《ᠵᠠᠮ ᠲᠡᠭᠡᠭᠡᠪᠦᠷᠢ ᠵᠢᠨ ᠠᠵᠢᠯ ᠡᠷᠭᠢᠯᠡᠭᠰᠡᠳ᠎ᠤᠨ ᠬᠠᠮᠢᠶᠠᠷᠤᠯᠲᠠ ᠵᠢᠨ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2016 ᠣᠨ᠎ᠤ 81 ᠳ᠋ᠦ᠍ᠭᠡᠷ ᠲᠣᠭ᠋ᠠᠲᠤ)᠎ᠤᠨ ᠠᠷᠪᠠᠨ ᠳᠥᠷᠪᠡᠳᠦᠭᠡᠷ ᠵᠦᠢᠯ᠎ᠤᠨ ᠲᠣᠭᠲᠠᠭ᠋ᠠᠯ᠎ᠢ ᠦᠨᠳᠦᠰᠦᠯᠡᠪᠡᠯ᠄ ᠮᠠᠰᠢᠨ ᠲᠡᠷᠭᠡ ᠵᠢᠯᠣᠭᠣᠳᠬᠤ ᠪᠣᠯᠪᠠᠰᠤᠷᠠᠯ᠎ᠤᠨ ᠰᠤᠷᠭ᠋ᠠᠭᠴᠢ᠎ᠨᠢ ᠳᠣᠤᠷᠠᠬᠢ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠄ (ᠨᠢᠭᠡ) ᠣᠨᠣᠯ᠎ᠤᠨ ᠰᠤᠷᠭ᠋ᠠᠭᠴᠢ 1. ᠬᠠᠷᠠᠭ᠋ᠠᠯᠵᠠᠭᠰᠠᠨ ᠮᠠᠰᠢᠨ ᠲᠡᠷᠭᠡ ᠵᠢᠯᠣᠭᠣᠳᠬᠤ ᠦᠨᠡᠮᠯᠡᠯ ᠣᠯᠵᠤ᠂ 2 ᠵᠢᠯ᠎ᠠᠴᠠ ᠳᠡᠭᠡᠭᠰᠢ ᠠᠮᠤᠷ ᠲᠦᠪᠰᠢᠨ ᠵᠶ᠋ᠠᠷ ᠵᠢᠯᠣᠭᠣᠳᠤᠭᠰᠠᠨ ᠥᠩᠭᠡᠷᠡᠯᠲᠡ᠎ᠲᠠᠢ ᠪᠠᠢ᠌ᠬᠤ; 2. ᠮᠠᠰᠢᠨ ᠲᠡᠷᠭᠡ ᠵᠢᠴᠢ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠤᠶᠤ ᠮᠠᠰᠢᠨ ᠲᠡᠷᠭᠡ ᠵᠢᠴᠢ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠳᠤᠮᠳᠠ ᠳᠡᠰ᠎ᠠᠴᠠ ᠳᠡᠭᠡᠭᠰᠢ ᠮᠡᠷᠭᠡᠵᠢᠯ᠎ᠤᠨ ᠴᠣᠯᠠ᠎ᠲᠠᠢ ᠪᠠᠢ᠌ᠬᠤ; 3. ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠲᠣᠭᠲᠠᠭ᠋ᠠᠯ᠂ ᠵᠢᠯᠣᠭᠣᠳᠬᠤ ᠣᠨᠣᠯ᠂ ᠮᠠᠰᠢᠨ ᠲᠡᠷᠭᠡᠨ᠎ᠤ ᠪᠦᠲᠦᠴᠡ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠡᠳᠬᠢᠴᠡ ᠵᠦᠶ᠂ ᠪᠠᠢ᠌ᠩᠭᠤ ᠬᠡᠷᠡᠭᠯᠡᠳᠡᠭ ᠰᠢᠷᠬᠠᠲᠤᠭᠰᠠᠳ᠎ᠢ ᠲᠦᠷᠭᠡᠨ ᠠᠪᠤᠷᠠᠬᠤ ᠠᠷᠭ᠎ᠠ ᠵᠡᠷᠭᠡ ᠠᠮᠤᠷ ᠲᠦᠪᠰᠢᠨ ᠵᠶ᠋ᠡᠷ ᠵᠢᠯᠣᠭᠣᠳᠬᠤ ᠮᠡᠳᠡᠯᠭᠡ ᠵᠢ ᠡᠵᠡᠮᠰᠢᠵᠦ᠂ ᠲᠡᠷᠭᠡ ᠬᠥᠰᠬᠡ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠡᠨᠧᠷᠭᠢ ᠵᠢ ᠠᠷᠪᠢᠯᠠᠬᠤ ᠬᠣᠯᠪᠣᠭᠳᠠᠯ ᠪᠦᠬᠦᠢ ᠮᠡᠳᠡᠯᠭᠡ ᠵᠢ ᠣᠢ᠌ᠯᠠᠭ᠋ᠠᠵᠤ᠂ ᠰᠤᠷᠭ᠋ᠠᠨ ᠬᠥᠮᠦᠵᠢᠭᠦᠯᠬᠦ ᠤᠬᠠᠭ᠋ᠠᠨ᠂ ᠰᠤᠷᠭ᠋ᠠᠨ ᠬᠥᠮᠦᠵᠢᠯ᠎ᠤᠨ ᠰᠡᠳᠬᠢᠴᠡ ᠵᠦᠶ ᠵᠢᠨ ᠦᠨᠳᠦᠰᠦᠨ ᠵᠢᠭ᠋ᠠᠨ ᠰᠤᠷᠭ᠋ᠠᠬᠤ ᠮᠡᠳᠡᠯᠭᠡ ᠵᠢ ᠣᠢ᠌ᠯᠠᠭ᠋ᠠᠵᠤ᠂ ᠵᠢᠭ᠋ᠠᠬᠤ ᠲᠥᠰᠦᠯ ᠨᠠᠢ᠌ᠷᠠᠭᠤᠯᠤᠨ ᠪᠢᠴᠢᠬᠦ᠂ ᠵᠢᠷᠤᠮᠵᠢᠯ᠎ᠲᠠᠢ ᠲᠠᠢ᠌ᠯᠪᠤᠷᠢᠯᠠᠬᠤ ᠬᠢᠴᠢᠶᠡᠯᠯᠡᠬᠦ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ᠃ (ᠬᠣᠶᠠᠷ) ᠵᠢᠯᠣᠭᠣᠴᠢ ᠵᠢ ᠰᠤᠷᠭ᠋ᠠᠭᠴᠢ 1. ᠬᠠᠷᠠᠭ᠋ᠠᠯᠵᠠᠭᠰᠠᠨ ᠲᠡᠷᠭᠡ ᠵᠢᠯᠣᠭᠣᠳᠬᠤ ᠦᠨᠡᠮᠯᠡᠯ ᠣᠯᠵᠤ᠂ ᠠᠮᠤᠷ ᠲᠦᠪᠰᠢᠨ ᠵᠶ᠋ᠡᠷ ᠵᠢᠯᠣᠭᠣᠳᠤᠭᠰᠠᠨ ᠥᠩᠭᠡᠷᠡᠯᠲᠡ ᠪᠠ ᠬᠠᠷᠠᠭ᠋ᠠᠯᠵᠠᠭᠰᠠᠨ ᠲᠡᠷᠭᠡᠨ᠎ᠤ ᠬᠡᠯᠪᠡᠷᠢ ᠵᠢ ᠵᠢᠯᠣᠭᠣᠳᠤᠭᠰᠠᠨ ᠥᠩᠭᠡᠷᠡᠯᠲᠡ᠎ᠲᠠᠢ ᠪᠠᠢ᠌ᠬᠤ ᠱᠠᠭ᠋ᠠᠷᠳᠠᠯᠭ᠎ᠠ᠎ᠳᠤ ᠨᠡᠢ᠌ᠴᠡᠬᠦ; 2. ᠪᠦᠬᠦᠯᠢ 60 ᠨᠠᠰᠤᠨ᠎ᠠᠴᠠ ᠬᠡᠲᠦᠷᠡᠭᠰᠡᠨ ᠦᠭᠡᠢ ᠪᠠᠢ᠌ᠬᠤ; 3. ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠲᠣᠭᠲᠠᠭ᠋ᠠᠯ᠂ ᠵᠢᠯᠣᠭᠣᠳᠬᠤ ᠣᠨᠣᠯ᠂ ᠮᠠᠰᠢᠨ ᠲᠡᠷᠭᠡᠨ᠎ᠤ ᠪᠦᠲᠦᠴᠡ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠡᠳᠬᠢᠴᠡ ᠵᠦᠶ ᠪᠣᠯᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠵᠢᠯᠣᠭᠣᠳᠬᠤ ᠦᠨᠳᠦᠰᠦᠨ ᠮᠡᠳᠡᠯᠭᠡ ᠵᠢ ᠡᠵᠡᠮᠰᠢᠵᠦ᠂ ᠲᠡᠷᠭᠡ ᠬᠥᠰᠬᠡ ᠵᠢ ᠬᠠᠮᠠᠭ᠋ᠠᠯᠠᠬᠤ ᠪᠠ ᠪᠠᠢ᠌ᠩᠭᠤ ᠲᠣᠬᠢᠶᠠᠯᠳᠤᠳᠠᠭ ᠰᠠᠭ᠋ᠠᠳ᠎ᠤᠨ ᠣᠨᠣᠰᠢᠯᠠᠯᠲᠠ᠂ ᠲᠡᠷᠭᠡ ᠬᠥᠰᠬᠡ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠡᠨᠧᠷᠭᠢ ᠵᠢ ᠠᠷᠪᠢᠯᠠᠬᠤ ᠬᠣᠯᠪᠣᠭᠳᠠᠯ ᠪᠦᠬᠦᠢ ᠮᠡᠳᠡᠯᠭᠡ ᠵᠢ ᠰᠠᠢ᠌ᠨ ᠮᠡᠳᠡᠵᠦ᠂ ᠵᠢᠯᠣᠭᠣᠳᠬᠤ ᠠᠷᠭ᠎ᠠ ᠵᠢᠨ ᠲᠠᠢ᠌ᠯᠤᠮᠵᠢ᠂ ᠵᠢᠯᠣᠭᠣᠳᠬᠤ ᠦᠢ᠍ᠯᠡ ᠬᠦᠳᠡᠯᠦᠯᠢ ᠵᠢᠱ᠌ᠢᠶ᠎ᠡ ᠦᠵᠡᠭᠦᠯᠬᠦ᠂ ᠵᠢᠯᠣᠭᠣᠳᠬᠤ ᠵᠢ ᠵᠢᠭ᠋ᠠᠨ ᠰᠤᠷᠭ᠋ᠠᠬᠤ ᠴᠢᠳᠠᠪᠤᠷᠢ ᠵᠢ ᠪᠦᠷᠢᠳᠦᠭᠦᠯᠬᠦ ᠬᠡᠷᠡᠭᠲᠡᠶ᠃ (ᠭᠤᠷᠪᠠ) ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠪᠣᠯᠪᠠᠰᠤᠷᠠᠯ᠎ᠤᠨ ᠰᠤᠷᠭ᠋ᠠᠭᠴᠢ 1. ᠮᠠᠰᠢᠨ ᠲᠡᠷᠭᠡ ᠵᠢᠴᠢ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠤᠶᠤ ᠮᠠᠰᠢᠨ ᠲᠡᠷᠭᠡ ᠵᠢᠴᠢ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠳᠡᠭᠡᠳᠦ ᠲᠡᠰ᠎ᠠᠴᠠ ᠳᠡᠭᠡᠭᠰᠢ ᠮᠡᠷᠭᠡᠵᠢᠯ᠎ᠤᠨ ᠴᠣᠯᠠ᠎ᠲᠠᠢ ᠪᠠᠢ᠌ᠬᠤ; 2. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠬᠠᠤᠯᠢ ᠲᠣᠭᠲᠠᠭ᠋ᠠᠯ᠂ ᠪᠠᠷᠠᠭ᠎ᠠ ᠵᠢᠨ ᠲᠡᠭᠡᠭᠡᠪᠦᠷᠢ ᠵᠢᠨ ᠬᠠᠤᠯᠢ ᠲᠣᠭᠲᠠᠭ᠋ᠠᠯ ᠵᠢᠴᠢ ᠮᠠᠰᠢᠨ ᠲᠡᠷᠭᠡ ᠰᠡᠯᠪᠢᠨ ᠵᠠᠰᠠᠬᠤ᠂ ᠪᠠᠷᠠᠭ᠎ᠠ ᠠᠴᠢᠶᠠᠯᠠᠨ ᠪᠠᠭᠤᠯᠭ᠋ᠠᠵᠤ ᠬᠠᠳᠠᠭ᠋ᠠᠯᠠᠨ ᠬᠠᠮᠢᠶᠠᠷᠬᠤ ᠪᠠ ᠠᠶᠠᠨᠴᠢᠳ᠎ᠢ ᠲᠦᠷᠭᠡᠨ ᠠᠪᠤᠷᠠᠬᠤ ᠵᠡᠷᠭᠡ ᠬᠣᠯᠪᠣᠭᠳᠠᠯ ᠪᠦᠬᠦᠢ ᠮᠡᠳᠡᠯᠭᠡ ᠵᠢ ᠡᠵᠡᠮᠰᠢᠵᠦ᠂ ᠬᠠᠷᠠᠭ᠋ᠠᠯᠵᠠᠭᠰᠠᠨ ᠬᠢᠴᠢᠶᠡᠯᠯᠡᠬᠦ ᠴᠢᠳᠠᠪᠤᠷᠢ᠎ᠲᠠᠢ ᠪᠠᠢ᠌ᠬᠤ; 3. 2 ᠵᠢᠯ᠎ᠠᠴᠠ ᠳᠡᠭᠡᠭᠰᠢ ᠡᠩ᠎ᠤᠨ ᠮᠠᠰᠢᠨ ᠲᠡᠷᠭᠡᠨ᠎ᠤ ᠵᠢᠯᠣᠭᠣᠴᠢ ᠵᠢ ᠪᠣᠯᠪᠠᠰᠤᠷᠠᠭᠤᠯᠤᠭᠰᠠᠨ ᠵᠢᠭ᠋ᠠᠨ ᠰᠤᠷᠭ᠋ᠠᠯᠲᠠ ᠵᠢᠨ ᠥᠩᠭᠡᠷᠡᠯᠲᠡ᠎ᠲᠠᠢ ᠪᠥᠭᠡᠳ ᠣᠢ᠌ᠷ᠎ᠠ ᠵᠢᠨ 2 ᠵᠢᠯ᠎ᠳᠤ ᠵᠢᠭ᠋ᠠᠨ ᠰᠤᠷᠭ᠋ᠠᠯᠲᠠ ᠵᠢᠨ ᠮᠠᠭᠤ ᠲᠡᠮᠳᠡᠭᠯᠡᠯ ᠥᠬᠡᠶ᠃ (ᠳᠥᠷᠪᠡ) ᠠᠶᠤᠯᠲᠠᠢ ᠪᠠᠷᠠᠭ᠎ᠠ ᠲᠡᠭᠡᠭᠡᠪᠦᠷᠢᠯᠡᠬᠦ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠪᠣᠯᠪᠠᠰᠤᠷᠠᠯ᠎ᠤᠨ ᠰᠤᠷᠭ᠋ᠠᠭᠴᠢ 1. ᠬᠢᠮᠢ ᠵᠢᠨ ᠠᠵᠤ ᠦᠢᠯᠡᠳᠪᠦᠷᠢ ᠵᠢᠴᠢ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠤᠶᠤ ᠬᠢᠮᠢ ᠵᠢᠨ ᠠᠵᠤ ᠦᠢᠯᠡᠳᠪᠦᠷᠢ ᠵᠢᠴᠢ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠳᠡᠭᠡᠳᠦ ᠳᠡᠰ᠎ᠤᠨ ᠮᠡᠷᠭᠡᠵᠢᠯ᠎ᠤᠨ ᠴᠣᠯᠠ᠎ᠠᠴᠠ ᠳᠡᠭᠡᠭᠰᠢ ᠮᠡᠷᠭᠡᠵᠢᠯ᠎ᠤᠨ ᠴᠣᠯᠠ᠎ᠲᠠᠢ ᠪᠠᠢ᠌ᠬᠤ; 2. ᠠᠶᠤᠯᠲᠠᠢ ᠪᠠᠷᠠᠭ᠋ᠠᠨ᠎ᠤ ᠲᠡᠭᠡᠭᠡᠪᠦᠷᠢ ᠵᠢᠨ ᠬᠠᠤᠯᠢ ᠲᠣᠭᠲᠠᠭ᠋ᠠᠯ᠂ ᠠᠶᠤᠯᠲᠠᠢ ᠬᠢᠮᠢ ᠵᠢᠨ ᠦᠢ᠍ᠯᠡᠳᠬᠦᠨ᠎ᠤ ᠣᠨᠴᠠᠯᠢᠭ᠂ ᠪᠣᠭᠣᠳᠠᠯᠯᠠᠬᠤ ᠰᠠᠪᠠ ᠬᠡᠷᠡᠭᠯᠡᠬᠦ ᠠᠷᠭ᠎ᠠ᠂ ᠡᠷᠬᠢᠯᠡᠭᠰᠡᠨ ᠠᠵᠢᠯ᠎ᠤᠨ ᠠᠶᠦᠯᠬᠦᠢ ᠵᠢᠨ ᠰᠡᠷᠭᠡᠢ᠌ᠯᠡᠯᠲᠡ ᠪᠣᠯᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠠᠪᠤᠷᠠᠨ ᠲᠤᠰᠠᠯᠠᠬᠤ ᠵᠡᠷᠭᠡ ᠮᠡᠳᠡᠯᠭᠡ ᠵᠢ ᠡᠵᠡᠮᠰᠢᠵᠦ᠂ ᠬᠠᠷᠠᠭ᠋ᠠᠯᠵᠠᠭᠰᠠᠨ ᠬᠢᠴᠢᠶᠡᠯᠯᠡᠬᠦ ᠴᠢᠳᠠᠪᠤᠷᠢ᠎ᠲᠠᠢ ᠪᠠᠢ᠌ᠬᠤ; 3. ᠬᠢᠮᠢ ᠵᠢᠨ ᠠᠵᠤ ᠦᠢᠯᠡᠳᠪᠦᠷᠢ ᠵᠢᠴᠢ ᠬᠠᠮᠢᠶ᠎ᠠ ᠪᠥᠬᠥᠶ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠥᠩᠭᠡᠷᠡᠯᠲᠡ᠎ᠲᠠᠢ ᠮᠥᠷᠲᠡᠭᠡᠨ ᠣᠢ᠌ᠷ᠎ᠠ ᠵᠢᠨ 2 ᠵᠢᠯ᠎ᠳᠤ ᠵᠢᠭ᠋ᠠᠨ ᠰᠤᠷᠭ᠋ᠠᠯᠲᠠ ᠵᠢᠨ ᠮᠠᠭᠤ ᠲᠡᠮᠳᠡᠭᠯᠡᠯ ᠥᠬᠡᠶ᠃