ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠪᠠᠶ᠋ᠢᠭᠤᠯᠤᠮᠵᠢ   -   ᠰᠢᠭᠤᠳ ᠬᠠᠷᠢᠶ᠎ᠠ ᠨᠢᠭᠡᠴᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠦᠢ᠍ᠯᠡᠰ᠎ᠤᠨ ᠬᠥᠭᠵᠢᠯᠲᠡ ᠵᠢᠨ ᠲᠥᠪ
ᠨᠡᠶ᠋ᠢᠲᠡᠯᠡᠭᠰᠡᠨ ᠴᠠᠭ᠄ 2026-01-12

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠤᠢ ᠪᠣᠯᠭᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠦ᠂ ᠲᠡᠭᠦᠨ᠎ᠢ ᠵᠠᠮ ᠲᠡᠭᠡᠭᠡᠪᠦᠷᠢ᠎ᠶᠢᠨ ᠠᠵᠢᠯ᠎ᠢ ᠭᠦᠢᠴᠡᠳᠬᠡᠬᠦ ᠡᠯ᠎ᠡ ᠲᠠᠯ᠎ᠠ ᠪᠠ ᠪᠦᠬᠦ ᠶᠠᠪᠤᠴᠠ᠎ᠳᠤ ᠲᠤᠭᠤᠰᠢᠯᠠᠭᠤᠯᠤᠨ᠎ᠠ᠃ ᠡᠭᠦᠨ᠎ᠦ ᠭᠣᠣᠯ ᠡᠭᠦᠷᠭᠡ ᠬᠠᠷᠢᠭᠤᠴᠠᠯᠭ᠎ᠠ ᠪᠣᠯ᠄ 

ᠨᠢᠭᠡ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ᠎ᠶᠢᠨ ᠪᠣᠳᠣᠯᠭ᠎ᠠ᠂ ᠳᠦᠷᠢᠮ ᠪᠠ ᠪᠠᠷᠢᠮᠵᠢᠶ᠎ᠠ᠎ᠶᠢ ᠲᠤᠭᠤᠷᠪᠢᠨ ᠲᠣᠭᠲᠠᠭᠠᠬᠤ᠎ᠳᠤ ᠣᠷᠣᠯᠴᠠᠬᠤ᠎ᠶᠢ ᠡᠭᠦᠷᠭᠡᠯᠡᠨ᠎ᠡ᠃

ᠬᠣᠶᠠᠷ᠂ ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠬᠠᠮᠢᠶ᠎ᠠ ᠪᠦᠬᠦᠢ ᠲᠥᠯᠦᠪᠵᠢᠭᠦᠯᠭᠡ᠂ ᠲᠥᠯᠥᠪᠯᠡᠭᠡ᠎ᠶᠢ ᠲᠣᠭᠲᠠᠭᠠᠬᠤ ᠵᠢᠴᠢ ᠪᠠᠢᠴᠠᠭᠠᠨ ᠰᠤᠳᠤᠯᠵᠤ ᠨᠤᠲᠠᠯᠠᠬᠤ ᠠᠵᠢᠯ᠎ᠢ ᠬᠠᠮᠵᠢᠨ ᠥᠷᠨᠢᠭᠦᠯᠦᠨ᠎ᠡ᠃

ᠭᠤᠷᠪᠠ᠂ ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠴᠢᠬᠤᠯᠠ ᠶᠡᠬᠡ ᠲᠥᠷᠥᠯ ᠵᠦᠢᠯ᠎ᠦᠨ ᠵᠣᠬᠢᠴᠠᠭᠤᠯᠬᠤ ᠠᠵᠢᠯ᠎ᠢ ᠬᠠᠮᠵᠢᠨ ᠥᠷᠨᠢᠭᠦᠯᠵᠦ᠂ ᠡᠷᠬᠡ ᠮᠡᠳᠡᠯ᠎ᠦᠨ ᠬᠡᠪᠴᠢᠶᠡᠨ ᠳᠣᠲᠣᠷᠠᠬᠢ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠪᠠᠢᠴᠠᠭᠠᠨ ᠰᠤᠳᠤᠯᠵᠤ ᠨᠤᠲᠠᠯᠠᠬᠤ ᠪᠠ ᠪᠣᠯᠣᠮᠵᠢᠲᠤ ᠰᠤᠳᠤᠯᠭᠠᠨ᠎ᠤ ᠮᠡᠳᠡᠭᠦᠯᠦᠯᠲᠡ᠎ᠶᠢᠨ ᠮᠡᠷᠭᠡᠵᠢᠯ᠎ᠦᠨ ᠬᠢᠨᠠᠨ ᠪᠠᠢᠴᠠᠭᠠᠯᠲᠠ ᠵᠡᠷᠭᠡ ᠮᠡᠷᠭᠡᠵᠢᠯ᠎ᠦᠨ ᠲᠤᠯᠭᠠᠭᠤᠷᠢᠯᠠᠬᠤ ᠠᠵᠢᠯ᠎ᠢ ᠡᠭᠦᠷᠭᠡᠯᠡᠨ᠎ᠡ᠃

ᠳᠥᠷᠪᠡ᠂ ᠪᠥᠬᠥ ᠣᠷᠣᠨ᠎ᠤ ᠳᠣᠣᠷ᠎ᠠ ᠠᠭᠠᠷ᠎ᠤᠨ ᠣᠷᠣᠨ ᠪᠦᠰᠡ᠎ᠶᠢᠨ ᠥᠭᠡᠷᠡᠴᠢᠯᠡᠯᠲᠡ᠎ᠶᠢᠨ ᠵᠦᠢᠯᠡᠰ᠎ᠢ ᠬᠠᠮᠵᠢᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭᠠᠷ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠠᠮᠢᠶ᠎ᠠ ᠪᠦᠬᠦᠢ ᠲᠥᠯᠦᠪᠵᠢᠭᠦᠯᠭᠡ᠂ ᠲᠥᠷᠥ᠎ᠶᠢᠨ ᠪᠣᠳᠣᠯᠭ᠎ᠠ᠎ᠶᠢ ᠰᠤᠳᠤᠯᠬᠤ᠎ᠳᠤ ᠣᠷᠣᠯᠴᠠᠨ᠎ᠠ᠃

ᠲᠠᠪᠤ᠂ ᠪᠥᠬᠥ ᠣᠷᠣᠨ᠎ᠤ ᠳᠣᠣᠷ᠎ᠠ ᠠᠭᠠᠷ᠎ᠤᠨ ᠠᠵᠢᠯᠯᠠᠭᠠᠨ᠎ᠤ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠲᠤᠯᠭᠠᠭᠤᠷᠢᠯᠠᠬᠤ ᠠᠵᠢᠯ᠎ᠢ ᠡᠭᠦᠷᠭᠡᠯᠡᠨ᠎ᠡ᠃

ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠂ ᠳᠣᠣᠷ᠎ᠠ ᠠᠭᠠᠷ᠎ᠤᠨ ᠠᠵᠤ ᠠᠬᠤᠢ᠎ᠶᠢᠨ ᠠᠵᠢᠯ ᠲᠥᠷᠥᠯ᠎ᠦᠨ ᠪᠦᠷᠢᠳᠬᠡᠨ ᠵᠠᠳᠠᠯᠤᠭᠰᠠᠨ ᠦᠷ᠎ᠡ ᠳ᠋ᠦᠩ᠎ᠦᠨ ᠮᠡᠳᠡᠭᠡ ᠵᠠᠩᠭᠢ ᠨᠡᠢᠲᠡᠯᠡᠬᠦ᠎ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠂ ᠳᠣᠣᠷ᠎ᠠ ᠠᠭᠠᠷ᠎ᠤᠨ ᠠᠵᠤ ᠠᠬᠤᠢ᠎ᠶᠢᠨ ᠠᠵᠢᠯ ᠲᠥᠷᠥᠯ᠎ᠦᠨ ᠬᠢᠨᠠᠨ ᠬᠡᠮᠵᠢᠵᠦ ᠦᠨᠡᠯᠡᠬᠦ ᠲᠣᠭᠲᠠᠯᠴᠠᠭ᠎ᠠ᠎ᠶᠢᠨ ᠰᠤᠳᠤᠯᠤᠯ ᠵᠡᠷᠭᠡ ᠮᠡᠷᠭᠡᠵᠢᠯ᠎ᠦᠨ ᠲᠤᠯᠭᠠᠭᠤᠷᠢᠯᠠᠯ ᠪᠠ ᠲᠤᠰᠠᠯᠠᠬᠤ ᠠᠵᠢᠯ᠎ᠢ ᠥᠷᠨᠢᠭᠦᠯᠦᠨ᠎ᠡ᠃

ᠳᠣᠯᠣᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ 

ᠪᠠᠢᠭᠤᠯᠤᠮᠵᠢ᠎ᠶᠢᠨ ᠪᠠᠢᠷᠢᠯᠠᠭᠤᠯᠤᠯᠲᠠ᠄ ᠶᠡᠷᠦᠩᠬᠡᠢᠯᠡᠭᠰᠡᠨ ᠰᠠᠯᠠᠭ᠎ᠠ᠂ ᠲᠡᠮᠦᠷ ᠵᠠᠮ᠎ᠤᠨ ᠦᠢᠯᠡᠴᠢᠯᠡᠭᠡᠨ᠎ᠦ ᠰᠠᠯᠠᠭ᠎ᠠ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠦᠢᠯᠡᠴᠢᠯᠡᠭᠡᠨ᠎ᠦ ᠰᠠᠯᠠᠭ᠎ᠠ᠂ ᠳᠣᠣᠷ᠎ᠠ ᠠᠭᠠᠷ᠎ᠤᠨ ᠠᠶᠠᠯᠠᠯ᠎ᠤᠨ ᠦᠢᠯᠡᠴᠢᠯᠡᠭᠡᠨ᠎ᠦ ᠰᠠᠯᠠᠭ᠎ᠠ᠃ 

ᠠᠵᠢᠯᠯᠠᠬᠤ ᠬᠠᠶᠢᠭ᠋᠄ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠭᠠᠵᠠᠷ ᠰᠢᠨᠵᠢᠯᠡᠭᠡᠨ᠎ᠦ ᠲᠣᠪᠴᠢᠶ᠎ᠠ᠎ᠶᠢᠨ ᠡᠮᠦᠨ᠎ᠡ ᠵᠡᠭᠡᠯᠢ᠎ᠶᠢᠨ 68 ᠳ᠋ᠤᠭᠠᠷ ᠨᠣᠮᠧᠷ 

ᠠᠵᠢᠯᠯᠠᠬᠤ ᠴᠠᠭ᠄ ᠭᠠᠷᠠᠭ᠎ᠤᠨ ᠨᠢᠭᠡᠨ᠎ᠡᠴᠡ ᠭᠠᠷᠠᠭ᠎ᠤᠨ ᠲᠠᠪᠤᠨ᠎ᠤ 9᠄ 00 -12᠄ 00᠂ 14᠄30 -

17᠄ 30᠂ ᠬᠠᠤᠯᠢ᠎ᠪᠠᠷ ᠲᠣᠭᠲᠠᠭᠠᠭᠰᠠᠨ ᠪᠠᠶᠠᠷ ᠳᠤᠷᠠᠰᠬᠠᠯ᠎ᠤᠨ ᠡᠳᠦᠷ᠎ᠡᠴᠡ ᠭᠠᠳᠠᠨ᠎ᠠ

ᠬᠠᠷᠢᠯᠴᠠᠬᠤ ᠠᠷᠭ᠎ᠠ ᠮᠠᠶᠢᠭ᠄ 0471-3697298

ᠬᠠᠷᠢᠭᠤᠴᠠᠯᠭᠠᠲᠠᠨ᠄ ᠳ᠋ᠦᠩ ᠱᠤ᠌ ᠶᠠᠨ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            