠡᠭ ᠲᠥᠯᠥᠭᠡᠯᠡᠬᠦ ᠣᠭᠲᠣᠯᠤᠭ᠋ᠠᠰᠤ ᠵᠢ ᠠᠵᠢᠭᠯᠠᠨ ᠬᠡᠮᠵᠢᠬᠦ ᠪᠤᠶᠤ ᠲᠥᠰᠦᠭᠡᠯᠡᠵᠦ᠂ 85% ᠳ᠋ᠤᠭ᠋ᠠᠷ ᠣᠷᠣᠨᠲᠤ ᠬᠤᠷᠳᠤᠴᠠ ᠵᠢ ᠲᠣᠭᠲᠠᠭ᠋ᠠᠨ᠎ᠠ᠃ 85% ᠳ᠋ᠤᠭ᠋ᠠᠷ ᠣᠷᠣᠨᠲᠤ ᠵᠢᠨ ᠬᠤᠷᠳᠤᠴᠠ ᠵᠢᠨ ᠬᠡᠮᠵᠢᠭᠳᠡᠯ ᠵᠶ᠋ᠡᠷ ᠰᠠᠭᠤᠷᠢ ᠪᠣᠯᠭ᠋ᠠᠵᠤ᠂ ᠲᠡᠭᠦᠨ᠎ᠤ ᠳᠡᠭᠡᠷ᠎ᠡ ᠳᠣᠣᠷ᠎ᠠ 5 km/h~10 km/h ᠵᠢᠨ ᠬᠡᠪᠴᠢᠶᠡᠨ ᠳᠣᠲᠣᠷᠠᠬᠢ ᠬᠡᠮᠵᠢᠭᠳᠡᠯ᠎ᠢ ᠠᠪᠤᠨ᠎ᠠ᠃ ᠲᠥᠯᠥᠭᠡᠯᠡᠬᠦ ᠣᠭᠲᠣᠯᠤᠭ᠋ᠠᠰᠤ ᠵᠢ ᠰᠣᠩᠭᠣᠬᠤ᠎ᠳᠤ᠎ᠪᠠᠨ ᠳᠤᠬᠢᠶᠠᠨ ᠳ᠋ᠧᠩ᠎ᠤᠨ ᠡᠵᠡᠮᠰᠢᠵᠦ ᠪᠠᠢ᠌ᠭ᠎ᠠ ᠰᠣᠯᠪᠢᠴᠠᠯ ᠵᠠᠮ᠎ᠤᠨ ᠨᠥᠯᠥᠭᠡ᠎ᠠᠴᠠ ᠵᠠᠢ᠌ᠯᠠᠰᠬᠢᠬᠦ ᠬᠡᠷᠡᠭᠲᠡᠢ᠃
    ᠬᠡᠷᠪᠡ ᠳᠡᠭᠡᠷᠡᠬᠢ ᠬᠣᠶᠠᠷ᠎ᠤᠨ ᠵᠥᠷᠢᠶ᠎ᠡ᠎ᠨᠢ 20 km/h᠎ᠠᠴᠠ ᠬᠡᠲᠦᠷᠡᠪᠡᠯ᠂ ᠤᠯᠠᠮ ᠨᠢᠭᠡ ᠠᠯᠬᠤᠮ ᠵᠠᠳᠠᠯᠵᠤ᠂ ᠠᠵᠢᠭᠯᠠᠬᠤ ᠪᠤᠶᠤ ᠲᠥᠰᠦᠭᠡᠯᠡᠬᠦ᠂ ᠲᠣᠬᠢᠷᠠᠭᠤᠯᠬᠤ ᠬᠡᠷᠡᠭᠲᠡᠶ᠃ 
     ᠵᠠᠮ ᠳᠡᠭᠡᠷ᠎ᠡ ᠤᠷᠲᠤ ᠶᠡᠬᠡ ᠪᠦᠲᠦᠴᠡ᠎ᠲᠠᠢ ᠪᠣᠳᠠᠰ᠂ ᠵᠢᠱ᠌ᠢᠶᠡᠯᠡᠪᠡᠯ ᠳᠠᠯᠠᠢ ᠠᠯᠤᠰᠯᠠᠭᠰᠠᠨ ᠶᠡᠬᠡ ᠬᠥᠭᠥᠷᠭᠡ᠂ ᠣᠨᠴᠠ ᠣᠷᠳᠣ ᠨᠥᠬᠡᠨ ᠵᠠᠮ᠂ ᠠᠭᠤᠯᠠᠷᠬᠠᠭ ᠣᠷᠣᠨ᠎ᠤ ᠥᠨᠳᠥᠷ ᠲᠤᠯᠭ᠋ᠠᠭᠤᠷᠲᠤ ᠶᠡᠬᠡ ᠬᠥᠭᠥᠷᠭᠡ ᠵᠡᠷᠭᠡ ᠪᠠᠢ᠌ᠬᠤ ᠦᠶᠡᠰ᠂ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠨᠢ ᠵᠢᠷᠤᠵᠤ ᠲᠥᠯᠥᠪᠯᠡᠭᠰᠡᠨ ᠬᠤᠷᠳᠤᠴᠠ ᠵᠢᠨ ᠬᠡᠮᠵᠢᠭᠳᠡᠯ᠎ᠠᠴᠠ ᠥᠨᠳᠥᠷ ᠪᠠᠢ᠌ᠵᠤ ᠪᠣᠯᠬᠤ ᠦᠭᠡᠢ᠃ 
     ᠵᠠᠮ ᠬᠠᠷᠢᠯᠴᠠᠭ᠋ᠠᠨ᠎ᠤ ᠣᠷᠴᠢᠨ ᠲᠣᠭᠣᠷᠢᠨ ᠪᠤᠳᠤᠯᠢᠶᠠᠨᠲᠠᠶ᠂ ᠬᠥᠨᠳᠡᠯᠡᠨ ᠴᠢᠭᠯᠡᠯ᠎ᠳᠤ ᠬᠠᠷᠰᠢᠯᠠᠭᠳᠠᠵᠤ ᠪᠠᠢ᠌ᠭ᠎ᠠ ᠵᠠᠮ᠎ᠤᠨ ᠬᠡᠰᠡᠭ᠎ᠤᠨ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠨᠢ ᠵᠢᠷᠤᠵᠤ ᠲᠥᠯᠥᠪᠯᠡᠭᠰᠡᠨ ᠬᠤᠷᠳᠤᠴᠠ ᠵᠢᠨ ᠬᠡᠮᠵᠢᠭᠳᠡᠯ᠎ᠠᠴᠠ ᠥᠨᠳᠥᠷ ᠪᠠᠢ᠌ᠵᠤ ᠪᠣᠯᠬᠤ ᠦᠭᠡᠶ᠃ 
     ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠨᠢ 10 km/h᠎ᠤᠨ ᠪᠦᠬᠦᠯᠢ ᠲᠣᠭ᠋ᠠᠨ᠎ᠤ ᠳᠠᠬᠢᠨ᠃
    ᠵᠠᠮ᠎ᠤᠨ ᠴᠢᠳᠠᠮᠵᠢ ᠪᠤᠶᠤ ᠣᠷᠴᠢᠨ ᠲᠣᠭᠣᠷᠢᠨ᠎ᠳᠤ ᠨᠡᠯᠢᠶᠡᠳ ᠶᠡᠬᠡ ᠬᠤᠪᠢᠷᠠᠯᠲᠠ ᠭᠠᠷᠬᠤ ᠦᠶᠡᠰ᠂ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠳᠤ ᠦᠨᠡᠯᠡᠨ ᠵᠢᠱ᠌ᠢᠯᠲᠡ ᠬᠢᠵᠦ᠂ ᠬᠡᠷᠡᠭᠴᠡᠭᠡ᠎ᠪᠠᠨ ᠦᠨᠳᠦᠰᠦᠯᠡᠨ ᠬᠤᠷᠳᠤᠴᠠ ᠬᠢᠵᠠᠭ᠋ᠠᠷᠯᠠᠬᠤ ᠬᠡᠮᠵᠢᠭᠳᠡᠯ᠎ᠳᠤ ᠲᠣᠬᠢᠷᠠᠭᠤᠯᠤᠯᠲᠠ ᠬᠢᠬᠦ ᠬᠡᠷᠡᠭᠲᠡᠶ᠃ 
     ᠬᠤᠷᠳᠤᠴᠠ ᠬᠢᠵᠠᠭ᠋ᠠᠷᠯᠠᠬᠤ ᠣᠷᠣᠨ᠎ᠤ ᠬᠠᠮᠤᠭ ᠪᠠᠭ᠎ᠠ ᠤᠷᠲᠤ᠎ᠨᠢ ᠳᠣᠣᠷᠠᠬᠢ ᠮᠡᠲᠦ᠄ 

20250311.jpg
    ᠲᠣᠰ ᠵᠣᠬᠢᠶᠠᠯ᠎ᠳᠤ  《ᠵᠠᠮ ᠬᠠᠷᠢᠯᠴᠠᠭ᠋ᠠᠨ᠎ᠤ ᠲᠡᠮᠳᠡᠭ ᠪᠠ ᠲᠡᠮᠳᠡᠭ ᠱᠤᠭᠤᠮ᠎ᠤᠨ 5 ᠳ᠋ᠤᠭ᠋ᠠᠷ ᠬᠡᠰᠡᠭ᠄ ᠬᠤᠷᠳᠤᠴᠠ ᠬᠢᠵᠠᠭ᠋ᠠᠷᠯᠠᠬᠤ》 (GB 5768.5—2017 ) ᠬᠡᠰᠡᠭ᠄ ᠬᠤᠷᠳᠤᠴᠠ ᠬᠢᠵᠠᠭ᠋ᠠᠷᠯᠠᠬᠤ  (GB 5768. 5—2017 )᠎ᠪᠠᠷ ᠯᠠᠪᠯᠠᠯᠲᠠ ᠪᠣᠯᠭ᠋ᠠᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠣᠬᠤ ᠲᠡᠷᠭᠡ᠄ ᠨᠡᠶ᠋ᠢᠲᠡ ᠵᠢᠨ ᠮᠠᠰᠢᠨ ᠲᠡᠷᠭᠡᠨ᠎ᠳᠤ ᠰᠠᠭᠤᠬᠤ ᠦᠶ᠎ᠡ᠎ᠳᠤ ᠵᠢᠯᠣᠭᠤᠴᠢ ᠲᠦᠷᠭᠡᠨ ᠲᠣᠷᠣᠮᠰᠤᠯᠠᠬᠤ ᠵᠡᠷᠭᠡ ᠠᠮᠤᠷ ᠲᠦᠪᠰᠢᠨ ᠪᠤᠰᠤ ᠠᠵᠢᠯᠯᠠᠭ᠎ᠠ᠎ᠠᠴᠠ ᠪᠣᠯᠵᠤ ᠠᠶᠠᠨᠴᠢᠳ ᠰᠢᠷᠬᠠᠲᠤᠭᠰᠠᠨ ᠪᠤᠶᠤ ᠡᠳ᠋ ᠪᠣᠳᠠᠰ᠎ᠢ ᠡᠪᠳᠡᠭᠰᠡᠨ ᠪᠠᠶ᠋ᠢᠳᠠᠯ᠎ᠢ ᠬᠡᠷᠬᠢᠨ ᠰᠢᠢ᠍ᠳᠪᠦᠷᠢᠯᠡᠬᠦ ᠪᠣᠶ?
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠤᠴᠢ ᠵᠠᠰᠠᠮᠠᠯ ᠵᠠᠮ᠎ᠤᠨ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨ᠎ᠢ ᠪᠠᠶ᠋ᠢᠴᠠᠭ᠋ᠠᠨ ᠬᠡᠮᠵᠢᠬᠦ ᠥᠷᠲᠡᠭᠡ ᠵᠢᠨ ᠵᠢᠩᠨᠡᠭᠰᠡᠨ ᠦᠷ᠎ᠡ ᠳ᠋ᠦᠩ᠎ᠳᠤ ᠰᠡᠵᠢᠭ᠎ᠲᠠᠢ ᠪᠠᠶ᠋ᠢᠪᠠᠯ ᠬᠡᠷᠬᠢᠨ ᠰᠢᠢ᠍ᠳᠪᠦᠷᠢᠯᠡᠬᠦ ᠪᠣᠶ?
ᠬᠢᠷᠢ ᠬᠡᠮ᠎ᠤᠨ ᠰᠢᠯᠭ᠋ᠠᠯᠲᠠ᠄ ᠠᠶᠤᠯᠲᠠᠶ ᠪᠣᠳᠠᠰ᠎ᠤᠨ ᠲᠡᠷᠭᠡ ᠵᠢ ᠳᠠᠭ᠋ᠠᠭᠴᠢ ᠣᠲᠣ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠣᠷᠣᠯᠴᠠᠨ᠎ᠠ ᠦᠦ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠯᠲᠡ ᠵᠢ ᠭᠤᠶᠤᠴᠢᠯᠠᠬᠤ᠎ᠳᠤ ᠶᠠᠮᠠᠷ ᠶᠠᠮᠠᠷ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ ᠪᠣᠶ?
ᠪᠠᠷᠠᠭ᠋ᠠᠨ᠎ᠤ ᠲᠡᠭᠡᠭᠡᠪᠦᠷᠢ᠄ ᠶᠠᠮᠠᠷ ᠲᠥᠷᠥᠯ ᠬᠡᠯᠪᠡᠷᠢ ᠵᠢᠨ ᠲᠡᠷᠭᠡ ᠬᠥᠰᠬᠡ ᠵᠢ ᠬᠡᠮᠵᠢᠶ᠎ᠡ᠎ᠠᠴᠠ ᠬᠡᠲᠦᠷᠡᠲᠡᠯ᠎ᠡ ᠲᠡᠭᠡᠭᠡᠭᠰᠡᠨ ᠲᠡᠷᠭᠡ ᠬᠥᠰᠬᠡ ᠭᠡᠵᠦ ᠦᠨᠡᠮᠰᠢᠬᠦ ᠦᠭᠡᠢ ᠪᠤᠢ?
 
            