ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠪᠠᠷᠠᠭ᠋ᠠᠨ᠎ᠤ ᠲᠡᠭᠡᠭᠡᠪᠦᠷᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ᠎ᠤᠨ ᠦᠨᠡᠮᠯᠡᠯ ᠵᠶ᠋ᠠᠨ ᠦᠵᠡᠭᠦᠯᠬᠦ ᠠᠷᠭ᠎ᠠ ᠵᠠᠮ?
ᠨᠡᠶ᠋ᠢᠲᠡᠯᠡᠭᠰᠡᠨ ᠴᠠᠭ᠄ 2025-06-25

     ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 《ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ᠎ᠢ ᠪᠥᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠲᠤᠬᠠᠶ ᠮᠡᠳᠡᠭᠳᠡᠯ》 (ᠥᠪᠥᠷ ᠵᠠᠮ ᠲᠡᠭᠡᠭᠡᠪᠦᠷᠢ ᠲᠠᠷᠬᠠᠭ᠋ᠠᠭᠰᠠᠨ [2024] 322 ᠳ᠋ᠤᠭ᠋ᠠᠷ ᠲᠣᠭ᠋ᠠᠲᠤ) (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ ᠱᠠᠭ᠋ᠠᠷᠳᠠᠭᠰᠠᠨ᠎ᠨᠢ᠂ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠮᠠᠨ᠎ᠤ ᠣᠷᠣᠨ ᠰᠢᠨ᠎ᠡ᠎ᠪᠠᠷ ᠦᠢᠯᠡᠳᠴᠦ ᠲᠠᠷᠬᠠᠭ᠋ᠠᠬᠤ᠂ ᠨᠥᠬᠦᠵᠦ ᠣᠯᠭᠤᠬᠤ᠂ ᠰᠣᠯᠢᠵᠤ ᠣᠯᠭᠤᠬᠤ᠂ ᠬᠤᠪᠢᠷᠠᠭᠤᠯᠬᠤ ᠵᠠᠮ ᠲᠡᠭᠡᠭᠡᠪᠦᠷᠢ ᠵᠢᠨ ᠭᠡᠷᠡᠴᠢ ᠦᠨᠡᠮᠯᠡᠯ᠎ᠳᠤ ᠴᠥᠮ ᠡᠯᠧᠺᠲᠷᠣᠨ ᠭᠡᠷᠡᠴᠢ ᠦᠨᠡᠮᠯᠡᠯ᠎ᠢ ᠬᠡᠷᠡᠭᠯᠡᠵᠦ᠂ ᠴᠠᠭ᠋ᠠᠰᠤᠨ ᠭᠡᠷᠡᠴᠢ ᠦᠨᠡᠮᠯᠡᠯ᠎ᠢ ᠳᠠᠭᠢᠵᠤ ᠬᠢᠨᠠᠨ ᠣᠯᠭᠤᠬᠤ ᠦᠭᠡᠢ᠃ ᠨᠢᠭᠡᠨᠲᠡ ᠦᠢᠯᠡᠳᠴᠦ ᠲᠠᠷᠬᠠᠭ᠋ᠠᠭᠰᠠᠨ ᠴᠠᠭ᠋ᠠᠰᠤ ᠪᠠ IC ᠺᠠᠷᠲ᠎ᠤᠨ ᠭᠡᠷᠡᠴᠢ ᠦᠨᠡᠮᠯᠡᠯ᠎ᠳᠤ᠂ ᠲᠡᠷᠭᠡ ᠬᠥᠰᠬᠡ ᠵᠢᠨ ᠣᠨ᠎ᠤ ᠬᠢᠨᠠᠨ ᠰᠢᠯᠭ᠋ᠠᠯᠲᠠ᠂ ᠵᠢᠯᠣᠭᠤᠴᠢ ᠵᠢᠨ ᠦᠨᠡᠨᠴᠢ ᠢᠲᠡᠭᠡᠮᠵᠢ ᠵᠢᠨ ᠬᠢᠨᠠᠨ ᠰᠢᠯᠭ᠋ᠠᠯᠲᠠ᠂ ᠠᠵᠢᠯ ᠡᠷᠭᠢᠯᠡᠬᠦ ᠬᠢᠷᠢ ᠬᠡᠮ᠎ᠤᠨ ᠳᠠᠩᠰᠠᠯᠠᠯ (ᠪᠤᠶᠤ ᠦᠷᠭᠦᠯᠵᠢᠯᠡᠭᠰᠡᠨ) ᠵᠡᠷᠭᠡ᠎ᠲᠠᠢ ᠤᠶᠠᠯᠳᠤᠭᠤᠯᠤᠨ᠂ ᠡᠯᠧᠺᠲᠷᠣᠨ ᠭᠡᠷᠡᠴᠢ ᠦᠨᠡᠮᠯᠡᠯ ᠰᠣᠯᠢᠵᠤ ᠣᠯᠭᠤᠬᠤ ᠵᠢ ᠠᠬᠢᠭᠤᠯᠤᠨ᠎ᠠ (ᠬᠤᠭᠤᠴᠠᠭ᠎ᠠ᠎ᠨᠢ ᠲᠤᠯᠤᠭ᠋ᠠᠳᠤᠢ ᠴᠠᠭ᠋ᠠᠰᠤᠨ᠎ᠤ ᠪᠠ IC ᠺᠠᠷᠲ᠎ᠤᠨ ᠭᠡᠷᠡᠴᠢ ᠦᠨᠡᠮᠯᠡᠯ᠎ᠢ ᠮᠥᠨ ᠬᠦ᠌ ᠮᠡᠳᠡᠷᠡᠨ᠎ᠡ) ᠭᠡᠵᠡᠢ᠃
     ᠡᠯᠸᠺᠲᠷᠣᠨ ᠭᠡᠷᠡᠴᠢ ᠦᠨᠡᠮᠯᠡᠯ᠎ᠢ ᠬᠢᠨᠠᠨ ᠣᠯᠭᠤᠬᠤ ᠪᠠᠶ᠋ᠢᠭᠤᠯᠭ᠎ᠠ ᠵᠢᠨ ᠨᠡᠷᠡᠶ᠋ᠢᠳᠦᠯ᠎ᠢ ᠲᠣᠳᠣᠷᠬᠠᠶ᠋ᠢᠯᠠᠵᠤ᠂ ᠨᠢᠭᠡᠳᠦᠯᠲᠡᠶ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ᠎ᠤᠨ ᠲᠤᠰᠬᠠᠶ ᠲᠠᠮᠠᠭ᠎ᠠ》 ᠵᠢ ᠳᠠᠷᠤᠭᠰᠠᠨ᠎ᠤ ᠳᠠᠷᠠᠭ᠎ᠠ᠂ ᠬᠢᠨᠠᠨ ᠣᠯᠭᠤᠭᠰᠠᠨ ᠪᠠᠶ᠋ᠢᠭᠤᠯᠭ᠎ᠠ ᠵᠢᠨ ᠲᠠᠮᠠᠭ᠎ᠠ ᠵᠢ ᠨᠢᠭᠡᠨᠲᠡ ᠳᠠᠷᠤᠭᠰᠠᠨ ᠵᠶ᠋ᠠᠷ ᠦᠵᠡᠨ᠎ᠡ᠃ ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ᠎ᠨᠢ ᠪᠣᠳᠠᠲᠤ ᠭᠡᠷᠡᠴᠢ ᠦᠨᠡᠮᠯᠡᠯ᠎ᠲᠠᠢ ᠠᠳᠠᠯᠢᠬᠠᠨ ᠬᠠᠤᠯᠢ ᠴᠠᠭ᠋ᠠᠵᠠ ᠵᠢᠨ ᠬᠦᠴᠦᠨ᠎ᠲᠠᠢ᠃
    9 ᠵᠦᠢ᠍ᠯ᠎ᠤᠨ ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ᠎ᠤᠨ ᠲᠥᠷᠥᠯ ᠵᠦᠢ᠍ᠯ
    1. ᠵᠠᠮ ᠲᠡᠭᠡᠭᠡᠪᠦᠷᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ
    2. ᠵᠠᠰᠠᠮᠠᠯ ᠵᠠᠮ᠎ᠤᠨ ᠠᠶᠤᠯ᠎ᠲᠠᠢ ᠡᠳ᠋ ᠪᠠᠷᠠᠭ᠎ᠠ ᠲᠡᠭᠡᠭᠡᠪᠦᠷᠢᠯᠡᠬᠦ ᠵᠥᠪᠰᠢᠶᠡᠷᠡᠯ᠎ᠤᠨ ᠦᠨᠡᠮᠯᠡᠯ;
    3. ᠰᠠᠴᠤᠷᠠᠭ ᠴᠢᠨᠠᠷᠲᠤ ᠡᠳ᠋ ᠪᠣᠳᠠᠰ᠎ᠤᠨ ᠵᠠᠮ ᠲᠡᠭᠡᠭᠡᠪᠦᠷᠢ ᠵᠢᠨ ᠵᠥᠪᠰᠢᠶᠡᠷᠡᠯ᠎ᠤᠨ ᠦᠨᠡᠮᠯᠡᠯ;
    4. ᠰᠦᠯᠵᠢᠶ᠎ᠡ᠎ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ           ᠦᠨᠡᠮᠯᠡᠯ;
    5. ᠵᠠᠮ ᠲᠡᠭᠡᠭᠡᠪᠦᠷᠢ ᠵᠢᠨ ᠠᠵᠢᠯ ᠡᠷᠭᠢᠯᠡᠭᠰᠡᠳ᠎ᠤᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ;
    6᠂ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ;
    7. ᠰᠦᠯᠵᠢᠶ᠎ᠡ᠎ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ;
    8. ᠵᠠᠮ ᠲᠡᠭᠡᠭᠡᠪᠦᠷᠢ ᠵᠢᠨ ᠦᠨᠡᠮᠯᠡᠯ;
    9. ᠰᠦᠯᠵᠢᠶ᠎ᠡ᠎ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ᠎ᠤ ᠲᠡᠭᠡᠭᠡᠪᠦᠷᠢ ᠵᠢᠨ ᠦᠨᠡᠮᠯᠡᠯ᠃
     ᠮᠠᠨ᠎ᠤ ᠣᠷᠣᠨ ᠨᠢᠭᠡᠨᠲᠡ 2021 ᠣᠨ᠎ᠳᠤ 《ᠬᠤᠶᠠᠷ ᠦᠨᠡᠮᠯᠡᠯ᠎ᠢ ᠨᠡᠶ᠋ᠢᠯᠡᠭᠦᠯᠦᠨ ᠨᠢᠭᠡ ᠪᠣᠯᠭ᠋ᠠᠬᠤ》 ᠵᠢ ᠪᠡᠶᠡᠯᠡᠭᠦᠯᠵᠦ᠂ 《ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠵᠢᠨ ᠦᠨᠡᠮᠯᠡᠯ》᠎ᠳᠤ 《ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠵᠢᠨ ᠦᠨᠡᠮᠯᠡᠯ》᠂ 《ᠰᠦᠯᠵᠢᠶ᠎ᠡ᠎ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠵᠢᠨ ᠦᠨᠡᠮᠯᠡᠯ》 ᠵᠡᠷᠭᠡ ᠬᠤᠶᠠᠷ ᠵᠦᠢ᠍ᠯ᠎ᠤᠨ ᠠᠵᠢᠯ ᠡᠷᠭᠢᠯᠡᠬᠦ ᠬᠢᠷᠢ ᠬᠡᠮ᠎ᠢ ᠪᠠᠭᠲᠠᠭ᠋ᠠᠵᠠᠢ᠃
     ᠨᠢᠭᠡ᠂ ᠦᠨᠡᠮᠯᠡᠯ ᠦᠵᠡᠭᠦᠯᠬᠦ ᠠᠷᠭ᠎ᠠ ᠵᠠᠮ
     ᠶᠠᠮᠤᠨ᠎ᠤ ᠱᠠᠲᠤ᠄ 《ᠪᠥᠬᠦ ᠤᠯᠤᠰ᠎ᠤᠨ ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ》᠂         《ᠵᠠᠮ᠎ᠤᠨ ᠲᠡᠭᠡᠭᠡᠪᠦᠷᠢ ᠵᠢᠨ ᠵᠠᠰᠠᠭ᠎ᠤᠨ ᠶᠠᠪᠤᠳᠠᠯ᠎ᠢ ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠸᠢᠴᠠᠲ᠎ᠤᠨ ᠵᠢᠵᠢᠭ ᠫᠷᠤᠭ᠌ᠷᠠᠮ᠂ 《ᠵᠠᠮ ᠲᠡᠭᠡᠭᠡᠪᠦᠷᠢ ᠨᠡᠪᠲᠡᠷᠡᠬᠦ》 APP᠂ 《ᠢᠨᠲᠸᠷ ᠰᠦᠯᠵᠢᠶᠡᠨ᠎ᠤ ᠵᠠᠮ ᠲᠡᠭᠡᠭᠡᠪᠦᠷᠢ ᠵᠢᠨ ᠠᠷᠠᠳ᠎ᠲᠤ ᠲᠥᠬᠦᠮ ᠦᠵᠡᠭᠦᠯᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮ》᠎ᠤᠨ ᠰᠦᠯᠵᠢᠶᠡᠨ ᠥᠷᠲᠡᠭᠡ᠎ᠪᠠᠷ ᠳᠠᠮᠵᠢᠭᠤᠯᠤᠨ ᠦᠨᠡᠮᠯᠡᠯ ᠦᠵᠡᠭᠦᠯᠬᠦ ᠵᠢ ᠪᠡᠶᠡᠯᠡᠭᠦᠯᠦᠨ᠎ᠡ᠃
     ᠥᠪᠡᠷᠲᠡᠭᠡᠨ ᠵᠠᠰᠠᠬᠤ ᠣᠷᠣᠨ᠎ᠤ ᠱᠠᠲᠤ᠄ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ》᠂ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ》᠎ᠤᠨ ᠸᠢᠴᠠᠲ᠎ᠤᠨ  ᠣᠯᠠᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠦᠨᠡᠮᠯᠡᠯ ᠦᠵᠡᠭᠦᠯᠬᠦ ᠵᠢ ᠪᠡᠶᠡᠯᠡᠭᠦᠯᠦᠨ᠎ᠡ᠃

0625-1.png


    《ᠵᠠᠮ ᠲᠡᠭᠡᠭᠡᠪᠦᠷᠢ ᠵᠢᠨ ᠠᠵᠢᠯ ᠡᠷᠭᠢᠯᠡᠭᠰᠡᠳ᠎ᠤᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ》 ᠵᠶ᠋ᠠᠨ ᠦᠵᠡᠭᠦᠯᠬᠦ᠎ᠪᠠᠷ ᠵᠢᠱ᠌ᠢᠶᠡᠯᠡᠪᠡᠯ᠄ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ》᠎ᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠢ ᠨᠡᠭᠡᠭᠡᠵᠦ᠂ 【ᠣᠯᠠᠨ ᠨᠡᠶ᠋ᠢᠲᠡ ᠵᠢᠨ ᠦᠢ᠍ᠯᠡᠴᠢᠯᠡᠭᠡ 】→【ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ 】→【ᠭᠡᠷᠡᠴᠢ ᠦᠨᠡᠮᠯᠡᠯ᠎ᠤᠨ ᠬᠠᠮᠢᠶᠠᠷᠤᠯᠲᠠ 】 ᠵᠢ ᠲᠣᠪᠴᠢᠳᠠᠬᠤ ᠪᠤᠶᠤ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ》᠎ᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠢ ᠨᠡᠭᠡᠭᠡᠵᠦ᠂ 《ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡ》 →【ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ 】→【ᠭᠡᠷᠡᠴᠢ ᠦᠨᠡᠮᠯᠡᠯ᠎ᠤᠨ ᠬᠠᠮᠢᠶᠠᠷᠤᠯᠲᠠ 】 ᠵᠢ  ᠲᠣᠪᠴᠢᠳᠠᠨ᠎ᠠ᠃

0625-2.png

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠠᠷᠠᠭ᠋ᠠᠨ᠎ᠤ ᠲᠡᠭᠡᠭᠡᠪᠦᠷᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ᠎ᠤᠨ ᠭᠡᠷᠡᠴᠢ ᠦᠨᠡᠮᠯᠡᠯ ᠵᠢ ᠠᠮᠵᠢᠯᠲᠠ᠎ᠲᠠᠢ ᠦᠵᠡᠭᠦᠯᠵᠦ ᠲᠡᠢ᠌ᠯᠦᠭᠰᠡᠨ ᠦᠭᠡᠢ ᠪᠠᠶ᠋ᠢᠪᠠᠯ᠂ ᠶᠠᠮᠠᠷ ᠠᠷᠭ᠎ᠠ ᠵᠠᠮ ᠵᠶ᠋ᠠᠷ ᠳᠠᠮᠵᠢᠭᠤᠯᠤᠨ ᠭᠤᠶᠤᠴᠢᠯᠠᠨ ᠠᠪᠬᠤ ᠪᠣᠶ?
ᠪᠠᠷᠠᠭ᠋ᠠᠨ᠎ᠤ ᠲᠡᠭᠡᠭᠡᠪᠦᠷᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ᠎ᠤᠨ ᠬᠡᠷᠡᠭᠯᠡᠯᠲᠡ?
 
            