ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ | ᠲᠡᠤᠬᠡᠲᠦ ᠴᠢᠨᠠᠷᠲᠠᠶ ᠠᠮᠵᠢᠯᠲᠠ ᠣᠯᠪᠠ᠃ 2019 ᠣᠨ ᠳᠤ ᠪᠥᠬᠦ ᠤᠯᠤᠰ ᠲᠤ ᠰᠢᠨ᠎ᠡ ᠪᠠᠷ ᠥᠭᠡᠷᠡᠴᠢᠯᠡᠨ | ᠵᠠᠰᠠᠭᠰᠠᠨ ᠬᠥᠳᠡᠭᠡ ᠲᠣᠰᠬᠤᠨ ᠤ ᠵᠠᠰᠠᠮᠠᠯ ᠵᠠᠮ 29 ᠲᠦᠮᠡᠨ ᠺᠢᠯᠤᠮᠧᠲᠷ ᠲᠤ ᠬᠦᠷᠴᠦ᠂ 24 ᠮᠤᠵᠢ ᠣᠷᠣᠨ ᠨᠢ | ᠪᠣᠶ ᠪᠥᠬᠦᠶ ᠨᠥᠬᠦᠴᠡᠯ ᠪᠦᠷᠢᠳᠦᠭᠦᠯᠦᠭᠰᠡᠨ ᠰᠢᠶᠠᠩ ᠪᠠᠯᠭᠠᠰᠤ᠂ ᠪᠠᠶᠢᠭᠤᠯᠤᠯᠲᠤ ᠲᠣᠰᠬᠤᠨ ᠳᠤ ᠠᠶᠠᠨᠴᠢᠳ ᠤᠨ | ᠮᠠᠰᠢᠨ ᠲᠡᠷᠭᠡ ᠨᠡᠪᠲᠡᠷᠡᠭᠦᠯᠬᠦ ᠶᠢ ᠪᠡᠶᠡᠯᠡᠭᠦᠯᠪᠡ᠃ ᠬᠥᠨᠳᠡᠯᠡᠨ ᠭᠤᠯᠳᠤ ᠰᠦᠯᠵᠢᠯᠳᠦᠵᠦ᠂ ᠳᠥᠷᠪᠡᠨ ᠵᠦᠭ ᠨᠠᠢᠮᠠᠨ | ᠵᠣᠪᠬᠢᠰ ᠲᠤ ᠨᠡᠪᠲᠡᠷᠡᠭᠰᠡᠨ ᠬᠥᠳᠡᠭᠡ ᠲᠣᠰᠬᠤᠨ ᠤ ᠵᠠᠰᠠᠮᠠᠯ ᠵᠠᠮ ᠪᠣᠯ ︽ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ︾ ᠳᠤ ᠦᠢᠯᠡᠴᠢᠯᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠪᠣᠯᠬᠤ ᠪᠠᠷ | ᠪᠠᠷᠠᠬᠤ ᠥᠬᠡᠶ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ | ᠬᠦᠴᠦᠨ ᠪᠣᠯᠤᠨ᠎ᠠ᠃ | 2019 ᠣᠨ ᠤ 9 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ | ︽ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ | ᠠᠯᠪᠠᠨ ᠲᠠᠷᠬᠠᠭᠠᠭᠰᠠᠨ ︹ 2019 ︺ 45 ᠳ᠋ᠤᠭᠠᠷ ᠲᠣᠭᠠᠲᠤ᠂ ᠳᠣᠷᠤᠭᠰᠢ ︽ᠰᠠᠨᠠᠯ︾ ᠭᠡᠵᠦ ᠲᠣᠪᠴᠢᠯᠠᠨ᠎ᠠ︶ | ᠢ ᠳᠠᠷᠤᠮᠠᠯᠯᠠᠵᠤ ᠲᠠᠷᠬᠠᠭᠠᠨ᠂ ᠡᠯ᠎ᠡ ᠭᠠᠵᠠᠷ ᠤᠨ ᠬᠢᠨ ᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ | ᠠᠵᠢᠯ ᠳᠤ ᠰᠠᠶᠢᠲᠤᠷ ᠬᠠᠮᠢᠶᠠᠷᠴᠤ ᠬᠠᠮᠠᠭᠠᠯᠠᠬᠤ ᠶᠢᠨ ᠳᠤᠲᠠᠭᠤᠳᠠᠯ ᠢ ᠦᠨᠡᠨ ᠬᠦ ᠰᠢᠢᠳᠪᠦᠷᠢᠯᠡᠵᠦ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠦᠷᠭᠡᠳᠬᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ︽ᠰᠠᠨᠠᠯ︾ ᠤᠨ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠡᠳ᠋ ᠤᠨ | ᠵᠠᠰᠠᠭ ᠤᠨ ᠶᠠᠮᠤᠨ ᠠᠴᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ︿ᠬᠥᠳᠡᠭᠡ | ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ﹀ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠳᠣᠷᠤᠭᠰᠢ ︽ᠮᠡᠳᠡᠭᠳᠡᠯ︾ ᠭᠡᠵᠦ ᠲᠣᠪᠴᠢᠯᠠᠨ᠎ᠠ︶ | ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠣᠳᠠᠲᠠᠶ ᠬᠡᠷᠡᠭᠵᠢᠭᠦᠯᠬᠦ | ᠲᠥᠰᠦᠯ ᠢ ᠰᠤᠳᠤᠯᠤᠨ ᠲᠣᠭᠲᠠᠭᠠᠵᠤ᠂ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠤᠨ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠥᠷᠨᠢᠭᠦᠯᠵᠦ᠂ | ᠥᠭᠡᠷᠡᠴᠢᠯᠡᠯᠲᠡ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠰᠤᠷᠪᠤᠯᠵᠢᠯᠠᠭᠴᠢ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠲᠣᠪᠴᠢᠶᠠᠨ ᠤ | ᠲᠣᠪᠴᠢᠶᠠᠨ ᠳᠠᠷᠤᠭ᠎ᠠ ᠡᠤ ᠳ᠋ᠧ ᠶᠢᠨ ᠢ ᠰᠣᠷᠪᠤᠯᠵᠢᠯᠠᠨ᠂ ᠲᠡᠭᠦᠨ ᠢᠶᠠᠷ ︽ᠮᠡᠳᠡᠭᠳᠡᠯ︾ ᠤᠨ ᠬᠠᠮᠢᠶ᠎ᠠ ᠪᠦᠬᠦᠢ | ᠠᠭᠤᠯᠭ᠎ᠠ ᠶᠢᠨ ᠲᠤᠬᠠᠶ ᠲᠠᠶᠢᠯᠤᠮᠵᠢ ᠬᠢᠯᠭᠡᠪᠡ᠃ | ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠰᠤᠷᠪᠤᠯᠵᠢᠯᠠᠭᠴᠢ᠄ ︽ᠰᠠᠨᠠᠯ︾ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ | ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠢᠭᠡᠨᠲᠡ ᠪᠠᠶᠢᠷᠢᠯᠠᠭᠤᠯᠤᠯᠲᠠ | ᠬᠢᠪᠡ᠂ ︽ᠮᠡᠳᠡᠭᠳᠡᠯ︾ ᠳᠤ ᠡᠨᠡ ᠬᠦ ᠡᠭᠦᠷᠭᠡ ᠶᠢᠨ ᠲᠤᠬᠠᠢ ᠬᠡᠷᠬᠢᠨ ᠭᠤᠤᠯᠳᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ | ᠪᠣᠶ︖ | ᠦ᠋ ᠳ᠋ᠧ ᠶᠢᠨ᠄ ᠬᠥᠳᠡᠭᠡ ᠲᠣᠰᠬᠤᠨ ᠤ ᠵᠠᠰᠠᠮᠠᠯ ᠵᠠᠮ ᠤᠨ ᠬᠡᠮᠵᠢᠶ᠎ᠡ ᠶᠡᠭᠡ᠂ ᠬᠡᠪᠴᠢᠶ᠎ᠡ ᠥᠷᠭᠡᠨ᠂ ᠣᠷᠣᠨ | ᠨᠤᠲᠤᠭ ᠤᠨ ᠬᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠷᠢᠮᠦᠰᠦᠨ ᠨᠠᠶᠢᠳᠠᠪᠤᠷᠢᠵᠢᠭᠤᠯᠤᠭ᠎ᠠ ᠦᠭᠡᠢ ᠠᠴᠠ | ᠪᠣᠯᠵᠤ᠂ ᠣᠳᠣᠬᠠᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ᠂ ᠣᠨᠴᠠᠭᠠᠢᠯᠠᠨ ᠬᠠᠮᠢᠶᠠᠷᠤᠯᠲᠠ | ᠠᠷᠠᠴᠢᠯᠠᠯᠲᠠ ᠳᠤ ᠮᠥᠨ ᠬᠦ ᠮᠠᠰᠢ ᠣᠯᠠᠨ ᠳᠣᠪᠤᠶᠢᠮ᠎ᠠ ᠠᠰᠠᠭᠤᠳᠠᠯ ᠣᠷᠣᠰᠢᠵᠤ ᠪᠣᠢ᠃ ᠡᠭᠦᠨ ᠳᠤ᠂ ︽ᠰᠠᠨᠠᠯ︾ | ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠶᠢᠨ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ᠂ ᠪᠠᠯᠠ ᠮᠥᠩᠭᠦ ᠶᠢᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ ᠪᠠ ᠬᠢᠨᠠᠨ ᠰᠢᠯᠭᠠᠬᠤ ᠪᠠᠲᠤᠯᠠᠭ᠎ᠠ ᠵᠡᠷᠭᠡ | ᠳᠥᠷᠪᠡᠨ ᠰᠢᠰᠲ᠋ᠧᠮᠵᠢ ᠶᠢ ᠪᠠᠶᠢᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ | ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠶ ᠭᠡᠵᠦ | ᠳᠤᠷᠠᠳᠪᠠ᠃ ︽ᠮᠡᠳᠡᠭᠳᠡᠯ︾ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠪᠠ ᠴᠠᠭ ᠤᠨ ᠳᠡᠰ ᠳᠠᠷᠠᠭᠠᠯᠠᠯ ᠤᠨ ᠱᠠᠭᠠᠷᠳᠠᠯᠭ᠎ᠠ ᠶᠢ ᠤᠯᠠᠮ | ᠨᠢᠭᠡ ᠠᠯᠬᠤᠮ ᠲᠣᠳᠤᠷᠬᠠᠶᠢᠯᠠᠪᠠ᠃ | ᠮᠤᠵᠢ ᠶᠢᠨ ᠱᠠᠲᠤᠨ ᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠨ᠎ᠠ᠃ ︽ᠮᠡᠳᠡᠭᠳᠡᠯ︾ ᠳᠤ ᠡᠯ᠎ᠡ | ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠯ᠎ᠡ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ︽ᠰᠠᠨᠠᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ | ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ | ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠦᠯ ᠢ | ᠰᠤᠳᠤᠯᠤᠨ ᠲᠣᠭᠲᠠᠭᠠᠬᠤ ᠶᠢ ᠢᠳᠡᠪᠬᠢᠲᠡᠢ ᠪᠠᠷ ᠠᠬᠢᠭᠤᠯᠬᠤ ᠬᠡᠷᠡᠭᠲᠡᠢ᠃ ᠳᠤᠲᠠᠭᠤᠳᠠᠯ ᠢᠶᠠᠨ ᠨᠥᠬᠦᠪᠥᠷᠢᠯᠡᠬᠦ᠂ | ᠪᠠᠭᠤᠷᠠᠶ ᠲᠠᠯ᠎ᠠ ᠪᠠᠨ ᠴᠢᠩᠭᠠᠷᠠᠭᠤᠯᠬᠤ᠂ ᠭᠤᠤᠯᠳᠠᠯᠭ᠎ᠠ ᠶᠢ ᠠᠳᠬᠤᠬᠤ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠬᠦ ᠪᠠᠷ ᠬᠦᠴᠦᠯᠡᠨ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠴᠠᠭ ᠤᠨ ᠬᠦᠰᠦᠨᠦᠭᠲᠦ᠂ | ᠵᠠᠮ ᠱᠤᠭᠤᠮ ᠤᠨ ᠵᠢᠷᠤᠭ᠂ ᠦᠷ᠎ᠡ ᠪᠦᠲᠦᠭᠡᠯ ᠤᠨ ᠬᠡᠯᠪᠡᠷᠢ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ᠂ | ᠬᠠᠷᠢᠭᠤᠴᠠᠯᠭ᠎ᠠ ᠶᠢᠨ ᠭᠤᠤᠯ ᠴᠣᠭᠴᠠ᠂ ᠰᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠶᠢ | ᠨᠠᠷᠢᠯᠢᠭᠵᠢᠭᠤᠯᠤᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠶᠢᠨ ᠬᠠᠮᠲᠤ᠂ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ᠬᠡᠷᠡᠭᠵᠢᠭᠦᠯᠬᠦ ᠲᠥᠰᠦᠯ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠳᠤ ᠬᠠᠭᠤᠯᠤᠨ | ᠬᠦᠷᠭᠡᠵᠦ᠂ ᠱᠠᠭᠠᠷᠳᠠᠯᠭ᠎ᠠ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠣᠷᠣᠨ ᠨᠤᠲᠤᠭ ᠤᠨ ᠡᠯ᠎ᠡ ᠱᠠᠲᠤᠨ ᠤ ᠬᠠᠷᠢᠭᠤᠴᠠᠯᠭ᠎ᠠ ᠶᠢ ᠲᠣᠳᠤᠷᠬᠠᠶᠢᠯᠠᠨ᠎ᠠ᠃ ︽ᠮᠡᠳᠡᠭᠳᠡᠯ︾ ᠳᠤ ᠡᠯ᠎ᠡ | ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠡᠭᠦᠷᠭᠡ ᠬᠠᠷᠢᠭᠤᠴᠠᠯᠭ᠎ᠠ | ᠪᠠᠨ ᠬᠢᠨᠠᠮᠠᠭᠠᠶ ᠭᠦᠢᠴᠡᠳᠬᠡᠵᠦ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠮᠤᠵᠢ ᠶᠢᠨ | ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠬᠡ ᠪᠠ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠬᠤ ᠶᠢ ᠠᠬᠢᠭᠤᠯᠤᠨ᠂ ᠨᠢᠭᠡᠳᠦᠯᠲᠡᠶ ᠲᠦᠯᠦᠪᠵᠢᠭᠦᠯᠬᠦ ᠪᠠ | ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠰᠢᠶᠠᠩ᠂ ᠲᠣᠰᠬᠤᠨ ᠤ | ᠭᠤᠤᠯ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠤᠨ᠂ ᠲᠠᠷᠢᠶᠠᠴᠢᠨ ᠲᠦᠮᠡᠨ ᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠶ ᠭᠡᠵᠦ ᠱᠠᠭᠠᠷᠳᠠᠪᠠ᠃ | ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠮᠡᠳᠡᠭᠳᠡᠯ︾ ᠳᠤ ᠡᠯ᠎ᠡ ᠮᠤᠵᠢ ᠶᠢᠨ ᠱᠠᠲᠤᠨ ᠤ | ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠮᠤᠵᠢ ᠶᠢᠨ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠶᠢᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠶᠢ ᠢᠳᠡᠪᠬᠢᠲᠡᠶ ᠠᠬᠢᠭᠤᠯᠤᠨ᠂ ᠠᠮᠤᠷ ᠲᠦᠪᠰᠢᠨ ᠪᠠ ᠢᠲᠡᠭᠡᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠲᠥᠷᠥ ᠶᠢᠨ ᠪᠣᠳᠤᠯᠭ᠎ᠠ ᠪᠠ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠵᠠᠮ ᠤᠨ | ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ | ᠵᠠᠮ ᠤᠨ ᠳᠠᠷᠤᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ ᠠᠵᠢᠯᠯᠠᠭᠠᠨ ᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ︔ ᠬᠠᠮᠢᠶᠠᠷᠴᠤ ᠠᠷᠠᠴᠢᠯᠠᠨ ᠬᠠᠮᠠᠭᠠᠯᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠂ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠴᠢᠳᠠᠪᠤᠷᠢᠲᠠᠨ ᠢ ᠬᠦᠮᠦᠵᠢᠭᠦᠯᠵᠦ ᠣᠷᠤᠭᠤᠯᠵᠤ ᠠᠪᠴᠢᠷᠠᠬᠤ ᠪᠠ ᠤᠷᠮᠠᠰᠢᠭᠤᠯᠵᠤ ᠪᠠᠲᠤᠯᠠᠬᠤ | ᠲᠦᠷᠢᠮ ᠢ ᠲᠡᠭᠦᠯᠳᠡᠷᠵᠢᠭᠦᠯᠦᠨ᠂ ᠰᠢᠶᠠᠩ ᠤᠨ ᠲᠠᠰ ᠤᠨ ᠲᠤᠰᠬᠠᠶ ᠲᠤᠰᠢᠶᠠᠯᠲᠤ ᠠᠵᠢᠯᠲᠠᠨ ᠢ ᠨᠠᠶᠢᠳᠠᠪᠤᠷᠢᠵᠢᠭᠤᠯᠵᠤ | ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠲᠣᠬᠢᠷᠠᠭᠤᠯᠬᠤ ᠬᠡᠷᠡᠭᠲᠡᠢ︔ ᠬᠤᠲᠠ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠥᠷ᠎ᠡ ᠪᠦᠲᠦᠮᠵᠢ ᠶᠢᠨ ᠬᠠᠮᠢᠶᠠᠷᠤᠯᠲᠠ ᠶᠠᠪᠤᠭᠤᠯᠵᠤ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢ ᠬᠢᠨᠠᠨ ᠰᠢᠯᠭᠠᠬᠤ ᠲᠣᠭᠲᠠᠴᠠ ᠶᠢ | ᠪᠠᠶᠢᠭᠤᠯᠬᠤ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠪᠡᠯᠡ ᠣᠷᠣᠭᠤᠯᠤᠯᠲᠠ ᠯᠤᠭ᠎ᠠ | ᠬᠤᠯᠪᠣᠭᠳᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠦᠷᠨᠢᠭᠦᠯᠦᠨ᠎ᠡ᠃ ︽ᠮᠡᠳᠡᠭᠳᠡᠯ︾ ᠳᠤ ᠡᠯ᠎ᠡ ᠮᠤᠵᠢ ᠶᠢᠨ | ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠮ ᠬᠠᠷᠢᠯᠴᠠᠭᠠᠨ ᠤ | ᠬᠦᠴᠦᠷᠬᠡᠭ ᠤᠯᠤᠰ ᠢ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠮᠤᠵᠢ᠂ ᠬᠤᠲᠠ᠂ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠥᠷᠨᠢᠭᠦᠯᠬᠦ ᠶᠢ | ᠠᠬᠢᠭᠤᠯᠬᠤ ᠶᠢᠨ ᠬᠠᠮᠲᠤ᠂ ᠠᠵᠢᠯ ᠤᠨ ᠰᠠᠭᠤᠷᠢ ᠪᠠᠷ ᠨᠡᠯᠢᠶᠡᠳ ᠰᠠᠶᠢᠨ᠂ ᠨᠡᠶᠢᠲᠡᠯᠢᠭ ᠵᠢᠱᠢᠶ᠎ᠡ ᠦᠵᠡᠭᠦᠯᠦᠨ | ᠳᠠᠶᠢᠴᠢᠯᠠᠬᠤ ᠴᠢᠨᠠᠷ ᠢᠶᠠᠷ ᠴᠢᠩᠭ᠎ᠠ᠂ ᠳᠡᠯᠭᠡᠷᠡᠭᠦᠯᠬᠦ ᠥᠷᠲᠡᠭ ᠢᠶᠠᠷ ᠥᠨᠳᠥᠷ ᠬᠡᠰᠡᠭ ᠭᠠᠵᠠᠷ ᠣᠷᠣᠨ ᠢ ᠰᠢᠯᠢᠨ | ᠰᠣᠩᠭᠤᠵᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠠ ᠡᠳ᠋ ᠤᠨ ᠵᠠᠰᠠᠭ ᠤᠨ ᠶᠠᠮᠤᠨ ᠳᠤ ᠲᠠᠨᠢᠯᠴᠠᠭᠤᠯᠤᠨ | ᠲᠤᠷᠰᠢᠯᠲᠠ ᠶᠢᠨ ᠴᠡᠭ ᠤᠨ ᠣᠷᠣᠨ ᠪᠣᠯᠭᠠᠬᠤ ᠬᠡᠷᠡᠭᠲᠡᠶ᠃ ᠲᠤᠷᠰᠢᠯᠲᠠ ᠶᠢᠨ ᠴᠡᠭ ᠤᠨ ᠣᠷᠣᠨ ᠢ | ᠲᠠᠨᠢᠯᠴᠠᠭᠤᠯᠤᠭᠰᠠᠨ ᠮᠡᠳᠡᠭᠦᠯᠦᠯᠲᠡ ᠶᠢ 2020 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ᠲᠤᠷᠰᠢᠵᠤ᠂ ᠮᠡᠳᠡᠭᠦᠯᠦᠯᠲᠡ ᠶᠢᠨ ᠠᠭᠤᠯᠭ᠎ᠠ ᠳᠤ ᠲᠤᠷᠰᠢᠯᠲᠠ ᠶᠢᠨ ᠴᠡᠭ ᠤᠨ ᠭᠤᠤᠯ ᠰᠡᠳᠦᠪ᠂ ᠲᠤᠷᠰᠢᠯᠲᠠ ᠶᠢᠨ | ᠴᠡᠭ ᠤᠨ ᠨᠢᠭᠡᠴᠢ᠂ ᠲᠤᠷᠰᠢᠯᠲᠠ ᠶᠢᠨ ᠴᠡᠭ ᠤᠨ ᠠᠭᠤᠯᠭ᠎ᠠ᠂ ᠵᠢᠱᠢᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ | ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠰᠢᠯᠢᠳᠡᠭ ᠢ ᠨᠢ | ᠰᠣᠩᠭᠤᠨ ᠲᠠᠨᠢᠯᠴᠠᠭᠤᠯᠤᠭᠰᠠᠨ ᠲᠤᠷᠰᠢᠯᠲᠠ ᠶᠢᠨ ᠴᠡᠭ ᠤᠨ ᠣᠷᠤᠨ ᠢ ᠮᠥᠷᠳᠡᠨ ᠵᠢᠯᠣᠭᠤᠳᠴᠤ᠂ ᠲᠡᠭᠦᠨ ᠤ | ᠪᠦᠲᠦᠮᠵᠢᠲᠡᠢ ᠲᠤᠷᠰᠢᠯᠭ᠎ᠠ ᠬᠢᠳᠡᠯ ᠢ ᠳ᠋ᠦᠩᠨᠡᠨ ᠰᠢᠯᠭᠠᠷᠠᠭᠤᠯᠵᠤ ᠳᠠᠷᠠᠭᠠᠴᠢ ᠶᠢᠨ ︽ᠳᠥᠷᠪᠡᠨ ᠰᠠᠶᠢᠨ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠳᠤ ᠣᠷᠤᠭᠤᠯᠬᠤ ᠬᠡᠷᠡᠭᠲᠡᠢ ᠭᠡᠵᠦ | ᠱᠠᠭᠠᠷᠳᠠᠪᠠ᠃ | ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ | ᠰᠤᠷᠪᠤᠯᠵᠢᠯᠠᠭᠴᠢ᠄ ᠠᠷᠠᠴᠢᠯᠠᠨ ᠬᠠᠮᠠᠭᠠᠯᠠᠬᠤ ᠪᠠᠯᠠ ᠮᠥᠩᠭᠦ ᠳᠤᠲᠠᠭᠳᠠᠬᠤ ᠪᠣᠯ ᠬᠥᠳᠡᠭᠡ ᠲᠣᠰᠬᠤᠨ ᠤ | ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠶᠢᠨ ᠪᠣᠭᠤᠮᠢ ᠠᠰᠠᠭᠤᠳᠠᠯ ᠪᠣᠯᠤᠨ᠎ᠠ᠂ ᠡᠨᠡ ᠲᠠᠯ᠎ᠠ ᠪᠠᠷ ︽ᠮᠡᠳᠡᠭᠳᠡᠯ︾ | ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠠᠮᠢᠶᠠᠷᠴᠤ ᠠᠷᠠᠴᠢᠯᠠᠬᠤ ᠪᠠᠯᠠ ᠮᠥᠩᠭᠦ ᠶᠢ ᠴᠤᠭᠯᠠᠭᠤᠯᠬᠤ᠂ | ᠬᠡᠷᠡᠭᠯᠡᠬᠦ ᠵᠢᠴᠢ ᠬᠢᠨᠠᠨ ᠬᠠᠮᠢᠶᠠᠷᠬᠤ ᠶᠢ ᠪᠠᠲᠤᠯᠠᠬᠤ ᠪᠣᠶ︖ | ᠦ᠋ ᠳ᠋ᠧ ᠶᠢᠨ᠄ ᠰᠢᠨ᠎ᠡ ᠴᠠᠭ ᠦᠶ᠎ᠡ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠱᠠᠭᠠᠷᠳᠠᠯᠭ᠎ᠠ ᠵᠢᠴᠢ ︽ᠳᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ | ᠪᠣᠳᠠᠲᠤ ᠪᠠᠶᠢᠳᠠᠯ ᠢ ᠦᠨᠳᠦᠰᠦᠯᠡᠨ᠂ ︽ᠰᠠᠨᠠᠯ︾ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠬᠤ ᠪᠠᠯᠠ ᠮᠥᠩᠭᠦ ᠶᠢᠨ ᠪᠠᠲᠤᠯᠠᠭ᠎ᠠ ᠶᠢᠨ ᠰᠢᠰᠲ᠋ᠧᠮᠵᠢ ᠳᠤ ᠲᠣᠳᠣᠷᠬᠠᠶ ᠲᠣᠭᠲᠠᠭᠠᠯ ᠭᠠᠷᠭᠠᠵᠤ᠂ | ᠣᠨᠴᠠᠭᠠᠶᠢᠯᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠯᠠ ᠮᠥᠩᠭᠦ ᠶᠢᠨ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠬᠦ ᠲᠤᠬᠠᠶ ᠱᠠᠭᠠᠷᠳᠠᠯᠭ᠎ᠠ ᠳᠤᠷᠠᠳᠴᠠᠶ᠃ ︽ᠮᠡᠳᠡᠭᠳᠡᠯ︾ ᠳᠤ ︽ᠰᠠᠨᠠᠯ︾ ᠤᠨ ᠳᠡᠭᠡᠷ᠎ᠡ | ᠳᠤᠷᠠᠳᠤᠭᠰᠠᠨ ᠵᠣᠷᠢᠭ ᠰᠠᠨᠠᠭ᠎ᠠ ᠪᠠ ᠱᠠᠭᠠᠷᠳᠠᠯᠭ᠎ᠠ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠠᠴᠠ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ | ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠴᠤᠭᠯᠠᠭᠤᠯᠬᠤ᠂ | ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯ ᠢ ᠢᠳᠡᠪᠬᠢᠲᠡᠶ ᠪᠠᠷ ᠰᠠᠶᠢᠲᠤᠷ ᠬᠢᠵᠦ᠂ ᠪᠡᠯᠡ ᠮᠥᠩᠭᠦ ᠶᠢᠨ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠪᠡᠯᠡ ᠮᠥᠩᠭᠦ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠡᠭᠦᠨ ᠳᠤ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ | ᠰᠢᠨ᠎ᠡ ᠪᠠᠷ ᠨᠡᠮᠡᠭᠳᠡᠭᠰᠡᠨ ᠣᠷᠤᠯᠭ᠎ᠠ ᠪᠠᠷ ᠤᠤᠯ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ︵ | ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ ᠰᠢᠯᠵᠢᠭᠦᠯᠦᠨ ᠥᠭᠭᠦᠭᠰᠡᠨ | ︽ᠣᠷᠤᠯᠠᠭᠤᠯᠬᠤ ᠴᠢᠨᠠᠷᠲᠠᠶ ᠪᠠᠷ ᠪᠤᠴᠠᠭᠠᠨ ᠥᠭᠭᠦᠭᠰᠡᠨ ᠬᠡᠰᠡᠭ + ᠨᠡᠮᠡᠭᠳᠡᠯ ᠤᠨ ᠴᠢᠨᠠᠷᠲᠠᠶ ᠨᠥᠬᠦᠪᠥᠷᠢ︾᠂ | ᠲᠣᠪᠴᠢᠯᠠᠭᠠᠳ ︽ᠵᠠᠮ ᠠᠷᠠᠴᠢᠯᠠᠬᠤ ᠰᠦᠢᠳᠬᠡᠯ ᠢ ᠣᠷᠤᠯᠠᠭᠤᠯᠤᠭᠰᠠᠨ ᠬᠡᠰᠡᠭ ︾ ᠢ ᠪᠠᠭᠲᠠᠭᠠᠨ᠎ᠠ︶ ᠬᠥᠳᠡᠭᠡ | ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠨᠦᠬᠦᠪᠦᠷᠢ ᠥᠭᠬᠦ ᠠᠷᠭ᠎ᠠ ᠮᠠᠶ᠋ᠢᠭ ᠢ | ᠣᠷᠤᠯᠠᠭᠤᠯᠵᠤ᠂ ᠤᠤᠯ ᠤᠨ ᠵᠠᠮ ᠤᠨ ᠤᠷᠲᠤ ᠤᠨ ᠲᠣᠭᠲᠠᠭᠰᠠᠨ ᠲᠣᠭᠠᠨ ᠤ ᠨᠦᠬᠦᠪᠦᠷᠢ ︵︽7351︾ ᠶᠢᠨ | ᠨᠥᠬᠦᠪᠥᠷ ᠶᠢᠨ ᠪᠠᠷᠢᠮᠵᠢᠶ᠎ᠠ︶ ᠬᠠᠷᠢᠴᠠᠯ ᠶᠣᠰᠣᠭᠠᠷ ᠨᠦᠬᠦᠪᠦᠷᠢ ᠥᠭᠬᠦ ᠪᠣᠯᠭᠠᠨ ᠬᠤᠪᠢᠷᠠᠭᠤᠯᠤᠨ᠎ᠠ᠃ ︽ᠵᠠᠮ | ᠠᠷᠠᠴᠢᠯᠠᠬᠤ ᠰᠦᠢᠳᠬᠡᠯ ᠢ ᠣᠷᠤᠯᠠᠭᠤᠯᠤᠭᠰᠠᠨ ᠬᠡᠰᠡᠭ︾ ᠨᠢ ᠲᠤᠰ ᠮᠤᠵᠢ ᠶᠢᠨ ᠥᠭᠡᠷᠡᠴᠢᠯᠡᠯᠲᠡ ᠶᠢᠨ ᠰᠠᠭᠤᠷᠢ | ᠬᠤᠭᠤᠴᠠᠭᠠᠨ ᠤ ᠣᠨ ︵2009 ᠣᠨ︶ ᠤ ᠵᠠᠰᠠᠮᠠᠯ ᠵᠠᠮ ᠤᠨ ᠠᠷᠠᠴᠢᠯᠠᠬᠤ ᠰᠦᠢᠳᠬᠡᠯ ᠤᠨ ᠣᠷᠣᠯᠭ᠎ᠠ ᠶᠢᠨ ︽ | ᠵᠢᠷᠭᠤᠭᠠᠨ ᠵᠦᠢᠯ ᠤᠨ ᠰᠦᠢᠳᠬᠡᠯ︾ ᠤᠨ ᠣᠷᠣᠯᠭ᠎ᠠ ᠳᠠᠬᠢ ᠡᠵᠡᠯᠡᠬᠦ ᠬᠠᠷᠢᠴᠠᠯ ᠠᠴᠠ ᠳᠣᠤᠷ᠎ᠠ ᠪᠠᠶᠢᠵᠤ ᠪᠣᠯᠬᠤ | ᠦᠭᠡᠶ᠂ ︽ᠵᠠᠮ ᠠᠷᠠᠴᠢᠯᠠᠬᠤ ᠰᠦᠢᠳᠬᠡᠯ ᠢ ᠣᠷᠤᠯᠠᠭᠤᠯᠤᠭᠰᠠᠨ ᠬᠡᠰᠡᠭ︾ ᠲᠠᠬᠢ ᠬᠥᠳᠡᠭᠡ ᠲᠣᠰᠬᠤᠨ ᠤ ᠵᠠᠰᠠᠮᠠᠯ | ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠠᠵᠢᠯ ᠳᠤ ᠬᠡᠷᠡᠭᠯᠡᠬᠦ ᠪᠡᠯᠡ ᠮᠥᠩᠭᠦ ︵ᠮᠤᠵᠢ ᠶᠢᠨ ᠱᠠᠲᠤᠨ ᠤ | ᠨᠥᠬᠦᠪᠥᠷᠢ ᠶᠢᠨ ᠪᠡᠯᠡ ᠮᠥᠩᠭᠦ ᠬᠢᠭᠡᠳ ᠬᠡᠰᠡᠭᠯᠡᠵᠦ ᠬᠤᠲᠠ ᠰᠢᠶᠠᠨ ᠳᠤ ᠬᠦᠷᠬᠦ ᠬᠡᠰᠡᠭ ᠤᠨ ᠨᠡᠶᠢᠯᠡᠪᠦᠷᠢ︶ ᠨᠢ ︽ | ᠵᠠᠮ ᠠᠷᠠᠴᠢᠯᠠᠬᠤ ᠰᠦᠢᠳᠬᠡᠯ ᠢ ᠣᠷᠤᠯᠠᠭᠤᠯᠤᠭᠰᠠᠨ ᠬᠡᠰᠡᠭ︾ ᠤᠨ 15% ᠠᠴᠠ ᠳᠣᠤᠷ᠎ᠠ ᠪᠠᠶᠢᠵᠤ ᠪᠣᠯᠬᠤ ᠦᠭᠡᠶ᠂ | ᠪᠣᠳᠠᠲᠠᠶ ᠪᠠᠷ ᠳᠡᠭᠡᠷ᠎ᠡ ᠳᠤᠷᠠᠳᠤᠭᠰᠠᠨ ᠬᠠᠷᠢᠴᠠᠯ ᠠᠴᠠ ᠥᠨᠳᠥᠷ ᠪᠠᠶᠢᠪᠠᠯ ᠪᠠᠭᠤᠷᠠᠭᠤᠯᠵᠤ ᠪᠣᠯᠬᠤ ᠦᠭᠡᠶ ᠭᠡᠵᠦ | ᠲᠣᠳᠤᠷᠬᠠᠶᠢᠯᠠᠪᠠ᠃ ᠡᠭᠦᠨ ᠤ ᠬᠠᠮᠲᠤ᠂ ︽ᠰᠠᠨᠠᠯ︾ ᠳᠤ ᠳᠤᠷᠠᠳᠤᠭᠰᠠᠨ ︽ᠵᠠᠮ ᠠᠷᠠᠴᠢᠯᠠᠬᠤ ᠰᠦᠢᠳᠬᠡᠯ ᠢ | ᠣᠷᠤᠯᠠᠭᠤᠯᠤᠭᠰᠠᠨ ᠬᠡᠰᠡᠭ︾ ᠤᠨ ᠡᠩ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠠᠷᠢᠴᠠᠯ ᠢ | ᠡᠩ ᠤᠨ ᠪᠠᠶᠢᠳᠠᠯ ᠳᠤ 80% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠪᠥᠭᠡᠳ ᠵᠠᠰᠠᠮᠠᠯ ᠵᠠᠮ ᠢ ᠰᠢᠨ᠎ᠡ ᠪᠠᠷ | ᠪᠠᠶᠢᠭᠤᠯᠬᠤ ᠳᠤ ᠬᠡᠷᠡᠭᠯᠡᠵᠦ ᠪᠣᠯᠬᠤ ᠦᠭᠡᠶ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠣᠵᠢ᠂ ᠬᠤᠲᠠ᠂ ᠰᠢᠶᠠᠨ ᠭᠤᠷᠪᠠᠨ ᠱᠠᠲᠤᠨ ᠤ ᠣᠯᠠᠨ ᠨᠡᠶᠢᠲᠡ ᠶᠢᠨ | ᠡᠳ᠋ ᠤᠨ ᠵᠠᠰᠠᠭ ᠤᠨ ᠪᠡᠯᠡ ᠮᠥᠩᠭᠦ ︵︽ᠵᠠᠮ ᠠᠷᠠᠴᠢᠯᠠᠬᠤ ᠰᠦᠢᠳᠬᠡᠯ ᠢ ᠣᠷᠤᠯᠠᠭᠤᠯᠤᠭᠰᠠᠨ ᠬᠡᠰᠡᠭ︾ ᠪᠠᠭᠲᠠᠬᠤ | ᠦᠭᠡᠢ︶ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠳᠤ | ᠬᠡᠷᠡᠭᠯᠡᠬᠦ ᠶᠡᠷᠦᠩᠬᠡᠶ ᠲᠤᠭ᠎ᠠ ᠨᠢ ᠳᠣᠤᠷᠠᠬᠢ ᠪᠠᠷᠢᠮᠵᠢᠶ᠎ᠠ ᠠᠴᠠ ᠳᠣᠤᠷ᠎ᠠ ᠪᠠᠶᠢᠵᠤ ᠪᠣᠯᠬᠤ ᠦᠭᠡᠢ᠄ ᠰᠢᠶᠠᠨ ᠤ ᠵᠠᠮ ᠨᠢ | ᠵᠢᠯ ᠪᠦᠷᠢ ᠺᠢᠯᠣᠮᠧᠲᠷ ᠪᠦᠷᠢ ᠳᠤ ᠪᠠᠨ 1 ᠲᠦᠮᠡᠨ ᠲᠥᠭᠦᠷᠢᠭ᠂ ᠰᠢᠶᠠᠩ ᠤᠨ ᠵᠠᠮ ᠨᠢ ᠵᠢᠯ ᠪᠦᠷᠢ ᠺᠢᠯᠣᠮᠧᠲᠷ | ᠪᠦᠷᠢ ᠳᠤ ᠪᠠᠨ 5000 ᠲᠥᠭᠦᠷᠢᠭ᠂ ᠲᠣᠰᠬᠤᠨ ᠤ ᠵᠠᠮ ᠨᠢ ᠵᠢᠯ ᠪᠦᠷᠢ ᠺᠢᠯᠣᠮᠧᠲᠷ ᠪᠦᠷᠢ ᠳᠤ ᠪᠠᠨ 3000 | ᠲᠥᠭᠦᠷᠢᠭ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ | ᠣᠷᠣᠨ ᠬᠡᠪᠴᠢᠶᠡᠨ ᠤ ᠬᠥᠭᠵᠢᠯᠲᠡ ᠶᠢᠨ ᠬᠢᠷᠢ ᠲᠥᠪᠰᠢᠨ ᠢ ᠦᠨᠳᠦᠰᠦᠯᠡᠨ᠂ ᠮᠣᠵᠢ᠂ ᠬᠤᠲᠠ᠂ ᠰᠢᠶᠠᠨ ᠭᠤᠷᠪᠠᠨ | ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ ᠬᠠᠷᠢᠴᠠᠯ ᠢ ᠲᠣᠳᠣᠷᠬᠠᠶᠢᠯᠠᠬᠤ ᠬᠡᠷᠡᠭᠲᠡᠶ | ᠃ | ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠬᠥᠳᠡᠭᠡ | ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ | ᠶᠢᠨ ᠠᠵᠢᠯᠯᠠᠭᠠᠨ ᠤ ᠵᠠᠷᠤᠳᠠᠯ ᠪᠣᠯᠤᠨ ᠠᠵᠢᠯᠲᠠᠨ ᠤ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠲᠤ ᠣᠷᠤᠭᠤᠯᠤᠨ᠎ᠠ᠃ 2022 ᠣᠨ ᠠᠴᠠ ᠡᠬᠢᠯᠡᠨ᠂ ᠪᠣᠯᠪᠠᠰᠤᠷᠠᠭᠤᠯᠤᠭᠰᠠᠨ ᠲᠣᠰᠣᠨ ᠤ | ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠪᠠᠯᠠ ᠮᠥᠩᠭᠦ ᠶᠢ ᠡᠩ ᠤᠨ ᠵᠠᠰᠠᠮᠠᠯ | ᠵᠠᠮ ᠤᠨ ᠠᠷᠠᠴᠢᠯᠠᠨ ᠬᠠᠮᠠᠭᠠᠯᠠᠬᠤ ᠬᠡᠰᠡᠭ ᠲᠤ ᠬᠡᠷᠡᠭᠯᠡᠵᠦ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ | ᠵᠠᠷᠤᠳᠠᠯ ᠪᠠ ᠠᠵᠢᠯᠲᠠᠨ ᠵᠡᠷᠭᠡ ᠪᠤᠰᠤᠳ ᠵᠠᠷᠤᠯᠭ᠎ᠠ ᠶᠢ ᠳᠠᠬᠢᠵᠤ ᠵᠢᠭᠰᠠᠭᠠᠨ ᠭᠠᠷᠭᠠᠬᠤ ᠥᠬᠡᠶ᠃ | ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠪᠠᠷᠢᠯᠭ᠎ᠠ ᠪᠣᠯᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠨᠥᠬᠦᠪᠥᠷᠢ ᠶᠢᠨ | ᠲᠥᠷᠥ ᠶᠢᠨ ᠪᠣᠳᠣᠯᠭ᠎ᠠ ᠳᠤ᠂ ᠵᠠᠮ ᠤᠨ ᠤᠷᠲᠤ ᠪᠠ ᠠᠷᠠᠴᠢᠯᠠᠨ ᠬᠠᠮᠠᠭᠠᠯᠠᠬᠤ ᠦᠪᠡᠷ ᠤᠨ ᠥᠷᠲᠡᠭ ᠤᠨ | ᠬᠤᠪᠢᠷᠠᠯᠲᠠ ᠵᠡᠷᠭᠡ ᠬᠦᠴᠦᠨ ᠵᠦᠢᠯ ᠳᠤ ᠬᠤᠯᠪᠣᠭᠳᠠᠬᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ | ᠪᠠᠶᠢᠭᠤᠯᠤᠨ᠂ ᠵᠠᠷᠴᠢᠮ ᠳᠡᠭᠡᠷ᠎ᠡ ᠪᠠᠨ ᠲᠣᠬᠢᠷᠠᠭᠤᠯᠤᠯᠲᠠ ᠬᠢᠬᠦ ᠦᠶᠡᠯᠡᠯ ᠤᠨ ᠬᠤᠭᠤᠴᠠᠭ᠎ᠠ ᠶᠢ ᠲᠠᠪᠤᠨ ᠵᠢᠯ ᠠᠴᠠ | ᠳᠠᠪᠠᠭᠤᠯᠬᠤ ᠦᠭᠡᠢ ᠪᠠᠶᠢᠬᠤ ᠬᠡᠷᠡᠭᠲᠡᠶ᠃ | ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠣᠷᠣᠨ ᠨᠤᠲᠤᠭ | ᠤᠨ ᠡᠯ᠎ᠡ ᠱᠠᠲᠤᠨ ᠤ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ ᠠᠴᠠ ᠪᠡᠯᠡ ᠮᠥᠩᠭᠦ | ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠥᠷᠢ ᠥᠭᠴᠡᠭᠡᠨ ᠤ ᠶᠠᠪᠤᠳᠠᠯ ᠤᠨ | ᠲᠦᠭᠰᠢᠭᠦᠷᠢ ᠶᠢ ᠴᠢᠩᠭ᠎ᠠ ᠡᠵᠡᠮᠳᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠥᠩᠭᠦ ᠳᠤ ᠪᠦᠬᠦ | ᠶᠠᠪᠤᠴᠠ ᠶᠢᠨ ᠲᠥᠰᠦᠪ ᠤᠨ ᠠᠵᠢᠯ ᠤᠨ ᠥᠷ᠎ᠡ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠲᠠᠭᠠᠯ | ᠶᠣᠰᠣᠭᠠᠷ ᠨᠡᠶᠢᠭᠡᠮ ᠳᠤ ᠢᠯᠡ ᠪᠣᠯᠭᠠᠨ᠂ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠬᠦᠯᠢᠶᠡᠵᠦ᠂ ᠪᠡᠯᠡ | ᠮᠥᠩᠭᠦ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠣᠯᠤᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ | ᠤᠢᠭᠡᠢ ᠳᠡᠭᠡᠭᠰᠢᠯᠡᠭᠦᠯᠬᠦ ᠬᠡᠷᠡᠭᠲᠡᠶ᠃ | ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠦᠷᠭᠡᠳᠬᠡᠨ᠎ᠡ᠃ ᠵᠠᠰᠠᠭ ᠤᠨ ᠣᠷᠳᠣᠨ ᠤ ᠪᠡᠯᠡ | ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠤᠨ᠂ ᠪᠡᠯᠡ ᠮᠥᠩᠭᠦ ᠪᠠᠷ ᠨᠥᠬᠦᠪᠥᠷᠢᠯᠡᠬᠦ | ᠂ ᠤᠷᠢᠳ ᠢᠶᠠᠷ ᠠᠷᠠᠴᠢᠯᠠᠵᠤ᠂ ᠳᠠᠷᠠᠭ᠎ᠠ ᠳᠤ ᠨᠢ ᠨᠥᠬᠦᠪᠥᠷᠢᠯᠡᠬᠦ᠂ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ | ᠳᠡᠮᠵᠢᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢ ᠣᠷᠣᠨ ᠨᠤᠲᠤᠭ ᠤᠨ ᠵᠠᠰᠠᠭ ᠤᠨ ᠣᠷᠳᠣᠨ | ᠤ ᠡᠩ ᠤᠨ ᠥᠭᠴᠡᠭᠡᠨ ᠤ ᠲᠡᠮᠳᠡᠭᠲᠦ ᠶᠢᠨ ᠭᠤᠤᠯᠳᠠᠯᠭ᠎ᠠ ᠲᠠᠢ ᠪᠠᠷ ᠳᠡᠮᠵᠢᠬᠦ ᠬᠡᠪᠴᠢᠶᠡᠨ ᠳᠤ ᠣᠷᠤᠭᠤᠯᠤᠨ᠎ᠠ᠃ | ᠲᠡᠩᠴᠡᠭᠦᠷᠢᠲᠦ ᠴᠢᠨᠠᠷᠲᠠᠶ ᠪᠠᠷ ᠰᠢᠯᠵᠢᠭᠦᠯᠦᠨ ᠥᠭᠬᠦ᠂ ᠭᠠᠶᠢᠯᠢ ᠲᠠᠲᠠᠪᠤᠷᠢ ᠶᠢ ᠪᠤᠴᠠᠭᠠᠬᠤ ᠵᠡᠷᠭᠡ ᠬᠤᠯᠪᠣᠭᠳᠠᠯ | ᠪᠦᠬᠦᠢ ᠲᠥᠷᠦ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠰᠠᠶᠢᠲᠤᠷ ᠬᠡᠷᠡᠭᠯᠡᠨ᠂ ᠬᠥᠳᠡᠭᠡ ᠲᠣᠰᠬᠤᠨ ᠤ ᠵᠠᠰᠠᠮᠠᠯ | ᠵᠠᠮ ᠤᠨ ᠬᠠᠮᠢᠶ᠎ᠠ ᠪᠦᠬᠦᠢ ᠳᠠᠭᠠᠯᠲᠠ ᠪᠡᠯᠡᠳᠬᠡᠮᠵᠢ ᠵᠡᠷᠭᠡ ᠠᠰᠢᠭ ᠣᠯᠵᠠᠪᠤᠷᠢ ᠲᠠᠢ ᠲᠥᠷᠥᠯ ᠵᠦᠢᠯ ᠢ ᠬᠥᠳᠡᠭᠡ | ᠲᠤᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠯᠤᠭ᠎ᠠ ᠳᠠᠭᠠᠭᠠᠴᠢᠯᠠᠨ ᠠᠵᠢᠯᠯᠠᠭᠤᠯᠬᠤ ᠶᠢ ᠢᠳᠡᠪᠬᠢᠲᠡᠶ ᠪᠠᠷ | ᠰᠦᠪᠡᠭᠴᠢᠯᠡᠨ᠂ ᠪᠡᠯᠡ ᠮᠥᠩᠭᠦ ᠴᠤᠭᠯᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠡᠯᠡ ᠮᠥᠩᠭᠦ ᠶᠢᠨ | ᠢᠷᠡᠯᠲᠡ ᠶᠢᠨ ᠠᠷᠭ᠎ᠠ ᠵᠠᠮ ᠢ ᠦᠷᠭᠡᠳᠬᠡᠨ᠎ᠡ᠃ | ᠰᠤᠷᠪᠤᠯᠵᠢᠯᠠᠭᠴᠢ᠄ ︽ᠰᠠᠨᠠᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ︽ᠮᠡᠳᠡᠭᠳᠡᠯ | ︾ ᠢ ᠳᠠᠷᠤᠮᠠᠯᠯᠠᠨ ᠲᠠᠷᠬᠠᠭᠠᠭᠰᠠᠨ ᠠᠴᠠ ᠭᠠᠳᠠᠨ᠎ᠠ᠂ ᠣᠶᠢᠷ᠎ᠠ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ | ᠪᠠᠰᠠ ᠪᠤᠰᠤᠳ ᠲᠦᠬᠦᠷ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠦᠦ︖ ᠪᠣᠳᠠᠲᠠᠶ ᠪᠠᠷ ᠲᠠᠨᠢᠯᠴᠠᠭᠤᠯᠤᠭᠠᠳ ᠥᠭᠭᠦᠨ᠎ᠡ | ᠤᠤ︖ | ᠦ᠋ ᠳ᠋ᠧ ᠶᠢᠨ᠄ ︽ᠰᠠᠨᠠᠯ︾ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ | ᠲᠤᠰᠠᠳᠠ᠂ ︽ᠮᠡᠳᠡᠭᠳᠡᠯ︾ ᠠᠴᠠ ᠭᠠᠳᠠᠨ᠎ᠠ᠂ ᠡᠨᠡ ᠵᠢᠯ ᠤᠨ 1 ᠳ᠋ᠦ᠋ᠭᠡᠷ ᠰᠠᠷ᠎ᠠ ᠳᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠠᠴᠠ ︽ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠰᠦᠪ ᠢ | ᠨᠠᠶᠢᠷᠠᠭᠤᠯᠤᠨ ᠵᠣᠬᠢᠶᠠᠬᠤ ᠠᠷᠭ᠎ᠠ︾ ︵︽ᠠᠷᠭ᠎ᠠ︾ ᠭᠡᠵᠦ ᠲᠣᠪᠴᠢᠯᠠᠨ᠎ᠠ︶ ᠶᠢ ᠵᠢᠩᠬᠢᠨᠢ ᠪᠠᠷ ᠨᠡᠶᠢᠲᠡᠯᠡᠨ᠂ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠲᠥᠰᠦᠪ ᠢ ᠨᠠᠶᠢᠷᠠᠭᠤᠯᠤᠨ | ᠵᠣᠬᠢᠶᠠᠬᠤ ᠪᠠ ᠬᠡᠷᠡᠭᠯᠡᠬᠦ ᠲᠤᠬᠠᠶ ᠲᠣᠭᠲᠠᠭᠠᠯ ᠢ ᠨᠠᠷᠢᠯᠢᠬᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠲᠥᠰᠦᠪ ᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠵᠢᠯ ᠢ | ᠵᠢᠷᠤᠮᠵᠢᠭᠤᠯᠤᠭᠰᠠᠨ ᠠᠴᠠ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠥᠰᠦᠪ ᠢᠶᠠᠨ ᠨᠠᠶᠢᠷᠠᠭᠤᠯᠤᠨ ᠮᠡᠳᠡᠭᠦᠯᠬᠦ ᠳᠤ ᠦᠨᠳᠦᠰᠦ ᠪᠠᠷᠢᠮᠲᠠ | ᠲᠠᠢ ᠪᠣᠯᠤᠭᠰᠠᠨ ᠮᠥᠷᠲᠡᠭᠡᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠬᠦ ᠶᠢ ᠪᠠᠲᠤᠯᠠᠵᠤ ᠴᠢᠳᠠᠪᠠ᠃ ︽ᠠᠷᠭ᠎ᠠ︾ ᠶᠢ ᠡᠨᠡ ᠵᠢᠯ ᠤᠨ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠨᠢᠭᠡᠨᠲᠡ ᠵᠢᠩᠬᠢᠨᠢ ᠪᠠᠷ ᠬᠡᠷᠡᠭᠵᠢᠭᠦᠯᠪᠡ᠃ | ︽ᠠᠷᠭ᠎ᠠ︾ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠣᠨᠴᠠᠯᠢᠭ ᠲᠤ ᠴᠢᠭᠯᠡᠭᠦᠯᠦᠨ᠂ ︽ᠲᠤᠬᠠᠶ ᠶᠢᠨ | ᠭᠠᠵᠠᠷ ᠪᠠᠶᠢᠳᠠᠯ ᠳᠤ ᠨᠢ ᠲᠤᠬᠢᠷᠠᠭᠤᠯᠤᠨ᠂ ᠲᠣᠪᠴᠢ ᠲᠣᠳᠤᠷᠬᠠᠢ ᠪᠦᠭᠡᠳ ᠬᠡᠷᠡᠭᠯᠡᠭᠦᠰᠢᠲᠡᠢ ᠪᠠᠶᠢᠬᠤ︾ ᠵᠠᠷᠴᠢᠮ | ᠶᠣᠰᠣᠭᠠᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ᠂ ᠮᠡᠳᠡᠭᠡ | ᠵᠠᠩᠬᠢᠴᠢᠯᠠᠯᠲᠠ ᠶᠢᠨ ᠰᠢᠰᠲ᠋ᠧᠮ ᠢ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠲᠥᠬᠦᠭᠡᠷᠦᠮᠵᠢ ᠬᠤᠳᠠᠯᠳᠤᠨ ᠠᠪᠬᠤ᠂ | ᠤᠷᠢᠳᠴᠢᠯᠠᠨ ᠰᠡᠷᠭᠡᠶᠢᠯᠡᠵᠦ ᠠᠷᠠᠴᠢᠯᠠᠬᠤ᠂ ᠵᠠᠰᠠᠨ ᠰᠡᠷᠭᠦᠭᠡᠵᠦ ᠠᠷᠠᠴᠢᠯᠠᠨ ᠬᠠᠮᠠᠭᠠᠯᠠᠬᠤ ᠵᠢᠴᠢ ᠭᠡᠨᠡᠳᠲᠡ ᠶᠢᠨ | ᠪᠠᠴᠢᠮ ᠪᠠᠶᠢᠳᠠᠯ ᠢ ᠠᠷᠭᠠᠴᠠᠭᠠᠬᠤ ᠠᠷᠠᠴᠢᠯᠠᠨ ᠬᠠᠮᠠᠭᠠᠯᠠᠬᠤ ᠵᠡᠷᠭᠡ ᠠᠵᠢᠯ ᠳᠤ ᠬᠡᠷᠡᠭᠰᠡᠬᠦ ᠵᠠᠷᠤᠳᠠᠯ ᠳᠤ ᠲᠣᠳᠣᠷᠬᠠᠶ | ᠲᠣᠭᠲᠠᠭᠠᠯ ᠭᠠᠷᠭᠠᠭᠰᠠᠨ ᠤ ᠬᠠᠮᠲᠤ᠂ ᠠᠵᠢᠯ ᠢᠶᠠᠨ ᠲᠤᠰᠢᠶᠠᠭᠰᠠᠨ ︵ ᠳᠠᠭᠤᠰᠬᠠᠭᠰᠠᠨ︶ ᠢ ᠰᠢᠯᠭᠠᠨ ᠬᠤᠷᠢᠶᠠᠵᠤ | ᠠᠪᠬᠤ ᠲᠤᠷᠰᠢᠯᠲᠠ ᠶᠢᠨ ᠪᠠᠶᠢᠴᠠᠭᠠᠨ ᠰᠢᠨᠵᠢᠯᠡᠬᠦ ᠰᠦᠢᠳᠬᠡᠯ᠂ ᠠᠶᠤᠯᠭᠦᠢ ᠦᠢᠯᠡᠳᠪᠦᠷᠢᠯᠡᠯ ᠤᠨ ᠰᠦᠢᠳᠬᠡᠯ ᠪᠣᠯᠤᠨ | ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠨᠡᠪᠲᠡᠷᠡᠬᠦ ᠶᠢ ᠪᠠᠲᠤᠯᠠᠬᠤ ᠰᠦᠢᠳᠬᠡᠯ ᠵᠡᠷᠭᠡ ᠶᠢ ᠲᠣᠭᠠᠴᠠᠨ ᠵᠢᠭᠰᠠᠭᠠᠵᠤ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠶᠠᠰᠤ ᠴᠢᠨᠠᠷ ᠪᠠ ᠠᠶᠤᠯ ᠦᠭᠡᠢ ᠶᠢ ᠦᠨᠡᠨ ᠬᠦ | ᠪᠠᠲᠤᠯᠠᠨ᠎ᠠ᠃ ︽ᠠᠷᠭ᠎ᠠ︾ ᠨᠢ ᠶᠡᠷᠦᠩᠬᠡᠶ ᠲᠦᠷᠢᠮ᠂ ᠨᠡᠷ᠎ᠡ ᠲᠣᠮᠢᠶ᠎ᠠ ᠪᠠ ᠠᠷᠠᠴᠢᠯᠠᠨ ᠬᠠᠮᠠᠭᠠᠯᠠᠬᠤ ᠵᠠᠷᠤᠳᠠᠯ ᠵᠡᠷᠭᠡ | 3 ᠪᠦᠯᠦᠭ ᠵᠢᠴᠢ 3 ᠳᠠᠭᠠᠯᠳᠤᠭᠤᠯᠤᠯ ᠭᠠᠷᠴᠠᠭ ᠢᠶᠠᠷ ᠪᠦᠷᠢᠯᠳᠦᠪᠡ᠃ | ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠰᠦᠪ ᠤᠨ ᠵᠠᠷᠤᠳᠠᠯ ᠤᠨ | ᠪᠦᠷᠢᠯᠳᠦᠯ ᠢ ᠲᠣᠭᠲᠠᠭᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠵᠠᠷᠤᠳᠠᠯ ᠳᠤ | ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠠᠷᠤᠳᠠᠯ᠂ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠠᠷᠠᠴᠢᠯᠠᠨ | ᠬᠠᠮᠠᠭᠠᠯᠠᠬᠤ ᠵᠠᠷᠤᠳᠠᠯ᠂ ᠠᠷᠠᠴᠢᠯᠠᠨ ᠬᠠᠮᠠᠭᠠᠯᠠᠬᠤ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠵᠠᠷᠤᠳᠠᠯ ᠪᠣᠯᠤᠨ | ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠵᠠᠷᠤᠳᠠᠯ ᠪᠠᠭᠲᠠᠨ᠎ᠠ᠃ ᠡᠭᠦᠨ ᠳᠤ᠂ ᠡᠳᠦᠷ ᠲᠤᠲᠤᠮ ᠤᠨ ᠠᠷᠠᠴᠢᠯᠠᠨ | ᠬᠠᠮᠠᠭᠠᠯᠠᠬᠤ ᠵᠠᠷᠤᠳᠠᠯ ᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠠᠷᠤᠳᠠᠯ᠂ ᠡᠳᠦᠷ ᠲᠤᠲᠤᠮ ᠤᠨ ᠪᠠᠲᠤᠯᠠᠨ | ᠬᠠᠮᠠᠭᠠᠯᠠᠬᠤ ᠵᠠᠷᠤᠳᠠᠯ ᠪᠠ ᠪᠠᠭ᠎ᠠ ᠵᠠᠰᠠᠪᠤᠷᠢ ᠶᠢᠨ ᠵᠠᠷᠤᠳᠠᠯ ᠭᠡᠵᠦ ᠬᠤᠪᠢᠶᠠᠨ᠎ᠠ᠃ ᠮᠡᠳᠡᠭᠡ ᠵᠠᠩᠭᠢᠴᠢᠯᠠᠯᠲᠠ ᠶᠢᠨ | ᠰᠢᠰᠲ᠋ᠧᠮ ᠤᠨ ᠠᠷᠠᠴᠢᠯᠠᠨ ᠬᠠᠮᠠᠭᠠᠯᠠᠬᠤ ᠵᠠᠷᠤᠳᠠᠯ ᠳᠤ ᠮᠡᠷᠭᠡᠵᠢᠯ ᠤᠨ ᠪᠠᠶᠢᠳᠠᠯ ᠤᠨ ᠦᠨᠡᠯᠡᠨ ᠲᠣᠭᠲᠠᠭᠠᠬᠤ | ᠰᠦᠢᠳᠬᠡᠯ ᠪᠣᠯᠤᠨ ᠰᠢᠰᠲ᠋ᠧᠮ ᠤᠨ ᠠᠷᠠᠴᠢᠯᠠᠨ ᠬᠠᠮᠠᠭᠠᠯᠠᠬᠤ ᠵᠠᠷᠤᠳᠠᠯ ᠪᠠᠭᠲᠠᠨ᠎ᠠ᠃ ᠠᠷᠠᠴᠢᠯᠠᠨ ᠬᠠᠮᠠᠭᠠᠯᠠᠬᠤ | ᠪᠠᠷᠢᠯᠭ᠎ᠠ ᠶᠢᠨ ᠵᠠᠷᠤᠳᠠᠯ ᠳᠤ ᠤᠷᠢᠳᠴᠢᠯᠠᠨ ᠰᠡᠷᠭᠡᠶᠢᠯᠡᠵᠦ ᠠᠷᠠᠴᠢᠯᠠᠨ ᠬᠠᠮᠠᠭᠠᠯᠠᠬᠤ ᠵᠠᠷᠤᠳᠠᠯ᠂ ᠵᠠᠰᠠᠨ ᠰᠡᠷᠭᠦᠭᠡᠵᠦ | ᠠᠷᠠᠴᠢᠯᠠᠨ ᠬᠠᠮᠠᠭᠠᠯᠠᠬᠤ ᠵᠠᠷᠤᠳᠠᠯ ᠪᠣᠯᠤᠨ ᠪᠠᠴᠢᠮ ᠪᠠᠶᠢᠳᠠᠯ ᠢ ᠠᠷᠭᠠᠴᠠᠭᠠᠵᠤ ᠠᠷᠠᠴᠢᠯᠠᠨ ᠬᠠᠮᠠᠭᠠᠯᠠᠬᠤ ᠵᠠᠷᠤᠳᠠᠯ | ᠪᠠᠭᠲᠠᠨ᠎ᠠ᠃ | ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠰᠦᠪ ᠤᠨ ᠵᠠᠷᠤᠳᠠᠯ ᠢ ᠲᠣᠭᠠᠴᠠᠨ | ᠪᠣᠳᠣᠬᠤ ᠠᠷᠭ᠎ᠠ ᠶᠢ ᠲᠣᠳᠤᠷᠬᠠᠶᠢᠯᠠᠨ᠎ᠠ᠃ ︽ᠠᠷᠭ᠎ᠠ︾ ᠳᠤ ᠡᠯ᠎ᠡ ᠵᠦᠢᠯ ᠤᠨ ᠵᠠᠷᠤᠳᠠᠯ ᠤᠨ ᠣᠨᠴᠠᠯᠢᠭ ᠲᠤ | ᠴᠢᠭᠯᠡᠭᠦᠯᠦᠨ ᠠᠳᠠᠯᠢ ᠪᠤᠰᠤ ᠲᠣᠭᠠᠴᠠᠨ ᠪᠤᠳᠤᠬᠤ ᠠᠷᠭ᠎ᠠ ᠶᠢ ᠬᠡᠷᠡᠭᠯᠡᠬᠦ᠂ ᠵᠢᠱᠢᠶᠡᠯᠡᠪᠡᠯ ᠡᠳᠦᠷ ᠲᠤᠲᠤᠮ ᠤᠨ | ᠲᠣᠭᠤᠷᠢᠨ ᠪᠠᠶᠢᠴᠠᠭᠠᠯᠲᠠ ᠪᠠ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠠᠷᠤᠳᠠᠯ ᠢ ᠪᠣᠳᠤᠬᠤ ᠳᠤ ᠲᠤᠭ᠎ᠠ | ᠬᠡᠮᠵᠢᠶ᠎ᠡ ᠶᠢ ᠵᠠᠷᠤᠳᠠᠯ ᠤᠨ ᠭᠦᠢᠴᠡᠳᠬᠡᠯ ᠲᠤᠭ᠎ᠠ ᠪᠠᠷ ᠦᠷᠡᠵᠢᠭᠦᠯᠦᠨ ᠪᠤᠳᠤᠨ᠎ᠠ᠃ ᠪᠠᠭ᠎ᠠ ᠵᠠᠰᠠᠪᠤᠷᠢ ᠶᠢᠨ ᠵᠠᠷᠤᠳᠠᠯ ᠢ | ᠪᠣᠳᠤᠬᠤ ᠳᠤ ᠲᠤᠭ᠎ᠠ ᠬᠡᠮᠵᠢᠶ᠎ᠡ ᠪᠠᠷ ᠵᠠᠷᠤᠳᠠᠯ ᠤᠨ ᠭᠦᠢᠴᠡᠳᠬᠡᠯ ᠲᠤᠭ᠎ᠠ ᠪᠠᠷ ᠦᠷᠡᠵᠢᠭᠦᠯᠦᠨ ᠪᠤᠳᠤᠵᠤ ᠪᠣᠯᠬᠤ | ᠮᠥᠷᠲᠡᠭᠡᠨ ᠨᠠᠷᠢᠨ ᠬᠠᠭᠤᠳᠠᠰᠤ ᠶᠢᠨ ᠦᠨ᠎ᠡ ᠪᠤᠳᠤᠬᠤ ᠠᠷᠭ᠎ᠠ ᠮᠠᠶ᠋ᠢᠭ ᠢᠶᠠᠷ ᠲᠣᠭᠠᠴᠠᠨ ᠪᠣᠳᠤᠵᠤ ᠪᠣᠯᠤᠨ᠎ᠠ᠃ | ᠪᠠᠴᠢᠮ ᠪᠠᠶᠢᠳᠠᠯ ᠢ ᠠᠷᠠᠴᠢᠯᠠᠨ ᠬᠠᠮᠠᠭᠠᠯᠠᠬᠤ ᠵᠠᠷᠤᠳᠠᠯ ᠢ ᠲᠣᠰ ᠭᠠᠵᠠᠷ ᠣᠷᠣᠨ ᠤ ᠦᠷ᠎ᠡ ᠶᠢᠨ ᠭᠤᠷᠪᠠᠨ ᠵᠢᠯ ᠤᠨ | ᠪᠠᠴᠢᠮ ᠪᠠᠶᠢᠳᠠᠯ ᠢ ᠠᠷᠭᠠᠴᠠᠭᠠᠵᠤ ᠠᠷᠠᠴᠢᠯᠠᠨ ᠬᠠᠮᠠᠭᠠᠯᠠᠬᠤ ᠠᠵᠢᠯ ᠳᠤ ᠪᠣᠳᠠᠲᠠᠶ ᠪᠠᠷ ᠡᠭᠦᠰᠦᠭᠰᠡᠨ ᠲᠤᠭ᠎ᠠ ᠬᠡᠮᠵᠢᠶ᠎ᠡ | ᠶᠢᠨ ᠳᠤᠮᠳᠠᠴᠢ ᠥᠷᠲᠡᠭ ᠢᠶᠠᠷ ᠤᠷᠢᠳᠴᠢᠯᠠᠨ ᠦᠯᠡᠳᠡᠭᠡᠨ᠎ᠡ᠃ | ᠣᠯᠠᠨ ᠲᠦᠮᠡᠨᠴᠢ ᠴᠢᠨᠠᠷᠲᠠᠶ ᠠᠷᠠᠴᠢᠯᠠᠨ ᠬᠠᠮᠠᠭᠠᠯᠠᠬᠤ ᠳᠤ ᠲᠣᠬᠢᠷᠠᠬᠤ ᠵᠠᠷᠤᠳᠠᠯ ᠢ ᠳᠤᠷᠠᠳᠤᠨ ᠭᠠᠷᠭᠠᠨ᠎ᠠ᠃ | ᠬᠥᠳᠡᠭᠡ ᠲᠣᠰᠬᠤᠨ ᠤ ᠵᠠᠰᠠᠮᠠᠯ ᠵᠠᠮ ᠤᠨ ᠣᠯᠠᠨ ᠲᠦᠮᠡᠨᠴᠢ ᠴᠢᠨᠠᠷᠲᠠᠶ ᠠᠷᠠᠴᠢᠯᠠᠨ ᠬᠠᠮᠠᠭᠠᠯᠠᠬᠤ ᠬᠡᠷᠡᠭᠴᠡᠭᠡ ᠳᠤ | ᠴᠢᠭᠯᠡᠭᠦᠯᠦᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠡᠳᠦᠷ ᠲᠤᠲᠤᠮ ᠤᠨ ᠠᠷᠠᠴᠢᠯᠠᠨ | ᠬᠠᠮᠠᠭᠠᠯᠠᠬᠤ ᠳᠤ ᠲᠤᠰᠠᠭᠠᠷ ᠬᠡᠷᠡᠭᠯᠡᠵᠦ ᠪᠣᠯᠬᠤ ᠮᠥᠷᠲᠡᠭᠡᠨ ᠨᠢᠭᠡᠳᠦᠯᠲᠡᠶ ᠲᠥᠯᠦᠪᠵᠢᠭᠦᠯᠦᠨ ᠬᠡᠷᠡᠭᠯᠡᠵᠦ ᠪᠣᠯᠬᠤ ᠶᠢ | ᠲᠣᠳᠤᠷᠬᠠᠶᠢᠯᠠᠪᠠ᠃ ᠠᠷᠠᠴᠢᠯᠠᠨ ᠬᠠᠮᠠᠭᠠᠯᠠᠬᠤ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠰᠦᠢᠳᠬᠡᠯ ᠢ ᠣᠯᠠᠨ | ᠲᠦᠮᠡᠨ ᠤ ᠠᠷᠠᠴᠢᠯᠠᠨ ᠬᠠᠮᠠᠭᠠᠯᠠᠬᠤ ᠠᠵᠢᠯ ᠬᠢᠵᠦ ᠪᠠᠶᠢᠭ᠎ᠠ ᠠᠵᠢᠯᠲᠠᠳ ᠲᠤ ᠮᠠᠰᠢᠨ ᠪᠠᠭᠠᠵᠢ ᠲᠥᠬᠦᠭᠡᠷᠦᠮᠵᠢ | ᠬᠤᠳᠠᠯᠳᠤᠨ ᠠᠪᠬᠤ ᠳᠤ ᠬᠡᠷᠡᠭᠯᠡᠵᠦ᠂ ᠠᠷᠠᠴᠢᠯᠠᠨ ᠬᠠᠮᠠᠭᠠᠯᠠᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ | ᠪᠣᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠣᠯᠠᠨ ᠲᠦᠮᠡᠨᠴᠢ ᠴᠢᠨᠠᠷᠲᠠᠶ ᠠᠷᠠᠴᠢᠯᠠᠨ ᠬᠠᠮᠠᠭᠠᠯᠠᠬᠤ | ᠠᠵᠢᠯ ᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠳᠤ ᠠᠵᠢᠯ ᠣᠯᠭᠤᠬᠤ ᠲᠣᠬᠢᠶᠠᠯ ᠬᠠᠩᠭᠠᠨ᠎ᠠ᠃ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠠᠰᠤ ᠴᠢᠨᠠᠷ ᠪᠠ ᠠᠶᠤᠯ ᠦᠭᠡᠢ ᠶᠢᠨ | ᠵᠠᠷᠤᠳᠠᠯ ᠢ ᠴᠢᠬᠤᠯᠠᠴᠢᠯᠠᠨ᠎ᠠ᠃ ︽ᠠᠷᠭ᠎ᠠ︾ ᠳᠤ᠂ ᠬᠥᠭᠦᠷᠭᠡ ᠵᠢᠴᠢ ᠨᠦᠬᠡᠨ ᠵᠠᠮ ᠤᠨ ᠮᠡᠷᠭᠡᠵᠢᠯ ᠤᠨ ᠪᠠᠶᠢᠳᠠᠯ ᠢ | ᠦᠨᠡᠯᠡᠨ ᠲᠣᠭᠲᠠᠭᠠᠬᠤ ᠳᠤ ᠡᠷᠬᠡᠪᠰᠢ ᠲᠤᠰᠬᠠᠶᠢᠵᠢᠭᠰᠠᠨ ᠪᠠᠶᠢᠴᠠᠭᠠᠨ ᠰᠢᠨᠵᠢᠵᠦ ᠦᠨᠡᠯᠡᠨ ᠲᠣᠭᠲᠠᠭᠠᠭᠰᠠᠨ ᠢᠶᠠᠷ | ᠵᠠᠷᠤᠳᠠᠯ ᠪᠤᠳᠤᠵᠤ ᠠᠪᠬᠤ ᠬᠡᠷᠡᠭᠲᠡᠢ ᠭᠡᠵᠦ ᠲᠣᠭᠲᠠᠭᠠᠪᠠ᠃ ᠡᠭᠦᠨ ᠤ ᠬᠠᠮᠲᠤ᠂ ᠠᠷᠠᠴᠢᠯᠠᠨ ᠬᠠᠮᠠᠭᠠᠯᠠᠬᠤ | ᠪᠠᠷᠢᠯᠭ᠎ᠠ ᠳᠤ ᠤᠯᠤᠰ ᠤᠨ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠰᠦᠢᠳᠬᠡᠯ ᠢ ᠠᠰ ᠲᠤ ᠨᠢ | ᠵᠢᠭᠰᠠᠭᠠᠬᠤ ᠶᠢᠨ ᠬᠠᠮᠲᠤ᠂ ᠠᠷᠠᠴᠢᠯᠠᠨ ᠬᠠᠮᠠᠭᠠᠯᠠᠬᠤ ᠠᠵᠢᠯ ᠤᠨ ᠣᠨᠴᠠᠯᠢᠭ ᠢ ᠦᠨᠳᠦᠰᠦᠯᠡᠨ ᠠᠷᠠᠴᠢᠯᠠᠨ | ᠬᠠᠮᠠᠭᠠᠯᠠᠬᠤ ᠠᠵᠢᠯ ᠤᠨ ᠨᠡᠪᠲᠡᠷᠡᠬᠦ ᠶᠢ ᠪᠠᠲᠤᠯᠠᠬᠤ ᠵᠠᠷᠤᠳᠠᠯ ᠢ ᠲᠤᠰᠠᠭᠠᠷ ᠲᠣᠭᠠᠴᠢᠨ ᠪᠣᠳᠣᠬᠤ ᠶᠢ ᠵᠥᠪᠰᠢᠶᠡᠷᠡᠨ᠎ᠡ᠃ | ︽ᠠᠷᠭ᠎ᠠ︾ ᠳᠤ ᠪᠠᠰᠠ ᠰᠢᠯᠭᠠᠨ ᠬᠤᠷᠢᠶᠠᠵᠤ ᠠᠪᠬᠤ ᠲᠤᠷᠰᠢᠯᠲᠠ ᠶᠢᠨ ᠰᠢᠯᠭᠠᠨ ᠪᠠᠶᠢᠴᠠᠭᠠᠬᠤ ᠰᠦᠢᠳᠬᠡᠯ ᠢ | ᠲᠤᠰᠠᠭᠠᠷ ᠪᠣᠳᠤᠬᠤ ᠲᠤᠬᠠᠢ ᠲᠣᠭᠲᠠᠭᠠᠵᠠᠶ᠃ ᠠᠵᠢᠯ ᠲᠤᠰᠢᠶᠠᠭᠰᠠᠨ ︵ᠠᠵᠢᠯ ᠳᠠᠭᠤᠰᠬᠠᠭᠰᠠᠨ︶ ᠢ ᠰᠢᠯᠭᠠᠨ | ᠬᠤᠷᠢᠶᠠᠵᠤ ᠠᠪᠬᠤ ᠵᠡᠷᠭᠡ ᠵᠠᠩᠭᠢᠯᠠᠭ᠎ᠠ ᠴᠢᠬᠤᠯᠠ ᠭᠤᠭᠴᠤᠭ᠎ᠠ ᠶᠢᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠶᠠᠰᠤ | ᠴᠢᠨᠠᠷ ᠢ ᠴᠢᠩᠭᠠᠷᠠᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢᠨ ᠶᠠᠰᠤ ᠴᠢᠨᠠᠷ ᠪᠠ | ᠠᠮᠤᠷ ᠲᠥᠪᠰᠢᠨ ᠳᠤ ᠪᠡᠯᠡ ᠮᠥᠩᠭᠦ ᠶᠢᠨ ᠲᠥᠰᠦᠭᠡᠯᠡᠨ ᠪᠣᠳᠣᠬᠤ ᠦᠨᠳᠦᠰᠦᠯᠡᠯ ᠬᠠᠩᠭᠠᠨ᠎ᠠ᠃ | ᠬᠥᠳᠡᠭᠡ ᠲᠣᠰᠬᠤᠨ ᠤ ᠵᠠᠰᠠᠮᠠᠯ ᠵᠠᠮ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠎ᠡ | ᠰᠤᠷᠪᠤᠯᠵᠢᠯᠠᠭᠴᠢ᠄ ︽ᠰᠠᠨᠠᠯ︾ ᠳᠤ 2022 ᠣᠨ ᠪᠣᠯᠬᠤ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠵᠢᠭᠰᠠᠭᠠᠨ ᠠᠷᠠᠴᠢᠯᠠᠬᠤ ᠨᠣᠷᠮ᠎ᠠ ᠨᠢ 100% ᠳᠤ ᠬᠦᠷᠴᠦ᠂ ᠵᠢᠯ ᠪᠦᠷᠢ ᠶᠢᠨ ᠳᠤᠮᠳᠠᠴᠢ ᠠᠷᠠᠴᠢᠯᠠᠨ ᠬᠠᠮᠠᠭᠠᠯᠠᠬᠤ | ᠪᠠᠷᠢᠯᠭ᠎ᠠ ᠶᠢᠨ ᠬᠠᠷᠢᠴᠠᠯ ᠢ 5% ᠠᠴᠠ ᠳᠣᠤᠷ᠎ᠠ ᠪᠠᠶᠢᠯᠭᠠᠬᠤ ᠥᠬᠡᠶ᠂ ᠰᠢᠯᠢᠳᠡᠭ᠂ ᠰᠠᠶᠢᠨ᠂ ᠳᠤᠮᠳᠠ ᠵᠡᠷᠭᠡ ᠶᠢᠨ | ᠵᠠᠮ ᠤᠨ ᠨᠣᠷᠮ᠎ᠠ ᠶᠢ 75% ᠠᠴᠠ ᠳᠣᠤᠷ᠎ᠠ ᠪᠠᠶᠢᠯᠭᠠᠬᠤ ᠥᠬᠡᠶ ᠭᠡᠵᠦ ᠳᠤᠷᠠᠳᠤᠨ ᠭᠠᠷᠭᠠᠪᠠ᠃ ᠡᠨᠡ ᠬᠦ | ᠬᠠᠷᠠᠯᠲᠠ ᠶᠢ ᠪᠡᠶᠡᠯᠡᠭᠦᠯᠬᠦ ᠳᠤ᠂ ᠪᠣᠳᠠᠲᠠᠶ ᠪᠠᠷ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | ᠡᠤ ᠳ᠋ᠧ ᠶᠢᠨ᠄ ︽ᠰᠠᠨᠠᠯ︾ ᠳᠤ ᠬᠥᠳᠡᠭᠡ ᠲᠣᠰᠬᠤᠨ ᠤ ᠵᠠᠰᠠᠮᠠᠯ ᠵᠠᠮ ᠢ ᠦᠷᠭᠦᠯᠵᠢᠯᠡᠨ ᠬᠥᠭᠵᠢᠭᠦᠯᠬᠦ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ︽ᠳᠥᠷᠪᠡᠨ | ᠰᠠᠶᠢᠨ ᠬᠥᠳᠡᠭᠡ ᠲᠤᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠶᠢ ᠠᠬᠢᠭᠤᠯᠵᠤ | ᠂ ᠥᠷᠭᠡᠨ ᠣᠯᠠᠨ ᠲᠠᠷᠢᠶᠠᠴᠢᠨ ᠲᠦᠮᠡᠨ ᠤ ᠪᠠᠶᠠᠵᠢᠨ ᠴᠢᠨᠡᠭᠡᠯᠢᠭᠵᠢᠬᠦ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠨᠠᠩ ᠰᠠᠶᠢᠨ ᠪᠠᠲᠤᠯᠠᠭ᠎ᠠ ᠬᠠᠩᠭᠠᠨ᠎ᠠ᠃ ᠡᠨᠡ ᠬᠦ ᠬᠠᠷᠠᠯᠲᠠ ᠶᠢ | ᠪᠡᠶᠡᠯᠡᠭᠦᠯᠬᠦ ᠶᠢᠨ ᠲᠤᠰᠠᠲᠠ᠂ ︽ᠮᠡᠳᠡᠭᠳᠡᠯ︾ ᠳᠤ ᠪᠢᠳᠡ ᠲᠣᠣᠷᠠᠬᠢ ᠮᠡᠲᠦ ᠭᠤᠷᠪᠠᠨ ᠲᠠᠯ᠎ᠠ ᠶᠢᠨ ᠪᠠᠳᠤᠯᠠᠭ᠎ᠠ ᠶᠢᠨ | ᠠᠷᠭ᠎ᠠ ᠬᠡᠮᠵᠢᠶ᠎ᠡ ᠶᠢ ᠳᠤᠷᠠᠳᠤᠪᠠ᠄ | ᠬᠠᠮᠵᠢᠯᠴᠠᠨ ᠠᠵᠢᠯᠯᠠᠵᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠎ᠡ᠃ ᠣᠷᠣᠨ | ᠨᠤᠲᠤᠭ ᠤᠨ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠮᠵᠢᠯᠴᠠᠨ ᠠᠵᠢᠯᠯᠠᠵᠤ ᠬᠤᠯᠪᠤᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠡᠶᠢᠲᠡᠯᠡᠨ᠂ ︽ᠰᠠᠨᠠᠯ︾ ᠵᠢᠴᠢ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠡᠮᠬᠢ ᠵᠢᠷᠤᠮ ᠲᠠᠢ ᠪᠠᠷ ᠠᠬᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ | ᠨᠠᠶᠢᠳᠠᠪᠤᠷᠢᠵᠢᠭᠤᠯᠬᠤ ᠶᠢ ᠢᠳᠡᠪᠬᠢᠲᠡᠢ ᠪᠠᠷ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠰᠠᠯᠠᠭ᠎ᠠ ᠮᠥᠴᠢᠷ ᠠᠴᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠪᠣᠳᠠᠲᠠᠶ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠪᠠᠷ ᠠᠬᠢᠭᠤᠯᠬᠤ ᠶᠢ ᠰᠠᠶᠢᠲᠤᠷ ᠬᠢᠬᠦ ᠪᠠᠷ ᠪᠠᠷᠠᠬᠤ ᠦᠭᠡᠢ᠂ ᠲᠦᠷᠦᠭᠦᠯᠡᠨ ᠥᠭᠡᠷᠡᠴᠢᠯᠡᠯᠲᠡ ᠶᠢᠨ ᠡᠭᠦᠷᠭᠡ | ᠶᠢ ᠨᠢᠭᠡᠳᠦᠯᠲᠡᠶ ᠲᠥᠯᠦᠪᠵᠢᠭᠦᠯᠦᠨ ᠵᠣᠬᠢᠴᠠᠭᠤᠯᠬᠤ ᠶᠢ ᠰᠠᠶᠢᠲᠤᠷ ᠬᠢᠬᠦ ᠬᠡᠷᠡᠭᠲᠡᠶ︔ ᠲᠤᠰ ᠰᠠᠯᠠᠭ᠎ᠠ | ᠮᠥᠴᠢᠷ ᠤᠨ ᠢᠶᠠᠨ ᠥᠭᠡᠷᠡᠴᠢᠯᠡᠯᠲᠡ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ᠂ ᠣᠷᠣᠨ ᠨᠤᠲᠤᠭ ᠤᠨ | ᠥᠭᠡᠷᠡᠴᠢᠯᠡᠯᠲᠡ ᠳᠤ ᠵᠢᠯᠤᠭᠤᠳᠤᠯᠭ᠎ᠠ ᠬᠢᠬᠦ ᠪᠠᠨ ᠴᠢᠩᠭᠠᠳᠬᠠᠬᠤ ᠬᠡᠷᠡᠭᠲᠡᠶ᠃ ᠤᠬᠠᠭᠤᠯᠭ᠎ᠠ ᠪᠠ ᠶᠠᠷᠢᠶ᠎ᠠ ᠬᠡᠯᠡᠯᠴᠡᠭᠡ | ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠰᠠᠶᠢᠨ ᠰᠠᠶᠢᠬᠠᠨ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ᠰᠢᠯᠭᠠᠨ ᠬᠢᠨᠠᠵᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠮᠤᠵᠢ ᠶᠢᠨ ᠱᠠᠲᠤᠨ ᠤ | ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠦᠳᠡᠭᠡ ᠲᠣᠰᠬᠤᠨ ᠤ ᠵᠠᠰᠠᠮᠠᠯ | ᠵᠠᠮ ᠤᠨ ᠬᠠᠮᠢᠶᠠᠷᠴᠤ ᠠᠷᠠᠴᠢᠯᠠᠬᠤ ᠠᠵᠢᠯ ᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠥᠷ᠎ᠡ ᠪᠦᠲᠦᠮᠵᠢ ᠶᠢ ᠰᠢᠯᠭᠠᠨ ᠬᠢᠨᠠᠬᠤ᠂ ᠲᠠᠪᠤᠨ ᠱᠠᠲᠤᠨ ᠤ ᠱᠦᠵᠢ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠭᠰᠠᠨ ᠢ ᠰᠢᠯᠭᠠᠨ ᠬᠢᠨᠠᠬᠤ ᠵᠡᠷᠭᠡ ᠳᠤ ᠣᠷᠤᠭᠤᠯᠬᠤ ᠶᠢ | ᠠᠬᠢᠭᠤᠯᠤᠨ᠂ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠯᠭᠠᠨ ᠬᠢᠨᠠᠭᠰᠠᠨ | ᠦᠷ᠎ᠡ ᠳ᠋ᠦᠩ ᠢ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠲᠠᠢ ᠬᠤᠯᠪᠣᠭᠳᠠᠭᠤᠯᠵᠤ᠂ ᠠᠵᠢᠯ ᠢ | ᠠᠬᠢᠭᠤᠯᠤᠭᠰᠠᠨ ᠪᠠᠶᠢᠳᠠᠯ ᠨᠢ ᠰᠠᠶᠢᠨ ᠪᠠᠶᠢᠪᠠᠯ᠂ ᠱᠠᠩᠨᠠᠯ ᠪᠤᠶᠤ ᠨᠡᠮᠡᠯᠲᠡ ᠨᠥᠬᠦᠪᠥᠷᠢ ᠣᠯᠭᠤᠬᠤ ᠬᠡᠷᠡᠭᠲᠡᠢ︔ ᠠᠵᠢᠯ | ᠢ ᠠᠬᠢᠭᠤᠯᠤᠭᠰᠠᠨ ᠪᠠᠶᠢᠳᠠᠯ ᠨᠢ ᠨᠡᠯᠢᠶᠡᠳ ᠠᠨᠠᠶ ᠪᠠᠶᠢᠪᠠᠯ᠂ ᠪᠣᠯᠵᠣᠨ ᠶᠠᠷᠢᠯᠴᠠᠬᠤ᠂ ᠵᠠᠷᠯᠢᠭᠳᠠᠵᠤ ᠴᠡᠭᠴᠡᠯᠡᠨ | ᠰᠠᠶᠢᠵᠢᠷᠠᠭᠤᠯᠬᠤ᠂ ᠨᠥᠬᠦᠪᠥᠷᠢ ᠶᠢ ᠨᠢ ᠬᠠᠰᠤᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠤᠷᠮᠠᠰᠢᠭᠤᠯᠤᠨ | ᠬᠢᠨᠠᠨ ᠰᠢᠯᠭᠠᠬᠤ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ | ᠮᠥᠷᠳᠡᠨ ᠳᠠᠭᠠᠵᠤ ᠰᠢᠮᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠡᠯ᠎ᠡ | ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠰᠢᠮᠳᠠᠭᠤᠯᠤᠨ ᠵᠢᠯᠣᠭᠤᠳᠬᠤ ᠪᠠ ᠦᠨᠡᠯᠡᠨ ᠵᠢᠱᠢᠬᠦ ᠠᠵᠢᠯ ᠢ ᠲᠣᠭᠲᠠᠮᠠᠯ ᠬᠤᠭᠤᠴᠠᠭ᠎ᠠ | ᠲᠠᠢ ᠪᠠᠷ ᠦᠷᠨᠢᠭᠦᠯᠦᠨ᠂ ᠥᠭᠡᠷᠡᠴᠢᠯᠡᠯᠲᠡ ᠶᠢᠨ ᠠᠬᠢᠯᠲᠠ ᠶᠢᠨ ᠪᠠᠶᠢᠳᠠᠯ ᠢ ᠮᠥᠷᠳᠡᠨ ᠵᠠᠳᠠᠯᠵᠤ᠂ ᠥᠭᠡᠷᠡᠴᠢᠯᠡᠯᠲᠡ | ᠶᠢ ᠠᠬᠢᠭᠤᠯᠤᠭᠰᠠᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠵᠥᠷᠢᠴᠡᠯ ᠠᠰᠠᠭᠤᠳᠠᠯ ᠢ ᠴᠠᠭ ᠲᠤᠬᠠᠶ ᠳᠤ ᠨᠢ | ᠰᠤᠳᠤᠯᠤᠨ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠪᠠᠨ ᠴᠠᠭ ᠲᠤᠬᠠᠢ ᠳᠤ ᠨᠢ | ᠲᠤᠬᠢᠷᠠᠭᠤᠯᠤᠨ ᠲᠣᠬᠢᠷᠠᠭᠤᠯᠤᠯᠲᠠ ᠬᠢᠵᠦ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ | ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠮᠤᠵᠢ ᠶᠢᠨ ᠱᠠᠲᠤᠨ ᠤ | ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠢᠯ ᠪᠦᠷᠢ ᠶᠢᠨ ᠰᠡᠭᠦᠯᠴᠢ ᠠᠴᠠ | ᠡᠮᠦᠨ᠎ᠡ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠦᠨᠳᠦᠰᠦᠯᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ | ᠪᠣᠯᠤᠨ ᠡᠳ᠋ ᠤᠨ ᠵᠠᠰᠠᠭ ᠤᠨ ᠶᠠᠮᠤᠨ ᠳᠤ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢᠶᠠᠨ ᠲᠣᠰ ᠲᠣᠰ | ᠮᠡᠳᠡᠭᠦᠯᠦᠨ ᠬᠦᠷᠭᠡᠬᠦ ᠬᠡᠷᠡᠭᠲᠡᠶ᠃ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠄ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ | ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ |