| ᠰᠤᠷᠪᠤᠯᠵᠢᠯᠠᠭᠰᠠᠨ ᠴᠠᠭ᠄ 2019 ᠣᠨ ᠤ 09 ᠳ᠋ᠦ᠋ᠭᠡᠷ ᠰᠠᠷ᠎ᠠ ᠶᠢᠨ 10 ᠤ ᠦᠳᠡ ᠶᠢᠨ ᠡᠮᠦᠨᠡᠬᠢ 9 | ᠴᠠᠭ 30 | ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ | ᠰᠤᠷᠪᠤᠯᠵᠢᠯᠠᠯ ᠤᠨ ᠲᠣᠪᠴᠢ ᠲᠠᠨᠢᠯᠴᠠᠭᠤᠯᠭ᠎ᠠ᠄ | 2004 ᠣᠨ ᠠᠴᠠ ᠪᠦᠬᠦ ᠤᠯᠤᠰ ᠲᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ | ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ︽ᠡᠬᠢ ᠡᠭᠦᠰᠦᠯ ᠳᠤ | ᠰᠠᠭᠤᠷᠢᠯᠠᠬᠤ᠂ ᠬᠠᠤᠯᠢ ᠶᠣᠰᠣᠭᠠᠷ ᠴᠢᠩᠭ᠎ᠠ ᠬᠠᠮᠢᠶᠠᠷᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠬᠡ ᠪᠠᠷ ᠵᠠᠰᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠵᠠᠰᠠᠬᠤ︾ ᠵᠠᠰᠠᠯᠲᠠ ᠵᠠᠷᠴᠢᠮ ᠶᠣᠰᠣᠭᠠᠷ᠂ | ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ | ᠲᠠᠰᠤᠷᠤᠯᠲᠠ ᠦᠭᠡᠢ ᠪᠦᠷᠢᠨ ᠲᠡᠭᠦᠯᠳᠡᠷᠵᠢᠭᠦᠯᠵᠦ᠂ ᠵᠠᠮ ᠶᠢᠨ ᠭᠠᠳᠠᠷᠭᠤ ᠶᠢᠨ ᠬᠠᠤᠯᠢ ᠬᠡᠷᠡᠭᠵᠢᠭᠦᠯᠬᠦ ᠨᠡᠶᠢᠯᠡᠮᠡᠯ | ᠬᠦᠴᠦᠨ ᠢ ᠨᠡᠮᠡᠭᠳᠡᠭᠦᠯᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠨᠢ ᠨᠡᠯᠢᠶᠡᠳ | ᠢᠯᠡᠷᠬᠡᠶ ᠦᠷ᠎ᠡ ᠳ᠋ᠦᠩ ᠣᠯᠪᠠ᠃ 2016 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ ᠤᠯᠤᠰ ᠠᠴᠠ ᠰᠢᠨ᠎ᠡ | ᠨᠢᠭᠡᠨ ᠡᠭᠡᠯᠵᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠲᠥᠪᠯᠡᠷᠡᠭᠦᠯᠦᠨ ᠵᠠᠰᠠᠬᠤ ᠠᠵᠢᠯ | ᠢ ᠥᠷᠨᠢᠭᠦᠯᠦᠭᠰᠡᠨ ᠠᠴᠠ ᠨᠠᠭᠠᠰᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠠᠪᠤᠨ ᠶᠠᠮᠤᠨ | ᠲᠣᠪᠴᠢᠶᠠᠨ ᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠠᠮᠲᠤᠷᠠᠨ ᠬᠠᠤᠯᠢ | ᠬᠡᠷᠡᠭᠵᠢᠭᠦᠯᠬᠦ᠂ ᠵᠢᠷᠤᠮᠵᠢᠯ ᠲᠠᠢ ᠬᠠᠤᠯᠢ ᠬᠡᠷᠡᠭᠵᠢᠭᠦᠯᠬᠦ᠂ ᠰᠤᠷᠪᠤᠯᠵᠢᠯᠠᠨ ᠦᠢᠯᠡᠴᠢᠯᠡᠬᠦ᠂ ᠬᠢᠨᠠᠯᠲᠠ ᠲᠠᠯᠪᠢᠬᠤ ᠶᠢ | ᠴᠢᠩᠭᠠᠳᠬᠠᠬᠤ ᠵᠡᠷᠭᠡ ᠠᠵᠢᠯ ᠳᠡᠭᠡᠷ᠎ᠡ ᠭᠤᠤᠯᠳᠠᠯᠭ᠎ᠠ ᠲᠠᠢ ᠬᠦᠴᠦ ᠲᠠᠯᠪᠢᠵᠤ᠂ ᠦᠷᠭᠦᠯᠵᠢᠯᠡᠨ ᠬᠦᠴᠦᠯᠡᠵᠦ᠂ ᠮᠠᠨ ᠤ | ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠳᠤ ᠪᠦᠬᠦᠯᠢ ᠴᠣᠭᠴᠠ ᠶᠢᠨ | ᠪᠠᠶᠢᠷᠢᠯᠠᠭᠤᠯᠤᠯᠲᠠ ᠬᠢᠵᠦ᠂ ᠬᠡᠳᠦᠶᠢᠪᠡᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠵᠣᠬᠢᠬᠤ | ᠦᠷ᠎ᠡ ᠪᠦᠲᠦᠭᠡᠮᠵᠢ ᠣᠯᠵᠤ᠂ ᠪᠠᠰᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠪᠣᠯᠪᠠᠴᠤ᠂ ᠲᠡᠭᠡᠭᠡᠪᠦᠷᠢ ᠶᠢᠨ | ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠤ ᠭᠦᠨ ᠳᠠᠪᠬᠤᠷᠭ᠎ᠠ ᠶᠢᠨ ᠰᠢᠯᠲᠠᠭᠠᠨ ᠢ ᠬᠠᠷᠠᠬᠠᠨ | ᠠᠷᠢᠯᠭᠠᠭᠠᠳᠤᠶ ᠪᠠᠶᠢᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨ ᠲᠡᠭᠦᠯᠳᠡᠷ ᠪᠣᠯᠭᠠᠵᠤ | ᠴᠢᠳᠠᠭᠠᠳᠤᠶ ᠪᠠᠶᠢᠭᠰᠠᠭᠠᠷ᠂ ᠬᠡᠮᠵᠢᠶ᠎ᠡ ᠳᠠᠭᠠᠭᠠᠴᠠ ᠠᠴᠠ ᠭᠡᠲᠦᠷᠡᠭᠦᠯᠦᠭᠰᠡᠨ ᠢ ᠵᠠᠰᠠᠬᠤ ᠠᠵᠢᠯ ᠢ ᠭᠦᠨᠵᠡᠭᠡᠶᠢᠷᠡᠭᠦᠯᠦᠨ | ᠠᠬᠢᠭᠤᠯᠬᠤ ᠬᠦᠴᠢᠷᠳᠡᠯ ᠤᠯᠠᠮ ᠠᠴᠠ ᠤᠯᠠᠮ ᠶᠡᠭᠡ ᠪᠣᠯᠵᠤ ᠪᠠᠶᠢᠬᠤ ᠶᠢ ᠪᠢᠳᠡ ᠪᠠᠰᠠ ᠰᠡᠷᠬᠡᠭ ᠢᠶᠠᠷ ᠣᠯᠵᠤ ᠬᠠᠷᠠᠪᠠ | ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ | ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠠᠩᠬᠠᠷᠬᠤ ᠶᠢ ᠴᠢᠨᠢ ᠪᠠᠶᠠᠷᠯᠠᠨ ᠤᠭᠲᠤᠵᠤ | ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠢ ᠤᠷᠢᠵᠤ᠂ ᠣᠯᠠᠨ ᠳᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠢᠶ᠎ᠠ ᠪᠦᠬᠦᠢ ᠠᠵᠢᠯ ᠤᠨ | ᠠᠬᠢᠴᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠲᠤᠬᠠᠶ ᠣᠯᠠᠨ ᠲᠠᠢ ᠰᠠᠨᠠᠯ | ᠰᠣᠯᠢᠯᠴᠠᠭ᠎ᠠ ᠬᠢᠬᠦ ᠪᠠᠷ ᠪᠣᠯᠤᠯ᠎ᠠ᠃ ᠲᠠᠨ ᠢ ᠪᠠᠶᠠᠷᠯᠠᠨ ᠤᠭᠲᠤᠵᠤ ᠪᠠᠶᠢᠨ᠎ᠠ᠂ ᠶᠦᠨ ᠲᠢᠩᠬᠢᠮ ᠤᠨ ᠳᠠᠷᠤᠭ᠎ᠠ ᠠ︕ | ᠶᠦᠨ ᠸᠧᠨ ᠵᠢᠩ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ | ᠬᠥᠲᠥᠯᠥᠭᠴᠢ᠄ | ᠪᠢᠳᠡ ᠤᠶᠢᠯᠠᠭᠠᠭᠰᠠᠨ ᠪᠠᠷ᠂ 2018 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠳᠤ ︽ᠵᠠᠭᠤᠨ | ᠲᠣᠨ ᠸᠠᠩ︾ ᠤᠨ ᠲᠤᠰᠬᠠᠶ ᠴᠡᠭᠴᠡᠯᠡᠯᠲᠡ ᠪᠠ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ | ᠰᠢᠭᠤᠷᠭᠠᠨ ᠤ ᠲᠤᠰᠬᠠᠶ ᠠᠵᠢᠯᠯᠠᠭ᠎ᠠ︾ ᠶᠢ ᠦᠷᠨᠢᠬᠦᠯᠪᠡ᠂ ᠡᠩ ᠲᠡᠷᠢᠭᠦᠨ ᠳᠤ ᠡᠨᠡ ᠬᠦ ᠠᠵᠢᠯ ᠢ ᠥᠷᠨᠢᠭᠦᠯᠦᠭᠰᠡᠨ | ᠶᠡᠷᠦᠩᠬᠡᠶ ᠪᠠᠶᠢᠳᠠᠯ ᠢ ᠲᠠᠨᠢᠯᠴᠠᠭᠤᠯᠤᠭᠠᠳ ᠦᠭᠭᠦᠭᠡᠷᠡᠢ᠃ | ᠶᠦᠨ ᠸᠧᠨ ᠵᠢᠩ᠄ | 2018 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠪᠠ ᠬᠦᠴᠦᠲᠡᠶ ᠳᠡᠮᠵᠢᠯᠭᠡ ᠳᠣᠣᠷ᠎ᠠ᠂ ︽ᠵᠠᠰᠠᠭ ᠤᠨ | ᠣᠷᠳᠣᠨ ᠢᠶᠠᠷ ᠭᠤᠤᠯᠯᠠᠭᠤᠯᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾ ᠵᠠᠷᠴᠢᠮ ᠢ ᠪᠠᠷᠢᠮᠲᠠᠯᠠᠨ᠂ ︽ | ᠵᠠᠭᠤᠨ ᠲᠣᠨ ᠸᠠᠩ︾ ᠤᠨ ᠲᠤᠰᠬᠠᠶ ᠴᠡᠭᠴᠡᠯᠡᠯᠲᠡ ᠪᠠ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ | ᠰᠢᠭᠤᠷᠭᠠᠨ ᠤ ᠲᠤᠰᠬᠠᠶ ᠠᠵᠢᠯᠯᠠᠭ᠎ᠠ︾ ᠶᠢ ᠦᠷᠨᠢᠭᠦᠯᠵᠦ᠂ ᠡᠬᠢ ᠡᠭᠦᠰᠦᠯ ᠠᠴᠠ ᠨᠢ ᠵᠠᠰᠠᠬᠤ᠂ ᠵᠠᠮ ᠶᠢᠨ | ᠭᠠᠳᠠᠷᠭᠤ ᠶᠢᠨ ᠬᠠᠮᠢᠶᠠᠷᠤᠨ ᠡᠵᠡᠮᠳᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ᠂ ᠵᠢᠷᠦᠮᠵᠢᠯ ᠲᠠᠢ ᠬᠠᠤᠯᠢ ᠬᠡᠷᠡᠭᠵᠢᠭᠦᠯᠬᠦ | ᠵᠡᠷᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠢᠯᠡᠳᠲᠡ ᠦᠷ᠎ᠡ ᠪᠦᠲᠦᠭᠡᠮᠵᠢ ᠣᠯᠪᠠ᠃ 2019 ᠣᠨ ᠳᠤ ᠪᠦᠬᠦ | ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠨᠢ ᠪᠠᠶᠢᠩᠭᠤᠵᠢᠭᠰᠠᠨ ᠵᠠᠰᠠᠯᠲᠠ | ᠤᠷᠤᠭᠤ ᠰᠢᠯᠵᠢᠨ ᠣᠷᠣᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠳᠡᠭᠡᠳᠦ ᠬᠤᠷᠲᠤ ᠶᠢᠨ ᠵᠠᠰᠠᠮᠠᠯ ᠵᠠᠮ ᠤᠨ ᠤᠷᠤᠴᠠ ᠳᠠᠬᠢ ᠬᠦᠨᠳᠦ ᠶᠢ ᠨᠢ ᠬᠡᠮᠵᠢᠵᠦ ᠪᠠᠶᠢᠴᠠᠭᠠᠨ | ᠰᠢᠨᠵᠢᠯᠡᠬᠦ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠴᠡᠭ ᠲᠣᠭᠲᠠᠭᠠᠬᠤ ᠪᠠ ᠬᠥᠳᠡᠯᠦᠩᠭᠦᠶ ᠬᠤᠯᠪᠤᠭᠠᠯᠠᠨ ᠬᠠᠤᠯᠢ | ᠬᠡᠷᠡᠭᠵᠢᠭᠦᠯᠬᠦ ᠶᠢ ᠭᠦᠨᠵᠡᠭᠡᠶ ᠠᠬᠢᠭᠤᠯᠪᠠ᠃ 2019 ᠣᠨ ᠤ ᠨᠢᠭᠡᠳᠦᠭᠡᠷ ᠤᠯᠠᠷᠢᠯ ᠳᠤ ᠪᠥᠬᠦ ᠣᠷᠣᠨ ᠤ ᠳᠡᠭᠡᠳᠦ | ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠨᠣᠷᠮ᠎ᠠ 1.40% ᠪᠤᠯᠵᠤ᠂ | 2018 ᠣᠨ ᠤ ᠬᠢ ᠶᠢᠨ ᠪᠥᠬᠦ ᠤᠯᠤᠰ ᠤᠨ ᠠᠷᠤ ᠠᠴᠠ ᠨᠢ ᠲᠣᠭᠠᠯᠠᠭᠠᠳ ᠭᠤᠷᠪᠠᠳᠤᠭᠠᠷ ᠪᠠᠶᠢᠭᠰᠠᠨ ᠠᠴᠠ ᠪᠥᠬᠦ | ᠤᠯᠤᠰ ᠤᠨ ᠳᠤᠮᠳᠠ ᠵᠡᠷᠭᠡ ᠶᠢᠨ ᠬᠢᠷᠢ ᠲᠦᠪᠰᠢᠨ ᠳᠤ ᠰᠢᠬᠠᠨ ᠣᠷᠤᠪᠠ᠃ 2019 ᠣᠨ ᠤ ᠨᠢᠭᠡᠳᠦᠭᠡᠷ | ᠤᠯᠠᠷᠢᠯ ᠳᠤ᠂ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠳᠤ ︽ᠵᠠᠭᠤᠨ ᠲᠣᠨ ᠸᠠᠩ︾ ᠪᠠᠷᠠᠭᠠᠨ ᠤ | ᠲᠡᠷᠭᠡ ᠨᠡᠶᠢᠲᠡ 630 ᠤᠳᠠᠭ᠎ᠠ ᠨᠡᠪᠲᠡᠷᠡᠵᠦ᠂ ︽ᠵᠠᠭᠤᠨ ᠲᠣᠨ ᠸᠠᠩ︾ ᠲᠡᠷᠭᠡ ᠶᠢ ᠦᠨᠳᠦᠰᠦᠨ ᠳᠤ ᠪᠠᠨ | ᠬᠤᠷᠢᠭᠯᠠᠪᠠ᠃ | ᠬᠥᠲᠥᠯᠥᠭᠴᠢ᠄ | ᠠᠵᠢᠯ ᠢ ᠥᠷᠨᠢᠭᠦᠯᠬᠦ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠡᠭᠦᠷᠭᠡ ᠬᠠᠷᠢᠭᠤᠴᠠᠯᠭ᠎ᠠ ᠶᠢ ᠬᠡᠷᠬᠢᠨ ᠲᠣᠳᠣᠷᠬᠠᠶᠢᠯᠠᠬᠤ ᠪᠣᠶ︖ | ᠶᠦᠨ ᠸᠧᠨ ᠵᠢᠩ᠄ | 2018 ᠣᠨ ᠤ 8 ᠳ᠋ᠤᠭᠠᠷ ᠰᠠᠷ᠎ᠠ ᠶᠢᠨ 3 ᠤ ᠡᠳᠦᠷ᠂ ᠲᠦᠩᠯᠢᠶᠣᠤ ᠬᠤᠲᠠ ᠳᠤ ᠪᠥᠬᠦ ᠣᠷᠣᠨ ᠤ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠤᠨ | ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠲᠡᠭᠡᠭᠡᠪᠦᠷᠢ ᠶᠢᠨ ᠲᠡᠷᠭᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠭᠦᠨᠵᠡᠭᠡᠶ ᠦᠷᠨᠢᠭᠦᠯᠦᠨ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠶᠢ ᠲᠤᠲᠤᠷᠬᠠᠶᠢᠯᠠᠵᠤ᠂ ᠠᠶᠢᠮᠠᠭ | ᠬᠤᠲᠠ ᠶᠢᠨ ᠳᠠᠷᠤᠭ᠎ᠠ᠂ ᠬᠤᠰᠢᠭᠤ ᠰᠢᠶᠠᠨ ᠤ ᠳᠠᠷᠤᠭ᠎ᠠ ᠪᠣᠯ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ᠲᠣᠰ ᠬᠠᠷᠢᠶ᠎ᠠ ᠣᠷᠣᠨ ᠤ ᠪᠠᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ︔ ᠵᠠᠮ ᠬᠠᠷᠢᠯᠴᠠᠭ᠎ᠠ ᠲᠡᠭᠡᠭᠡᠪᠦᠷᠢ᠂ | ᠳᠣᠲᠣᠭᠠᠳᠤ ᠶᠢ ᠬᠠᠮᠠᠭᠠᠯᠠᠬᠤ᠂ ᠠᠵᠤ ᠠᠬᠤᠶ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ | ᠬᠢᠨᠠᠯᠲᠠ ᠲᠠᠯᠪᠢᠬᠤ᠂ ᠠᠵᠤ ᠦᠢᠯᠡᠳᠪᠦᠷᠢ ᠬᠤᠳᠠᠯᠳᠤᠭ᠎ᠠ ᠲᠠᠪᠤᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠶᠢ ᠲᠣᠳᠣᠷᠬᠠᠶᠢᠯᠠᠨ᠎ᠠ︔ | ᠡᠯ᠎ᠡ ᠨᠢᠭᠡᠴᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠳᠤᠮᠳᠠᠬᠢ ᠪᠣᠳᠠᠲᠠᠶ | ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠪᠠᠶᠢᠨ᠎ᠠ᠃ | ᠬᠥᠲᠥᠯᠥᠭᠴᠢ᠄ | ᠲᠣᠰ ᠤᠳᠠᠭᠠᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ ᠶᠢᠨ ᠲᠤᠰᠬᠠᠶ | ᠠᠵᠢᠯᠯᠠᠭ᠎ᠠ ᠨᠢ ᠶᠠᠮᠠᠷ ᠦᠷ᠎ᠡ ᠪᠦᠲᠦᠮᠵᠢ ᠲᠠᠢ ᠪᠣᠶ︖ ᠶᠠᠮᠠᠷ ᠬᠠᠷᠠᠯᠲᠠ ᠳᠤ ᠬᠦᠷᠬᠦ ᠪᠣᠢ︖ | ᠶᠦᠨ ᠸᠧᠨ ᠵᠢᠩ᠄ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ ᠶᠢᠨ ᠲᠤᠰᠬᠠᠶ ᠠᠵᠢᠯᠯᠠᠭ᠎ᠠ ᠶᠢ 2018 | ᠣᠨ ᠤ ᠪᠦᠬᠦ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠬᠤᠷᠠᠯ ᠳᠤ | ᠪᠠᠶᠢᠷᠢᠯᠠᠭᠤᠯᠤᠨ ᠦᠷᠨᠢᠭᠦᠯᠵᠦ᠂ 2018 ᠣᠨ ᠤ 9 ᠳ᠋ᠦ᠋ᠭᠡᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ᠪᠦᠬᠦ | ᠣᠷᠣᠨ ᠤ ᠡᠯ᠎ᠡ ᠠᠶᠢᠮᠠᠭ ᠬᠤᠲᠠ ᠳᠤ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠥᠷᠨᠢᠭᠦᠯᠵᠦ᠂ ᠡᠯ᠎ᠡ ᠠᠶᠢᠮᠠᠭ | ᠬᠤᠲᠠ ᠠᠴᠠ ᠬᠠᠷᠢᠶ᠎ᠠ ᠣᠷᠣᠨ ᠳᠠᠬᠢ ᠳᠣᠲᠣᠭᠠᠳᠤ ᠶᠢ ᠬᠠᠮᠠᠭᠠᠯᠠᠬᠤ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠥᠷᠲᠡᠭᠡ ᠳᠤ | ᠲᠦᠰᠢᠭᠯᠡᠨ᠂ ᠬᠠᠤᠯᠢ ᠠᠴᠠ ᠵᠥᠷᠢᠴᠡᠵᠦ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠶᠢ | ᠵᠠᠰᠠᠵᠤ᠂ ᠡᠭᠦᠨ ᠤ ᠬᠠᠮᠲᠤ᠂ ᠪᠠᠷᠠᠭᠠᠨ ᠤ ᠲᠡᠭᠡᠭᠡᠪᠦᠷᠢ ᠶᠢᠨ ᠡᠭᠦᠰᠭᠡᠯ ᠠᠵᠤ ᠠᠬᠤᠶᠢᠯᠠᠯ ᠤᠨ ᠡᠷᠭᠢᠨ ᠲᠣᠭᠤᠷᠢᠨ ᠤ | ᠵᠠᠮ ᠤᠨ ᠬᠡᠰᠡᠭ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠤᠤᠯ ᠪᠣᠯᠬᠤ ᠣᠷᠤᠴᠠ ᠭᠠᠷᠴᠠ ᠵᠢᠴᠢ ᠪᠠᠷᠠᠭᠠᠨ ᠤ | ᠲᠡᠭᠡᠭᠡᠪᠦᠷᠢ ᠶᠢᠨ ᠲᠡᠷᠭᠡ ᠲᠥᠪᠯᠡᠷᠡᠭᠰᠡᠨ ᠵᠠᠮ ᠤᠨ ᠬᠡᠰᠡᠭ ᠲᠤ᠂ ᠬᠦᠳᠡᠯᠦᠩᠭᠦᠢ ᠬᠤᠯᠪᠤᠭᠠᠯᠠᠨ ᠬᠠᠤᠯᠢ ᠬᠡᠷᠡᠭᠵᠢᠭᠦᠯᠬᠦ | ᠠᠵᠢᠯ ᠢ ᠥᠷᠨᠢᠭᠦᠯᠪᠡ᠃ ︽ᠵᠠᠭᠤᠨ ᠲᠣᠨ ᠸᠠᠩ︾ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ | ᠶᠢᠨ ᠲᠡᠷᠭᠡ ᠶᠢᠨ ᠲᠤᠰᠬᠠᠶ ᠴᠡᠭᠴᠡᠯᠡᠬᠦ ᠠᠵᠢᠯ ᠲᠠᠢ ᠤᠶᠠᠯᠳᠤᠭᠤᠯᠤᠨ᠂ ᠵᠠᠮ ᠤᠨ ᠴᠠᠭᠳᠠᠭ᠎ᠠ ᠶᠢᠨ ᠬᠤᠯᠪᠤᠭᠠᠯᠠᠨ | ᠵᠢᠵᠢᠭᠦᠷᠯᠡᠵᠦ ᠬᠤᠯᠪᠤᠭᠠᠯᠠᠨ ᠬᠦᠳᠡᠯᠦᠯᠴᠡᠭᠦ ᠪᠠᠷ ᠳᠠᠮᠵᠢᠨ᠂ ᠬᠠᠤᠯᠢ ᠠᠴᠠ ᠵᠥᠷᠢᠴᠡᠭᠰᠡᠨ ᠲᠡᠭᠡᠭᠡᠪᠦᠷᠢ ᠶᠢᠨ | ᠠᠵᠢᠯᠯᠠᠭ᠎ᠠ ᠶᠢ ᠪᠦᠲᠦᠮᠵᠢᠲᠡᠶ ᠰᠦᠷᠳᠡᠭᠦᠯᠵᠦ᠂ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠶᠢ ᠶᠡᠭᠡ ᠪᠠᠷ | ᠪᠠᠭᠤᠷᠠᠭᠤᠯᠪᠠ᠃ ᠣᠳᠣᠬᠠᠨ ᠳᠤ ᠲᠤᠰᠬᠠᠶ ᠠᠵᠢᠯᠯᠠᠭ᠎ᠠ ᠨᠢ ᠨᠢᠭᠡᠨᠲᠡ ᠪᠠᠶᠢᠩᠭᠤᠵᠢᠭᠤᠯᠬᠤ᠂ ᠳᠦᠷᠢᠮᠵᠢᠭᠦᠯᠬᠦ | ᠠᠵᠢᠯ ᠳᠤ ᠰᠢᠯᠵᠢᠨ ᠣᠷᠤᠵᠤ᠂ ᠮᠠᠨ ᠤ ᠣᠷᠣᠨ ᠨᠢ ︽ᠬᠠᠤᠯᠢ ᠶᠣᠰᠣᠭᠠᠷ ᠴᠢᠩᠭ᠎ᠠ ᠬᠠᠮᠢᠶᠠᠷᠬᠤ᠂ ᠥᠩᠭᠡᠨ ᠲᠠᠯ᠎ᠠ | ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠡᠬᠢ ᠡᠭᠦᠰᠦᠯ ᠳᠤ ᠰᠠᠭᠤᠷᠢᠯᠠᠬᠤ᠂ ᠣᠷᠳᠣ ᠬᠤᠭᠤᠴᠠᠭ᠎ᠠ ᠪᠠᠷ | ᠪᠦᠲᠦᠮᠵᠢᠲᠡᠶ ᠵᠠᠰᠠᠬᠤ︾ ᠵᠠᠷᠴᠢᠮ ᠢ ᠪᠠᠷᠢᠮᠲᠠᠯᠠᠵᠤ᠂ ︽ᠪᠥᠬᠦ ᠣᠷᠣᠨ ᠳᠤ ᠨᠢᠭᠡᠳᠦᠯᠲᠡᠶ ᠤᠳᠤᠷᠢᠳᠬᠤ᠂ ᠣᠷᠣᠨ | ᠨᠤᠲᠤᠭ ᠤᠨ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠠᠴᠠ ᠵᠢᠯᠣᠭᠤᠳᠤᠨ ᠵᠣᠬᠢᠴᠠᠭᠤᠯᠬᠤ᠂ ᠡᠯ᠎ᠡ | ᠲᠠᠯ᠎ᠠ ᠶᠢᠨ ᠬᠢᠨ ᠬᠤᠯᠪᠤᠭᠠᠯᠠᠨ ᠠᠵᠢᠯᠯᠠᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠶ᠂ ᠮᠡᠷᠭᠡᠵᠢᠯ ᠵᠡᠷᠭᠡ ᠠᠷᠭ᠎ᠠ ᠪᠠᠷᠢᠯ ᠢ | ᠶᠡᠷᠦᠩᠬᠡᠶᠢᠯᠡᠨ ᠬᠡᠷᠡᠭᠯᠡᠵᠦ᠂ ᠪᠠᠷᠠᠭᠠᠨ ᠤ ᠲᠡᠷᠭᠡ ᠦᠢᠯᠡᠳᠪᠦᠷᠢᠯᠡᠬᠦ᠂ ᠥᠭᠡᠷᠡᠴᠢᠯᠡᠨ ᠤᠭᠰᠠᠷᠠᠬᠤ᠂ ᠪᠣᠷᠣᠯᠠᠭᠤᠯᠬᠤ ᠪᠠ | ᠵᠠᠮ ᠤᠨ ᠪᠠᠷᠠᠭᠠᠨ ᠤ ᠲᠡᠭᠡᠭᠡᠪᠦᠷᠢ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ | ᠵᠠᠰᠠᠬᠤ ᠪᠠ ᠭᠦᠨᠵᠡᠭᠡᠶ ᠦᠷᠭᠦᠯᠵᠢᠯᠡᠨ ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠪᠠᠬᠢᠵᠢᠭᠦᠯᠬᠦ | ᠂ ᠵᠠᠰᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠢᠯᠡᠷᠬᠡᠶ ᠳᠡᠭᠡᠭᠰᠢᠯᠡᠭᠦᠯᠦᠨ᠂ ᠪᠠᠷᠠᠭᠠᠨ ᠤ ᠲᠡᠭᠡᠭᠡᠪᠦᠷᠢ ᠶᠢᠨ ᠵᠠᠬ᠎ᠠ | ᠳᠡᠯᠭᠡᠭᠦᠷ ᠤᠨ ᠣᠷᠴᠢᠨ ᠨᠦᠬᠦᠴᠡᠯ ᠢ ᠨᠡᠩ ᠡᠮᠬᠢ ᠵᠢᠷᠤᠮ ᠲᠠᠢ ᠪᠣᠯᠭᠠᠵᠤ᠂ ᠵᠠᠮ ᠤᠨ ᠠᠮᠤᠷ ᠲᠦᠪᠰᠢᠨ ᠤ | ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ | ᠬᠥᠲᠥᠯᠥᠭᠴᠢ᠄ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠳᠤᠮᠳᠠ᠂ ᠵᠠᠮ ᠤᠨ ᠴᠠᠭᠳᠠᠭ᠎ᠠ ᠶᠢᠨ | ᠬᠤᠯᠪᠤᠭᠠᠯᠠᠨ ᠬᠠᠤᠯᠢ ᠬᠡᠷᠡᠭᠵᠢᠭᠦᠯᠬᠦ ᠨᠢ ᠨᠢᠭᠡᠨᠲᠡ ᠪᠠᠶᠢᠩᠭᠤᠵᠢᠵᠤ᠂ ᠥᠪᠡᠷᠲᠡᠭᠡᠨ ᠵᠠᠰᠠᠬᠤ ᠣᠷᠣᠨ ᠤ ᠵᠠᠮ ᠤᠨ | ᠴᠠᠭᠳᠠᠭ᠎ᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭ᠌ᠰᠠᠨ ᠢ ᠬᠤᠯᠪᠤᠭᠠᠯᠠᠨ ᠵᠠᠰᠠᠬᠤ ᠠᠵᠢᠯ ᠤᠨ ᠲᠣᠭᠲᠠᠴᠠ ᠨᠢ | ᠶᠠᠭᠤ ᠪᠣᠶ︖ ᠦᠷ᠎ᠡ ᠳ᠋ᠦᠩ ᠨᠢ ᠶᠠᠮᠠᠷ ᠵᠡᠷᠭᠡ ᠪᠤᠢ︖ | ᠶᠦᠨ ᠸᠧᠨ ᠵᠢᠩ᠄ | ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠦᠰᠭᠡ ᠶᠢᠨ ᠶᠠᠪᠤᠬᠤ ᠵᠠᠰᠠᠮᠠᠯ | ᠵᠠᠮ ᠤᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2016 ᠣᠨ ᠤ | 62 ᠳ᠋ᠤᠭᠠᠷ ᠲᠣᠭᠠᠲᠤ ᠵᠠᠷᠯᠢᠭ︶ ᠢ 2016 ᠣᠨ ᠤ 8 ᠳ᠋ᠤᠭᠠᠷ ᠰᠠᠷ᠎ᠠ ᠶᠢᠨ 18 ᠤ ᠡᠳᠦᠷ 18 ᠳ᠋ᠤᠭᠠᠷ | ᠤᠳᠠᠭᠠᠨ ᠤ ᠶᠠᠮᠤᠨ ᠤ ᠶᠠᠪᠤᠳᠠᠯ ᠤᠨ ᠬᠤᠷᠠᠯ ᠢᠶᠠᠷ ᠳᠠᠮᠵᠢᠭᠤᠯᠤᠨ ᠪᠠᠲᠤᠯᠠᠵᠤ᠂ 2016 ᠣᠨ ᠤ 9 ᠳ᠋ᠦ᠋ᠭᠡᠷ | ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠪᠡ᠂ ᠰᠢᠨ᠎ᠡ ᠲᠣᠭᠲᠠᠭᠠᠯ ᠳᠤ ᠵᠠᠮ ᠬᠠᠷᠢᠯᠴᠠᠭ᠎ᠠ ᠲᠡᠭᠡᠭᠡᠪᠦᠷᠢ᠂ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ 2018 ᠣᠨ ᠤ 8 | ᠳ᠋ᠤᠭᠠᠷ ᠰᠠᠷ᠎ᠠ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠠᠴᠠ | ᠬᠤᠯᠪᠣᠭᠠᠯᠠᠨ ︽ᠵᠠᠰᠠᠮᠠᠯ ᠵᠠᠮ ᠤᠨ ᠪᠠᠷᠠᠭᠠᠨ ᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ | ᠠᠵᠢᠯᠯᠠᠭ᠎ᠠ ᠶᠢ ᠴᠡᠭᠴᠡᠯᠡᠨ ᠵᠠᠰᠠᠬᠤ ᠲᠣᠰᠬᠠᠢ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ | ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ᠲᠠᠷᠬᠠᠭᠠᠭᠰᠠᠨ ︹ 2016 ︺ 109 | ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 2016 ᠤᠨ ᠤ 8 ᠳ᠋ᠤᠭᠠᠷ ᠰᠠᠷ᠎ᠠ ᠶᠢᠨ 18 ᠤ ᠡᠳᠦᠷ ᠠᠴᠠ | 2017 ᠤᠨ ᠤ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡ ᠵᠢᠯ ᠤᠨ ᠬᠤᠭᠤᠴᠠᠭ᠎ᠠ ᠲᠠᠢ ᠵᠠᠮ ᠤᠨ | ᠴᠠᠭᠳᠠᠭ᠎ᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠶᠢ | ᠱᠠᠭᠠᠷᠳᠠᠵᠤ᠂ ᠪᠠᠷᠠᠭᠠᠨ ᠤ ᠲᠡᠷᠭᠡ ᠶᠢᠨ ᠶᠡᠷᠦᠩᠬᠡᠶ ᠬᠦᠨᠳᠦ ᠨᠢ ᠲᠣᠭᠲᠠᠭᠠᠭᠰᠠᠨ ᠬᠡᠮᠵᠢᠶ᠎ᠡ ᠠᠴᠠ ᠬᠡᠲᠦᠷᠡᠭᠦᠯᠦᠭᠰᠡᠨ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠲᠤᠳᠤᠷᠬᠠᠶᠢᠯᠠᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠢᠳᠭᠡᠨ ᠲᠣᠷᠭᠠᠵᠤ᠂ ᠵᠠᠮ ᠤᠨ ᠶᠠᠪᠤᠳᠠᠯ ᠤᠨ ᠰᠠᠯᠠᠭ᠎ᠠ ᠮᠥᠴᠢᠷ ᠠᠴᠠ | ᠬᠢᠨᠠᠯᠲᠠ ᠲᠠᠯᠪᠢᠨ ᠠᠴᠢᠶ᠎ᠠ ᠶᠢ ᠨᠢ ᠪᠠᠭᠤᠯᠭᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠦᠭᠡᠶᠢᠰᠭᠡᠨ᠎ᠡ᠃ ᠲᠤᠰᠬᠠᠶ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠶᠠᠷ ᠶᠠᠮᠤᠨ ᠬᠠᠮᠲᠤ ᠪᠠᠷ ︽ᠵᠠᠰᠠᠮᠠᠯ | ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠦᠯ ᠢ ᠵᠢᠷᠤᠮᠵᠢᠭᠤᠯᠬᠤ ᠲᠤᠬᠠᠶ ᠵᠠᠮ ᠲᠡᠭᠡᠭᠡᠪᠦᠷᠢ ᠶᠢᠨ | ᠶᠠᠮᠤᠨ ᠤ ᠠᠯᠪᠠᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ | ᠬᠠᠷᠢᠯᠴᠠᠭ᠎ᠠ ᠠᠯᠪᠠᠨ ᠵᠠᠰᠠᠮᠠᠯ ᠵᠠᠮ ︹ 2017 ︺130 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | 2017 ᠣᠨ ᠤ 9 ᠳ᠋ᠦ᠋ᠭᠡᠷ ᠰᠠᠷ᠎ᠠ ᠠᠴᠠ 2017 ᠣᠨ ᠤ 12 ᠳ᠋ᠤᠭᠠᠷ ᠰᠠᠷ᠎ᠠ ᠪᠣᠯᠲᠠᠯ᠎ᠠ 4 ᠰᠠᠷ᠎ᠠ ᠶᠢᠨ | ᠬᠤᠭᠤᠴᠠᠭ᠎ᠠ ᠲᠠᠢ ᠵᠠᠮ ᠤᠨ ᠴᠠᠭᠳᠠᠭ᠎ᠠ ᠶᠢᠨ ᠬᠤᠯᠪᠤᠭᠠᠯᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠬᠤ | ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠵᠤ᠂ ᠵᠠᠮ ᠤᠨ ᠴᠠᠭᠳᠠᠭ᠎ᠠ ᠶᠢᠨ ᠭᠤᠯᠪᠤᠭᠠᠯᠠᠨ ᠬᠠᠤᠯᠢ | ᠬᠡᠷᠡᠭᠵᠢᠭᠦᠯᠬᠦ ᠳᠤᠮᠳᠠᠬᠢ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ︔ 2017 ᠣᠨ ᠤ 11 | ᠳ᠋ᠦ᠋ᠭᠡᠷ ᠰᠠᠷ᠎ᠠ ᠳᠤ᠂ ᠬᠤᠶᠠᠷ ᠶᠠᠮᠤᠨ ᠠᠴᠠ ︽ᠲᠡᠷᠭᠡ ᠬᠦᠰᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠵᠠᠰᠠᠬᠤ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠬᠤ ᠳᠦᠷᠢᠮᠵᠢᠭᠦᠯᠬᠦ ᠠᠵᠢᠯ ᠤᠨ ᠲᠤᠬᠠᠶ ᠵᠠᠮ | ᠬᠠᠷᠢᠴᠠᠭ᠎ᠠ ᠲᠡᠭᠡᠭᠡᠪᠦᠷᠢ ᠶᠢᠨ ᠶᠠᠮᠤᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠬᠡᠷᠡᠭᠵᠢᠭᠦᠯᠬᠦ ᠰᠠᠨᠠᠯ ︵ᠲᠤᠷᠰᠢᠨ | ᠬᠡᠷᠡᠭᠵᠢᠭᠦᠯᠬᠦ︶︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ ︹ 2017 ︺ 173 ᠳ᠋ᠤᠭᠠᠷ ᠲᠣᠭᠠᠲᠤ︶ | ᠢ ᠬᠠᠮᠲᠤ ᠪᠠᠷ ᠳᠠᠷᠤᠮᠠᠯᠯᠠᠨ ᠲᠠᠷᠬᠠᠭᠠᠵᠤ᠂ ᠵᠠᠮ ᠤᠨ ᠴᠠᠭᠳᠠᠭ᠎ᠠ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠬᠤᠯᠪᠤᠭᠠᠯᠠᠨ ᠵᠠᠰᠠᠬᠤ ᠠᠵᠢᠯ ᠪᠠᠶᠢᠩᠭᠤᠵᠢᠭᠰᠠᠨ ᠱᠠᠲᠤᠨ ᠳᠤ ᠣᠷᠣᠪᠠ᠃ ᠣᠳᠣᠬᠠᠨ ᠳᠤ | ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠴᠥᠬᠦᠷᠡᠰᠢ | ᠦᠭᠡᠢ ᠴᠢᠷᠮᠠᠶᠢᠯᠭ᠎ᠠ᠂ ᠢᠳᠡᠪᠬᠢᠲᠡᠶ ᠪᠠᠷ ᠵᠦᠪᠲᠡᠯᠴᠡᠬᠦ ᠪᠠᠷ ᠳᠠᠮᠵᠢᠭᠤᠯᠤᠨ᠂ ᠨᠢᠭᠡᠨᠲᠡ ᠵᠠᠮ ᠤᠨ ᠴᠠᠭᠳᠠᠭ᠎ᠠ ᠶᠢᠨ | ᠬᠤᠯᠪᠤᠭᠠᠯᠠᠨ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠮ ᠤᠨ ᠴᠠᠭᠳᠠᠭ᠎ᠠ ᠶᠢᠨ ᠴᠡᠭ | ᠲᠣᠭᠲᠠᠭᠠᠨ ᠬᠤᠯᠪᠤᠭᠠᠯᠠᠬᠤ ᠡᠷᠴᠢᠮ ᠢ ᠴᠢᠩᠭᠠᠳᠬᠠᠵᠤ᠂ ᠬᠦᠳᠡᠯᠦᠩᠭᠦᠢ ᠬᠠᠤᠯᠢ ᠬᠡᠷᠡᠭᠵᠢᠭᠦᠯᠦᠯᠲᠡ ᠶᠢ | ᠴᠢᠩᠭᠠᠷᠠᠭᠤᠯᠬᠤ ᠪᠠᠷ ᠳᠠᠮᠵᠢᠨ᠂ ᠢᠯᠡᠳᠲᠡ ᠦᠷ᠎ᠡ ᠳ᠋ᠦᠩ ᠣᠯᠵᠤ᠂ ᠣᠨᠴᠠᠭᠠᠶᠢᠯᠠᠨ ᠭᠤᠤᠯᠳᠠᠭᠤ G6 | ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G55 ᠡᠷᠢᠶᠡᠨ ᠠᠴᠠ ᠭᠤᠸᠠᠩᠵᠸᠦ | ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G65 ᠪᠤᠭᠤᠲᠤ ᠠᠴᠠ ᠮᠣᠤᠮᠢᠩ ᠬᠦᠷᠲᠡᠯᠡᠬᠢ ᠳᠡᠭᠡᠳᠦ | ᠬᠤᠷᠲᠤ ᠶᠢᠨ ᠵᠠᠰᠠᠮᠠᠯ ᠵᠠᠮ ᠵᠡᠷᠭᠡ ᠴᠢᠬᠤᠯᠠ ᠳᠡᠭᠡᠳᠦ ᠬᠤᠷᠲᠤ ᠶᠢᠨ ᠵᠠᠰᠠᠮᠠᠯ ᠵᠠᠮ ᠤᠨ ᠭᠠᠷᠴᠠ ᠣᠷᠤᠴᠠ ᠳᠤ | ᠴᠢᠭᠯᠡᠭᠦᠯᠦᠨ᠂ ᠬᠤᠪᠢ ᠪᠤᠳᠤᠬᠤ᠂ ᠵᠣᠭᠤᠰ ᠢᠶᠠᠷ ᠲᠣᠷᠭᠠᠬᠤ᠂ ᠠᠴᠢᠶ᠎ᠠ ᠪᠠᠭᠤᠯᠭᠠᠬᠤ ᠵᠡᠷᠭᠡ ᠠᠷᠭ᠎ᠠ ᠪᠠᠷᠢᠯ ᠢ | ᠬᠡᠷᠡᠭᠵᠢᠭᠦᠯᠵᠦ᠂ ᠬᠠᠤᠯᠢ ᠠᠴᠠ ᠵᠦᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ | ᠢᠯᠡᠷᠡᠪᠡᠯ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢ ᠪᠠᠶᠢᠴᠠᠭᠠᠨ ᠰᠢᠨᠵᠢᠯᠡᠬᠦ ᠥᠷᠲᠡᠭᠡ ︵ | ᠴᠡᠭ︶ ᠪᠤᠶᠤ ᠵᠠᠮ ᠬᠠᠷᠢᠯᠴᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠬᠠᠤᠯᠢ | ᠬᠡᠷᠡᠭᠵᠢᠭᠦᠯᠬᠦ ᠲᠠᠯᠠᠪᠤᠷ ᠭᠠᠵᠠᠷ ᠲᠤ ᠴᠠᠭ ᠲᠤᠬᠠᠶ ᠳᠤ ᠨᠢ ᠬᠥᠲᠥᠯᠦᠨ ᠵᠢᠯᠣᠭᠤᠳᠴᠤ ᠪᠠᠶᠢᠭᠠᠳ ᠰᠢᠢᠳᠪᠦᠷᠢᠯᠡᠵᠦ᠂ | ᠬᠠᠤᠯᠢ ᠠᠴᠠ ᠵᠦᠷᠢᠴᠡᠵᠦ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠦᠢᠯᠡ ᠠᠵᠢᠯᠯᠠᠭ᠎ᠠ ᠶᠢ | ᠪᠦᠲᠦᠮᠵᠢᠲᠡᠶ ᠵᠠᠰᠠᠪᠠ᠃ 2018 ᠣᠨ ᠤ 8 — 12 ᠳ᠋ᠤᠭᠠᠷ ᠰᠠᠷ᠎ᠠ ᠳᠤ᠂ G6 ᠪᠡᠭᠡᠵᠢᠩ ᠠᠴᠠ ᠲᠥᠪᠡᠳ | ᠬᠦᠷᠲᠡᠯᠡᠬᠢ ᠳᠡᠭᠡᠳᠦ ᠬᠤᠷᠲᠤ ᠶᠢᠨ ᠵᠠᠰᠠᠮᠠᠯ ᠵᠠᠮ ᠢᠶᠠᠷ ᠨᠡᠪᠲᠡᠷᠡᠬᠦ ᠪᠠᠷᠠᠭᠠᠨ ᠤ ᠲᠡᠷᠭᠡ 508 ᠲᠦᠮᠡ᠂ | ᠬᠡᠮᠵᠢᠶ᠎ᠡ ᠠᠴᠠ ᠬᠡᠲᠦᠷᠡᠭᠦᠯᠦᠨᠰᠡᠨ ᠨᠣᠷᠮ᠎ᠠ ᠨᠢ 16.00% ᠪᠠᠶᠢᠭᠰᠠᠨ ᠠᠴᠠ ᠪᠠᠨ 6.18% ᠪᠣᠯᠲᠠᠯ᠎ᠠ ᠪᠠᠭᠤᠷᠠᠪᠠ | ︔ G55 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ | ᠪᠠᠷᠠᠭᠠᠨ ᠤ ᠲᠡᠷᠭᠡ 39.4 ᠲᠦᠮᠡ ᠪᠠᠶᠢᠵᠤ᠂ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠨᠢ 11.67% | ᠪᠠᠶᠢᠭᠰᠠᠨ ᠠᠴᠠ ᠪᠠᠨ 3.94% ᠪᠣᠯᠲᠠᠯ᠎ᠠ ᠪᠠᠭᠤᠷᠠᠪᠠ︔ G65 ᠪᠤᠭᠤᠲᠤ ᠠᠴᠠ ᠮᠣᠤᠮᠢᠩ ᠬᠦᠷᠲᠡᠯᠡᠬᠢ ᠳᠡᠭᠡᠳᠦ | ᠬᠤᠷᠲᠤ ᠶᠢᠨ ᠵᠠᠰᠠᠮᠠᠯ ᠵᠠᠮ ᠢᠶᠠᠷ ᠨᠡᠪᠲᠡᠷᠡᠬᠦ ᠪᠠᠷᠠᠭᠠᠨ ᠤ ᠲᠡᠷᠭᠡ 94.4 ᠲᠦᠮᠡ ᠪᠠᠶᠢᠵᠤ᠂ ᠬᠡᠮᠵᠢᠶ᠎ᠡ ᠠᠴᠠ | ᠬᠡᠲᠦᠷᠡᠭᠦᠯᠦᠭᠰᠡᠨ ᠨᠣᠷᠮ᠎ᠠ ᠨᠢ 2.76% ᠪᠠᠶᠢᠭᠰᠠᠨ ᠠᠴᠠ ᠪᠠᠨ 1.40% ᠪᠣᠯᠲᠠᠯ᠎ᠠ ᠪᠠᠭᠤᠷᠠᠵᠤ᠂ ᠬᠦᠲᠡᠯᠦᠩᠭᠦᠢ | ᠬᠤᠯᠪᠣᠭᠠᠯᠠᠨ ᠬᠠᠤᠯᠢ ᠬᠡᠷᠡᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠬᠥᠲᠥᠯᠥᠭᠴᠢ᠄ | ᠳᠡᠭᠡᠳᠦ ᠬᠤᠷᠲᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ | ᠲᠠᠯ᠎ᠠ ᠶᠢᠨ ᠠᠵᠢᠯ ᠢ ᠬᠡᠷᠬᠢᠨ ᠪᠠᠶᠢᠩᠭᠤᠵᠢᠭᠤᠯᠬᠤ ᠪᠤᠢ︖ | ᠶᠦᠨ ᠸᠧᠨ ᠵᠢᠩ ᠄ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ 2019 ᠣᠨ ᠤ ᠡᠴᠦᠰ ᠲᠤ | ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠣᠷᠦᠴᠠ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠣᠳᠤᠬᠠᠨ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 238 ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ | ᠬᠤᠷᠢᠶᠠᠬᠤ ᠥᠷᠲᠡᠭᠡ ᠲᠣᠲᠤᠷ᠎ᠠ᠂ 123 ᠨᠢ ᠨᠢᠭᠡᠨᠲᠡ ᠣᠷᠤᠴᠠ ᠳᠠᠬᠢ ᠬᠦᠨᠳᠦ ᠶᠢ ᠨᠢ ᠬᠡᠮᠵᠢᠵᠦ ᠪᠠᠶᠢᠴᠠᠭᠠᠨ | ᠰᠢᠨᠵᠢᠯᠡᠬᠦ ᠶᠢ ᠦᠷᠨᠢᠭᠦᠯᠵᠤ᠂ ᠪᠦᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ | ᠥᠷᠲᠡᠭᠡᠨ ᠤ 51.7% ᠶᠢ ᠡᠵᠡᠯᠡᠵᠦ᠂ 2018 ᠣᠨ ᠳᠤ ᠣᠷᠤᠴᠠ ᠳᠠᠬᠢ ᠬᠦᠨᠳᠦ ᠶᠢ ᠨᠢ ᠬᠡᠮᠵᠢᠵᠦ ᠪᠠᠶᠢᠴᠠᠭᠠᠨ | ᠰᠢᠨᠵᠢᠯᠡᠬᠦ ᠲᠥᠬᠦᠭᠡᠷᠦᠮᠵᠢ ᠤᠭᠰᠠᠷᠠᠭᠰᠠᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ | ᠥᠷᠲᠡᠭᠡ ᠨᠢ 33 ᠰᠢᠨ᠎ᠡ ᠪᠠᠷ ᠨᠡᠮᠡᠭᠳᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠢ ᠪᠠᠷᠤᠭ 500 ᠺᠢᠯᠣᠮᠧᠲᠷ | ᠪᠦᠷᠬᠦᠭᠦᠯᠪᠠ᠃ ᠣᠷᠦᠴᠠ ᠳᠠᠬᠢ ᠬᠦᠨᠳᠦ ᠶᠢ ᠨᠢ ᠬᠡᠮᠵᠢᠵᠤ ᠪᠠᠶᠢᠴᠠᠭᠠᠨ ᠰᠢᠨᠵᠢᠯᠡᠬᠦ ᠬᠠᠮᠢᠶᠠᠷᠤᠯᠲᠠ ᠬᠢᠬᠦ ᠪᠠᠷ | ᠳᠠᠮᠵᠢᠭᠤᠯᠤᠨ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠡᠭᠠᠨ ᠤ ᠲᠡᠭᠡᠭᠡᠪᠦᠷᠢ ᠶᠢᠨ ᠲᠡᠷᠭᠡ ᠬᠦᠰᠭᠡ ᠶᠢ | ᠳᠡᠭᠡᠳᠦ ᠬᠤᠷᠳᠤ ᠶᠢᠨ ᠵᠠᠰᠠᠮᠠᠯ ᠵᠠᠮ ᠳᠤ ᠣᠷᠣᠬᠤ ᠶᠢ ᠴᠢᠩᠭ᠎ᠠ ᠴᠠᠭᠠᠵᠠᠯᠠᠵᠤ᠂ ᠵᠠᠮ ᠤᠨ ᠬᠡᠰᠡᠭ ᠤᠨ ᠬᠡᠮᠵᠢᠶ᠎ᠡ ᠠᠴᠠ | ᠬᠡᠲᠦᠷᠡᠭᠦᠯᠦᠭᠰᠡᠨ ᠨᠣᠷᠮ᠎ᠠ ᠶᠢ ᠪᠦᠲᠦᠮᠵᠢᠲᠡᠶ ᠪᠠᠭᠤᠷᠠᠭᠤᠯᠪᠠ᠃ ᠡᠭᠦᠨ ᠳᠤ᠂ G18 ᠷᠦᠩᠴᠧᠩ ᠠᠴᠠ ᠦᠬᠠᠢ | ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠨᠢ 2018 | ᠣᠨ ᠤ 8 ᠳ᠋ᠤᠭᠠᠷ ᠰᠠᠷ᠎ᠠ ᠶᠢᠨ 15.20% ᠪᠠᠶᠢᠭᠰᠠᠨ ᠠᠴᠠ ᠪᠠᠨ ᠪᠠᠭᠤᠷᠠᠭᠠᠳ 12 ᠳ᠋ᠤᠭᠠᠷ ᠰᠠᠷ᠎ᠠ ᠶᠢᠨ 4. | 69% ᠪᠣᠯᠵᠣ᠂ S31 ᠬᠥᠬᠡᠬᠤᠲᠠ ᠠᠴᠠ ᠳ᠋ᠠᠨᠳᠦ᠋ᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ | ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠨᠢ 2018 ᠣᠨ ᠤ 8 ᠳ᠋ᠤᠭᠠᠷ ᠰᠠᠷ᠎ᠠ ᠶᠢᠨ 16.12% | ᠪᠠᠶᠢᠭᠰᠠᠨ ᠠᠴᠠ ᠪᠠᠨ ᠪᠠᠭᠤᠷᠠᠭᠠᠳ 12 ᠳ᠋ᠤᠭᠠᠷ ᠰᠠᠷ᠎ᠠ ᠶᠢᠨ 9.66% ᠪᠣᠯᠪᠠ᠃ ᠵᠢᠱᠢᠯᠲᠡ ᠪᠠᠷ ᠵᠢᠯ ᠤᠨ | ᠰᠡᠭᠦᠯᠴᠢ ᠠᠴᠠ ᠡᠮᠦᠨ᠎ᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠤᠷᠤᠴᠠ ᠳᠠᠬᠢ ᠬᠦᠨᠳᠦ ᠶᠢ ᠨᠢ ᠬᠡᠮᠵᠢᠵᠦ | ᠪᠠᠶᠢᠴᠠᠭᠠᠨ ᠰᠢᠨᠵᠢᠯᠡᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠲᠡᠷᠡ ᠦᠶ᠎ᠡ ᠳᠤ ᠮᠠᠨ ᠤ ᠣᠷᠣᠨ ᠤ ᠳᠡᠭᠡᠳᠦ | ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠢᠷᠢ ᠲᠦᠪᠰᠢᠨ ᠶᠢ | ᠲᠦᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ | ᠬᠥᠲᠥᠯᠥᠭᠴᠢ᠄ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠣᠯᠬᠤᠷ | ᠵᠥᠪ ᠲᠠᠯ᠎ᠠ ᠶᠢᠨ ᠤᠬᠠᠭᠤᠯᠭ᠎ᠠ ᠪᠠ ᠬᠥᠲᠥᠯᠥᠨ ᠵᠢᠯᠣᠭᠤᠳᠬᠤ ᠴᠢᠬᠤᠯᠠᠲᠠᠶ ᠪᠠᠶᠢᠵᠤ᠂ ᠥᠪᠡᠷᠲᠡᠭᠡᠨ ᠵᠠᠰᠠᠬᠤ | ᠣᠷᠣᠨ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠤᠬᠠᠭᠤᠯᠭ᠎ᠠ ᠶᠢᠨ ᠲᠠᠯ᠎ᠠ ᠪᠠᠷ ᠶᠠᠮᠠᠷ ᠶᠠᠮᠠᠷ | ᠠᠵᠢᠯ ᠥᠷᠨᠢᠭᠦᠯᠦᠭᠰᠡᠨ ᠪᠣᠶ︖ | ᠶᠦᠨ ᠸᠧᠨ ᠵᠢᠩ᠄ | ᠵᠢᠯ ᠪᠦᠷᠢ ᠨᠢᠭᠡ ᠤᠳᠠᠭᠠᠨ ᠤ ᠪᠦᠬᠦ ᠤᠯᠤᠰ ᠤᠨ ᠵᠠᠮ ᠤᠨ ᠶᠠᠪᠤᠳᠠᠯ ᠤᠨ ᠤᠬᠠᠭᠤᠯᠭ᠎ᠠ ᠶᠢᠨ ᠰᠠᠷ᠎ᠠ ᠶᠢᠨ | ᠠᠵᠢᠯᠯᠠᠭ᠎ᠠ ᠲᠠᠢ ᠤᠶᠠᠯᠳᠤᠭᠤᠯᠤᠨ᠂ ᠰᠦᠢᠳᠭᠡᠯ ᠬᠤᠷᠢᠶᠠᠬᠤ ᠥᠷᠲᠡᠭᠡ᠂ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠦᠷᠲᠡᠭᠡᠨ ᠴᠡᠭ᠂ ᠳᠡᠭᠡᠳᠦ ᠬᠤᠷᠲᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ᠂ ᠭᠤᠤᠯᠳᠠᠯᠭ᠎ᠠ ᠲᠠᠢ ᠪᠠᠷᠠᠭ᠎ᠠ ᠶᠢᠨ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠵᠡᠷᠭᠡ ᠲᠠᠯᠠᠪᠤᠷ | ᠭᠠᠵᠠᠷ ᠲᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠬᠠᠮᠢᠶ᠎ᠠ ᠪᠦᠬᠦᠢ ᠮᠠᠲ᠋ᠧᠷᠢᠶᠠᠯ ᠢ | ᠶᠡᠭᠡ ᠬᠡᠪᠴᠢᠶ᠎ᠡ ᠪᠠᠷ ᠳᠡᠯᠭᠡᠷᠡᠭᠦᠯᠦᠨ ᠨᠠᠭᠠᠯᠳᠤᠭᠤᠯᠵᠤ ᠲᠠᠷᠬᠠᠭᠠᠨ᠂ ᠠᠵᠤ ᠠᠬᠤᠶᠢᠯᠠᠯ᠂ ᠲᠡᠷᠭᠡᠨ ᠤ ᠡᠵᠡᠨ ᠤ | ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠥᠷᠭᠡᠨ ᠭᠦᠨᠵᠡᠭᠡᠶ ᠤᠬᠠᠭᠤᠯᠭ᠎ᠠ ᠬᠢᠵᠦ᠂ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠡᠯᠡᠭᠰᠡᠨ ᠬᠤᠤᠷ ᠬᠦᠨᠦᠭᠡᠯᠳᠤ | ᠴᠢᠨᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠬᠠᠤᠯᠢ | ᠪᠤᠰᠤ ᠪᠠᠷ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠡᠯᠡᠭᠰᠡᠨ ᠢ ᠡᠰᠡᠷᠭᠦᠴᠡᠨ ᠬᠤᠷᠢᠭᠯᠠᠬᠤ ᠨᠡᠶᠢᠭᠡᠮ ᠤᠨ ᠶᠠᠷᠢᠶ᠎ᠠ | ᠬᠡᠯᠡᠯᠴᠡᠭᠡ ᠶᠢ ᠪᠤᠢ ᠪᠣᠯᠭᠠᠪᠠ᠃ ᠣᠨᠴᠠᠭᠠᠶᠢᠯᠠᠨ 2018 ᠤᠨ 9 ᠳ᠋ᠦ᠋ᠭᠡᠷ ᠰᠠᠷ᠎ᠠ ᠶᠢᠨ 29 ᠤ ᠡᠳᠦᠷ᠂ ᠥᠪᠥᠷ | ᠮᠣᠩᠭᠤᠯ ᠤᠨ ᠲᠧᠯᠸᠢᠰ ᠬᠤᠷᠢᠶᠠᠨ ᠤ ᠰᠣᠨᠢᠨ ᠮᠡᠳᠡᠭᠡᠨ ᠤ ᠪᠤᠯᠤᠩ ᠤᠨ ᠳᠤᠭᠤᠶᠢᠯᠠᠩ ᠠᠴᠠ ᠵᠠᠮ ᠤᠨ ᠶᠠᠪᠤᠳᠠᠯ ᠤᠨ | ᠶᠡᠷᠦᠩᠬᠡᠢ ᠠᠩᠭᠢ ᠶᠢᠨ ᠰᠢᠭᠤᠳ ᠬᠠᠷᠢᠶ᠎ᠠ ᠰᠠᠯᠪᠤᠷᠢ ᠠᠩᠭᠢ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ 9 | ᠳ᠋ᠦ᠋ᠭᠡᠷ ᠰᠠᠷ᠎ᠠ ᠶᠢᠨ 30 ᠤ ᠦᠳᠡ ᠶᠢᠨ ᠡᠮᠦᠨ᠎ᠡ ᠠᠬᠤᠶ ᠲᠠᠯᠠᠪᠠᠶ ᠶᠢᠨ ᠰᠤᠷᠪᠤᠯᠵᠢᠯᠠᠭ᠎ᠠ ᠬᠢᠵᠦ᠂ ᠲᠤᠰ ᠡᠳᠦᠷ ᠤᠨ | ︽ᠦᠳᠡ ᠶᠢᠨ ᠰᠣᠨᠢᠨ ᠮᠡᠳᠡᠭᠡ︾ ᠪᠣᠯᠤᠨ 10 ᠳ᠋ᠤᠭᠠᠷ ᠰᠠᠷ᠎ᠠ ᠶᠢᠨ 6 ᠤ ᠡᠳᠦᠷ ᠤᠨ ︽ᠡᠳᠦᠷ ᠪᠦᠷᠢ ᠶᠢᠨ | ᠰᠣᠨᠢᠨ ᠮᠡᠳᠡᠭᠡ︾ ᠭᠡᠬᠦ ᠫᠷᠤᠭ᠍ᠷᠠᠮ ᠳᠤ ᠲᠤᠰ ᠲᠤᠰ ᠲᠤ ᠨᠢ ᠮᠡᠳᠡᠭᠡᠯᠡᠯ ᠬᠢᠪᠡ᠃ 10 ᠳ᠋ᠤᠭᠠᠷ ᠰᠠᠷ᠎ᠠ ᠶᠢᠨ 17 ᠤ | ᠡᠳᠦᠷ᠂ ᠵᠠᠮ ᠬᠠᠷᠢᠯᠴᠠᠭᠠᠨ ᠤ ᠶᠡᠷᠦᠩᠬᠡᠶ ᠠᠩᠭᠢ ᠶᠢᠨ ᠰᠢᠭᠤᠳ ᠬᠠᠷᠢᠶ᠎ᠠ ᠰᠠᠯᠪᠤᠷᠢ ᠠᠩᠭᠢ ᠶᠢᠨ ᠳᠠᠷᠤᠭ᠎ᠠ ᠨᠢ | FM105.6 ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠬᠦᠷᠴᠦ᠂ | ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ︾᠂ ᠬᠡᠮᠵᠢᠶ᠎ᠡ ᠠᠴᠠ ᠬᠡᠲᠦᠷᠡᠭᠦᠯᠦᠭᠰᠡᠨ | ᠲᠡᠷᠭᠡ ᠬᠥᠰᠬᠡ ᠶᠢᠨ ᠬᠤᠤᠷ ᠬᠥᠨᠥᠭᠡᠯ᠂ ︽ᠨᠢᠭᠡ ᠶᠢ ᠬᠡᠲᠦᠷᠡᠭᠦᠯᠪᠡᠯ ᠳᠦᠷᠪᠡ ᠪᠠᠷ ᠲᠤᠷᠭᠠᠬᠤ︾ ᠵᠡᠷᠭᠡ ᠬᠠᠮᠢᠶ᠎ᠠ | ᠪᠦᠬᠦᠢ ᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠬᠦ ᠲᠤᠬᠠᠶ ᠲᠠᠶᠢᠯᠤᠮᠵᠢ ᠬᠢᠵᠤ᠂ ᠰᠣᠨᠣᠰᠤᠭᠴᠢᠳ ᠤᠨ ᠠᠩᠬᠠᠷᠴᠤ | ᠪᠠᠶᠢᠭ᠎ᠠ ᠵᠠᠮ ᠤᠨ ᠶᠠᠪᠤᠳᠠᠯ ᠤᠨ ᠲᠤᠬᠠᠶᠢᠯᠠᠭᠰᠠᠨ ᠠᠵᠢᠯ ᠳᠤ ᠬᠤᠯᠪᠣᠭᠳᠠᠬᠤ ᠠᠰᠠᠭᠤᠳᠠᠯ ᠢ ᠨᠠᠷᠢᠨ ᠨᠢᠮᠪᠠᠶ | ᠬᠠᠷᠢᠭᠤᠯᠪᠠ᠃ 11 ᠳ᠋ᠦ᠋ᠭᠡᠷ ᠰᠠᠷ᠎ᠠ ᠶᠢᠨ 1 ᠤ ᠡᠳᠦᠷ᠂ ᠵᠠᠮ ᠤᠨ ᠶᠠᠪᠤᠳᠠᠯ ᠤᠨ ᠶᠡᠷᠦᠩᠬᠡᠶ ᠠᠩᠭᠢ ᠶᠢᠨ ᠰᠢᠭᠤᠳ | ᠬᠠᠷᠢᠶ᠎ᠠ ᠰᠠᠯᠪᠤᠷᠢ ᠠᠩᠭᠢ ᠶᠢᠨ ᠳᠠᠷᠤᠭ᠎ᠠ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ︾ | ᠶᠢᠨ ᠲᠤᠰᠬᠠᠶ ᠠᠵᠢᠯᠯᠠᠭ᠎ᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠥᠪ ᠤᠨ ᠲᠧᠯᠸᠢᠰ ᠬᠤᠷᠢᠶᠠᠨ ᠤ | ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠶᠢᠨ ᠬᠠᠮᠲᠤ ᠲᠣᠰᠬᠠᠢ ᠠᠵᠢᠯᠯᠠᠭ᠎ᠠ ᠶᠢᠨ ᠠᠬᠢᠴᠠ ᠪᠣᠯᠤᠨ | ᠠᠮᠵᠢᠯᠲᠠ ᠪᠦᠲᠦᠮᠵᠢ ᠶᠢ ᠨᠠᠷᠢᠨ ᠲᠠᠨᠢᠯᠴᠠᠭᠤᠯᠪᠠ᠃ 11 ᠳ᠋ᠦ᠋ᠭᠡᠷ ᠰᠠᠷ᠎ᠠ ᠶᠢᠨ 27 ᠤ ᠡᠳᠦᠷ᠂ ᠲᠥᠪ ᠤᠨ | ᠲᠧᠯᠸᠢᠰ ᠤᠨ ᠰᠣᠨᠢᠨ ᠮᠡᠳᠡᠭᠡᠨ ᠤ ᠰᠤᠪᠠᠭ ᠠᠴᠠ ᠮᠠᠨ ᠤ ᠣᠷᠣᠨ ᠤ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠠᠵᠢᠯ ᠢ ᠮᠡᠳᠡᠭᠡᠯᠡᠵᠦ᠂ 28 ᠤ ᠡᠳᠦᠷ᠂ ᠲᠥᠪ ᠲᠧᠯᠸᠢᠰ ᠤᠨ ᠡᠳ᠋ ᠤᠨ ᠵᠠᠰᠠᠭ ᠠᠵᠤ | ᠠᠬᠤᠶ ᠶᠢᠨ ᠰᠤᠪᠠᠭ ᠠᠴᠠ ᠳᠠᠬᠢᠨᠲᠠ ᠮᠡᠳᠡᠭᠡᠯᠡᠵᠦ᠂ ᠣᠷᠣᠨ ᠤ ᠳᠣᠲᠣᠷᠠᠬᠢ ᠲᠧᠯᠸᠢᠰ ᠬᠤᠷᠢᠶ᠎ᠠ᠂ ᠷᠠᠳᠢᠣ᠋ ᠬᠤᠷᠢᠶ᠎ᠠ᠂ | ᠰᠣᠨᠢᠨ ᠰᠡᠳᠬᠦᠯ᠂ ᠰᠦᠯᠵᠢᠶᠡᠨ ᠤ ᠣᠯᠠᠨ ᠤᠳᠠᠭ᠎ᠠ ᠶᠢᠨ ᠤᠬᠠᠭᠤᠯᠭ᠎ᠠ ᠲᠠᠢ ᠤᠶᠠᠯᠳᠤᠭᠤᠯᠤᠨ᠂ ᠮᠠᠨ ᠤ ᠣᠷᠣᠨ ᠤ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ | ᠢᠯᠡᠷᠡᠭᠦᠯᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠶᠠᠷᠢᠶ᠎ᠠ ᠬᠡᠯᠡᠯᠴᠡᠭᠡᠨ ᠢᠶᠠᠷ | ᠬᠥᠲᠥᠯᠥᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠪᠠ᠃ | ᠬᠥᠲᠥᠯᠥᠭᠴᠢ᠄ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ ᠵᠠᠩᠭᠢᠴᠢᠯᠠᠯᠲᠠ ᠵᠡᠷᠭᠡ ᠠᠷᠭ᠎ᠠ ᠪᠠᠷᠢᠯ ᠨᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠨᠢᠭᠡᠨᠲᠡ ᠥᠷᠭᠡᠨ ᠢᠶᠠᠷ ᠬᠡᠷᠡᠭᠯᠡᠭᠳᠡᠨ᠂ ᠥᠪᠡᠷᠲᠡᠭᠡᠨ ᠵᠠᠰᠠᠬᠤ ᠣᠷᠣᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠲᠠᠯ᠎ᠠ ᠪᠠᠷ | ᠶᠠᠮᠠᠷ ᠶᠠᠮᠠᠷ ᠲᠤᠷᠰᠢᠯᠲᠠ ᠬᠢᠭᠰᠡᠨ ᠪᠣᠶ︖ | ᠶᠦᠨ ᠸᠧᠨ ᠵᠢᠩ᠄ | ᠨᠢᠭᠡ ᠳᠤ᠂ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠥᠷᠲᠡᠭᠡ ᠳᠤ | ᠡᠯᠧᠺᠲᠷᠣᠨ ᠵᠠᠪᠳᠤᠨ ᠰᠡᠭᠦᠳᠡᠷᠯᠡᠬᠦ ᠲᠥᠬᠦᠭᠡᠷᠦᠮᠵᠢ ᠨᠡᠮᠡᠵᠦ ᠣᠬᠰᠠᠷᠠᠪᠠ᠃ ᠮᠠᠨ ᠤ ᠲᠢᠩᠬᠢᠮ ᠪᠣᠯᠤᠨ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠠᠮᠲᠤᠷᠠᠨ ︽ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠠᠵᠢᠯ ᠢ ᠴᠢᠩᠭᠠᠳᠬᠠᠬᠤ ᠲᠤᠬᠠᠶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠰᠢᠨᠵᠢᠯᠡᠬᠦ ᠥᠷᠲᠡᠭᠡ ᠳᠤ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠨᠡᠮᠡᠵᠦ | ᠤᠭᠰᠠᠷᠠᠵᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠮᠬᠢ ᠵᠢᠷᠤᠮ ᠢ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠮᠡᠳᠡᠭᠳᠡᠯ︾ ︵ᠥᠪᠥᠷ ᠬᠠᠷᠢᠯᠴᠠᠭ᠎ᠠ ᠲᠠᠷᠬᠠᠭᠠᠭᠰᠠᠨ ︹ 2018 ︺ 409 ᠳ᠋ᠦ᠋ᠭᠡᠷ ᠲᠣᠭᠠᠲᠤ︶ ᠢ | ᠲᠤᠭᠤᠷᠪᠢᠵᠤ᠂ ︽ᠴᠢᠭᠯᠡᠭᠦᠯᠬᠦ ᠲᠡᠷᠭᠡᠨ ᠵᠠᠮ ᠢᠶᠠᠷ ᠶᠠᠪᠤᠬᠤ ᠦᠭᠡᠶ︾ ᠬᠡᠮᠵᠢᠶ᠎ᠡ ᠠᠴᠠ ᠬᠡᠲᠦᠷᠡᠭᠦᠯᠦᠭᠰᠡᠨ ᠢ | ᠪᠠᠶᠢᠴᠠᠭᠠᠨ ᠰᠢᠨᠵᠢᠯᠡᠬᠦ ᠥᠷᠲᠡᠭᠡᠨ ᠳᠤ ᠤᠷᠤᠭᠰᠠᠨ ᠦᠭᠡᠶ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠢᠳᠭᠡᠨ | ᠲᠣᠷᠭᠠᠵᠤ᠂ ᠵᠠᠮ ᠤᠨ ᠶᠠᠪᠦᠳᠠᠯ ᠤᠨ ᠬᠡᠮᠵᠢᠶ᠎ᠡ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠬᠦ ᠠᠵᠢᠯᠲᠠᠨ | ᠲᠤᠲᠠᠭᠳᠠᠵᠤ ᠪᠠᠶᠢᠭ᠎ᠠ ᠳᠠᠷᠤᠯᠲᠠ ᠶᠢ ᠨᠠᠮᠳᠠᠭᠤᠯᠬᠤ ᠪᠣᠯᠤᠨ᠎ᠠ᠃ ᠬᠤᠶᠠᠷ ᠲᠤ᠂ ᠪᠥᠬᠦ ᠣᠷᠣᠨ ᠤ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠪᠠ᠃ ᠪᠦᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ︽ᠶᠠᠮᠤᠨ᠂ | ᠥᠪᠡᠷᠲᠡᠭᠡᠨ ᠵᠠᠰᠠᠬᠤ ᠣᠷᠣᠨ᠂ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠥᠷᠲᠡᠭᠡ︾ ᠭᠤᠷᠪᠠᠨ | ᠱᠠᠲᠤ ᠶᠢᠨ ᠰᠦᠯᠵᠢᠶ᠎ᠡ ᠨᠡᠪᠲᠡᠷᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠲᠡᠷᠭᠡ ᠵᠣᠭᠰᠣᠬᠤ ᠦᠭᠡᠢ ᠪᠠᠷ | ᠪᠠᠶᠢᠴᠠᠭᠠᠨ ᠰᠢᠨᠵᠢᠯᠡᠬᠦ ᠵᠢᠴᠢ ᠲᠤᠬᠠᠶ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠬᠦ ᠵᠡᠷᠭᠡ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠵᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽13.5︾ ᠲᠥᠯᠥᠪᠵᠢᠭᠦᠯᠭᠡ ᠶᠣᠰᠤᠭᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠦᠯᠵᠢᠶ᠎ᠡ ᠨᠡᠪᠲᠡᠷᠡᠭᠦᠯᠬᠦ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠢᠨᠵᠧᠨᠧᠷᠢᠩ ᠠᠴᠠ ᠨᠢᠭᠡᠨᠲᠡ ᠢᠨᠵᠧᠨᠧᠷᠢᠩ ᠤᠨ ᠪᠣᠯᠤᠮᠵᠢᠲᠤ | ᠰᠤᠳᠤᠯᠭᠠᠨ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ | ᠬᠦᠷᠭᠡᠵᠦ ᠴᠤᠬᠤᠯᠠᠪᠤᠷᠢ ᠬᠦᠯᠢᠶᠡᠪᠡ᠃ | ᠬᠥᠲᠥᠯᠥᠭᠴ᠊ ᠢ᠄ | ᠲᠡᠭᠡᠭᠡᠪᠦᠷᠢᠯᠡᠬᠦ ᠶᠠᠪᠤᠴᠠ ᠳᠤ᠂ ᠵᠠᠷᠢᠮ ᠡᠩ ᠤᠨ ᠪᠣᠰᠤ ᠲᠣᠮᠣ ᠵᠦᠢᠯ ᠤᠨ ᠡᠳ᠋ ᠪᠣᠳᠠᠰ ᠢ ᠲᠡᠭᠡᠭᠡᠪᠦᠷᠢᠯᠡᠬᠦ | ᠪᠠᠶᠢᠳᠠᠯ ᠭᠠᠷᠬᠤ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠠᠴᠠ ᠲᠣᠮᠣ ᠵᠦᠢᠯ ᠤᠨ ᠲᠡᠭᠡᠭᠡᠪᠦᠷᠢ ᠶᠢᠨ | ᠵᠥᠪᠰᠢᠶᠡᠷᠡᠯ ᠤᠨ ᠠᠵᠢᠯ ᠢ ᠬᠡᠷᠬᠢᠨ ᠦᠷᠨᠢᠭᠦᠯᠦᠭᠰᠡᠨ ᠪᠤᠢ︖ | ᠶᠦᠨ ᠸᠧᠨ ᠵᠢᠩ ᠄ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠵᠥᠪᠰᠢᠶᠡᠷᠡᠯ ᠤᠨ ᠦᠢᠯᠡᠴᠢᠯᠡᠭᠡᠨ ᠤ ᠠᠵᠢᠯ ᠢ | ᠴᠢᠩᠭᠠᠷᠠᠭᠤᠯᠪᠠ᠃ 2019 ᠣᠨ ᠤ ᠡᠬᠢ ᠪᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠱᠠᠭᠠᠷᠳᠠᠯᠭ᠎ᠠ | ᠶᠣᠰᠣᠭᠠᠷ᠂ ︽ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠠᠷᠠᠳ ᠲᠤ ᠲᠥᠬᠦᠮ | ᠦᠵᠡᠭᠦᠯᠵᠦ ᠥᠨᠳᠥᠷ ᠪᠦᠲᠦᠮᠵᠢᠲᠡᠢ ᠪᠠᠶᠢᠯᠭᠠᠬᠤ᠂ ᠠᠮᠤᠷ ᠲᠦᠪᠰᠢᠨ ᠢ ᠪᠠᠲᠤᠯᠠᠬᠤ︾ ᠵᠠᠷᠴᠢᠮ ᠶᠣᠰᠣᠭᠠᠷ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ | ᠦᠢᠯᠡᠴᠢᠯᠡᠭᠡ ᠬᠢᠭᠡᠳ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠡᠯ᠎ᠡ ᠭᠤᠭᠴᠤᠭ᠎ᠠ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ | ᠵᠦᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ | ᠪᠠᠶᠢᠷᠢᠯᠠᠭᠤᠯᠤᠯᠲᠠ ᠶᠣᠰᠣᠭᠠᠷ᠂ ︽ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ᠂ ᠨᠠᠷᠢᠯᠢᠭ ᠣᠨᠣᠴᠠᠲᠠᠶ | ᠵᠣᠯᠭᠠᠭᠤᠯᠬᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠪᠠᠷ ᠭᠤᠤᠯ ᠰᠡᠳᠦᠪ ᠪᠣᠯᠭᠠᠭᠰᠠᠨ ᠲᠣᠮᠣ ᠵᠦᠢᠯ ᠤᠨ | ᠲᠡᠭᠡᠭᠡᠪᠦᠷᠢ ᠶᠢᠨ ᠵᠥᠪᠰᠢᠶᠡᠷᠡᠯ ᠤᠨ ᠦᠢᠯᠡᠴᠢᠯᠡᠭᠡᠨ ᠤ ᠶᠡᠭᠡ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠭᠦᠨᠵᠡᠭᠡᠶ | ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠲᠣᠮᠣ ᠵᠦᠢᠯ ᠤᠨ | ᠲᠡᠭᠡᠭᠡᠪᠦᠷᠢ ᠶᠢᠨ ︽ᠡᠬᠢ ᠪᠠᠶᠠᠯᠢᠭ ᠤᠨ ᠬᠦᠮᠦᠷᠭᠡ︾ ᠶᠢ ᠪᠦᠷᠢᠯᠳᠦᠭᠦᠯᠵᠦ᠂ ᠨᠠᠷᠢᠯᠢᠭ ᠣᠨᠣᠴᠠᠲᠠᠶ ᠪᠠᠷ | ᠵᠣᠯᠭᠠᠭᠤᠯᠬᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠᠷ ᠳᠠᠮᠵᠢᠭᠤᠯᠤᠨ᠂ ᠳᠠᠭᠠᠭᠠᠴᠢᠯᠠᠨ ᠲᠡᠭᠡᠭᠡᠪᠦᠷᠢᠯᠡᠭᠴᠢ | ᠵᠢᠴᠢ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠪᠡ᠃ ᠪᠦᠷᠢᠳᠬᠡᠯ ᠢᠶᠠᠷ ᠳᠠᠮᠵᠢᠭᠤᠯᠤᠨ᠂ 2019 ᠣᠨ ᠤ ᠳᠡᠭᠡᠷ᠎ᠡ ᠬᠠᠭᠠᠰ ᠵᠢᠯ ᠳᠤ᠂ ᠪᠥᠬᠦ | ᠣᠷᠣᠨ ᠳᠤ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠵᠥᠪᠰᠢᠶᠡᠷᠡᠯ ᠤᠨ ᠦᠨᠡᠮᠯᠡᠯ ᠢ ᠨᠡᠶᠢᠲᠡ 18994 | ᠬᠤᠪᠢ ᠭᠦᠢᠴᠡᠳᠭᠡᠵᠦ᠂ ᠡᠨᠡ ᠬᠦ ᠲᠤᠭ᠎ᠠ ᠬᠡᠮᠵᠢᠶ᠎ᠡ ᠨᠢ 2018 ᠣᠨ ᠤ ᠨᠢᠭᠡ ᠵᠢᠯ ᠤᠨ ᠭᠦᠢᠴᠡᠳᠭᠡᠭᠰᠡᠨ | ᠬᠡᠮᠵᠢᠶ᠎ᠡ ᠠᠴᠠ ᠶᠡᠭᠡ ᠳᠠᠪᠠᠭᠰᠠᠨ ᠪᠠᠶᠢᠨ᠎ᠠ᠃ | ᠬᠥᠲᠥᠯᠥᠭᠴᠢ᠄ | ᠲᠠᠨ ᠤ ᠡᠮᠦᠨ᠎ᠡ ᠲᠠᠨᠢᠯᠴᠠᠭᠤᠯᠤᠭᠰᠠᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ | ᠲᠣᠭᠲᠠᠴᠠ ᠪᠠ ᠦᠷ᠎ᠡ ᠪᠦᠲᠦᠭᠡᠯ ᠠᠴᠠ ᠭᠠᠳᠠᠨ᠎ᠠ᠂ ᠣᠯᠠᠨ ᠢᠶᠠᠷ ᠢᠶᠠᠨ ᠬᠠᠤᠯᠢ ᠬᠡᠷᠡᠭᠵᠢᠭᠦᠯᠬᠦ ᠶᠢᠨ ᠲᠦᠷᠢᠮᠵᠢᠭᠦᠯᠬᠦ | ᠴᠢᠨᠠᠷ ᠪᠠ ᠡᠷᠬᠡ ᠲᠡᠭᠰᠢ᠂ ᠲᠥᠪ ᠭᠤᠤᠯᠴᠢ ᠴᠢᠨᠠᠷ ᠢ ᠨᠠᠩ ᠢᠯᠡᠭᠦᠤ ᠠᠩᠬᠠᠷᠴᠤ᠂ ᠥᠪᠡᠷᠲᠡᠭᠡᠨ ᠵᠠᠰᠠᠬᠤ | ᠣᠷᠣᠨ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | ᠶᠦᠨ ᠸᠧᠨ ᠵᠢᠩ ᠄ | ᠨᠢᠭᠡ ᠳᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠵᠢᠷᠤᠮᠵᠢᠭᠤᠯᠪᠠ᠃ ᠮᠠᠨ ᠤ ᠲᠢᠩᠬᠢᠮ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ | ᠪᠠ ᠲᠡᠭᠡᠭᠡᠪᠦᠷᠢ ᠶᠢᠨ ᠶᠠᠪᠤᠳᠠᠯ᠂ ᠵᠠᠮ ᠤᠨ ᠶᠠᠪᠤᠳᠠᠯ ᠤᠨ ᠪᠠᠶᠢᠭᠤᠯᠤᠮᠵᠢ ᠶᠢᠨ ᠠᠵᠢᠯᠲᠠᠨ ᠢ ᠣᠯᠠᠨ ᠤᠳᠠᠭ᠎ᠠ ᠵᠣᠬᠢᠶᠠᠨ | ᠪᠠᠶᠢᠭᠤᠯᠵᠤ᠂ ︽ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠬᠤ ᠵᠠᠰᠠᠮᠠᠯ | ᠵᠠᠮ ᠤᠨ ᠬᠠᠮᠢᠶᠠᠷᠤᠯᠲᠠ ᠶᠢᠨ ᠲᠣᠭᠲᠠᠭᠠᠯ︾ ᠵᠢᠴᠢ ︽ᠮᠠᠰᠢᠨ ᠲᠡᠷᠭᠡ᠂ ᠴᠢᠷᠦᠭᠦᠯ ᠲᠡᠷᠭᠡ ᠵᠢᠴᠢ ᠮᠠᠰᠢᠨ ᠲᠡᠷᠭᠡᠨ ᠤ | ᠴᠣᠪᠤᠭ᠎ᠠ ᠲᠡᠷᠭᠡ ᠶᠢᠨ ᠭᠠᠳᠠᠷ ᠲᠥᠯᠥᠪ ᠤᠨ ᠬᠡᠮᠵᠢᠶ᠎ᠡ᠂ ᠲᠡᠩᠭᠡᠯᠢᠭ ᠵᠢᠴᠢ ᠶᠠᠰᠤ ᠴᠢᠨᠠᠷ ᠤᠨ ᠬᠢᠵᠠᠭᠠᠷ ᠬᠡᠮᠵᠢᠭᠳᠡᠯ︾ | ︵GB1589 — 2016︶ ᠳᠤ ᠬᠠᠨᠳᠤᠭᠤᠯᠤᠭᠰᠠᠨ ᠰᠤᠷᠤᠯᠴᠠᠬᠤ ᠪᠣᠯᠪᠠᠰᠤᠷᠠᠭᠤᠯᠤᠯ ᠢ ᠦᠷᠨᠢᠭᠦᠯᠵᠤ᠂ | ᠲᠡᠷᠭᠡ ᠬᠦᠰᠭᠡ ᠶᠢᠨ ᠬᠡᠮᠵᠢᠶ᠎ᠡ ᠠᠴᠠ ᠬᠡᠲᠦᠷᠡᠭᠦᠯᠦᠭᠰᠡᠨ ᠳᠤ ᠬᠠᠤᠯᠢ ᠬᠡᠷᠡᠭᠵᠢᠭᠦᠯᠬᠦ ᠶᠢ ᠮᠠᠭᠠᠳᠯᠠᠨ ᠲᠣᠭᠲᠠᠭᠠᠬᠤ | ᠪᠠᠷᠢᠮᠵᠢᠶ᠎ᠠ ᠶᠢ ᠨᠢᠭᠡᠳᠬᠡᠵᠦ᠂ ᠡᠭᠦᠨ ᠤ ᠬᠠᠮᠲᠤ ᠡᠯ᠎ᠡ ᠱᠠᠲᠤᠨ ᠤ ᠵᠠᠰᠠᠮᠠᠯ ᠵᠠᠮ ᠤᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠵᠤ᠂ ᠣᠷᠣᠨ ᠨᠤᠲᠤᠭ ᠤᠨ ᠪᠠᠷᠢᠮᠵᠢᠶ᠎ᠠ ᠨᠢ | ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠭᠰᠡᠨ ᠪᠣᠯ᠂ ᠡᠷᠬᠡᠪᠰᠢ ᠲᠡᠷᠡ ᠳᠠᠷᠤᠶ ᠳᠤ ᠨᠢ ᠵᠠᠯᠠᠷᠠᠭᠤᠯᠬᠤ | ᠬᠡᠷᠡᠭᠲᠡᠶ᠃ ᠡᠭᠦᠨ ᠤ ᠬᠠᠮᠲᠤ᠂ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ | ᠲᠡᠭᠡᠭᠡᠪᠦᠷᠢᠯᠡᠭᠰᠡᠨ ᠢ ᠮᠠᠭᠠᠳᠯᠠᠨ ᠲᠣᠭᠲᠠᠭᠠᠵᠤ᠂ ᠡᠷᠬᠡᠪᠰᠢ ᠬᠡᠮᠵᠢᠬᠦ᠂ ᠬᠦᠨᠳᠦ ᠶᠢ ᠬᠡᠮᠵᠢᠬᠦ ᠬᠡᠷᠡᠭᠲᠡᠶ᠂ ᠪᠠᠷᠠᠯᠠᠨ | ᠬᠡᠮᠵᠢᠬᠦ ᠪᠤᠶᠤ ᠲᠤᠷᠰᠢᠯᠭ᠎ᠠ ᠪᠠᠨ ᠦᠨᠳᠦᠰᠦᠯᠡᠨ ᠢᠯᠭᠠᠨ ᠲᠤᠳᠤᠯᠠᠬᠤ ᠶᠢ ᠴᠢᠩᠭ᠎ᠠ ᠴᠠᠭᠠᠵᠠᠯᠠᠨ᠎ᠠ᠃ ᠬᠤᠪᠢᠶᠠᠨ | ᠲᠡᠭᠡᠭᠡᠪᠦᠷᠢᠯᠡᠵᠦ ᠪᠣᠯᠬᠤ ᠪᠠᠷᠠᠭ᠎ᠠ ᠶᠢ ᠲᠡᠭᠡᠭᠡᠪᠦᠷᠢᠯᠡᠬᠦ ᠳᠤ᠂ ᠲᠣᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠠᠴᠢᠶ᠎ᠠ | ᠪᠠᠭᠤᠯᠭᠠᠬᠤ᠂ ᠬᠤᠪᠢᠶᠠᠨ ᠲᠡᠭᠡᠭᠡᠪᠦᠷᠢᠯᠡᠬᠦ ᠵᠡᠷᠭᠡ ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠨ ᠤ | ᠲᠡᠭᠡᠭᠡᠪᠦᠷᠢ ᠶᠢᠨ ᠪᠠᠶᠢᠳᠠᠯ ᠢ ᠰᠡᠷᠭᠦᠭᠡᠬᠦ ᠬᠡᠷᠡᠭᠲᠡᠶ᠃ ᠵᠠᠳᠠᠯᠵᠤ ᠪᠣᠯᠤᠰᠢ ᠦᠭᠡᠢ ᠲᠣᠮᠣ ᠡᠳ᠋ ᠪᠠᠷᠠᠭ᠎ᠠ ᠢ | ᠲᠡᠭᠡᠭᠡᠪᠦᠷᠢᠯᠡᠵᠦ ᠬᠦᠷᠭᠡᠬᠦ ᠳᠤ᠂ ᠬᠡᠷᠪᠡ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠬᠦ | ᠨᠥᠬᠦᠴᠡᠯ ᠳᠤ ᠨᠡᠶᠢᠴᠡᠪᠡᠯ᠂ ᠲᠣᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠬᠢᠨᠠᠨ ᠵᠥᠪᠰᠢᠶᠡᠷᠡᠭᠦᠯᠬᠦ ᠭᠠᠷᠳᠠᠮ ᠢ | ᠨᠦᠬᠦᠪᠦᠷᠢᠯᠡᠵᠦ ᠬᠢᠯᠭᠡᠬᠦ ᠬᠡᠷᠡᠭᠲᠡᠢ᠃ ᠬᠡᠷᠪᠡ ᠵᠥᠪᠰᠢᠶᠡᠷᠡᠬᠦ ᠨᠥᠬᠦᠴᠡᠯ ᠢ ᠬᠠᠩᠭᠠᠬᠤ ᠦᠭᠡᠢ ᠪᠣᠯ ᠲᠣᠬᠠᠢ ᠶᠢᠨ | ᠬᠥᠮᠦᠨ ᠢ ᠵᠠᠷᠯᠢᠭᠳᠠᠵᠤ ᠪᠠᠶᠢᠭᠠᠳ ᠲᠡᠭᠡᠭᠡᠪᠦᠷᠢ ᠶᠢᠨ ᠲᠡᠷᠭᠡ ᠶᠢ ᠨᠢ ᠰᠣᠯᠢᠭᠤᠯᠬᠤ ᠪᠤᠶᠤ ᠪᠠᠬᠢᠵᠢᠭᠦᠯᠬᠦ᠂ | ᠥᠭᠡᠷᠡᠴᠢᠯᠡᠬᠦ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠬᠢᠨᠠᠨ ᠵᠥᠪᠰᠢᠶᠡᠷᠡᠭᠦᠯᠬᠦ ᠭᠠᠷᠳᠠᠮ ᠢ ᠨᠦᠬᠦᠪᠦᠷᠢᠯᠡᠵᠦ ᠬᠢᠯᠭᠡᠬᠦ | ᠬᠡᠷᠡᠭᠲᠡᠶ᠃ ᠡᠯ᠎ᠡ ᠱᠠᠲᠤᠨ ᠤ ᠵᠠᠰᠠᠮᠠᠯ ᠵᠠᠮ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠱᠠᠭᠠᠷᠳᠠᠵᠤ ᠪᠠᠶᠢᠭᠠᠳ ︽ | ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠦᠰᠭᠡ ᠶᠢᠨ ᠶᠠᠪᠤᠬᠤ ᠵᠠᠰᠠᠮᠠᠯ ᠵᠠᠮ ᠤᠨ | ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠡᠨ᠂ ᠬᠡᠮᠵᠢᠶ᠎ᠡ ᠠᠴᠠ | ᠬᠡᠲᠦᠷᠡᠭᠦᠯᠦᠭᠰᠡᠨ ᠪᠠᠶᠢᠳᠠᠯ ᠢ ᠪᠠᠶᠢᠴᠠᠭᠠᠨ ᠰᠢᠨᠵᠢᠯᠡᠬᠦ ᠲᠣᠭᠲᠠᠮᠠᠯ ᠥᠷᠲᠡᠭᠡ ᠲᠤ ᠲᠦᠰᠢᠭᠯᠡᠨ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠥᠷᠨᠢᠭᠦᠯᠵᠦ᠂ ᠬᠦᠳᠡᠯᠦᠩᠭᠦᠢ ᠪᠠᠶᠢᠴᠠᠭᠠᠨ ᠰᠢᠨᠵᠢᠯᠡᠬᠦ ᠪᠠᠷ | ᠮᠠᠭᠠᠳᠯᠠᠨ ᠲᠣᠭᠲᠠᠭᠠᠭᠰᠠᠨ ᠬᠠᠤᠯᠢ ᠪᠤᠰᠤ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠲᠡᠷᠭᠡ ᠬᠥᠰᠬᠡ ᠶᠢ | ᠣᠶᠢᠷ᠎ᠠ ᠬᠠᠪᠢ ᠳᠤ ᠨᠢ ᠬᠥᠲᠥᠯᠥᠨ ᠵᠢᠯᠣᠭᠤᠳᠴᠤ ᠪᠠᠶᠢᠭᠠᠳ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ | ᠰᠢᠨᠵᠢᠯᠡᠬᠦ ᠲᠣᠭᠲᠠᠮᠠᠯ ᠥᠷᠲᠡᠭᠡ ᠲᠤ ᠬᠦᠷᠭᠡᠵᠦ ᠰᠢᠢᠳᠪᠦᠷᠢᠯᠡᠵᠦ᠂ ᠡᠰᠡᠬᠦᠯ᠎ᠡ ᠣᠷᠣᠨ ᠨᠤᠲᠤᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠭᠠᠨ ᠲᠣᠭᠲᠠᠭᠠᠭᠰᠠᠨ ᠪᠥᠭᠡᠳ | ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠲᠡᠷᠭᠡᠨ ᠵᠣᠭᠰᠣᠭᠠᠯ᠂ ᠠᠴᠢᠶ᠎ᠠ ᠪᠠᠭᠤᠯᠭᠠᠬᠤ ᠲᠠᠯᠠᠪᠠᠶ | ᠵᠡᠷᠭᠡ ᠲᠡᠷᠭᠡ ᠵᠣᠭᠰᠤᠭᠠᠬᠤ ᠵᠢᠴᠢ ᠠᠴᠢᠶ᠎ᠠ ᠪᠠᠭᠤᠯᠭᠠᠬᠤ ᠨᠥᠬᠦᠴᠡᠯ ᠲᠠᠢ ᠭᠠᠵᠠᠷ ᠪᠤᠶᠤ ᠲᠠᠯᠠᠪᠤᠷ ᠭᠠᠵᠠᠷ ᠲᠤ | ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ | ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠪᠠᠶᠢᠭᠤᠯᠤᠭᠰᠠᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠰᠢᠨᠵᠢᠯᠡᠬᠦ ᠥᠷᠲᠡᠭᠡ ᠶᠢ ᠡᠷᠬᠡᠪᠰᠢ ᠳᠠᠷᠦ᠋ᠢᠬᠠᠨ ᠪᠢᠲᠡᠭᠦᠮᠵᠢᠯᠡᠨ ᠵᠣᠭᠰᠤᠭᠠᠨ᠎ᠠ᠃ ᠲᠡᠭᠡᠭᠡᠪᠦᠷᠢ ᠶᠢᠨ | ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠠᠴᠠ ᠵᠠᠮ ᠲᠡᠭᠡᠭᠡᠪᠦᠷᠢ ᠵᠢᠴᠢ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠤᠨ ᠡᠵᠡᠩᠨᠡᠯᠲᠡ ᠶᠢᠨ ᠲᠠᠯᠠᠪᠤᠷ ᠭᠠᠵᠠᠷ᠂ ᠠᠶᠠᠨᠴᠢᠳ ᠪᠠ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ | ᠭᠠᠵᠠᠷ ᠲᠤ ᠭᠤᠤᠯᠳᠠᠯᠭ᠎ᠠ ᠲᠠᠢ ᠬᠢᠨᠠᠯᠲᠠ ᠪᠠᠶᠢᠴᠠᠭᠠᠯᠲᠠ ᠬᠢᠵᠦ᠂ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠶᠢ | ᠬᠡᠷᠡᠭᠵᠢᠭᠦᠯᠦᠨ᠎ᠡ᠃ ᠬᠤᠶᠠᠷ ᠲᠤ᠂ ︽ᠬᠤᠶᠠᠷ ᠢ ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ︽ᠬᠤᠶᠠᠷ ᠢ ᠲᠠᠰᠢᠷᠠᠮ ᠳᠠᠭᠠᠤ ᠬᠢᠬᠦ᠂ ᠨᠢᠭᠡ ᠶᠢ ᠢᠯᠡ | ᠪᠣᠯᠭᠠᠬᠤ︾ ᠰᠤᠭᠤᠴᠢᠨ ᠪᠠᠶᠢᠴᠠᠭᠠᠬᠤ ᠲᠣᠭᠲᠠᠴᠠ ᠶᠢ ᠠᠰᠢᠭᠯᠠᠨ᠂ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ | ᠠᠵᠢᠯᠲᠠᠨ ᠵᠢᠴᠢ ᠳᠠᠩᠰᠠ ᠡᠪᠬᠡᠮᠡᠯ ᠢ ᠰᠤᠭᠤᠴᠢᠨ ᠪᠠᠶᠢᠴᠠᠭᠠᠵᠤ᠂ ᠬᠢᠨᠠᠨ ᠬᠠᠮᠢᠶᠠᠷᠬᠤ ᠬᠦᠴᠦᠨ ᠴᠢᠲᠠᠪᠤᠷᠢ ᠶᠢ | ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠠᠵᠤ ᠠᠬᠤᠶᠢᠯᠠᠯ ᠤᠨ ᠳᠠᠷᠤᠭᠠᠰᠤ ᠶᠢ | ᠬᠥᠩᠭᠡᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ | ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ᠃ | ᠡᠭᠦᠨ ᠤ ᠬᠠᠮᠲᠤ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠰᠢᠷᠠᠮ ᠳᠠᠭᠠᠤ ᠰᠤᠭᠤᠴᠢᠨ | ᠪᠠᠶᠢᠴᠠᠭᠠᠬᠤ ᠬᠠᠮᠲᠤᠷᠠᠨ ᠪᠠᠶᠢᠴᠠᠭᠠᠬᠤ ᠠᠵᠢᠯ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠨ | ᠬᠠᠮᠲᠤᠷᠠᠨ ᠪᠠᠶᠢᠴᠠᠭᠠᠬᠤ ᠠᠵᠢᠯ ᠥᠷᠨᠢᠭᠦᠯᠦᠨ᠎ᠡ᠃ ᠮᠠᠨ ᠤ ᠲᠢᠩᠬᠢᠮ ᠤᠨ ︽ᠨᠢᠭᠡ ᠬᠠᠭᠤᠳᠠᠰᠤ ᠬᠤᠶᠠᠷ ᠬᠥᠮᠥᠷᠭᠡ | ᠨᠢᠭᠡ ᠨᠠᠷᠢᠨ ᠳᠦᠷᠢᠮ︾ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ | ᠬᠠᠮᠢᠶᠠᠷᠬᠤ ᠲᠠᠪᠴᠠᠩ︾ ᠲᠠᠢ ᠵᠣᠯᠭᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠷᠢᠯᠴᠢᠨ ᠡᠳ᠋ᠯᠡᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠪᠠ᠃ | ᠭᠤᠷᠪᠠ ᠳᠤ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ | ᠲᠣᠭᠲᠠᠭᠠᠯ︾ ᠢ ᠲᠣᠭᠤᠰᠢᠯᠠᠭᠤᠯᠤᠨ ᠨᠠᠶᠢᠳᠠᠪᠤᠷᠢᠵᠢᠭᠤᠯᠪᠠ᠃ ᠡᠩ ᠲᠡᠷᠢᠭᠦᠨ ᠳᠤ ᠤᠤᠯ ᠤᠨ ︽ᠵᠢᠷᠤᠮ ᠤᠨ | ᠲᠣᠭᠲᠠᠭᠠᠯ︾ ᠲᠠᠢ ᠬᠠᠷᠭᠤᠭᠤᠯᠤᠨ᠂ ᠬᠠᠷᠢᠴᠠᠭᠤᠯᠤᠨ ᠰᠤᠷᠤᠯᠴᠠᠵᠤ᠂ ᠰᠢᠨ᠎ᠡ ︽ᠵᠢᠷᠤᠮ ᠤᠨ ᠲᠣᠭᠲᠠᠭᠠᠯ︾ ᠶᠢᠨ | ᠰᠢᠨ᠎ᠡ ᠨᠡᠮᠡᠯᠲᠡ᠂ ᠲᠣᠬᠢᠷᠠᠭᠤᠯᠤᠭᠰᠠᠨ ᠠᠭᠤᠯᠭ᠎ᠠ ᠵᠢᠴᠢ ᠪᠣᠳᠠᠲᠠᠶ ᠱᠠᠭᠠᠷᠳᠠᠯᠭ᠎ᠠ ᠶᠢ ᠡᠵᠡᠮᠰᠢᠨ᠎ᠡ᠃ ᠳᠠᠷᠠᠭ᠎ᠠ ᠨᠢ | ᠰᠢᠨ᠎ᠡ ᠲᠣᠭᠲᠠᠭᠠᠭᠰᠠᠨ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠬᠡᠪ ᠶᠠᠩᠵᠤ ᠲᠠᠢ ᠬᠠᠷᠢᠴᠠᠭᠤᠯᠤᠨ᠂ ᠬᠠᠤᠯᠢ | ᠬᠡᠷᠡᠭᠵᠢᠭᠦᠯᠬᠦ ᠪᠢᠴᠢᠭ ᠬᠠᠷ᠎ᠠ ᠳᠤ ᠲᠣᠬᠢᠷᠠᠭᠤᠯᠤᠯᠲᠠ ᠬᠢᠵᠦ᠂ ᠨᠢᠭᠡᠳᠦᠯᠲᠡᠶ ᠴᠠᠭ ᠬᠤᠭᠤᠴᠠᠭ᠎ᠠ ᠶᠢ ᠤᠯᠠᠮ ᠨᠢᠭᠡ | ᠠᠯᠬᠤᠮ ᠲᠣᠭᠲᠠᠭᠠᠵᠤ᠂ ᠰᠢᠨ᠎ᠡ ︽ᠵᠢᠷᠤᠮ ᠤᠨ ᠲᠣᠭᠲᠠᠭᠠᠯ︾ ᠤᠨ ᠶᠣᠰᠣᠭᠠᠷ ᠬᠡᠷᠡᠭᠵᠢᠭᠦᠯᠵᠦ᠂ ᠬᠠᠤᠯᠢ | ᠬᠡᠷᠡᠭᠵᠢᠭᠦᠯᠬᠦ ᠪᠢᠴᠢᠭ ᠬᠠᠷ᠎ᠠ ᠶᠢᠨ ᠤᠷᠤᠭᠰᠢᠲᠠᠶ ᠡᠮᠬᠢ ᠵᠢᠷᠤᠮ ᠲᠠᠢ ᠵᠣᠯᠭᠠᠯᠳᠤᠨ ᠰᠢᠯᠵᠢᠬᠦ ᠶᠢ ᠦᠨᠡᠨ ᠬᠦ | ᠪᠠᠲᠤᠯᠠᠨ᠎ᠠ᠃ ᠳᠠᠬᠢᠨᠲᠠ ︽ᠵᠢᠷᠤᠮ ᠤᠨ ᠲᠣᠭᠲᠠᠭᠠᠯ︾ ᠳᠠᠬᠢ ︽ᠭᠤᠷᠪᠠᠨ ᠵᠦᠢᠯ ᠤᠨ ᠲᠦᠷᠢᠮ︾ ︵ᠳᠠᠷᠤᠶ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ | ᠶᠠᠪᠤᠴᠠ ᠶᠢ ᠲᠡᠮᠲᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠢ | ᠬᠢᠨᠠᠨ ᠬᠠᠷᠭᠤᠭᠤᠯᠬᠤ ᠲᠦᠷᠢᠮ︶᠂ ᠪᠠᠶᠢᠴᠠᠭᠠᠨ ᠭᠡᠷᠡᠴᠢ ᠠᠪᠬᠤ ᠭᠡᠷᠡᠴᠢ ᠪᠠᠷᠢᠮᠲᠠ᠂ ᠬᠠᠤᠯᠢ ᠬᠡᠷᠡᠭᠵᠢᠭᠦᠯᠬᠦ ᠪᠢᠴᠢᠭ | ᠬᠠᠷ᠎ᠠ ᠶᠢ ᠬᠦᠷᠭᠡᠬᠦ ᠠᠷᠭ᠎ᠠ ᠮᠠᠶ᠋ᠢᠭ ᠵᠡᠷᠭᠡ ᠰᠢᠨ᠎ᠡ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠡᠮᠬᠢᠯᠡᠵᠦ᠂ ᠬᠠᠮᠢᠶ᠎ᠠ | ᠪᠦᠬᠦᠢ ᠵᠥᠭᠡᠯᠡᠨ ᠲᠣᠨᠤᠭ᠂ ᠬᠠᠲᠠᠭᠤ ᠲᠣᠨᠤᠭ ᠤᠨ ᠪᠡᠯᠡᠳᠬᠡᠯ ᠠᠵᠢᠯ ᠢ ᠬᠢᠨ᠎ᠡ᠃ ᠬᠠᠮᠤᠭ ᠰᠡᠭᠦᠯ ᠳᠤ ︽ | ᠵᠢᠷᠤᠮ ᠤᠨ ᠲᠣᠭᠲᠠᠭᠠᠯ︾ ᠳᠠᠬᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠠᠤᠯᠢ ᠶᠤᠰᠤᠨ ᠤ ᠡᠷᠬᠡ | ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠠᠤᠯᠢ ᠬᠡᠷᠡᠭᠵᠢᠭᠦᠯᠬᠦ ᠨᠠᠷᠢᠨ ᠵᠦᠢᠯᠡᠰ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡᠪᠰᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ | ᠲᠣᠭᠠᠴᠢᠯᠲᠠ ᠬᠢᠬᠦ᠂ ᠵᠥᠪᠲᠦᠭᠡᠨ ᠲᠣᠳᠣᠷᠬᠠᠶᠢᠯᠠᠬᠤ ᠪᠠ ᠭᠡᠷᠡᠴᠢᠯᠡᠭᠡ ᠰᠣᠨᠣᠰᠬᠤ ᠵᠡᠷᠭᠡ ᠬᠠᠤᠯᠢ ᠪᠠᠷ | ᠲᠣᠭᠲᠠᠭᠠᠭᠰᠠᠨ ᠡᠷᠬᠡ ᠶᠢ ᠪᠠᠲᠤᠯᠠᠵᠤ᠂ ᠬᠠᠤᠯᠢ ᠬᠡᠷᠡᠭᠵᠢᠭᠦᠯᠬᠦ ᠳᠤᠷ᠎ᠠ ᠵᠣᠷᠢᠭ ᠤᠨ ᠴᠢᠨᠠᠷ ᠶᠡᠭᠡ ᠪᠠᠶᠢᠬᠤ ᠠᠴᠠ | ᠪᠣᠯᠵᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠡᠷᠬᠡ ᠶᠢ ᠭᠦᠢᠴᠡᠳ ᠪᠠᠲᠤᠯᠠᠭᠰᠠᠨ ᠦᠭᠡᠢ ᠪᠠᠶᠢᠳᠠᠯ | ᠡᠭᠦᠰᠬᠦ ᠶᠢ ᠰᠡᠷᠭᠡᠶᠢᠯᠡᠨ ᠬᠤᠷᠢᠭᠯᠠᠨ᠎ᠠ᠃ ᠳᠥᠷᠪᠡ ᠳᠤ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠪᠠ᠃ | 2019 ᠣᠨ ᠤ ᠳᠡᠭᠡᠷ᠎ᠡ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠲᠤᠰᠬᠠᠶ ᠵᠣᠬᠢᠴᠠᠭᠤᠯᠬᠤ ᠠᠯᠪᠠᠨ ᠭᠡᠷ ᠠᠴᠠ ᠬᠥᠬᠡᠬᠤᠲᠠ᠂ ᠤᠯᠠᠭᠠᠨᠴᠠᠪ ᠬᠤᠲᠠ᠂ ᠪᠤᠭᠤᠲᠤ | ᠬᠤᠲᠠ᠂ ᠣᠷᠳᠣᠰ ᠬᠤᠲᠠ ᠳᠤ ᠲᠤᠬᠠᠶ ᠶᠢᠨ ᠭᠠᠵᠠᠷ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ | ᠠᠵᠢᠯ ᠢ ᠴᠢᠩᠭᠠᠳᠬᠠᠬᠤ ᠲᠤᠬᠠᠶ ᠰᠢᠮᠳᠠᠭᠤᠯᠤᠨ ᠰᠢᠢᠳᠪᠦᠷᠢᠯᠡᠭᠦᠯᠬᠦ ᠮᠡᠳᠡᠭᠳᠡᠯ ᠪᠠᠭᠤᠯᠭᠠᠵᠤ᠂ ᠲᠤᠬᠠᠶ ᠶᠢᠨ | ᠭᠠᠵᠠᠷ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠣᠷᠴᠢᠨ ᠨᠦᠬᠦᠴᠡᠯ ᠢ ᠪᠦᠲᠦᠮᠵᠢᠲᠡᠶ | ᠰᠠᠶᠢᠵᠢᠷᠠᠭᠤᠯᠪᠠ᠃ ᠡᠭᠦᠨ ᠤ ᠬᠠᠮᠲᠤ᠂ ᠶᠡᠷᠦᠩᠬᠡᠶ ᠠᠩᠭᠢ ᠨᠢ ᠰᠠᠷ᠎ᠠ᠂ ᠤᠯᠠᠷᠢᠯ ᠢᠶᠠᠷ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠢ ᠲᠦᠯᠦᠭᠡᠯᠡᠨ ᠪᠦᠬᠦ ᠣᠷᠣᠨ ᠤ ᠰᠦᠯᠵᠢᠶ᠎ᠡ ᠨᠡᠪᠲᠡᠷᠡᠭᠦᠯᠦᠭᠰᠡᠨ ᠳᠡᠭᠡᠳᠦ ᠬᠤᠷᠳᠤ ᠶᠢᠨ | ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠲᠤᠭ᠎ᠠ ᠪᠠᠷᠢᠮᠲᠠ ᠶᠢ ᠬᠢᠨᠠᠨ | ᠰᠢᠨᠵᠢᠯᠡᠬᠦ ᠪᠠᠶᠢᠳᠠᠯ ᠳᠤ ᠮᠡᠳᠡᠭᠡᠯᠡᠯ ᠬᠢᠵᠦ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠡᠯ᠎ᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠪᠠᠶᠢᠳᠠᠯ ᠳᠤ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠴᠤ | ᠂ ᠪᠥᠬᠦ ᠣᠷᠣᠨ ᠤ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠥᠲᠥᠯᠥᠭᠴᠢ᠄ | ᠳᠠᠷᠠᠭ᠎ᠠ ᠠᠯᠬᠤᠮ ᠳᠤ ᠥᠪᠡᠷᠲᠡᠭᠡᠨ ᠵᠠᠰᠠᠬᠤ ᠣᠷᠣᠨ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠵᠠᠰᠠᠬᠤ ᠠᠵᠢᠯ ᠤᠨ ᠲᠠᠯ᠎ᠠ ᠪᠠᠷ ᠶᠠᠮᠠᠷ ᠲᠥᠯᠥᠪᠯᠡᠭᠡ ᠲᠠᠢ ᠪᠣᠶ︖ | ᠶᠦᠨ ᠸᠧᠨ ᠵᠢᠩ᠄ | ᠬᠤᠶᠢᠰᠢᠳᠠ ᠶᠢᠨ ᠨᠢᠭᠡ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠤᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠢᠯᠪᠠᠷ ᠪᠤᠰᠤ ᠪᠠᠷ ᠣᠯᠤᠭᠰᠠᠨ ᠦᠷ᠎ᠡ | ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠭᠤᠣᠯᠳᠠᠯᠭ᠎ᠠ ᠲᠠᠢ ᠬᠠᠷᠠᠯᠲᠠ ᠪᠣᠯ ᠳᠡᠭᠡᠳᠦ ᠬᠤᠷᠳᠤ ᠶᠢᠨ | ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠨᠣᠷᠮ᠎ᠠ ᠶᠢ 0.5% ᠶᠢᠨ ᠳᠣᠲᠣᠷ᠎ᠠ ᠬᠢᠵᠠᠭᠠᠷᠯᠠᠵᠤ | ᠂ ᠪᠦᠬᠦ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠶᠢ | 4% ᠶᠢᠨ ᠳᠣᠲᠤᠷ᠎ᠠ ᠬᠢᠵᠠᠭᠠᠷᠯᠠᠨ᠎ᠠ᠃ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠨᠢ | ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠴᠢᠩᠭᠠᠳᠬᠠᠵᠤ᠂ ᠡᠬᠢ ᠡᠭᠦᠰᠦᠯ᠂ ᠵᠠᠮ ᠶᠢᠨ ᠭᠠᠲᠠᠷᠭᠤ ᠶᠢᠨ | ᠵᠠᠰᠠᠯᠲᠠ ᠶᠢ ᠴᠢᠩᠭᠠᠳᠬᠠᠵᠤ᠂ ᠣᠷᠤᠴᠠ ᠳᠠᠬᠢ ᠬᠦᠨᠳᠦ ᠶᠢ ᠨᠢ ᠬᠡᠮᠵᠢᠬᠦ ᠲᠦᠭᠦᠭᠡᠷᠦᠮᠵᠢ ᠶᠢ ᠪᠦᠬᠦᠨ ᠢ | ᠪᠦᠷᠬᠦᠭᠦᠯᠬᠦ ᠶᠢ ᠠᠬᠢᠭᠤᠯᠵᠤ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠢ | ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠵᠠᠰᠠᠬᠤ ᠶᠢ ᠴᠢᠩᠭᠠᠷᠠᠭᠤᠯᠵᠤ᠂ ᠨᠢᠭᠡᠨᠲᠡ ᠪᠠᠶᠢᠭ᠎ᠠ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠡᠷᠭᠡ | ᠬᠦᠷᠢᠶ᠎ᠡ ᠶᠢ ᠦᠷᠭᠦᠯᠵᠢᠯᠡᠨ ᠠᠬᠢᠭᠤᠯᠤᠨ᠎ᠠ᠃ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠳᠤ | ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠬᠠᠷᠢᠶ᠎ᠠ | ᠭᠠᠵᠠᠷ ᠲᠤ ᠨᠢ ᠬᠠᠮᠢᠶᠠᠷᠤᠭᠤᠯᠬᠤ︾ ᠵᠠᠷᠴᠢᠮ ᠢ ᠪᠠᠷᠢᠮᠲᠠᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠳᠣᠤᠷ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠠᠵᠢᠯ ᠤᠨ ᠬᠤᠪᠢᠶᠠᠷᠢᠯᠠᠯ ᠢᠶᠠᠨ ᠲᠣᠳᠤᠷᠬᠠᠶᠢᠯᠠᠵᠤ᠂ ᠨᠢᠭᠲᠠ ᠬᠠᠮᠵᠢᠯᠴᠠᠨ᠂ ᠪᠠᠶᠢᠭᠤᠯᠤᠯ ᠪᠣᠯᠤᠨ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠬᠦ ᠣᠷᠣᠨ ᠤ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠶᠢ ᠨᠢᠭᠡ ᠬᠥᠯᠭᠡ ᠰᠢᠲᠠᠷ᠎ᠠ ᠮᠡᠲᠦ ᠪᠠᠶᠢᠯᠭᠠᠨ᠎ᠠ᠃ ᠪᠠᠷᠠᠭ᠎ᠠ ᠲᠡᠭᠡᠭᠡᠪᠦᠷᠢ ᠶᠢᠨ | ᠲᠡᠭᠡᠭᠡᠪᠦᠷᠢᠯᠡᠬᠦ ᠡᠬᠢ ᠡᠭᠦᠰᠦᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠲᠡᠭᠡᠭᠡᠪᠦᠷᠢᠯᠡᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠪᠠᠷᠠᠭ᠎ᠠ ᠶᠢᠨ ᠲᠡᠭᠡᠭᠡᠪᠦᠷᠢ ᠶᠢᠨ ᠡᠬᠢ | ᠡᠭᠦᠰᠦᠯ ᠨᠢᠭᠡᠴᠢ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠯᠲᠠ ᠲᠠᠯᠪᠢᠬᠤ ᠪᠦᠷᠢᠨ | ᠪᠦᠷᠬᠦᠯᠲᠡ ᠶᠢᠨ ᠳᠦᠷᠢᠮ ᠢ ᠪᠠᠶᠢᠭᠤᠯᠵᠤ᠂ 80% ᠠᠴᠠ ᠳᠡᠭᠡᠭᠰᠢᠬᠢ ᠭᠤᠤᠯᠳᠠᠯᠭ᠎ᠠ ᠲᠠᠢ ᠪᠠᠷᠠᠭ᠎ᠠ ᠶᠢᠨ ᠲᠡᠭᠡᠭᠡᠪᠦᠷᠢ | ᠶᠢᠨ ᠡᠬᠢ ᠡᠭᠦᠰᠦᠯ ᠨᠢᠭᠡᠴᠢ ᠳᠤ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠲᠥᠬᠦᠭᠡᠷᠦᠮᠵᠢ ᠪᠠ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠨ ᠬᠡᠷᠡᠭᠯᠡᠬᠦ ᠶᠢ ᠪᠡᠶᠡᠯᠡᠭᠦᠯᠵᠦ᠂ ᠲᠠᠯᠠᠪᠤᠷ ᠲᠤ ᠭᠠᠷᠬᠤ | ᠬᠠᠮᠢᠶᠠᠷᠤᠯᠲᠠ ᠶᠢᠨ ᠳᠦᠷᠢᠮ ᠢ 100% ᠪᠠᠷ ᠨᠠᠶᠢᠳᠠᠪᠤᠷᠢᠵᠢᠭᠤᠯᠤᠨ᠎ᠠ᠃ ᠭᠤᠤᠯ ᠱᠤᠭᠤᠮ ᠤᠨ ᠵᠠᠰᠠᠮᠠᠯ ᠵᠠᠮ ᠤᠨ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠦᠷᠲᠡᠭᠡ ᠵᠢᠴᠢ ᠬᠥᠳᠡᠭᠡ ᠲᠣᠰᠬᠤᠨ ᠤ | ᠵᠠᠰᠠᠮᠠᠯ ᠵᠠᠮ ᠤᠨ ᠥᠨᠳᠥᠷ ᠥᠷᠭᠡᠨ ᠢ ᠬᠢᠵᠠᠭᠠᠷᠯᠠᠬᠤ ᠪᠡᠯᠡᠳᠬᠡᠮᠵᠢ ᠲᠣᠬᠢᠷᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠮ ᠤᠨ ᠭᠠᠳᠠᠷᠭᠤ ᠶᠢ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ ᠲᠡᠭᠡᠳᠦ | ᠬᠤᠷᠳᠤ ᠶᠢᠨ ᠵᠠᠰᠠᠮᠠᠯ ᠵᠠᠮ ᠤᠨ ᠣᠷᠤᠴᠠ ᠳᠤ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠲᠥᠬᠦᠭᠡᠷᠦᠮᠵᠢ | ᠨᠡᠮᠡᠵᠦ ᠤᠭᠰᠠᠷᠠᠬᠤ ᠶᠢ ᠭᠦᠨᠵᠡᠭᠡᠶ ᠠᠬᠢᠭᠤᠯᠵᠤ᠂ ᠣᠷᠤᠴᠠ ᠳᠠᠬᠢ ᠬᠦᠨᠳᠦ ᠶᠢ ᠨᠢ ᠬᠡᠮᠵᠢᠬᠦ ᠲᠥᠬᠦᠭᠡᠷᠦᠮᠵᠢ ᠶᠢ | ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠵᠢᠱᠢᠯᠲᠡ ᠪᠠᠷ 2019 ᠣᠨ ᠤ ᠵᠢᠯ ᠤᠨ ᠡᠴᠦᠰ ᠲᠤ ᠳᠡᠭᠡᠳᠦ | ᠬᠤᠷᠳᠤ ᠶᠢᠨ ᠵᠠᠰᠠᠮᠠᠯ ᠵᠠᠮ ᠤᠨ ᠣᠷᠤᠴᠠ ᠶᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠨᠳᠦ ᠶᠢ ᠨᠢ | ᠬᠡᠮᠵᠢᠵᠦ ᠪᠠᠶᠢᠴᠠᠭᠠᠨ ᠰᠢᠨᠵᠢᠯᠡᠬᠦ ᠬᠠᠮᠢᠶᠠᠷᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠦᠬᠦ ᠣᠷᠣᠨ ᠤ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢ ᠰᠦᠯᠵᠢᠶ᠎ᠡ ᠨᠡᠪᠲᠡᠷᠡᠭᠦᠯᠦᠨ ᠬᠠᠮᠢᠶᠠᠷᠬᠤ ᠮᠡᠳᠡᠭᠡ ᠵᠠᠩᠭᠢ ᠶᠢᠨ | ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠦᠯᠲᠡ ᠶᠢᠨ ᠰᠢᠨᠵᠢᠯᠡᠬᠦ | ᠤᠬᠠᠭᠠᠨᠴᠢᠯᠠᠯᠲᠠ ᠪᠠ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠶᠢ ᠳᠡᠭᠡᠭᠰᠢᠯᠡᠭᠦᠯᠦᠨ᠎ᠡ᠃ ᠲᠡᠷᠭᠡ | ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠪᠠᠶᠢᠩᠭᠤᠵᠢᠭᠤᠯᠬᠤ᠂ | ᠳᠦᠷᠢᠮᠵᠢᠭᠦᠯᠬᠦ᠂ ᠵᠢᠷᠤᠮᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠲᠤᠰᠬᠠᠶ ᠵᠠᠰᠠᠬᠤ ᠪᠠ | ᠪᠠᠶᠢᠩᠭᠤᠵᠢᠭᠤᠯᠤᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠭ | ᠲᠣᠭᠲᠠᠭᠠᠨ ᠬᠤᠯᠪᠤᠭᠠᠯᠠᠨ ᠬᠠᠤᠯᠢ ᠬᠡᠷᠡᠭᠵᠢᠭᠦᠯᠬᠦ᠂ ᠬᠦᠳᠡᠯᠦᠩᠭᠦᠢ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ | ᠲᠦᠯᠬᠢᠨ ᠠᠬᠢᠭᠤᠯᠤᠨ᠎ᠠ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠮᠵᠢᠯᠲᠠ ᠪᠠᠨ ᠪᠠᠳᠠᠷᠠᠭᠤᠯᠤᠨ᠂ ᠲᠤᠷᠰᠢᠯᠭ᠎ᠠ ᠪᠠᠨ ᠳ᠋ᠦᠩᠨᠡᠵᠦ᠂ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠢᠩᠭ᠎ᠠ ᠰᠡᠷᠭᠡᠶᠢᠯᠡᠵᠦ ᠰᠠᠬᠢᠵᠤ᠂ ᠳᠠᠬᠢᠨ ᠨᠡᠮᠡᠭᠳᠡᠬᠦ ᠶᠢ ᠰᠡᠷᠭᠡᠶᠢᠯᠡᠵᠦ | ᠪᠠᠲᠤ ᠰᠠᠬᠢᠨ᠂ ᠣᠳᠣ ᠪᠠᠶᠢᠭ᠎ᠠ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠶᠢᠨ ᠰᠠᠭᠤᠷᠢᠨ ᠳᠡᠭᠡᠷ᠎ᠡ ᠦᠷ᠎ᠡ | ᠪᠦᠲᠦᠭᠡᠯ ᠢᠶᠠᠨ ᠪᠠᠬᠢᠵᠢᠭᠦᠯᠦᠨ᠂ ᠳᠠᠶᠢᠨ ᠤ ᠦᠷ᠎ᠡ ᠪᠦᠲᠦᠭᠡᠯ ᠢᠶᠠᠨ ᠥᠷᠭᠡᠳᠬᠡᠵᠦ᠂ ᠴᠢᠩᠭ᠎ᠠ ᠱᠠᠭᠠᠷᠳᠠᠬᠤ ᠪᠠ | ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠬᠡᠮᠵᠢᠶ᠎ᠡ ᠠᠴᠠ ᠬᠡᠲᠦᠷᠡᠭᠦᠯᠦᠭᠰᠡᠨ ᠲᠡᠷᠭᠡ | ᠬᠥᠰᠬᠡ ᠶᠢ ᠵᠠᠰᠠᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ | ᠪᠠᠬᠢᠵᠢᠭᠦᠯᠬᠦ ᠶᠢ ᠠᠬᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ | ᠰᠠᠶᠢᠵᠢᠷᠠᠭᠤᠯᠤᠨ᠂ ᠵᠠᠮ ᠤᠨ ᠠᠮᠤᠷ ᠲᠦᠪᠰᠢᠨ ᠤ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ᠃ ᠳᠣᠣᠷ᠎ᠠ ᠰᠦᠯᠵᠢᠶᠡᠨ ᠤ | ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠭᠤᠭᠴᠤᠭ᠎ᠠ ᠳᠤ ᠣᠷᠣᠶ᠎ᠠ᠃ ᠰᠦᠯᠵᠢᠶᠡᠨ ᠤ ᠠᠨᠳᠠ ︽ᠲᠠ ᠲᠠ︾ | ᠬᠡᠯᠡᠬᠦ ᠳᠡᠭᠡᠨ᠄ ᠮᠤᠵᠢ ᠠᠯᠤᠰᠯᠠᠭᠰᠠᠨ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠰᠦᠯᠵᠢᠶᠡᠨ ᠳᠤ | ᠭᠦᠢᠴᠡᠳᠭᠡᠭᠰᠡᠨ ᠤ ᠳᠠᠷᠠᠭ᠎ᠠ᠂ ᠨᠡᠪᠲᠡᠷᠡᠬᠦ ᠦᠨᠡᠮᠯᠡᠯ ᠤᠨ ᠰᠠᠭᠠᠲᠠᠭᠰᠠᠨ ᠴᠠᠭ ᠨᠢ ᠳᠡᠩᠳᠡᠭᠦᠦ ᠤᠷᠲᠤ᠃ | ᠶᠦᠨ ᠸᠧᠨ ᠵᠢᠩ᠄ | ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠳᠤ ︽ | ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠬᠤ ᠵᠠᠰᠠᠮᠠᠯ ᠵᠠᠮ ᠤᠨ | ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 62 ᠳ᠋ᠤᠭᠠᠷ ᠲᠣᠭᠠᠲᠤ ᠵᠠᠷᠯᠢᠭ | ︶ ᠳᠤ ᠲᠣᠭᠲᠠᠭᠠᠭᠰᠠᠨ ᠬᠢᠨᠠᠨ ᠵᠥᠪᠰᠢᠶᠡᠷᠡᠬᠦ ᠴᠠᠭ ᠲᠤ ᠨᠢ ᠭᠦᠢᠴᠡᠳᠭᠡᠬᠦ ᠶᠢ ᠴᠢᠩᠭ᠎ᠠ ᠵᠢᠷᠦᠮᠯᠡᠬᠤ ᠶᠢᠨ ᠬᠠᠮᠲᠤ᠂ | 2018 ᠣᠨ ᠳᠤ ᠵᠠᠮ ᠬᠠᠷᠢᠯᠴᠠᠭᠠᠨ ᠤ ᠴᠠᠭᠳᠠᠭᠠᠨ ᠤ ᠰᠠᠯᠠᠭ᠎ᠠ ᠮᠥᠴᠢᠷ ᠲᠠᠢ ᠢᠳᠡᠪᠬᠢᠲᠡᠢ ᠵᠥᠪᠳᠡᠯᠴᠡᠵᠦ᠂ ᠲᠣᠮᠣ | ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠵᠠᠮ ᠤᠨ ᠴᠠᠭᠳᠠᠭ᠎ᠠ ᠶᠢᠨ ᠬᠤᠯᠪᠤᠭᠠᠯᠠᠨ ᠬᠢᠨᠠᠨ ᠵᠥᠪᠰᠢᠶᠡᠷᠡᠬᠦ | ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠮᠣ ᠵᠦᠢᠯ ᠤᠨ ᠬᠢᠨᠠᠨ ᠵᠥᠪᠰᠢᠶᠡᠷᠡᠬᠦ ᠴᠠᠭ ᠢ ᠤᠯᠠᠮ ᠨᠢᠭᠡ | ᠠᠯᠬᠤᠮ ᠪᠣᠭᠤᠨᠢᠰᠬᠠᠵᠤ᠂ ᠳᠠᠭᠠᠭᠠᠨ ᠲᠡᠭᠡᠭᠡᠪᠦᠷᠢᠯᠡᠭᠴᠢ ᠶᠢᠨ ᠬᠦᠯᠢᠶᠡᠬᠦ ᠴᠠᠭ ᠢ ᠲᠦᠢᠯ ᠤᠨ ᠶᠡᠭᠡ ᠪᠠᠷ | ᠪᠠᠭᠠᠰᠬᠠᠭᠰᠠᠨ ᠪᠠᠶᠢᠨ᠎ᠠ᠃ | ᠬᠥᠲᠥᠯᠥᠭᠴᠢ᠄ | ᠰᠦᠯᠵᠢᠶᠡᠨ ᠤ ᠠᠨᠳᠠ ︽ᠰᠢᠶᠣᠣ ᠰᠢ︾ ᠠᠠᠰᠠᠭᠤᠭᠰᠠᠨ ᠨᠢ᠄ ᠲᠣᠮᠣ ᠵᠦᠢᠯ ᠤᠨ ᠲᠡᠭᠡᠭᠡᠪᠦᠷᠢ ᠶᠢᠨ | ᠨᠡᠪᠲᠡᠷᠡᠬᠦ ᠦᠨᠡᠮᠯᠡᠯ ᠭᠤᠶᠤᠴᠢᠯᠠᠬᠤ ᠰᠦᠯᠵᠢᠶᠡᠨ ᠬᠠᠶ᠋ᠢᠭ ᠨᠢ ᠶᠠᠭᠤ ᠪᠣᠶ︖ | ᠶᠦᠨ ᠸᠧᠨ ᠵᠢᠩ ᠄ | ᠮᠤᠵᠢ ᠠᠯᠤᠰᠯᠠᠭᠰᠠᠨ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ | ᠰᠦᠯᠵᠢᠶᠡᠨ ᠤ ᠬᠠᠶ᠋ᠢᠭ ᠪᠣᠯ᠄ http://zclic. tpri. org. cn/licweb/login. html᠂ ᠮᠤᠵᠢ ᠶᠢᠨ | ᠳᠣᠲᠣᠷᠠᠬᠢ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ ᠰᠦᠯᠵᠢᠶᠡᠨ ᠤ ᠬᠠᠶ᠋ᠢᠭ᠄ | http://116.112. 7.21᠄ | 8084 / djyssnpt᠂ ᠮᠣᠵᠢ ᠠᠯᠤᠰᠯᠠᠭᠰᠠᠨ ᠪᠠ ᠮᠤᠵᠢ ᠶᠢᠨ ᠳᠣᠲᠣᠷᠠᠬᠢ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ ᠳᠤ᠂ ᠠᠵᠤ ᠠᠬᠤᠶᠢᠯᠠᠯ ᠨᠢ ᠰᠦᠯᠵᠢᠶᠡᠨ ᠬᠠᠶ᠋ᠢᠭ ᠤᠨ ᠰᠠᠨᠠᠭᠤᠯᠤᠮᠵᠢ | ᠶᠣᠰᠣᠭᠠᠷ ᠬᠡᠷᠡᠭᠯᠡᠭᠴᠢ ᠶᠢ ᠳᠠᠩᠰᠠᠯᠠᠭᠤᠯᠤᠭᠰᠠᠨ ᠤ ᠳᠠᠷᠠᠭ᠎ᠠ ᠭᠦᠢᠴᠡᠳᠭᠡᠬᠦ ᠴᠢᠬᠤᠯᠠᠲᠠᠶ᠃ ᠮᠤᠵᠢ ᠶᠢᠨ ᠳᠣᠲᠣᠷᠠᠬᠢ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ ᠳᠤ ᠤᠷᠢᠳᠤᠪᠠᠷ ᠮᠣᠵᠢ ᠠᠯᠤᠰᠯᠠᠭᠰᠠᠨ | ᠲᠣᠮᠣ ᠵᠦᠢᠯ ᠤᠨ ᠲᠡᠭᠡᠭᠡᠪᠦᠷᠢ ᠶᠢᠨ ᠭᠦᠢᠴᠡᠳᠭᠡᠬᠦ ᠲᠠᠪᠴᠠᠩ ᠳᠤ ᠳᠠᠩᠰᠠᠯᠠᠭᠤᠯᠤᠭᠰᠠᠨ ᠤ ᠳᠠᠷᠠᠭ᠎ᠠ᠂ ᠰᠠᠶ᠋ᠢ ᠳᠠᠩᠰᠠᠯᠠᠵᠤ ᠪᠣᠯᠬᠤ ᠶᠢᠨ ᠬᠠᠮᠲᠤ ᠵᠡᠷᠭᠡ ᠪᠠᠷ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠮᠤᠵᠢ ᠶᠢᠨ ᠳᠣᠲᠣᠷᠠᠬᠢ ᠲᠣᠮᠣ | ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠤᠨ ᠭᠦᠢᠴᠡᠳᠭᠡᠬᠦ ᠲᠠᠪᠴᠠᠩ ᠳᠤ ᠬᠦᠷᠭᠡᠨ᠎ᠡ᠃ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠶᠢᠨ ᠨᠠᠷᠢᠨ ᠲᠣᠳᠣᠷᠬᠠᠶ ᠲᠠᠨᠢᠯᠴᠠᠭᠤᠯᠭ᠎ᠠ ᠪᠠ ᠬᠦᠯᠢᠴᠡᠩᠭᠦᠶ ᠲᠠᠶᠢᠯᠤᠮᠵᠢ ᠬᠢᠭᠰᠡᠨ ᠲᠤ ᠳᠠᠬᠢᠨᠲᠠ ᠲᠠᠯᠠᠷᠬᠠᠵᠤ᠂ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ | ᠪᠠᠶᠢᠨ᠎ᠠ᠂ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠳᠤ ᠠᠭᠤᠯᠵᠠᠶ᠎ᠠ︕ | | | | | | | | | | ᠁ |