ᠠᠵᠢᠯ ᠲᠥᠷᠥᠯ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠠᠵᠢᠯ᠎ᠢ ᠵᠢᠭ᠋ᠠᠨ ᠵᠢᠯᠣᠭᠣᠳᠤᠨ᠂ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠲᠤᠢ᠍ᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠢ᠌ᠭᠤᠯᠵᠤ ᠲᠤᠭᠤᠷᠪᠢᠨ ᠪᠢᠴᠢᠨ᠎ᠡ᠃ ᠬᠦᠨᠳᠦ ᠶᠡᠬᠡ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠬᠠᠷᠢᠭᠤᠴᠠᠵᠤ᠂ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠵᠢ ᠵᠣᠬᠢᠶᠠᠨ ᠪᠠᠢ᠌ᠭᠤᠯᠵᠤ᠂ ᠬᠠᠮᠢᠶᠠᠷᠬᠤ ᠬᠠᠷᠢᠶᠠᠯᠠᠯ᠎ᠢ᠎ᠨᠢ ᠵᠢᠭ᠋ᠠᠨ ᠲᠣᠭᠲᠠᠭ᠋ᠠᠭᠰᠠᠨ ᠬᠡᠷᠡᠭ᠎ᠢ ᠳᠠᠭ᠋ᠠᠭ᠋ᠠᠨ ᠰᠢᠢ᠍ᠳᠪᠦᠷᠢᠯᠡᠨ᠎ᠡ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠵᠠᠬ᠎ᠠ ᠳᠡᠯᠭᠡᠭᠦᠷ᠎ᠤᠨ ᠭᠣᠤᠯᠴᠢ ᠴᠢᠨᠠᠷ᠎ᠤᠨ ᠥᠷᠢᠰᠥᠯᠳᠦᠭᠡᠨ᠎ᠢ ᠬᠢᠨᠠᠨ ᠪᠠᠢ᠌ᠴᠠᠭ᠋ᠠᠬᠤ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠎ᠳᠤ ᠣᠷᠣᠯᠴᠠᠬᠤ ᠵᠡᠷᠭᠡ ᠠᠵᠢᠯ᠎ᠢ ᠡᠭᠦᠷᠭᠡᠯᠡᠨ᠎ᠡ᠃ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠵᠣᠬᠢᠴᠠᠭᠤᠯᠤᠨ᠎ᠠ᠃
ᠬᠠᠷᠢᠭᠤᠴᠠᠯᠭ᠋ᠠᠲᠠᠨ᠄ ᠯᠢᠦ ᠮᠢᠨ
ᠠᠯᠪᠠᠨ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 7 ᠳ᠋ᠤᠭ᠋ᠠᠷ ᠳᠠᠪᠬᠤᠷ
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂ 14᠄ 30 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ
ᠬᠠᠷᠢᠯᠴᠠᠬᠤ ᠤᠲᠠᠰᠤ᠄ 0471—6958330