ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ | ᠪᠠᠶᠢᠭᠤᠯᠤᠮᠵᠢ ᠨᠤᠭᠤᠳ ᠲᠤ᠄ | ᠬᠥᠳᠡᠭᠡ ᠲᠣᠰᠬᠤᠨ ᠤ ᠵᠠᠰᠠᠮᠠᠯ ᠵᠠᠮ ᠪᠣᠯ ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ ᠳᠤ | ᠦᠢᠯᠡᠴᠢᠯᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠮᠥᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠮᠥᠨ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ | ᠲᠥᠪ ᠬᠤᠷᠢᠶ᠎ᠠ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ | ᠳᠦᠷᠪᠡᠨ ᠰᠠᠶᠢᠨ ᠬᠥᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠳᠤ ᠤᠯᠠᠨ ᠤᠳᠠᠭ᠎ᠠ ᠴᠢᠬᠤᠯᠠ | ᠪᠠᠶᠢᠷᠢᠯᠠᠭᠤᠯᠤᠯᠲᠠ ᠬᠢᠪᠡ᠃ ︽ᠳᠦᠷᠪᠡᠨ ᠰᠠᠶᠢᠨ ᠬᠥᠳᠡᠭᠡ ᠲᠤᠰᠬᠤᠨ ᠤ ᠵᠠᠮ︾ ᠤᠨ ᠠᠵᠢᠯ ᠤᠨ ᠳᠤᠮᠳᠠ | ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠬᠤ ᠶᠢᠨ ᠳᠤᠲᠠᠭᠤᠳᠠᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠥᠷᠭᠡᠳᠬᠡᠨ ᠪᠠᠶᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠠᠷ ᠵᠥᠪᠰᠢᠶᠡᠷᠡᠭᠦᠯᠦᠭᠡᠳ᠂ ᠡᠳᠦᠭᠡ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠄ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽ᠳᠦᠷᠪᠡᠨ | ᠰᠠᠶᠢᠨ ᠬᠥᠳᠡᠭᠡ ᠲᠤᠰᠬᠤᠨ ᠤ ᠵᠠᠮ︾ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ | ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ | ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠲᠠᠢ ᠨᠢᠭᠲᠠ ᠤᠶᠠᠯᠳᠤᠭᠤᠯᠤᠨ᠂ ᠶᠠᠰᠤ | ᠴᠢᠨᠠᠷ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠳᠡᠭᠡᠳᠦᠯᠡᠬᠦ᠂ ᠪᠠᠶᠢᠭᠠᠯᠢᠯᠢᠭ ᠡᠶ᠎ᠡ ᠵᠣᠬᠢᠴᠠᠩᠭᠤᠶ ᠪᠠ | ᠪᠣᠬᠢᠷᠲᠤᠯ ᠥᠬᠡᠶ ᠬᠥᠭᠵᠢᠯᠲᠡ ᠪᠠᠷ ᠵᠠᠷᠴᠢᠮ ᠪᠣᠯᠭᠠᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ | ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ | ᠪᠣᠯᠤᠨ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠦᠳᠡᠯᠦᠯᠴᠡᠬᠦ᠂ ᠨᠢᠭᠲᠠ | ᠬᠠᠮᠵᠢᠯᠴᠠᠬᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠦᠷᠢᠯᠳᠦᠭᠦᠯᠦᠨ᠂ ︽ | ᠳᠦᠷᠪᠡᠨ ᠰᠠᠶᠢᠨ ᠬᠥᠳᠡᠭᠡ ᠲᠤᠰᠬᠤᠨ ᠤ ᠵᠠᠮ︾ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ | ᠲᠠᠷᠢᠶᠠᠴᠢᠨ ᠲᠦᠮᠡᠨ ᠤ ᠪᠠᠶᠠᠵᠢᠨ ᠴᠢᠨᠡᠭᠡᠯᠢᠭᠵᠢᠬᠦ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠬᠤ ᠳᠤ ᠨᠠᠩ ᠰᠠᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | 2022 ᠣᠨ ᠪᠣᠯᠬᠤ ᠳᠤ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠬᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ | ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠲᠤᠰᠢᠶᠠᠯ | ᠬᠠᠷᠢᠭᠤᠴᠠᠯᠭ᠎ᠠ ᠨᠢ ᠲᠣᠳᠣᠷᠬᠠᠶ᠂ ᠨᠡᠶᠢᠭᠡᠮ ᠤᠨ ᠬᠦᠴᠦᠨ ᠢᠳᠡᠪᠬᠢᠲᠡᠶ ᠣᠷᠣᠯᠴᠠᠬᠤ ᠪᠠᠶᠢᠷᠢᠰᠢᠯ ᠢ ᠪᠤᠢ ᠪᠣᠯᠭᠠᠨ᠎ᠠ᠃ | ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠬᠤ ᠴᠢᠳᠠᠪᠤᠷᠢ ᠨᠢ ᠢᠯᠡᠳᠲᠡ ᠳᠡᠭᠡᠭᠰᠢᠯᠡᠵᠦ᠂ ᠵᠠᠰᠠᠬᠤ ᠰᠢᠰᠲ᠋ᠧᠮ ᠨᠢ | ᠠᠩᠬ᠎ᠠ ᠠᠯᠬᠤᠮ ᠪᠦᠷᠢᠯᠳᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠪᠣᠯᠤᠨ ᠵᠠᠮ ᠤᠨ | ᠬᠡᠪᠴᠢᠶᠡᠨ ᠤ ᠣᠷᠴᠢᠨ ᠲᠣᠭᠤᠷᠢᠨ ᠨᠢ ᠢᠯᠡᠳᠲᠡ ᠳᠡᠭᠡᠭᠰᠢᠯᠡᠵᠦ᠂ ᠵᠠᠮ ᠬᠠᠷᠢᠯᠴᠠᠭᠠᠨ ᠤ ᠪᠠᠲᠤᠯᠠᠭ᠎ᠠ ᠶᠢᠨ | ᠴᠢᠳᠠᠪᠤᠷᠢ ᠨᠢ ᠢᠯᠡᠳᠲᠡ ᠴᠢᠩᠭᠠᠷᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠭᠳᠡᠷᠡᠨ ᠠᠷᠠᠴᠢᠯᠠᠬᠤ ᠨᠣᠷᠮ᠎ᠠ | ᠶᠢ 100% ᠳᠤ ᠬᠦᠷᠭᠡᠵᠦ᠂ ᠵᠢᠯ ᠪᠦᠷᠢ ᠶᠢᠨ ᠳᠤᠮᠳᠠᠴᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠬᠠᠷᠢᠴᠠᠯ ᠢ | 5% ᠠᠴᠠ ᠳᠣᠤᠷ᠎ᠠ ᠪᠠᠶᠢᠯᠭᠠᠵᠤ ᠪᠣᠯᠬᠤ ᠦᠭᠡᠢ᠂ ᠳᠤᠮᠳᠠ ᠵᠡᠷᠭᠡ ᠠᠴᠠ ᠳᠡᠭᠡᠭᠰᠢᠬᠢ ᠬᠥᠳᠡᠭᠡ ᠲᠣᠰᠬᠤᠨ ᠤ | ᠵᠠᠰᠠᠮᠠᠯ ᠵᠠᠮ ᠤᠨ ᠡᠵᠡᠯᠡᠬᠦ ᠬᠠᠷᠢᠴᠠᠯ ᠢ 75% ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃ | 2035 ᠣᠨ ᠪᠣᠯᠬᠤ ᠳᠤ᠂ ᠰᠢᠰᠲ᠋ᠧᠮ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ ᠪᠦᠲᠦᠮᠵᠢᠲᠡᠶ | ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠲᠣᠭᠲᠠᠴᠠ ᠶᠢ ᠪᠦᠬᠦ | ᠲᠠᠯ᠎ᠠ ᠪᠠᠷ ᠪᠠᠶᠢᠭᠤᠯᠵᠤ᠂ ᠬᠤᠲᠠ ᠬᠥᠳᠡᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠵᠠᠮ ᠤᠨ | ᠪᠠᠶᠢᠳᠠᠯ ᠤᠨ ᠬᠢᠷᠢ ᠲᠦᠪᠰᠢᠨ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠨᠢ ᠦᠨᠳᠦᠰᠦᠨ ᠴᠢᠨᠠᠷᠲᠠᠶ | ᠰᠠᠶᠢᠵᠢᠷᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠬᠤ ᠴᠢᠳᠠᠪᠤᠷᠢ ᠨᠢ ᠪᠦᠬᠦ ᠲᠠᠯ᠎ᠠ ᠪᠠᠷ ᠳᠡᠭᠡᠭᠰᠢᠯᠡᠵᠦ᠂ | ᠵᠠᠰᠠᠬᠤ ᠰᠢᠰᠲ᠋ᠧᠮ ᠨᠢ ᠪᠦᠬᠦ ᠲᠠᠯ᠎ᠠ ᠪᠠᠷ ᠲᠡᠭᠦᠯᠳᠡᠷᠵᠢᠨ᠎ᠡ᠃ | ᠭᠤᠷᠪᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠮᠣᠵᠢ᠂ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ | ᠲᠥᠯᠥᠪᠯᠡᠬᠦ ᠪᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠲᠠ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ | ᠡᠷᠬᠡ ᠪᠠ ᠬᠠᠷᠢᠭᠤᠴᠠᠯᠭ᠎ᠠ ᠶᠢᠨ ᠲᠣᠳᠤᠷᠬᠠᠢ ᠬᠠᠭᠤᠳᠠᠰᠤ ᠶᠢ ᠲᠣᠭᠲᠠᠭᠠᠵᠤ᠂ ᠮᠤᠵᠢ ᠶᠢᠨ ᠱᠠᠲᠤᠨ ᠤ ᠨᠢᠭᠡᠳᠦᠯᠲᠡᠶ | ᠲᠥᠯᠥᠪᠯᠡᠬᠦ ᠪᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠳᠦᠷᠢᠮ | ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠴᠢᠯᠠᠨ ᠬᠠᠮᠠᠭᠠᠯᠠᠬᠤ ᠲᠤᠰᠠᠯᠠᠮᠵᠢ ᠶᠢᠨ ᠪᠡᠯᠡ ᠮᠥᠩᠭᠦ ᠶᠢ | ᠬᠤᠷᠠᠮᠳᠤᠭᠤᠯᠵᠤ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠴᠢᠳᠠᠪᠤᠷᠢ ᠶᠢᠨ | ᠪᠠᠶᠢᠭᠤᠯᠤᠯᠲᠠ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ | ᠤᠨ ᠣᠷᠳᠣᠨ ᠳᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ ᠬᠡᠷᠡᠭᠲᠡᠶ᠃ ᠬᠤᠲᠠ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠳᠡᠮᠵᠢᠬᠦ ᠲᠥᠷᠥ ᠶᠢᠨ ᠪᠣᠳᠣᠯᠭ᠎ᠠ ᠪᠣᠯᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ | ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠪᠠᠨ | ᠴᠢᠩᠭᠠᠳᠬᠠᠬᠤ ᠬᠡᠷᠡᠭᠲᠡᠢ᠃ | ︵ᠬᠤᠶᠠᠷ︶ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ︽ | ᠰᠢᠶᠠᠨ ᠤ ᠵᠠᠮ ᠢ ᠰᠢᠶᠠᠨ ᠬᠠᠮᠢᠶᠠᠷᠬᠤ᠂ ᠬᠥᠳᠡᠭᠡ ᠲᠤᠰᠬᠤᠨ ᠤ ᠵᠠᠮ ᠢ ᠬᠥᠳᠡᠭᠡ ᠲᠣᠰᠬᠤᠨ ᠬᠠᠮᠢᠶᠠᠷᠬᠤ︾ ᠵᠠᠷᠴᠢᠮ | ᠶᠣᠰᠣᠭᠠᠷ᠂ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠤᠨ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠡᠷᠬᠡ ᠪᠠ ᠬᠠᠷᠢᠭᠤᠴᠠᠯᠭ᠎ᠠ | ᠶᠢᠨ ᠲᠣᠳᠣᠷᠬᠠᠶ ᠬᠠᠭᠤᠳᠠᠰᠤ ᠶᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠵᠢᠯᠣᠭᠤᠳᠤᠨ ᠬᠢᠨᠠᠯᠲᠠ ᠲᠠᠯᠪᠢᠨ᠎ᠠ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠵᠠᠮ ᠤᠨ ᠳᠠᠷᠤᠭ᠎ᠠ ᠶᠢᠨ | ᠳᠦᠷᠢᠮ ᠢ ᠶᠡᠬᠡᠪᠡᠷ ᠳᠡᠯᠭᠡᠷᠡᠭᠦᠯᠵᠦ᠂ ᠡᠯ᠎ᠡ ᠱᠠᠲᠤᠨ ᠤ ᠵᠠᠮ ᠤᠨ ᠳᠠᠷᠤᠭ᠎ᠠ ᠠᠴᠠ ᠬᠠᠮᠢᠶ᠎ᠠ ᠪᠦᠬᠦᠢ ᠬᠥᠳᠡᠭᠡ | ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠵᠣᠬᠢᠴᠠᠩᠭᠤᠶ ᠠᠵᠢᠯ ᠢᠶᠠᠨ ᠬᠠᠷᠢᠭᠤᠴᠠᠵᠤ᠂ ︽ᠬᠤᠷᠴᠠ | ᠴᠢᠳᠠᠮᠠᠭᠠᠶ ᠪᠥᠭᠡᠳ ᠥᠨᠳᠥᠷ ᠦᠷ᠎ᠡ ᠪᠦᠲᠦᠮᠵᠢᠲᠡᠶ᠂ ᠲᠤᠰᠬᠠᠢ ᠪᠥᠭᠡᠳ ᠬᠠᠪᠰᠤᠷᠭᠠᠭᠰᠠᠨ ᠢ ᠤᠶᠠᠯᠳᠤᠭᠤᠯᠬᠤ᠂ | ᠲᠤᠰᠬᠠᠶ ᠮᠡᠷᠭᠡᠵᠢᠯ ᠢᠶᠠᠷ ᠭᠤᠤᠯ ᠪᠣᠯᠭᠠᠬᠤ︾ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ︽ᠵᠠᠮ | ᠪᠠᠶᠢᠪᠠᠯ ᠵᠠᠪᠠᠯ ᠠᠷᠠᠴᠢᠯᠠᠵᠤ᠂ ᠠᠷᠠᠴᠢᠯᠠᠪᠠᠯ ᠵᠠᠪᠠᠯ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠬᠥᠳᠡᠭᠡ | ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠠᠵᠢᠯᠯᠠᠭᠠᠨ ᠤ ᠵᠠᠷᠤᠳᠠᠯ ᠪᠣᠯᠤᠨ ᠠᠵᠢᠯᠲᠠᠨ ᠤ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠲᠤ ᠣᠷᠣᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠪᠣᠯᠤᠨ | ᠬᠠᠮᠢᠶᠠᠷᠤᠯᠲᠠ ᠠᠷᠠᠴᠢᠯᠠᠯᠲᠠ ᠳᠤ ᠣᠷᠤᠯᠴᠠᠬᠤ ᠡᠷᠴᠢᠮ ᠢ ᠨᠡᠮᠡᠭᠳᠡᠭᠦᠯᠬᠦ ᠬᠡᠷᠡᠭᠲᠡᠢ᠃ | ︵ᠭᠤᠷᠪᠠ︶ ᠰᠢᠶᠠᠩ ᠲᠣᠰᠬᠤᠨ ᠬᠤᠶᠠᠷ ᠱᠠᠲᠤᠨ ᠤ ᠦᠢᠯᠡᠳᠦᠯ ᠪᠣᠯᠤᠨ ᠲᠠᠷᠢᠶᠠᠴᠢᠨ ᠲᠦᠮᠡᠨ ᠤ | ᠢᠳᠡᠪᠬᠢᠵᠢᠯ ᠢ ᠪᠠᠳᠠᠷᠠᠭᠤᠯᠬᠤ ᠬᠡᠷᠡᠭᠲᠡᠶ᠃ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰᠬᠠᠶ | ᠠᠵᠢᠯᠲᠠᠨ ᠲᠣᠭᠲᠠᠭᠠᠵᠤ᠂ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠤᠨ ᠲᠣᠰᠬᠤᠨ ᠤ ᠵᠠᠮ ᠤᠨ | ᠬᠠᠮᠢᠶᠠᠷᠤᠯᠲᠠ ᠠᠷᠠᠴᠢᠯᠠᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠲᠣᠰᠬᠤᠨ ᠤ ᠠᠷᠠᠳ ᠤᠨ | ᠵᠥᠪᠯᠡᠯ ᠨᠢ ︽ᠲᠠᠷᠢᠶᠠᠴᠢᠳ ᠨᠢ ᠰᠠᠶᠢᠨ ᠳᠤᠷ᠎ᠠ ᠶᠢᠨ ᠪᠠᠶᠢᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ︾ ᠵᠠᠷᠴᠢᠮ ᠶᠣᠰᠣᠭᠠᠷ᠂ ᠨᠢᠭᠡ ᠤᠴᠢᠷ ᠢ ᠨᠢᠭᠡ ᠵᠥᠪᠯᠡᠬᠦ᠂ ᠠᠵᠢᠯᠯᠠᠬᠤ ᠪᠠᠷ ᠲᠡᠳᠬᠦᠮᠵᠢ ᠶᠢ | ᠣᠷᠣᠯᠠᠭᠤᠯᠬᠤ ᠵᠡᠷᠭᠡ ᠠᠷᠭ᠎ᠠ ᠠᠪᠴᠤ ᠲᠣᠰᠬᠤᠨ ᠤ ᠵᠠᠮ ᠤᠨ ᠬᠠᠮᠢᠶᠠᠷᠴᠤ ᠠᠷᠠᠴᠢᠯᠠᠬᠤ ᠠᠵᠢᠯ ᠢ ᠵᠣᠬᠢᠶᠠᠨ | ᠪᠠᠶᠢᠭᠤᠯᠬᠤ ᠬᠡᠷᠡᠭᠲᠡᠶ᠃ ᠤᠬᠠᠭᠤᠯᠬᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠠᠮ ᠢ ᠬᠠᠶᠢᠷᠠᠯᠠᠵᠤ ᠵᠠᠮ ᠢ | ᠬᠠᠮᠠᠭᠠᠯᠠᠬᠤ ᠱᠠᠭᠠᠷᠳᠠᠯᠭ᠎ᠠ ᠶᠢ ᠲᠣᠰᠬᠤᠨ ᠤ ᠲᠦᠷᠢᠮ ᠠᠷᠠᠳ ᠤᠨ ᠭᠡᠷ᠎ᠡ ᠳᠤ ᠣᠷᠣᠭᠤᠯᠬᠤ ᠬᠡᠷᠡᠭᠲᠡᠶ︔ ᠱᠠᠩᠨᠠᠬᠤ | ᠪᠠᠷ ᠲᠤᠰᠠᠯᠠᠬᠤ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠵᠤ᠂ ᠡᠳᠦᠷ ᠲᠤᠲᠤᠮ ᠤᠨ | ᠠᠷᠠᠴᠢᠯᠠᠨ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠵᠠᠪᠳᠤᠨ ᠨᠡᠪᠲᠡᠷᠡᠭᠦᠯᠬᠦ ᠶᠢ ᠤᠶᠠᠯᠳᠤᠭᠤᠯᠤᠨ | ᠬᠡᠷᠡᠭᠵᠢᠭᠦᠯᠬᠦ ᠶᠢᠨ ᠬᠠᠮᠲᠤ ᠲᠠᠷᠢᠶᠠᠴᠢᠳ ᠲᠤ ᠲᠤᠰᠢᠶᠠᠨ ᠳᠠᠭᠠᠭᠠᠴᠢᠯᠠᠭᠤᠯᠬᠤ ᠶᠢ ᠳᠡᠯᠭᠡᠷᠡᠭᠦᠯᠦᠨ᠎ᠡ︔ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠤ ᠡᠵᠡᠨ | ᠮᠡᠳᠡᠨ ᠪᠡᠯᠡ ᠮᠥᠩᠭᠦ᠂ ᠬᠥᠳᠡᠯᠮᠦᠷᠢ ᠬᠦᠴᠦ ᠬᠤᠷᠠᠮᠳᠤᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ | ᠬᠠᠮᠢᠶᠠᠷᠴᠤ ᠠᠷᠠᠴᠢᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ | ᠤᠨ ᠬᠠᠮᠢᠶᠠᠷᠤᠯᠲᠠ ᠠᠷᠠᠴᠢᠯᠠᠯᠲᠠ ᠶᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠣᠷᠣᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠨ᠂ ᠶᠠᠳᠠᠭᠤ ᠬᠦᠴᠢᠷᠳᠡᠯᠲᠡᠶ ᠡᠷᠦᠬᠡ ᠳᠤ ᠠᠵᠢᠯ ᠣᠯᠭᠤᠬᠤ ᠲᠣᠬᠢᠶᠠᠯ ᠬᠠᠩᠭᠠᠨ᠎ᠠ᠃ | ᠳᠥᠷᠪᠡ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠪᠠᠯᠠ ᠮᠥᠩᠭᠦ ᠶᠢᠨ | ᠪᠠᠲᠤᠯᠠᠭ᠎ᠠ ᠶᠢ ᠴᠢᠩᠭᠠᠷᠠᠭᠤᠯᠤᠨ᠎ᠠ | ︵ᠳᠥᠷᠪᠡ︶ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢᠨ ᠪᠡᠯᠡ | ᠮᠥᠩᠭᠦ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠰᠦᠢᠳᠬᠡᠯ ᠤᠨ | ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ | ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠡᠩ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠳᠡᠮᠵᠢᠬᠦ | ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠰᠦᠢᠳᠬᠡᠯ ᠤᠨ | ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ ᠤᠤᠯ ᠤᠨ ᠵᠠᠰᠠᠮᠠᠯ ᠵᠠᠮ ᠤᠨ ᠵᠠᠮ ᠠᠷᠠᠴᠢᠯᠠᠬᠤ | ᠰᠦᠢᠳᠬᠡᠯ ᠢ ᠣᠷᠣᠯᠠᠭᠤᠯᠬᠤ ᠬᠡᠰᠡᠭ ᠢ ᠥᠭᠡᠷᠡᠴᠢᠯᠡᠯᠲᠡ ᠶᠢᠨ ᠰᠠᠭᠤᠷᠢ ᠬᠤᠭᠤᠴᠠᠭᠠᠨ ᠤ ᠵᠢᠯ ︵2009 ᠣᠨ︶ | ᠤᠨ ᠵᠠᠰᠠᠮᠠᠯ ᠵᠠᠮ ᠤᠨ ᠵᠠᠮ ᠠᠷᠠᠴᠢᠯᠠᠬᠤ ᠰᠦᠢᠳᠬᠡᠯ ᠤᠨ ᠣᠷᠣᠯᠭ᠎ᠠ ᠶᠢᠨ ︽ᠵᠢᠷᠭᠤᠭᠠᠨ ᠰᠦᠢᠳᠬᠡᠯ︾ ︵ᠵᠠᠰᠠᠮᠠᠯ | ᠵᠠᠮ ᠤᠨ ᠵᠠᠮ ᠠᠷᠠᠴᠢᠯᠠᠬᠤ ᠰᠦᠢᠳᠬᠡᠯ᠂ ᠤᠰᠤᠨ ᠳᠡᠭᠡᠷᠡᠬᠢ ᠠᠶᠠᠯᠠᠬᠤ ᠱᠤᠭᠤᠮ ᠤᠨ ᠠᠷᠠᠴᠢᠯᠠᠨ ᠬᠠᠮᠠᠭᠠᠯᠠᠬᠤ | ᠰᠦᠢᠳᠬᠡᠯ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠬᠡᠯ᠂ ᠵᠠᠰᠠᠮᠠᠯ ᠵᠠᠮ ᠤᠨ ᠠᠶᠠᠨᠴᠢᠳ | ᠪᠠ ᠪᠠᠷᠠᠭᠠᠨ ᠤ ᠲᠡᠭᠡᠭᠡᠪᠦᠷᠢ ᠶᠢᠨ ᠨᠡᠮᠡᠯᠲᠡ ᠰᠦᠢᠳᠬᠡᠯ᠂ ᠤᠰᠤᠨ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ | ᠰᠦᠢᠳᠬᠡᠯ᠂ ᠤᠰᠤᠨ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠨᠡᠮᠡᠯᠲᠡ ᠰᠦᠢᠳᠬᠡᠯ︶ ᠤᠨ | ᠣᠷᠣᠯᠭ᠎ᠠ ᠳᠠᠬᠢ ᠡᠵᠡᠯᠡᠬᠦ ᠬᠠᠷᠢᠴᠠᠯ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠪᠣᠯᠪᠠᠰᠤᠷᠠᠭᠤᠯᠤᠭᠰᠠᠨ ᠲᠣᠰᠣᠨ | ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠳᠤ ᠰᠢᠯᠵᠢᠭᠦᠯᠦᠨ ᠥᠭᠬᠦ ᠶᠢ ᠡᠩ ᠤᠨ ᠵᠠᠰᠠᠮᠠᠯ ᠵᠠᠮ ᠠᠷᠠᠴᠢᠯᠠᠨ | ᠬᠠᠮᠠᠭᠠᠯᠠᠬᠤ ᠳᠤ ᠬᠡᠷᠡᠭᠯᠡᠬᠦ ᠬᠠᠷᠢᠴᠠᠯ ᠢ ᠡᠩ ᠤᠨ ᠪᠠᠶᠢᠳᠠᠯ ᠳᠤ 80% ᠠᠴᠠ ᠳᠣᠤᠷ᠎ᠠ ᠪᠠᠶᠢᠯᠭᠠᠵᠤ ᠪᠣᠯᠬᠤ ᠦᠭᠡᠶ | ᠪᠥᠭᠡᠳ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠶ᠃ 2022 ᠣᠨ ᠠᠴᠠ ᠡᠬᠢᠯᠡᠨ᠂ | ᠲᠣᠰ ᠪᠠᠯᠠ ᠮᠥᠩᠭᠦ ᠶᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠠ ᠠᠵᠢᠯᠲᠠᠳ ᠵᠡᠷᠭᠡ | ᠪᠤᠰᠤᠳ ᠵᠠᠷᠤᠯᠭ᠎ᠠ ᠳᠤ ᠳᠠᠭᠢᠵᠤ ᠭᠠᠷᠭᠠᠬᠤ ᠥᠬᠡᠶ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠤᠵᠢ ᠶᠢᠨ ᠱᠠᠲᠤᠨ ᠤ ᠨᠥᠬᠦᠪᠥᠷᠢ ᠪᠡᠯᠡ ᠮᠥᠩᠭᠦ ᠬᠢᠭᠡᠳ ᠬᠤᠲᠠ | ᠰᠢᠶᠠᠨ ᠳᠤ ᠬᠡᠰᠡᠭᠯᠡᠨ ᠥᠭᠭᠦᠭᠰᠡᠨ ᠬᠡᠰᠡᠭ ᠤᠨ ᠨᠡᠶᠢᠯᠡᠪᠦᠷᠢ ᠶᠢᠨ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ | ᠰᠦᠢᠳᠬᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ ᠤᠤᠯ ᠤᠨ ᠵᠠᠰᠠᠮᠠᠯ ᠵᠠᠮ ᠤᠨ ᠵᠠᠮ | ᠠᠷᠠᠴᠢᠯᠠᠬᠤ ᠰᠦᠢᠳᠬᠡᠯ ᠢ ᠣᠷᠣᠯᠠᠭᠤᠯᠬᠤ ᠬᠡᠰᠡᠭ ᠤᠨ ᠬᠠᠷᠢᠴᠠᠯ ᠢ 15% ᠠᠴᠠ ᠳᠣᠤᠷ᠎ᠠ ᠪᠠᠶᠢᠯᠭᠠᠵᠤ ᠪᠣᠯᠬᠤ | ᠦᠭᠡᠶ᠂ ᠳᠡᠭᠡᠷ᠎ᠡ ᠳᠤᠷᠠᠳᠤᠭᠰᠠᠨ ᠬᠠᠷᠢᠴᠠᠯ ᠠᠴᠠ ᠪᠣᠳᠠᠲᠠᠶ ᠥᠨᠳᠥᠷ ᠪᠣᠯ ᠳᠠᠬᠢᠵᠤ ᠪᠠᠭᠤᠷᠠᠭᠤᠯᠵᠤ ᠪᠣᠯᠬᠤ ᠦᠭᠡᠶ᠃ | | ︵ᠲᠠᠪᠤ︶ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠣᠯ ᠣᠷᠣᠨ ᠨᠤᠲᠤᠭ ᠤᠨ ᠡᠳ᠋ ᠤᠨ ᠵᠠᠰᠠᠭ ᠤᠨ | ᠡᠷᠬᠡ ᠮᠡᠳᠡᠯ ᠳᠤ ᠬᠠᠷᠢᠶᠠᠯᠠᠭᠳᠠᠨ᠎ᠠ᠂ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠬᠢᠨ | ᠥᠪᠡᠷ ᠤᠨ ᠡᠳ᠋ ᠤᠨ ᠬᠦᠴᠦᠨ ᠢᠶᠠᠷ ᠢᠶᠠᠨ ᠲᠣᠬᠢᠷᠠᠭᠤᠯᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠣᠷᠣᠯᠭ᠎ᠠ | ᠵᠠᠷᠤᠯᠭ᠎ᠠ ᠶᠢᠨ ᠳᠤᠲᠠᠭᠳᠠᠯ ᠳᠤ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠳᠠᠯᠢ ᠪᠤᠰᠤ ᠴᠠᠭ | ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠦᠨᠳᠦᠰᠦᠯᠡᠨ ᠵᠣᠬᠢᠬᠤ ᠪᠡᠯᠡ ᠮᠥᠩᠭᠦ ᠶᠢᠨ ᠳᠡᠮᠵᠢᠯᠭᠡ | ᠦᠵᠡᠭᠦᠯᠵᠦ ᠪᠣᠯᠤᠨ᠎ᠠ᠃ ᠲᠥᠪ ᠠᠴᠠ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦ ᠳᠤᠮᠳᠠ ᠬᠥᠳᠡᠭᠡ | ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠬᠦᠴᠦᠨ ᠵᠦᠢᠯ ᠢ ᠤᠯᠠᠮ ᠨᠢᠭᠡ ᠠᠯᠬᠤᠮ | ᠪᠣᠳᠣᠯᠬᠢᠯᠠᠵᠤ᠂ ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠶ ᠭᠠᠵᠠᠷ ᠣᠷᠣᠨ ᠢ ᠳᠡᠮᠵᠢᠬᠦ ᠡᠷᠴᠢᠮ ᠢᠶᠠᠨ | ᠨᠡᠮᠡᠭᠳᠡᠭᠦᠯᠵᠦ᠂ ᠲᠡᠷᠭᠡ ᠬᠤᠳᠠᠯᠳᠤᠨ ᠠᠪᠬᠤ ᠭᠠᠶᠢᠯᠢ ᠶᠢᠨ ᠪᠡᠯᠡ ᠮᠥᠩᠭᠦ ᠶᠢ ᠦᠷᠭᠦᠯᠵᠢᠯᠡᠨ ᠲᠣᠬᠢᠷᠠᠭᠤᠯᠵᠤ᠂ | ᠬᠥᠳᠡᠭᠡ ᠲᠣᠰᠬᠤᠨ ᠤ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ᠂ ᠠᠮᠤᠷ ᠲᠦᠪᠰᠢᠨ ᠠᠮᠢ ᠨᠠᠰᠤᠨ ᠤ | ᠬᠠᠮᠠᠭᠠᠯᠠᠯᠲᠠ ᠶᠢᠨ ᠪᠠᠷᠢᠯᠭ᠎ᠠ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠲᠠᠶ ᠬᠥᠭᠦᠷᠭᠡ ᠶᠢ ᠥᠭᠡᠷᠡᠴᠢᠯᠡᠬᠦ ᠵᠡᠷᠭᠡ | ᠶᠢ ᠳᠡᠮᠵᠢᠨ᠎ᠡ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ | ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | ᠬᠠᠮᠢᠶ᠎ᠠ ᠪᠦᠬᠦᠢ ᠭᠠᠶᠢᠯᠢ ᠲᠠᠲᠠᠪᠤᠷᠢ ᠶᠢ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ | ᠬᠡᠷᠡᠭᠲᠡᠶ᠃ ᠮᠣᠵᠢ᠂ ᠬᠤᠲᠠ᠂ ᠰᠢᠶᠠᠨ ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ | ᠮᠥᠩᠭᠦ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ | ᠶᠡᠷᠦᠩᠬᠡᠶ ᠲᠤᠭ᠎ᠠ ᠨᠢ ᠳᠣᠤᠷᠠᠬᠢ ᠪᠠᠷᠢᠮᠵᠢᠶ᠎ᠠ ᠠᠴᠠ ᠳᠣᠤᠷ᠎ᠠ ᠪᠠᠶᠢᠵᠤ ᠪᠣᠯᠬᠤ ᠦᠭᠡᠢ᠄ ᠰᠢᠶᠠᠨ ᠤ ᠵᠠᠮ ᠨᠢ ᠵᠢᠯ ᠪᠦᠷᠢ | ᠺᠢᠯᠤᠮᠧᠲᠷ ᠪᠦᠷᠢ ᠳᠤ 10000 ᠲᠥᠭᠦᠷᠢᠭ᠂ ᠰᠢᠶᠠᠩ ᠤᠨ ᠵᠠᠮ ᠨᠢ ᠵᠢᠯ ᠪᠦᠷᠢ ᠺᠢᠯᠣᠮᠧᠲᠷ ᠪᠦᠷᠢ ᠳᠤ 5000 | ᠲᠥᠭᠦᠷᠢᠭ᠂ ᠲᠣᠰᠬᠤᠨ ᠤ ᠵᠠᠮ ᠨᠢ ᠵᠢᠯ ᠪᠦᠷᠢ ᠺᠢᠯᠣᠮᠧᠲᠷ ᠪᠦᠷᠢ ᠳᠤ 3000 ᠲᠥᠭᠦᠷᠢᠭ᠂ ᠮᠤᠵᠢ᠂ ᠬᠤᠲᠠ᠂ | ᠰᠢᠶᠠᠨ ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ ᠬᠠᠷᠢᠴᠠᠯ ᠢ ᠡᠯ᠎ᠡ | ᠮᠤᠵᠢ ︵ᠣᠷᠣᠨ᠂ ᠬᠤᠲᠠ︶ ᠠᠴᠠ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ | ᠲᠣᠭᠲᠠᠭᠠᠵᠤ᠂ ᠡᠭᠦᠨ ᠤ ᠬᠠᠮᠲᠤ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠤᠨ ᠬᠤᠪᠢᠷᠠᠯᠲᠠ ᠵᠡᠷᠭᠡ | ᠡᠯᠧᠮᠧᠨ᠋ᠲ ᠯᠦᠭᠡ ᠬᠤᠯᠪᠤᠭᠳᠠᠭᠰᠠᠨ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ︵ᠵᠢᠷᠭᠤᠭ᠎ᠠ︶ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ | ᠬᠠᠮᠢᠶᠠᠷᠤᠯᠲᠠ ᠠᠷᠠᠴᠢᠯᠠᠯᠲᠠ ᠶᠢᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠬᠢᠨᠠᠨ ᠰᠢᠯᠭᠠᠭᠰᠠᠨ ᠦᠷ᠎ᠡ | ᠳ᠋ᠦᠩ ᠢ ᠬᠠᠮᠢᠶ᠎ᠠ ᠪᠦᠬᠦᠢ ᠪᠡᠯᠡ ᠣᠷᠣᠭᠤᠯᠤᠯᠲᠠ ᠯᠤᠭ᠎ᠠ ᠬᠤᠯᠪᠣᠭᠳᠠᠭᠤᠯᠤᠨ᠎ᠠ᠃ ᠣᠷᠣᠨ ᠨᠤᠲᠤᠭ ᠤᠨ ᠡᠯ᠎ᠡ | ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠳᠤ ᠬᠡᠷᠡᠭᠯᠡᠬᠦ ᠪᠡᠯᠡ ᠮᠥᠩᠭᠦ ᠳᠤ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠬᠠᠶ ᠳᠤ ᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ | ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠪᠣᠯᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠵᠠᠰᠠᠮᠠᠯ ᠵᠠᠮ | ᠢ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠪᠠᠨ ᠴᠢᠩᠭᠠᠳᠬᠠᠨ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠪᠠᠷᠢᠯᠭ᠎ᠠ ᠶᠢᠨ ᠲᠠᠯ᠎ᠠ ᠶᠢᠨ ᠪᠡᠯᠡ ᠮᠥᠩᠭᠦ ᠲᠠᠢ | ᠪᠦᠲᠦᠭᠡᠨ ᠪᠠᠶᠢᠭᠤᠯᠤᠯᠲᠠ ᠶᠢᠨ ᠰᠢᠯᠵᠢᠭᠦᠯᠦᠨ ᠲᠤᠰᠢᠶᠠᠬᠤ ︵BT︶ ᠬᠡᠪ ᠵᠠᠭᠪᠤᠷ ᠢ ᠴᠢᠩᠭ᠎ᠠ ᠴᠠᠭᠠᠵᠠᠯᠠᠵᠤ᠂ | ᠣᠷᠣᠨ ᠨᠤᠲᠤᠭ ᠤᠨ ︽ᠪᠦᠲᠦᠭᠡᠨ ᠪᠠᠶᠢᠭᠤᠯᠬᠤ ᠪᠠ ᠠᠷᠠᠴᠢᠯᠠᠬᠤ ᠶᠢ ᠨᠢᠭᠡ ᠴᠣᠭᠴᠠᠵᠢᠭᠤᠯᠬᠤ︾ ᠨᠡᠷ᠎ᠡ ᠪᠠᠷ | ᠳᠠᠯᠳᠠ ᠥᠷᠢ ᠰᠢᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠂ ᠣᠯᠠᠨ ᠨᠡᠶᠢᠲᠡ ᠶᠢᠨ ᠪᠡᠯᠡ | ᠮᠥᠩᠭᠦ ᠶᠢ ᠬᠡᠷᠡᠭᠯᠡᠭᠰᠡᠨ ᠪᠠᠶᠢᠳᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠵᠤ᠂ | ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ | ᠵᠥᠪᠯᠡᠯ ᠨᠢ ᠲᠣᠰᠬᠤᠨ ᠤ ᠵᠠᠮ ᠢ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢᠨ ᠬᠡᠷᠡᠭᠯᠡᠯᠲᠡ ᠪᠠ ᠠᠷᠠᠴᠢᠯᠠᠨ | ᠬᠠᠮᠠᠭᠠᠯᠠᠬᠤ ᠶᠠᠰᠤ ᠴᠢᠨᠠᠷ ᠵᠡᠷᠭᠡ ᠪᠠᠶᠢᠳᠠᠯ ᠢ ᠬᠢᠨᠠᠯᠲᠠ ᠲᠠᠯᠪᠢᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠢᠨᠠᠨ | ᠪᠣᠳᠣᠬᠤ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢᠨ | ᠬᠡᠷᠡᠭᠯᠡᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠣᠳᠣᠯᠲᠠ ᠬᠢᠬᠦ ᠬᠡᠷᠡᠭᠲᠡᠢ᠃ | ︵ᠳᠣᠯᠤᠭ᠎ᠠ︶ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢᠨ ᠪᠡᠯᠡ ᠣᠷᠣᠭᠤᠯᠵᠤ ᠪᠡᠯᠡ | ᠲᠣᠬᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠦᠲᠦᠯᠦᠨ ᠵᠢᠯᠤᠭᠤᠳᠬᠤ | ᠦᠢᠯᠡᠳᠦᠯ ᠢᠶᠠᠨ ᠪᠠᠳᠠᠷᠠᠭᠤᠯᠵᠤ᠂ ᠪᠡᠯᠡ ᠮᠥᠩᠭᠦ ᠨᠥᠬᠦᠪᠥᠷᠢᠯᠡᠬᠦ᠂ ᠤᠷᠢᠳᠠᠪᠠᠷ ᠠᠷᠠᠴᠢᠯᠠᠵᠤ ᠳᠠᠷᠠᠭ᠎ᠠ ᠨᠢ | ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠮᠠᠲ᠋ᠧᠷᠢᠶᠠᠯ ᠤᠨ ᠲᠠᠯᠠᠪᠠᠢ ᠶᠢ ᠲᠥᠯᠥᠪᠦᠷᠢ ᠦᠭᠡᠶ | ᠬᠠᠩᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠶᠢ ᠳᠡᠮᠵᠢᠬᠦ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢ ᠣᠷᠣᠨ | ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢᠨ ᠬᠡᠪᠴᠢᠶᠡᠨ ᠳᠤ | ᠣᠷᠣᠭᠤᠯᠤᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠵᠣᠬᠢᠬᠤ ᠬᠤᠭᠤᠴᠠᠭᠠᠨ ᠤ ᠠᠷᠠᠴᠢᠯᠠᠯᠲᠠ ᠬᠠᠮᠠᠭᠠᠯᠠᠯᠲᠠ ᠶᠢᠨ ᠤᠶᠠᠵᠤ | ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠢ ᠠᠵᠤ ᠦᠢᠯᠡᠰ᠂ | ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ | ᠲᠠᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠵᠦ᠂ ᠡᠵᠡᠩᠨᠡᠯᠲᠡ ᠶᠢᠨ ᠠᠰᠢᠭ ᠣᠷᠣᠯᠭ᠎ᠠ ᠶᠢ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠨ᠎ᠡ᠃ ᠳᠠᠭᠠᠳᠬᠠᠯ ᠤᠨ ᠪᠡᠯᠡ ᠮᠥᠩᠭᠦ | ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠬᠤᠳᠠᠯᠳᠤᠨ ᠠᠪᠬᠤ | ᠬᠡᠯᠪᠡᠷᠢ ᠪᠠᠷ ᠳᠠᠮᠵᠢᠭᠤᠯᠤᠨ ᠬᠠᠤᠯᠢ ᠲᠣᠭᠲᠠᠭᠠᠯ ᠳᠤ ᠨᠡᠶᠢᠴᠡᠭᠰᠡᠨ ᠬᠥᠳᠡᠭᠡ ᠲᠤᠰᠬᠤᠨ ᠤ ᠵᠠᠰᠠᠮᠠᠯ ᠵᠠᠮ ᠤᠨ | ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠡᠪᠳᠡᠭᠳᠡᠯ ᠤᠨ | ᠳᠠᠭᠠᠳᠬᠠᠯ ᠢ ᠰᠦᠪᠡᠭᠴᠢᠯᠡᠨ ᠥᠷᠨᠢᠭᠦᠯᠬᠦ ᠬᠡᠷᠡᠭᠲᠡᠶ᠃ | ᠲᠠᠪᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠤᠷᠲᠤ ᠬᠤᠭᠤᠴᠠᠭᠠᠨ | ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ | ︵ᠨᠠᠢᠮᠠ︶ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠬᠠᠮᠠᠭᠠᠯᠠᠯᠲᠠ ᠶᠢᠨ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠠᠷᠠᠳ ᠣᠯᠠᠨ ᠤ ᠬᠠᠨᠤᠮᠵᠢᠲᠤ | ᠬᠡᠮᠵᠢᠶ᠎ᠡ ᠪᠣᠯᠤᠨ ᠠᠰᠢᠭ ᠬᠦᠷᠲᠡᠬᠦ ᠬᠡᠮᠵᠢᠶ᠎ᠡ᠂ ᠠᠷᠠᠴᠢᠯᠠᠨ ᠬᠠᠮᠠᠭᠠᠯᠠᠬᠤ ᠶᠠᠰᠤ ᠴᠢᠨᠠᠷ ᠪᠣᠯᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠪᠠᠷ ᠬᠡᠮᠵᠢᠬᠦ ᠪᠠᠷᠢᠮᠵᠢᠶ᠎ᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠠᠷᠠᠴᠢᠯᠠᠯᠲᠠ ᠬᠠᠮᠠᠭᠠᠯᠠᠯᠲᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠥᠷᠥᠯ ᠬᠤᠪᠢᠶᠠᠨ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠵᠦᠶ ᠵᠣᠬᠢᠰᠲᠠᠶ | ᠠᠵᠢᠯ ᠤᠨ ᠬᠤᠪᠢᠶᠠᠷᠢᠯᠠᠭᠰᠠᠨ ᠠᠷᠠᠴᠢᠯᠠᠨ ᠬᠠᠮᠠᠭᠠᠯᠠᠬᠤ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ | ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠰᠢᠨᠵᠢ ᠴᠢᠨᠠᠷ ᠲᠤ ᠨᠡᠶᠢᠴᠡᠭᠰᠡᠨ | ᠠᠵᠢᠯ ᠦᠢᠯᠡᠰ ᠤᠨ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠣᠳᠣ ᠦᠶ᠎ᠡ ᠶᠢᠨ ᠠᠵᠤ ᠠᠬᠤᠶᠢᠯᠠᠯ | ᠪᠣᠯᠭᠠᠨ ᠬᠤᠪᠢᠷᠠᠭᠤᠯᠵᠤ᠂ ᠭᠤᠤᠯ ᠱᠤᠭᠤᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠠᠷᠠᠴᠢᠯᠠᠯᠲᠠ | ᠬᠠᠮᠠᠭᠠᠯᠠᠯᠲᠠ ᠬᠢᠭᠡᠳ ᠬᠥᠳᠡᠭᠡ ᠲᠤᠰᠬᠤᠨ ᠤ ᠵᠠᠰᠠᠮᠠᠯ ᠵᠠᠮ ᠶᠢ ᠤᠶᠠᠵᠤ ᠳᠠᠭᠠᠭᠠᠴᠢᠯᠠᠯᠲᠠ ᠵᠠᠷᠯᠠᠬᠤ ᠶᠢ | ᠵᠣᠷᠢᠭᠵᠢᠭᠤᠯᠵᠤ᠂ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠵᠠᠬ᠎ᠠ ᠳᠡᠯᠭᠡᠭᠦᠷ ᠤᠨ | ᠥᠷᠢᠰᠥᠯᠳᠦᠭᠡᠨ ᠳᠤ ᠣᠷᠣᠯᠴᠠᠬᠤ ᠶᠢ ᠳᠡᠮᠵᠢᠬᠦ ᠬᠡᠷᠡᠭᠲᠡᠶ᠃ ᠤᠷᠲᠤ ᠬᠤᠭᠤᠴᠠᠭ᠎ᠠ ᠪᠠᠷ ᠠᠷᠠᠴᠢᠯᠠᠨ ᠬᠠᠮᠠᠭᠠᠯᠠᠬᠤ | ᠭᠡᠷ᠎ᠡ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠣᠯᠵᠤᠭ᠎ᠠ ᠲᠣᠭᠲᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠤᠰᠬᠠᠶ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠣᠷᠣᠭᠤᠯᠤᠯᠲᠠ ᠪᠠᠨ ᠨᠡᠮᠡᠭᠳᠡᠭᠦᠯᠵᠦ᠂ ᠠᠷᠠᠴᠢᠯᠠᠨ ᠬᠠᠮᠠᠭᠠᠯᠠᠬᠤ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠶᠢᠰᠦ︶ ᠠᠮᠤᠷ ᠲᠦᠪᠰᠢᠨ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠰᠠᠮᠠᠯ | ᠵᠠᠮ ᠤᠨ ᠠᠮᠤᠷ ᠲᠦᠪᠰᠢᠨ ᠤ ᠲᠥᠬᠦᠭᠡᠷᠦᠮᠵᠢ ᠶᠢ ᠭᠤᠤᠯ ᠴᠣᠭᠴᠠ ᠶᠢᠨ ᠪᠠᠷᠢᠯᠭ᠎ᠠ ᠲᠠᠢ ᠬᠠᠮᠲᠤ ᠳᠤ ᠨᠢ ᠵᠢᠷᠤᠵᠤ | ᠲᠥᠯᠥᠪᠯᠡᠨ᠂ ᠬᠠᠮᠲᠤ ᠳᠤ ᠨᠢ ᠪᠠᠷᠢᠯᠭ᠎ᠠ ᠪᠠᠷᠢᠵᠤ᠂ ᠬᠠᠮᠲᠤ ᠳᠤ ᠨᠢ ᠠᠰᠢᠭᠯᠠᠯᠲᠠ ᠳᠤ ᠣᠷᠤᠭᠤᠯᠤᠨ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ | ᠠᠷᠭᠠᠴᠠᠭᠠᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠥᠳᠡᠭᠡ ᠲᠤᠰᠬᠤᠨ ᠤ | ᠵᠠᠰᠠᠮᠠᠯ ᠵᠠᠮ ᠳᠠᠭᠤᠰᠬᠤ ︵ᠲᠤᠰᠢᠶᠠᠬᠤ︶ ᠠᠵᠢᠯᠴᠢᠨ ᠢ ᠰᠢᠯᠭᠠᠨ ᠠᠪᠬᠤ ᠠᠵᠢᠯ ᠳᠤ ᠣᠷᠣᠯᠴᠠᠭᠤᠯᠬᠤ ᠬᠡᠷᠡᠭᠲᠡᠶ᠃ | ᠨᠢᠭᠡᠨᠲᠡ ᠪᠠᠶᠢᠭᠤᠯᠤᠭᠰᠠᠨ ᠪᠣᠯᠪᠠᠴᠤ ᠠᠶᠤᠯᠭᠦᠢ ᠶᠢᠨ ᠪᠡᠯᠡᠳᠬᠡᠮᠵᠢ ᠶᠢ ᠢᠵᠢ ᠪᠦᠷᠢᠳᠦᠭᠦᠯᠦᠭᠡᠳᠦᠶ ᠬᠥᠳᠡᠭᠡ | ᠲᠤᠰᠬᠤᠨ ᠤ ᠵᠠᠰᠠᠮᠠᠯ ᠵᠠᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ | ᠵᠠᠮ ᠢ ᠠᠷᠠᠴᠢᠯᠠᠨ ᠬᠠᠮᠠᠭᠠᠯᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ | ᠴᠢᠨᠠᠷ ᠢᠶᠠᠷ ᠭᠤᠤᠯ ᠪᠣᠯᠭᠠᠭᠰᠠᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠵᠤ᠂ ᠢᠲᠡᠭᠡᠮᠵᠢ ᠲᠠᠢ | ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ ᠪᠠᠨ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ | ᠶᠢ ᠬᠡᠷᠡᠭᠵᠢᠭᠦᠯᠵᠦ᠂ ᠲᠡᠷᠡᠴᠢᠯᠡᠨ ᠢᠲᠡᠭᠡᠮᠵᠢ ᠶᠢᠨ ᠲᠡᠮᠳᠡᠭᠯᠡᠯ ᠢᠶᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠳᠤ ᠣᠷᠣᠭᠤᠯᠵᠤ᠂ | ᠬᠠᠤᠯᠢ ᠶᠣᠰᠤᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ︵ᠠᠷᠪᠠ︶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠣᠯᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠷᠠᠭᠤᠯᠬᠤ ᠬᠡᠷᠡᠭᠲᠡᠶ᠃ ᠵᠠᠰᠠᠮᠠᠯ ᠵᠠᠮ ᠤᠨ ᠬᠠᠤᠯᠢ ᠳᠤ ᠵᠠᠰᠠᠪᠤᠷᠢ ᠣᠷᠣᠭᠤᠯᠬᠤ ᠶᠢ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠳᠦᠷᠢᠮ ᠢ ᠰᠤᠳᠤᠯᠤᠨ ᠲᠣᠭᠲᠠᠭᠠᠵᠤ᠂ ᠢᠷᠭᠡᠨ ᠤ ᠬᠡᠷᠡᠭ ᠤᠨ ᠲᠥᠯᠥᠪᠦᠷᠢ | ᠪᠠᠷ ᠳᠠᠮᠵᠢᠨ ᠵᠠᠮ ᠤᠨ ᠬᠥᠷᠦᠩᠭᠡ ᠵᠠᠮ ᠤᠨ ᠡᠷᠬᠡ ᠶᠢ ᠬᠠᠮᠠᠭᠠᠯᠠᠬᠤ ᠶᠢ ᠬᠠᠶᠢᠨ ᠰᠦᠪᠡᠭᠴᠢᠯᠡᠨ᠎ᠡ᠃ ᠬᠢᠮᠳᠠ ᠪᠥᠭᠡᠳ | ᠬᠡᠷᠡᠭᠴᠡᠭᠡᠲᠡᠶ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ︽ | ᠦᠵᠡᠰᠬᠦᠯᠡᠩᠲᠦ ᠰᠠᠶᠢᠬᠠᠨ ᠵᠠᠰᠠᠮᠠᠯ ᠵᠠᠮ︾ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠮᠡᠷᠭᠡᠵᠢᠯ ᠢ ᠳᠡᠭᠡᠭᠰᠢᠯᠡᠭᠦᠯᠵᠦ᠂ ᠵᠠᠮ ᠤᠨ ᠶᠠᠪᠤᠳᠠᠯ | ᠤᠨ ᠬᠠᠮᠢᠶᠠᠷᠤᠯᠲᠠ ᠶᠢᠨ ᠵᠢᠭᠠᠨ ᠵᠢᠯᠣᠭᠤᠳᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠶᠠᠨ ᠤ ᠵᠠᠮ ᠤᠨ | ᠶᠠᠪᠤᠳᠠᠯ ᠤᠨ ᠠᠵᠢᠯᠲᠠᠨ᠂ ᠰᠢᠶᠠᠩ ᠤᠨ ᠬᠢᠨᠠᠨ ᠬᠠᠮᠢᠶᠠᠷᠤᠭᠴᠢ᠂ ᠲᠣᠰᠬᠤᠨ ᠤ ᠵᠠᠮ ᠬᠠᠮᠠᠭᠠᠯᠠᠭᠴᠢ ᠲᠠᠢ ᠵᠠᠮ ᠤᠨ | ᠬᠥᠷᠥᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠬᠤ ᠬᠡᠷᠡᠭᠲᠡᠶ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠤ ᠵᠠᠰᠠᠮᠠᠯ ᠵᠠᠮ ᠤᠨ | ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠥᠳᠡᠭᠡ ᠠᠵᠤ ᠠᠬᠤᠶ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠨᠢᠭᠡ ᠵᠦᠢᠯ ᠤᠨ ᠤᠷᠢᠳᠠᠪᠠᠷ ᠬᠡᠷᠡᠭᠵᠢᠭᠦᠯᠬᠦ ᠪᠠᠷᠢᠯᠭ᠎ᠠ ᠪᠣᠯᠭᠠᠬᠤ ᠶᠢ | ᠵᠡᠷᠭᠡ ᠳᠤ ᠨᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ | ᠤᠨ ᠣᠷᠳᠣᠨ ᠨᠢ ᠨᠢᠭᠡᠳᠦᠯᠲᠡᠶ ᠲᠥᠯᠥᠪᠯᠡᠬᠦ ᠪᠠ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠲᠤᠰ ᠬᠠᠷᠢᠶ᠎ᠠ | ᠣᠷᠣᠨ ᠤ ᠪᠠᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠰᠢᠪᠠᠳᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ | ᠰᠠᠶᠢᠲᠤᠷ ᠠᠳᠬᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠢᠭᠲᠠ ᠬᠠᠮᠵᠢᠯᠴᠠᠵᠤ᠂ ᠡᠭᠦᠷᠭᠡ | ᠬᠠᠷᠢᠭᠤᠴᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ | ᠶᠢᠨ ᠶᠠᠮᠤᠨ ᠠᠴᠠ ᠠᠵᠢᠯ ᠤᠨ ᠵᠢᠯᠣᠭᠤᠳᠣᠯᠭ᠎ᠠ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ | ᠶᠡᠭᠡ ᠪᠠᠶᠢᠳᠠᠯ ᠢ ᠲᠥᠷᠥ ᠶᠢᠨ ᠶᠠᠪᠤᠳᠠᠯ ᠤᠨ ᠬᠤᠷᠢᠶᠠᠨ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠥᠳᠡᠭᠡ | ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ | ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ ﹇2005﹈ 49 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ | ᠪᠣᠯᠭᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ | 2019 ᠣᠨ ᠤ 9 ᠳ᠋ᠦ᠋ᠭᠡᠷ ᠰᠠᠷ᠎ᠠ ᠶᠢᠨ 5 ᠤ | ᠡᠳᠦᠷ | ᠲᠥᠷᠦ ᠶᠢᠨ ᠪᠣᠳᠤᠯᠭ᠎ᠠ ᠶᠢᠨ ᠲᠠᠶᠢᠯᠤᠮᠵᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ | ᠲᠣᠪᠴᠢᠶᠠᠨ ᠤ ᠳᠠᠷᠤᠭ᠎ᠠ ᠦ᠋ ᠳ᠋ᠧ ᠶᠢᠨ ᠠᠴᠠ ︽ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ | ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠳᠤ ᠲᠠᠶᠢᠯᠤᠮᠵᠢ ᠬᠢᠪᠠ | |