ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠪᠠᠶ᠋ᠢᠭᠤᠯᠤᠮᠵᠢ   -   ᠰᠢᠭᠤᠳ ᠬᠠᠷᠢᠶ᠎ᠠ ᠨᠢᠭᠡᠴᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠦᠷᠲᠡᠭᠡ
ᠨᠡᠶ᠋ᠢᠲᠡᠯᠡᠭᠰᠡᠨ ᠴᠠᠭ᠄ 2026-01-09

ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠢ ᠪᠠᠲᠤ ᠡᠵᠡᠮᠳᠡᠵᠦ᠂ ᠲᠡᠭᠦᠨ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠢ ᠭᠦᠢ᠍ᠴᠡᠳᠬᠡᠬᠦ ᠡᠯ᠎ᠡ ᠲᠠᠯ᠎ᠠ ᠪᠠ ᠪᠦᠬᠦ ᠶᠠᠪᠤᠴᠠ᠎ᠳᠤ ᠲᠣᠭᠤᠰᠢᠯᠠᠭᠤᠯᠤᠨ᠎ᠠ᠃ ᠭᠣᠤᠯ ᠡᠭᠦᠷᠭᠡ ᠬᠠᠷᠢᠭᠤᠴᠠᠯᠭ᠎ᠠ᠎ᠨᠢ᠄

1. ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠬᠢᠨᠠᠨ ᠬᠠᠮᠢᠶᠠᠷᠬᠤ᠂ ᠪᠠᠶ᠋ᠢᠴᠠᠭ᠋ᠠᠨ ᠬᠡᠮᠵᠢᠬᠦ ᠵᠡᠷᠭᠡ ᠲᠠᠯ᠎ᠠ ᠵᠢᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠳᠦᠷᠢᠮ ᠪᠣᠯᠣᠨ ᠪᠠᠷᠢᠮᠵᠢᠶ᠎ᠠ ᠵᠢ ᠲᠤᠭᠤᠷᠪᠢᠨ ᠪᠢᠴᠢᠬᠦ ᠠᠵᠢᠯ᠎ᠳᠤ ᠣᠷᠤᠯᠴᠠᠬᠤ ᠵᠢᠨ ᠬᠠᠮᠲᠤ ᠬᠠᠮᠢᠶ᠎ᠠ ᠪᠦᠬᠦᠢ ᠠᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠣᠷᠣᠯᠴᠠᠨ᠎ᠠ;

2. ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠬᠢᠨᠠᠨ ᠬᠠᠮᠢᠶᠠᠷᠬᠤ᠂ ᠪᠠᠶ᠋ᠢᠴᠠᠭ᠋ᠠᠨ ᠬᠡᠮᠵᠢᠬᠦ ᠠᠵᠢᠯ ᠲᠥᠷᠥᠯ᠎ᠤᠨ ᠬᠠᠮᠢᠶᠠᠷᠤᠯᠲᠠ ᠵᠡᠷᠭᠡ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ;

3. ᠲᠢᠩᠬᠢᠮ᠎ᠤᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠤ ᠬᠢᠨᠠᠨ ᠬᠡᠮᠵᠢᠯᠲᠡ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠤᠳᠤᠯᠭ᠎ᠠ ᠵᠢᠨ ᠬᠠᠮᠢᠶ᠎ᠠ ᠪᠦᠬᠦᠢ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ;

4. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠄ ᠠᠯᠪᠠᠨ ᠭᠡᠷ᠂ ᠡᠳ᠋᠎ᠤᠨ ᠶᠠᠪᠤᠳᠠᠯ᠎ᠤᠨ ᠰᠠᠯᠠᠭ᠎ᠠ᠂ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠰᠠᠯᠠᠭ᠎ᠠ᠂ ᠬᠢᠨᠠᠨ ᠬᠠᠮᠢᠶᠠᠷᠴᠤ ᠪᠠᠶ᠋ᠢᠴᠠᠭ᠋ᠠᠨ ᠬᠡᠮᠵᠢᠬᠦ ᠬᠠᠮᠢᠶᠠᠷᠤᠯᠲᠠ ᠵᠢᠨ ᠰᠠᠯᠠᠭ᠎ᠠ᠃

ᠠᠯᠪᠠᠯᠠᠬᠤ ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠥᠯᠥᠨ ᠬᠤᠶ᠋ᠢᠲᠤ ᠵᠠᠮ᠎ᠤᠨ 105 ᠳ᠋ᠤᠭ᠋ᠠᠷ ᠨᠣᠮᠧᠷ

ᠠᠯᠪᠠᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂ 14᠄ 30 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠳᠠ ᠵᠢᠨ ᠡᠳᠦᠷ ᠪᠠᠭᠲᠠᠬᠤ ᠦᠭᠡᠢ

ᠬᠠᠷᠢᠯᠴᠠᠬᠤ ᠤᠲᠠᠰᠤ᠄ 0471-6550407

ᠬᠠᠷᠢᠭᠤᠴᠠᠯᠭ᠋ᠠᠲᠠᠨ᠄ ᠰᠢᠩ ᠰᠢᠶᠠᠩ ᠳ᠋ᠠ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠦᠭᠵᠢᠯᠲᠡ ᠵᠢᠨ ᠰᠣᠳᠤᠯᠭ᠋ᠠᠨ᠎ᠤ ᠬᠦᠷᠢᠶᠡᠯᠡᠩ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠢ ᠬᠢᠨᠠᠨ ᠬᠡᠮᠵᠢᠬᠦ ᠬᠢᠭᠡᠳ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠵᠢᠯᠣᠭᠤᠳᠬᠤ ᠲᠥᠪ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ
 
            