1. ᠭᠡᠷᠡᠴᠢ ᠦᠨᠡᠮᠯᠡᠯ᠎ᠢ ᠬᠠᠷᠭᠤᠭᠤᠯᠤᠨ ᠰᠢᠯᠭ᠋ᠠᠬᠤ
ᠵᠠᠮ ᠬᠠᠷᠢᠯᠴᠠᠭ᠎ᠠ ᠲᠡᠭᠡᠭᠡᠪᠦᠷᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ 《ᠢᠨᠲ᠋ᠧᠷ ᠰᠦᠯᠵᠢᠶ᠎ᠡ ᠵᠢᠨ ᠵᠠᠮ ᠲᠡᠭᠡᠭᠡᠪᠦᠷᠢ ᠵᠢᠨ ᠠᠷᠠᠳ᠎ᠲᠤ ᠲᠥᠬᠦᠮ ᠦᠵᠡᠭᠦᠯᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮ》᠎ᠤᠨ ᠰᠦᠯᠵᠢᠶ᠎ᠡ᠂ 《ᠵᠠᠮ ᠲᠡᠭᠡᠭᠡᠪᠦᠷᠢ ᠵᠢᠨ ᠵᠠᠰᠠᠭ᠎ᠤᠨ ᠶᠠᠪᠤᠳᠠᠯ᠎ᠢ ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》᠂ 《ᠪᠥᠬᠦ ᠤᠯᠤᠰ᠎ᠤᠨ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ》᠎ᠤᠨ ᠸᠢᠴᠠᠲ᠎ᠤᠨ ᠵᠢᠵᠢᠭ ᠫᠷᠤᠭ᠌ᠷᠠᠮ᠂ 《ᠵᠠᠮ ᠲᠡᠭᠡᠭᠡᠪᠦᠷᠢ ᠵᠢᠨ ᠨᠡᠪᠲᠡᠷᠡᠭᠦᠯᠭᠡ》 ᠵᠢᠨ APP᠂ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ》᠂ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ》᠎ᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠡᠷᠭᠡ ᠠᠯᠪᠠᠨ᠎ᠤ ᠠᠷᠭ᠎ᠠ ᠵᠠᠮ ᠵᠶ᠋ᠠᠷ ᠳᠠᠮᠵᠢᠭᠤᠯᠤᠨ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ᠎ᠳᠤ ᠮᠡᠳᠡᠭᠡ ᠵᠠᠩᠭᠢ ᠵᠢᠨ ᠬᠢᠨᠠᠨ ᠰᠢᠯᠭ᠋ᠠᠯᠲᠠ ᠬᠢᠵᠦ᠂ ᠬᠢᠨᠠᠨ ᠰᠢᠯᠭ᠋ᠠᠬᠤ᠎ᠪᠠᠷ ᠳᠡᠮᠵᠢᠨ ᠮᠡᠳᠡᠭᠡ ᠵᠠᠩᠭᠢ ᠵᠢᠨ ᠠᠯᠳᠠᠭ᠎ᠠ ᠥᠬᠡᠶ ᠪᠣᠯ ᠲᠣᠭᠲᠠᠭ᠋ᠠᠯ᠎ᠳᠤ ᠨᠡᠶ᠋ᠢᠴᠡᠬᠦ ᠦᠨᠡᠮᠯᠡᠯ ᠪᠣᠯᠤᠨ᠎ᠠ᠃
2. ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠡᠷᠡᠭᠯᠡᠯᠲᠡ
ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠵᠢ ᠭᠠᠷᠭ᠋ᠠᠪᠠᠯ᠂ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠬᠡᠬᠦ ᠵᠢᠨ ᠦᠨᠳᠦᠰᠦᠯᠡᠯ ᠪᠣᠯᠭ᠋ᠠᠵᠤ ᠪᠣᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ᠎ᠳᠤ᠎ᠪᠠᠨ᠂ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ᠎ᠤ ᠠᠯᠪᠠᠨ᠎ᠤ ᠲᠠᠯ᠎ᠠ ᠵᠢᠨ ᠠᠷᠭ᠎ᠠ ᠵᠠᠮ ᠵᠶ᠋ᠠᠷ ᠳᠠᠮᠵᠢᠭᠤᠯᠤᠨ ᠭᠠᠷᠭ᠋ᠠᠭᠰᠠᠨ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠵᠥᠪᠰᠢᠶᠡᠷᠡᠬᠦ ᠬᠡᠷᠡᠭᠲᠡᠶ᠃