《ᠵᠠᠮ ᠲᠡᠭᠡᠭᠡᠪᠦᠷᠢ ᠵᠢᠨ ᠠᠵᠢᠯ ᠡᠷᠭᠢᠯᠡᠭᠰᠡᠳ᠎ᠤᠨ ᠬᠠᠮᠢᠶᠠᠷᠤᠯᠲᠠ ᠵᠢᠨ ᠲᠣᠭᠲᠠᠭ᠋ᠠᠯ》 (ᠶᠠᠮᠤᠨ᠎ᠤ ᠵᠠᠷᠯᠢᠭ 2019 ᠣᠨ᠎ᠤ 18 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠵᠠᠮ ᠲᠡᠭᠡᠭᠡᠪᠦᠷᠢ ᠵᠢᠨ ᠠᠵᠢᠯ ᠡᠷᠭᠢᠯᠡᠭᠰᠡᠳ ᠲᠣᠭᠲᠠᠭ᠋ᠠᠯ ᠶᠣᠰᠣᠭ᠋ᠠᠷ ᠤᠯᠤᠰ᠎ᠤᠨ ᠬᠠᠮᠢᠶ᠎ᠠ ᠪᠥᠬᠦᠶ ᠬᠠᠤᠯᠢ ᠲᠣᠭᠲᠠᠭ᠋ᠠᠯ᠂ ᠠᠵᠢᠯ ᠮᠡᠷᠭᠡᠵᠢᠯ᠎ᠤᠨ ᠶᠣᠰᠣ ᠮᠣᠷᠠᠯ ᠵᠢᠴᠢ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢᠨ ᠪᠣᠯᠪᠠᠰᠤᠷᠠᠯ᠎ᠳᠤ ᠣᠷᠣᠯᠴᠠᠬᠤ ᠬᠡᠷᠡᠭᠲᠡᠶ᠃ ᠡᠵᠡᠩᠨᠡᠯᠲᠡ ᠵᠢᠨ ᠴᠢᠨᠠᠷᠲᠠᠶ ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ ᠬᠢᠭᠡᠳ ᠵᠠᠮ ᠬᠠᠷᠢᠯᠴᠠᠭ᠋ᠠᠨ᠎ᠤ ᠠᠶᠤᠯᠲᠠᠶ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ ᠵᠢᠨ ᠠᠵᠢᠯ᠎ᠤᠨ ᠪᠠᠶ᠋ᠢᠷᠢ᠎ᠳᠤ ᠠᠵᠢᠯᠯᠠᠵᠤ ᠪᠠᠶ᠋ᠢᠭ᠎ᠠ ᠬᠤᠭᠤᠴᠠᠭ᠋ᠠᠨ᠎ᠳᠤ᠂ ᠲᠣᠭᠲᠠᠭ᠋ᠠᠯ ᠶᠣᠰᠣᠭ᠋ᠠᠷ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠣᠷᠣᠯᠴᠠᠬᠤ ᠬᠡᠷᠡᠭᠲᠡᠶ᠃ ᠲᠡᠷᠭᠡ ᠳᠠᠭ᠋ᠠᠭᠴᠢ ᠵᠢᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠠᠯᠪᠠᠳᠠᠯᠭ᠎ᠠ ᠵᠢᠨ ᠱᠠᠭ᠋ᠠᠷᠳᠠᠯᠭ᠎ᠠ ᠲᠠᠯᠪᠢᠬᠤ ᠦᠭᠡᠢ᠂ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢᠨ ᠪᠣᠯᠪᠠᠰᠤᠷᠠᠯ᠎ᠳᠤ ᠣᠷᠣᠯᠴᠠᠪᠠᠯ ᠪᠣᠯᠴᠢᠬᠠᠨ᠎ᠠ᠃