ᠥᠪᠥᠷ ᠮᠣᠩᠭᠤᠯ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ ᠵᠠᠰᠠᠮᠠᠯ ᠵᠠᠮ ᠤᠨ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2020/11/10
     ᠰᠤᠷᠪᠤᠯᠵᠢᠯᠠᠭᠰᠠᠨ ᠴᠠᠭ᠄ 2019 ᠣᠨ ᠤ 09 ᠳ᠋ᠦ᠋ᠭᠡᠷ ᠰᠠᠷ᠎ᠠ ᠶᠢᠨ 10 ᠤ ᠦᠳᠡ ᠶᠢᠨ ᠡᠮᠦᠨᠡᠬᠢ 9 ᠴᠠᠭ 30      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠰᠤᠷᠪᠤᠯᠵᠢᠯᠠᠯ ᠤᠨ ᠲᠣᠪᠴᠢ ᠲᠠᠨᠢᠯᠴᠠᠭᠤᠯᠭ᠎ᠠ      2004 ᠣᠨ ᠠᠴᠠ ᠪᠦᠬᠦ ᠤᠯᠤᠰ ᠲᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ︽ᠡᠬᠢ ᠡᠭᠦᠰᠦᠯ ᠳᠤ ᠰᠠᠭᠤᠷᠢᠯᠠᠬᠤ᠂ ᠬᠠᠤᠯᠢ ᠶᠣᠰᠣᠭᠠᠷ ᠴᠢᠩᠭ᠎ᠠ ᠬᠠᠮᠢᠶᠠᠷᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠬᠡ ᠪᠠᠷ ᠵᠠᠰᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠵᠠᠰᠠᠬᠤ︾ ᠵᠠᠰᠠᠯᠲᠠ ᠵᠠᠷᠴᠢᠮ ᠶᠣᠰᠣᠭᠠᠷ᠂ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠲᠠᠰᠤᠷᠤᠯᠲᠠ ᠦᠭᠡᠢ ᠪᠦᠷᠢᠨ ᠲᠡᠭᠦᠯᠳᠡᠷᠵᠢᠭᠦᠯᠵᠦ᠂ ᠵᠠᠮ ᠶᠢᠨ ᠭᠠᠳᠠᠷᠭᠤ ᠶᠢᠨ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠨᠡᠮᠡᠭᠳᠡᠭᠦᠯᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠨᠢ ᠨᠡᠯᠢᠶᠡᠳ ᠢᠯᠡᠷᠬᠡᠶ ᠦᠷ᠎ᠡ ᠳ᠋ᠦᠩ ᠣᠯᠪᠠ᠃ 2016 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ ᠤᠯᠤᠰ ᠠᠴᠠ ᠰᠢᠨ᠎ᠡ ᠨᠢᠭᠡᠨ ᠡᠭᠡᠯᠵᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠲᠥᠪᠯᠡᠷᠡᠭᠦᠯᠦᠨ ᠵᠠᠰᠠᠬᠤ ᠠᠵᠢᠯ  ᠢ ᠥᠷᠨᠢᠭᠦᠯᠦᠭᠰᠡᠨ ᠠᠴᠠ ᠨᠠᠭᠠᠰᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠠᠪᠤᠨ ᠶᠠᠮᠤᠨ ᠲᠣᠪᠴᠢᠶᠠᠨ ᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠠᠮᠲᠤᠷᠠᠨ ᠬᠠᠤᠯᠢ ᠬᠡᠷᠡᠭᠵᠢᠭᠦᠯᠬᠦ᠂ ᠵᠢᠷᠤᠮᠵᠢᠯ ᠲᠠᠢ ᠬᠠᠤᠯᠢ ᠬᠡᠷᠡᠭᠵᠢᠭᠦᠯᠬᠦ᠂ ᠰᠤᠷᠪᠤᠯᠵᠢᠯᠠᠨ ᠦᠢᠯᠡᠴᠢᠯᠡᠬᠦ᠂ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠠᠵᠢᠯ ᠳᠡᠭᠡᠷ᠎ᠡ ᠭᠤᠤᠯᠳᠠᠯᠭ᠎ᠠ ᠲᠠᠢ ᠬᠦᠴᠦ ᠲᠠᠯᠪᠢᠵᠤ᠂ ᠦᠷᠭᠦᠯᠵᠢᠯᠡᠨ ᠬᠦᠴᠦᠯᠡᠵᠦ᠂ ᠮᠠᠨ ᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠳᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠬᠢᠵᠦ᠂ ᠬᠡᠳᠦᠶᠢᠪᠡᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠵᠣᠬᠢᠬᠤ ᠦᠷ᠎ᠡ ᠪᠦᠲᠦᠭᠡᠮᠵᠢ  ᠣᠯᠵᠤ᠂ ᠪᠠᠰᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠪᠣᠯᠪᠠᠴᠤ᠂ ᠲᠡᠭᠡᠭᠡᠪᠦᠷᠢ ᠶᠢᠨ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠤ ᠭᠦᠨ ᠳᠠᠪᠬᠤᠷᠭ᠎ᠠ ᠶᠢᠨ ᠰᠢᠯᠲᠠᠭᠠᠨ ᠢ ᠬᠠᠷᠠᠬᠠᠨ ᠠᠷᠢᠯᠭᠠᠭᠠᠳᠤᠶ ᠪᠠᠶᠢᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨ ᠲᠡᠭᠦᠯᠳᠡᠷ ᠪᠣᠯᠭᠠᠵᠤ ᠴᠢᠳᠠᠭᠠᠳᠤᠶ ᠪᠠᠶᠢᠭᠰᠠᠭᠠᠷ᠂ ᠬᠡᠮᠵᠢᠶ᠎ᠡ ᠳᠠᠭᠠᠭᠠᠴᠠ ᠠᠴᠠ ᠭᠡᠲᠦᠷᠡᠭᠦᠯᠦᠭᠰᠡᠨ ᠢ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠬᠦᠴᠢᠷᠳᠡᠯ ᠤᠯᠠᠮ ᠠᠴᠠ ᠤᠯᠠᠮ ᠶᠡᠭᠡ ᠪᠣᠯᠵᠤ ᠪᠠᠶᠢᠬᠤ ᠶᠢ ᠪᠢᠳᠡ ᠪᠠᠰᠠ ᠰᠡᠷᠬᠡᠭ ᠢᠶᠠᠷ ᠣᠯᠵᠤ ᠬᠠᠷᠠᠪᠠ     ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠠᠩᠬᠠᠷᠬᠤ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠢ ᠤᠷᠢᠵᠤ᠂ ᠣᠯᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠲᠤᠬᠠᠶ ᠣᠯᠠᠨ ᠲᠠᠢ ᠰᠠᠨᠠᠯ ᠰᠣᠯᠢᠯᠴᠠᠭ᠎ᠠ ᠬᠢᠬᠦ ᠪᠠᠷ ᠪᠣᠯᠤᠯ᠎ᠠ᠃ ᠲᠠᠨ ᠢ ᠪᠠᠶᠠᠷᠯᠠᠨ ᠤᠭᠲᠤᠵᠤ ᠪᠠᠶᠢᠨ᠎ᠠ᠂ ᠶᠦᠨ ᠲᠢᠩᠬᠢᠮ ᠤᠨ ᠳᠠᠷᠤᠭ᠎ᠠ ᠠ︕      ᠶᠦᠨ ᠸᠧᠨ ᠵᠢᠩ      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕      ᠬᠥᠲᠥᠯᠥᠭᠴᠢ      ᠪᠢᠳᠡ ᠤᠶᠢᠯᠠᠭᠠᠭᠰᠠᠨ ᠪᠠᠷ᠂ 2018 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠳᠤ ︽ᠵᠠᠭᠤᠨ ᠲᠣᠨ ᠸᠠᠩ︾ ᠤᠨ ᠲᠤᠰᠬᠠᠶ ᠴᠡᠭᠴᠡᠯᠡᠯᠲᠡ ᠪᠠ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭᠠᠨ ᠤ ᠲᠤᠰᠬᠠᠶ ᠠᠵᠢᠯᠯᠠᠭ᠎ᠠ︾ ᠶᠢ ᠦᠷᠨᠢᠬᠦᠯᠪᠡ᠂  ᠡᠩ ᠲᠡᠷᠢᠭᠦᠨ ᠳᠤ ᠡᠨᠡ ᠬᠦ ᠠᠵᠢᠯ ᠢ ᠥᠷᠨᠢᠭᠦᠯᠦᠭᠰᠡᠨ ᠶᠡᠷᠦᠩᠬᠡᠶ ᠪᠠᠶᠢᠳᠠᠯ ᠢ ᠲᠠᠨᠢᠯᠴᠠᠭᠤᠯᠤᠭᠠᠳ ᠦᠭᠭᠦᠭᠡᠷᠡᠢ᠃      ᠶᠦᠨ ᠸᠧᠨ ᠵᠢᠩ      2018 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠪᠠ ᠬᠦᠴᠦᠲᠡᠶ ᠳᠡᠮᠵᠢᠯᠭᠡ ᠳᠣᠣᠷ᠎ᠠ᠂ ︽ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾ ᠵᠠᠷᠴᠢᠮ ᠢ ᠪᠠᠷᠢᠮᠲᠠᠯᠠᠨ᠂ ︽ᠵᠠᠭᠤᠨ ᠲᠣᠨ ᠸᠠᠩ︾ ᠤᠨ ᠲᠤᠰᠬᠠᠶ ᠴᠡᠭᠴᠡᠯᠡᠯᠲᠡ ᠪᠠ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭᠠᠨ ᠤ ᠲᠤᠰᠬᠠᠶ ᠠᠵᠢᠯᠯᠠᠭ᠎ᠠ︾ ᠶᠢ ᠦᠷᠨᠢᠭᠦᠯᠵᠦ᠂ ᠡᠬᠢ ᠡᠭᠦᠰᠦᠯ ᠠᠴᠠ ᠨᠢ ᠵᠠᠰᠠᠬᠤ᠂ ᠵᠠᠮ ᠶᠢᠨ ᠭᠠᠳᠠᠷᠭᠤ ᠶᠢᠨ ᠬᠠᠮᠢᠶᠠᠷᠤᠨ ᠡᠵᠡᠮᠳᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ᠂ ᠵᠢᠷᠦᠮᠵᠢᠯ ᠲᠠᠢ ᠬᠠᠤᠯᠢ ᠬᠡᠷᠡᠭᠵᠢᠭᠦᠯᠬᠦ ᠵᠡᠷᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠢᠯᠡᠳᠲᠡ ᠦᠷ᠎ᠡ ᠪᠦᠲᠦᠭᠡᠮᠵᠢ ᠣᠯᠪᠠ᠃ 2019 ᠣᠨ ᠳᠤ ᠪᠦᠬᠦ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠨᠢ ᠪᠠᠶᠢᠩᠭᠤᠵᠢᠭᠰᠠᠨ ᠵᠠᠰᠠᠯᠲᠠ ᠤᠷᠤᠭᠤ ᠰᠢᠯᠵᠢᠨ ᠣᠷᠣᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠡᠭᠡᠳᠦ ᠬᠤᠷᠲᠤ ᠶᠢᠨ ᠵᠠᠰᠠᠮᠠᠯ ᠵᠠᠮ ᠤᠨ ᠤᠷᠤᠴᠠ ᠳᠠᠬᠢ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠴᠡᠭ ᠲᠣᠭᠲᠠᠭᠠᠬᠤ ᠪᠠ ᠬᠥᠳᠡᠯᠦᠩᠭᠦᠶ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠭᠦᠨᠵᠡᠭᠡᠶ  ᠠᠬᠢᠭᠤᠯᠪᠠ᠃ 2019 ᠣᠨ ᠤ ᠨᠢᠭᠡᠳᠦᠭᠡᠷ ᠤᠯᠠᠷᠢᠯ ᠳᠤ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠨᠣᠷᠮ᠎ᠠ 1.40% ᠪᠤᠯᠵᠤ᠂ 2018 ᠣᠨ ᠤ ᠬᠢ ᠶᠢᠨ ᠪᠥᠬᠦ ᠤᠯᠤᠰ ᠤᠨ ᠠᠷᠤ ᠠᠴᠠ ᠨᠢ ᠲᠣᠭᠠᠯᠠᠭᠠᠳ ᠭᠤᠷᠪᠠᠳᠤᠭᠠᠷ ᠪᠠᠶᠢᠭᠰᠠᠨ ᠠᠴᠠ ᠪᠥᠬᠦ ᠤᠯᠤᠰ ᠤᠨ ᠳᠤᠮᠳᠠ ᠵᠡᠷᠭᠡ ᠶᠢᠨ ᠬᠢᠷᠢ ᠲᠦᠪᠰᠢᠨ ᠳᠤ ᠰᠢᠬᠠᠨ ᠣᠷᠤᠪᠠ᠃ 2019 ᠣᠨ ᠤ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠳᠤ ︽ᠵᠠᠭᠤᠨ ᠲᠣᠨ ᠸᠠᠩ︾ ᠪᠠᠷᠠᠭᠠᠨ ᠤ ᠲᠡᠷᠭᠡ ᠨᠡᠶᠢᠲᠡ 630 ᠤᠳᠠᠭ᠎ᠠ ᠨᠡᠪᠲᠡᠷᠡᠵᠦ᠂ ︽ᠵᠠᠭᠤᠨ ᠲᠣᠨ ᠸᠠᠩ︾ ᠲᠡᠷᠭᠡ ᠶᠢ ᠦᠨᠳᠦᠰᠦᠨ ᠳᠤ ᠪᠠᠨ ᠬᠤᠷᠢᠭᠯᠠᠪᠠ᠃      ᠬᠥᠲᠥᠯᠥᠭᠴᠢ      ᠠᠵᠢᠯ ᠢ ᠥᠷᠨᠢᠭᠦᠯᠬᠦ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠡᠭᠦᠷᠭᠡ ᠬᠠᠷᠢᠭᠤᠴᠠᠯᠭ᠎ᠠ ᠶᠢ ᠬᠡᠷᠬᠢᠨ ᠲᠣᠳᠣᠷᠬᠠᠶᠢᠯᠠᠬᠤ ᠪᠣᠶ︖      ᠶᠦᠨ ᠸᠧᠨ ᠵᠢᠩ      2018 ᠣᠨ ᠤ 8 ᠳ᠋ᠤᠭᠠᠷ ᠰᠠᠷ᠎ᠠ ᠶᠢᠨ 3 ᠤ ᠡᠳᠦᠷ᠂ ᠲᠦᠩᠯᠢᠶᠣᠤ ᠬᠤᠲᠠ ᠳᠤ ᠪᠥᠬᠦ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠲᠡᠭᠡᠭᠡᠪᠦᠷᠢ ᠶᠢᠨ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠭᠦᠨᠵᠡᠭᠡᠶ ᠦᠷᠨᠢᠭᠦᠯᠦᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠶᠢ ᠲᠤᠲᠤᠷᠬᠠᠶᠢᠯᠠᠵᠤ᠂ ᠠᠶᠢᠮᠠᠭ ᠬᠤᠲᠠ ᠶᠢᠨ ᠳᠠᠷᠤᠭ᠎ᠠ᠂ ᠬᠤᠰᠢᠭᠤ ᠰᠢᠶᠠᠨ ᠤ ᠳᠠᠷᠤᠭ᠎ᠠ ᠪᠣᠯ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ᠲᠣᠰ ᠬᠠᠷᠢᠶ᠎ᠠ ᠣᠷᠣᠨ ᠤ ᠪᠠᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ︔ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠠᠵᠤ ᠠᠬᠤᠶ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠠᠵᠤ ᠦᠢᠯᠡᠳᠪᠦᠷᠢ ᠬᠤᠳᠠᠯᠳᠤᠭ᠎ᠠ ᠲᠠᠪᠤᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠶᠢ ᠲᠣᠳᠣᠷᠬᠠᠶᠢᠯᠠᠨ᠎ᠠ︔ ᠡᠯ᠎ᠡ ᠨᠢᠭᠡᠴᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠳᠤᠮᠳᠠᠬᠢ ᠪᠣᠳᠠᠲᠠᠶ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠪᠠᠶᠢᠨ᠎ᠠ᠃      ᠬᠥᠲᠥᠯᠥᠭᠴᠢ      ᠲᠣᠰ ᠤᠳᠠᠭᠠᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ ᠶᠢᠨ ᠲᠤᠰᠬᠠᠶ ᠠᠵᠢᠯᠯᠠᠭ᠎ᠠ ᠨᠢ ᠶᠠᠮᠠᠷ ᠦᠷ᠎ᠡ ᠪᠦᠲᠦᠮᠵᠢ ᠲᠠᠢ ᠪᠣᠶ︖ ᠶᠠᠮᠠᠷ ᠬᠠᠷᠠᠯᠲᠠ ᠳᠤ ᠬᠦᠷᠬᠦ ᠪᠣᠢ︖      ᠶᠦᠨ ᠸᠧᠨ ᠵᠢᠩ      ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ ᠶᠢᠨ ᠲᠤᠰᠬᠠᠶ ᠠᠵᠢᠯᠯᠠᠭ᠎ᠠ ᠶᠢ 2018 ᠣᠨ ᠤ ᠪᠦᠬᠦ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠬᠤᠷᠠᠯ ᠳᠤ ᠪᠠᠶᠢᠷᠢᠯᠠᠭᠤᠯᠤᠨ ᠦᠷᠨᠢᠭᠦᠯᠵᠦ᠂ 2018 ᠣᠨ ᠤ 9 ᠳ᠋ᠦ᠋ᠭᠡᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ᠪᠦᠬᠦ ᠣᠷᠣᠨ ᠤ ᠡᠯ᠎ᠡ ᠠᠶᠢᠮᠠᠭ ᠬᠤᠲᠠ ᠳᠤ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠥᠷᠨᠢᠭᠦᠯᠵᠦ᠂ ᠡᠯ᠎ᠡ ᠠᠶᠢᠮᠠᠭ ᠬᠤᠲᠠ ᠠᠴᠠ ᠬᠠᠷᠢᠶ᠎ᠠ ᠣᠷᠣᠨ ᠳᠠᠬᠢ ᠳᠣᠲᠣᠭᠠᠳᠤ ᠶᠢ ᠬᠠᠮᠠᠭᠠᠯᠠᠬᠤ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠥᠷᠲᠡᠭᠡ ᠳᠤ ᠲᠦᠰᠢᠭᠯᠡᠨ᠂ ᠬᠠᠤᠯᠢ ᠠᠴᠠ ᠵᠥᠷᠢᠴᠡᠵᠦ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠶᠢ ᠵᠠᠰᠠᠵᠤ᠂ ᠡᠭᠦᠨ ᠤ ᠬᠠᠮᠲᠤ᠂ ᠪᠠᠷᠠᠭᠠᠨ ᠤ ᠲᠡᠭᠡᠭᠡᠪᠦᠷᠢ ᠶᠢᠨ ᠡᠭᠦᠰᠭᠡᠯ ᠠᠵᠤ ᠠᠬᠤᠶᠢᠯᠠᠯ ᠤᠨ ᠡᠷᠭᠢᠨ ᠲᠣᠭᠤᠷᠢᠨ ᠤ ᠵᠠᠮ ᠤᠨ ᠬᠡᠰᠡᠭ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠤᠤᠯ ᠪᠣᠯᠬᠤ ᠣᠷᠤᠴᠠ ᠭᠠᠷᠴᠠ ᠵᠢᠴᠢ ᠪᠠᠷᠠᠭᠠᠨ ᠤ ᠲᠡᠭᠡᠭᠡᠪᠦᠷᠢ ᠶᠢᠨ ᠲᠡᠷᠭᠡ ᠲᠥᠪᠯᠡᠷᠡᠭᠰᠡᠨ ᠵᠠᠮ ᠤᠨ ᠬᠡᠰᠡᠭ ᠲᠤ᠂ ᠬᠦᠳᠡᠯᠦᠩᠭᠦᠢ ᠬᠤᠯᠪᠤᠭᠠᠯᠠᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠪᠡ᠃ ︽ᠵᠠᠭᠤᠨ ᠲᠣᠨ ᠸᠠᠩ︾ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ  ᠶᠢᠨ ᠲᠡᠷᠭᠡ ᠶᠢᠨ ᠲᠤᠰᠬᠠᠶ ᠴᠡᠭᠴᠡᠯᠡᠬᠦ ᠠᠵᠢᠯ ᠲᠠᠢ ᠤᠶᠠᠯᠳᠤᠭᠤᠯᠤᠨ᠂ ᠵᠠᠮ ᠤᠨ ᠴᠠᠭᠳᠠᠭ᠎ᠠ ᠶᠢᠨ ᠬᠤᠯᠪᠤᠭᠠᠯᠠᠨ ᠵᠢᠵᠢᠭᠦᠷᠯᠡᠵᠦ ᠬᠤᠯᠪᠤᠭᠠᠯᠠᠨ ᠬᠦᠳᠡᠯᠦᠯᠴᠡᠭᠦ ᠪᠠᠷ ᠳᠠᠮᠵᠢᠨ᠂ ᠬᠠᠤᠯᠢ ᠠᠴᠠ ᠵᠥᠷᠢᠴᠡᠭᠰᠡᠨ ᠲᠡᠭᠡᠭᠡᠪᠦᠷᠢ ᠶᠢᠨ ᠠᠵᠢᠯᠯᠠᠭ᠎ᠠ ᠶᠢ ᠪᠦᠲᠦᠮᠵᠢᠲᠡᠶ ᠰᠦᠷᠳᠡᠭᠦᠯᠵᠦ᠂ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠶᠢ ᠶᠡᠭᠡ ᠪᠠᠷ ᠪᠠᠭᠤᠷᠠᠭᠤᠯᠪᠠ᠃ ᠣᠳᠣᠬᠠᠨ ᠳᠤ ᠲᠤᠰᠬᠠᠶ ᠠᠵᠢᠯᠯᠠᠭ᠎ᠠ ᠨᠢ ᠨᠢᠭᠡᠨᠲᠡ ᠪᠠᠶᠢᠩᠭᠤᠵᠢᠭᠤᠯᠬᠤ᠂ ᠳᠦᠷᠢᠮᠵᠢᠭᠦᠯᠬᠦ ᠠᠵᠢᠯ ᠳᠤ ᠰᠢᠯᠵᠢᠨ ᠣᠷᠤᠵᠤ᠂ ᠮᠠᠨ ᠤ ᠣᠷᠣᠨ ᠨᠢ ︽ᠬᠠᠤᠯᠢ ᠶᠣᠰᠣᠭᠠᠷ ᠴᠢᠩᠭ᠎ᠠ ᠬᠠᠮᠢᠶᠠᠷᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠡᠬᠢ ᠡᠭᠦᠰᠦᠯ ᠳᠤ ᠰᠠᠭᠤᠷᠢᠯᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠵᠠᠰᠠᠬᠤ︾ ᠵᠠᠷᠴᠢᠮ ᠢ ᠪᠠᠷᠢᠮᠲᠠᠯᠠᠵᠤ᠂ ︽ᠪᠥᠬᠦ ᠣᠷᠣᠨ ᠳᠤ ᠨᠢᠭᠡᠳᠦᠯᠲᠡᠶ ᠤᠳᠤᠷᠢᠳᠬᠤ᠂ ᠣᠷᠣᠨ ᠨᠤᠲᠤᠭ ᠤᠨ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠠᠴᠠ ᠵᠢᠯᠣᠭᠤᠳᠤᠨ ᠵᠣᠬᠢᠴᠠᠭᠤᠯᠬᠤ᠂ ᠡᠯ᠎ᠡ ᠲᠠᠯ᠎ᠠ ᠶᠢᠨ ᠬᠢᠨ ᠬᠤᠯᠪᠤᠭᠠᠯᠠᠨ ᠠᠵᠢᠯᠯᠠᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠶ᠂ ᠮᠡᠷᠭᠡᠵᠢᠯ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠪᠠᠷᠠᠭᠠᠨ ᠤ ᠲᠡᠷᠭᠡ ᠦᠢᠯᠡᠳᠪᠦᠷᠢᠯᠡᠬᠦ᠂ ᠥᠭᠡᠷᠡᠴᠢᠯᠡᠨ ᠤᠭᠰᠠᠷᠠᠬᠤ᠂ ᠪᠣᠷᠣᠯᠠᠭᠤᠯᠬᠤ ᠪᠠ ᠵᠠᠮ ᠤᠨ ᠪᠠᠷᠠᠭᠠᠨ ᠤ ᠲᠡᠭᠡᠭᠡᠪᠦᠷᠢ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠵᠠᠰᠠᠬᠤ ᠪᠠ ᠭᠦᠨᠵᠡᠭᠡᠶ  ᠦᠷᠭᠦᠯᠵᠢᠯᠡᠨ ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠪᠠᠬᠢᠵᠢᠭᠦᠯᠬᠦ ᠂ ᠵᠠᠰᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠢᠯᠡᠷᠬᠡᠶ ᠳᠡᠭᠡᠭᠰᠢᠯᠡᠭᠦᠯᠦᠨ᠂ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠨᠡᠩ ᠡᠮᠬᠢ ᠵᠢᠷᠤᠮ ᠲᠠᠢ ᠪᠣᠯᠭᠠᠵᠤ᠂ ᠵᠠᠮ ᠤᠨ ᠠᠮᠤᠷ ᠲᠦᠪᠰᠢᠨ ᠤ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃     ᠬᠥᠲᠥᠯᠥᠭᠴᠢ      ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠳᠤᠮᠳᠠ᠂ ᠵᠠᠮ ᠤᠨ ᠴᠠᠭᠳᠠᠭ᠎ᠠ ᠶᠢᠨ ᠬᠤᠯᠪᠤᠭᠠᠯᠠᠨ ᠬᠠᠤᠯᠢ ᠬᠡᠷᠡᠭᠵᠢᠭᠦᠯᠬᠦ ᠨᠢ ᠨᠢᠭᠡᠨᠲᠡ ᠪᠠᠶᠢᠩᠭᠤᠵᠢᠵᠤ᠂ ᠥᠪᠡᠷᠲᠡᠭᠡᠨ ᠵᠠᠰᠠᠬᠤ ᠣᠷᠣᠨ ᠤ ᠵᠠᠮ ᠤᠨ ᠴᠠᠭᠳᠠᠭ᠎ᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭ᠌ᠰᠠᠨ ᠢ ᠬᠤᠯᠪᠤᠭᠠᠯᠠᠨ ᠵᠠᠰᠠᠬᠤ ᠠᠵᠢᠯ ᠤᠨ ᠲᠣᠭᠲᠠᠴᠠ ᠨᠢ ᠶᠠᠭᠤ ᠪᠣᠶ︖ ᠦᠷ᠎ᠡ ᠳ᠋ᠦᠩ ᠨᠢ ᠶᠠᠮᠠᠷ ᠵᠡᠷᠭᠡ ᠪᠤᠢ︖      ᠶᠦᠨ ᠸᠧᠨ ᠵᠢᠩ      ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠦᠰᠭᠡ ᠶᠢᠨ ᠶᠠᠪᠤᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2016 ᠣᠨ ᠤ 62 ᠳ᠋ᠤᠭᠠᠷ ᠲᠣᠭᠠᠲᠤ ᠵᠠᠷᠯᠢᠭ︶ ᠢ 2016 ᠣᠨ ᠤ 8 ᠳ᠋ᠤᠭᠠᠷ ᠰᠠᠷ᠎ᠠ ᠶᠢᠨ 18 ᠤ ᠡᠳᠦᠷ 18 ᠳ᠋ᠤᠭᠠᠷ ᠤᠳᠠᠭᠠᠨ ᠤ ᠶᠠᠮᠤᠨ ᠤ ᠶᠠᠪᠤᠳᠠᠯ ᠤᠨ ᠬᠤᠷᠠᠯ ᠢᠶᠠᠷ ᠳᠠᠮᠵᠢᠭᠤᠯᠤᠨ ᠪᠠᠲᠤᠯᠠᠵᠤ᠂ 2016 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠪᠡ᠂ ᠰᠢᠨ᠎ᠡ ᠲᠣᠭᠲᠠᠭᠠᠯ ᠳᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ 2018 ᠣᠨ ᠤ 8 ᠳ᠋ᠤᠭᠠᠷ ᠰᠠᠷ᠎ᠠ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠬᠤᠯᠪᠣᠭᠠᠯᠠᠨ ︽ᠵᠠᠰᠠᠮᠠᠯ ᠵᠠᠮ ᠤᠨ ᠪᠠᠷᠠᠭᠠᠨ ᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠲᠣᠰᠬᠠᠢ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ᠲᠠᠷᠬᠠᠭᠠᠭᠰᠠᠨ ︹ 2016 ︺ 109  ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 2016 ᠤᠨ ᠤ 8 ᠳ᠋ᠤᠭᠠᠷ ᠰᠠᠷ᠎ᠠ ᠶᠢᠨ 18 ᠤ ᠡᠳᠦᠷ ᠠᠴᠠ 2017 ᠤᠨ ᠤ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡ ᠵᠢᠯ ᠤᠨ ᠬᠤᠭᠤᠴᠠᠭ᠎ᠠ ᠲᠠᠢ ᠵᠠᠮ ᠤᠨ ᠴᠠᠭᠳᠠᠭ᠎ᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠶᠢ ᠱᠠᠭᠠᠷᠳᠠᠵᠤ᠂ ᠪᠠᠷᠠᠭᠠᠨ ᠤ ᠲᠡᠷᠭᠡ ᠶᠢᠨ ᠶᠡᠷᠦᠩᠬᠡᠶ ᠬᠦᠨᠳᠦ ᠨᠢ ᠲᠣᠭᠲᠠᠭᠠᠭᠰᠠᠨ ᠬᠡᠮᠵᠢᠶ᠎ᠡ ᠠᠴᠠ ᠬᠡᠲᠦᠷᠡᠭᠦᠯᠦᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠲᠤᠳᠤᠷᠬᠠᠶᠢᠯᠠᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠢᠳᠭᠡᠨ ᠲᠣᠷᠭᠠᠵᠤ᠂ ᠵᠠᠮ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠯᠲᠠ ᠲᠠᠯᠪᠢᠨ ᠠᠴᠢᠶ᠎ᠠ ᠶᠢ ᠨᠢ ᠪᠠᠭᠤᠯᠭᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠭᠡᠶᠢᠰᠭᠡᠨ᠎ᠡ᠃ ᠲᠤᠰᠬᠠᠶ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠶᠠᠷ ᠶᠠᠮᠤᠨ ᠬᠠᠮᠲᠤ ᠪᠠᠷ ︽ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠦᠯ ᠢ ᠵᠢᠷᠤᠮᠵᠢᠭᠤᠯᠬᠤ ᠲᠤᠬᠠᠶ ᠵᠠᠮ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ︹ 2017 ︺130 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 2017 ᠣᠨ ᠤ 9 ᠳ᠋ᠦ᠋ᠭᠡᠷ ᠰᠠᠷ᠎ᠠ ᠠᠴᠠ 2017 ᠣᠨ ᠤ 12 ᠳ᠋ᠤᠭᠠᠷ ᠰᠠᠷ᠎ᠠ ᠪᠣᠯᠲᠠᠯ᠎ᠠ 4 ᠰᠠᠷ᠎ᠠ ᠶᠢᠨ ᠬᠤᠭᠤᠴᠠᠭ᠎ᠠ ᠲᠠᠢ ᠵᠠᠮ ᠤᠨ ᠴᠠᠭᠳᠠᠭ᠎ᠠ ᠶᠢᠨ ᠬᠤᠯᠪᠤᠭᠠᠯᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠵᠤ᠂ ᠵᠠᠮ ᠤᠨ ᠴᠠᠭᠳᠠᠭ᠎ᠠ ᠶᠢᠨ ᠭᠤᠯᠪᠤᠭᠠᠯᠠᠨ ᠬᠠᠤᠯᠢ ᠬᠡᠷᠡᠭᠵᠢᠭᠦᠯᠬᠦ ᠳᠤᠮᠳᠠᠬᠢ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ︔ 2017 ᠣᠨ ᠤ 11 ᠳ᠋ᠦ᠋ᠭᠡᠷ ᠰᠠᠷ᠎ᠠ ᠳᠤ᠂ ᠬᠤᠶᠠᠷ ᠶᠠᠮᠤᠨ ᠠᠴᠠ ︽ᠲᠡᠷᠭᠡ ᠬᠦᠰᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠬᠤ ᠳᠦᠷᠢᠮᠵᠢᠭᠦᠯᠬᠦ ᠠᠵᠢᠯ ᠤᠨ ᠲᠤᠬᠠᠶ ᠵᠠᠮ ᠬᠠᠷᠢᠴᠠᠭ᠎ᠠ ᠲᠡᠭᠡᠭᠡᠪᠦᠷᠢ ᠶᠢᠨ ᠶᠠᠮᠤᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ ︹ 2017 ︺ 173 ᠳ᠋ᠤᠭᠠᠷ ᠲᠣᠭᠠᠲᠤ︶ ᠢ ᠬᠠᠮᠲᠤ ᠪᠠᠷ ᠳᠠᠷᠤᠮᠠᠯᠯᠠᠨ ᠲᠠᠷᠬᠠᠭᠠᠵᠤ᠂ ᠵᠠᠮ ᠤᠨ ᠴᠠᠭᠳᠠᠭ᠎ᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠬᠤᠯᠪᠤᠭᠠᠯᠠᠨ ᠵᠠᠰᠠᠬᠤ ᠠᠵᠢᠯ ᠪᠠᠶᠢᠩᠭᠤᠵᠢᠭᠰᠠᠨ ᠱᠠᠲᠤᠨ ᠳᠤ ᠣᠷᠣᠪᠠ᠃ ᠣᠳᠣᠬᠠᠨ ᠳᠤ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠴᠥᠬᠦᠷᠡᠰᠢ ᠦᠭᠡᠢ ᠴᠢᠷᠮᠠᠶᠢᠯᠭ᠎ᠠ᠂ ᠢᠳᠡᠪᠬᠢᠲᠡᠶ ᠪᠠᠷ ᠵᠦᠪᠲᠡᠯᠴᠡᠬᠦ ᠪᠠᠷ ᠳᠠᠮᠵᠢᠭᠤᠯᠤᠨ᠂ ᠨᠢᠭᠡᠨᠲᠡ ᠵᠠᠮ ᠤᠨ ᠴᠠᠭᠳᠠᠭ᠎ᠠ ᠶᠢᠨ ᠬᠤᠯᠪᠤᠭᠠᠯᠠᠨ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠮ ᠤᠨ ᠴᠠᠭᠳᠠᠭ᠎ᠠ ᠶᠢᠨ ᠴᠡᠭ ᠲᠣᠭᠲᠠᠭᠠᠨ ᠬᠤᠯᠪᠤᠭᠠᠯᠠᠬᠤ ᠡᠷᠴᠢᠮ ᠢ ᠴᠢᠩᠭᠠᠳᠬᠠᠵᠤ᠂ ᠬᠦᠳᠡᠯᠦᠩᠭᠦᠢ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠬᠤ ᠪᠠᠷ ᠳᠠᠮᠵᠢᠨ᠂ ᠢᠯᠡᠳᠲᠡ ᠦᠷ᠎ᠡ ᠳ᠋ᠦᠩ ᠣᠯᠵᠤ᠂ ᠣᠨᠴᠠᠭᠠᠶᠢᠯᠠᠨ ᠭᠤᠤᠯᠳᠠᠭᠤ G6 ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G55 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G65 ᠪᠤᠭᠤᠲᠤ ᠠᠴᠠ ᠮᠣᠤᠮᠢᠩ ᠬᠦᠷᠲᠡᠯᠡᠬᠢ ᠳᠡᠭᠡᠳᠦ ᠬᠤᠷᠲᠤ ᠶᠢᠨ ᠵᠠᠰᠠᠮᠠᠯ ᠵᠠᠮ ᠵᠡᠷᠭᠡ ᠴᠢᠬᠤᠯᠠ ᠳᠡᠭᠡᠳᠦ ᠬᠤᠷᠲᠤ ᠶᠢᠨ ᠵᠠᠰᠠᠮᠠᠯ ᠵᠠᠮ ᠤᠨ ᠭᠠᠷᠴᠠ ᠣᠷᠤᠴᠠ ᠳᠤ ᠴᠢᠭᠯᠡᠭᠦᠯᠦᠨ᠂ ᠬᠤᠪᠢ ᠪᠤᠳᠤᠬᠤ᠂ ᠵᠣᠭᠤᠰ ᠢᠶᠠᠷ ᠲᠣᠷᠭᠠᠬᠤ᠂ ᠠᠴᠢᠶ᠎ᠠ ᠪᠠᠭᠤᠯᠭᠠᠬᠤ ᠵᠡᠷᠭᠡ ᠠᠷᠭ᠎ᠠ ᠪᠠᠷᠢᠯ ᠢ ᠬᠡᠷᠡᠭᠵᠢᠭᠦᠯᠵᠦ᠂ ᠬᠠᠤᠯᠢ ᠠᠴᠠ ᠵᠦᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠢᠯᠡᠷᠡᠪᠡᠯ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢ ᠪᠠᠶᠢᠴᠠᠭᠠᠨ ᠰᠢᠨᠵᠢᠯᠡᠬᠦ ᠥᠷᠲᠡᠭᠡ ︵ ᠴᠡᠭ︶ ᠪᠤᠶᠤ ᠵᠠᠮ ᠬᠠᠷᠢᠯᠴᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠲᠠᠯᠠᠪᠤᠷ ᠭᠠᠵᠠᠷ ᠲᠤ ᠴᠠᠭ ᠲᠤᠬᠠᠶ ᠳᠤ ᠨᠢ ᠬᠥᠲᠥᠯᠦᠨ ᠵᠢᠯᠣᠭᠤᠳᠴᠤ ᠪᠠᠶᠢᠭᠠᠳ ᠰᠢᠢᠳᠪᠦᠷᠢᠯᠡᠵᠦ᠂ ᠬᠠᠤᠯᠢ ᠠᠴᠠ ᠵᠦᠷᠢᠴᠡᠵᠦ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠵᠠᠰᠠᠪᠠ᠃ 2018 ᠣᠨ ᠤ 8 — 12 ᠳ᠋ᠤᠭᠠᠷ ᠰᠠᠷ᠎ᠠ ᠳᠤ᠂ G6 ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠲᠤ ᠶᠢᠨ ᠵᠠᠰᠠᠮᠠᠯ ᠵᠠᠮ ᠢᠶᠠᠷ ᠨᠡᠪᠲᠡᠷᠡᠬᠦ ᠪᠠᠷᠠᠭᠠᠨ ᠤ ᠲᠡᠷᠭᠡ 508 ᠲᠦᠮᠡ᠂ ᠬᠡᠮᠵᠢᠶ᠎ᠡ ᠠᠴᠠ ᠬᠡᠲᠦᠷᠡᠭᠦᠯᠦᠨᠰᠡᠨ ᠨᠣᠷᠮ᠎ᠠ ᠨᠢ 16.00% ᠪᠠᠶᠢᠭᠰᠠᠨ ᠠᠴᠠ ᠪᠠᠨ 6.18% ᠪᠣᠯᠲᠠᠯ᠎ᠠ ᠪᠠᠭᠤᠷᠠᠪᠠ ︔ G55 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠪᠠᠷᠠᠭᠠᠨ ᠤ ᠲᠡᠷᠭᠡ 39.4 ᠲᠦᠮᠡ ᠪᠠᠶᠢᠵᠤ᠂ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠨᠢ 11.67% ᠪᠠᠶᠢᠭᠰᠠᠨ ᠠᠴᠠ ᠪᠠᠨ 3.94% ᠪᠣᠯᠲᠠᠯ᠎ᠠ ᠪᠠᠭᠤᠷᠠᠪᠠ︔ G65 ᠪᠤᠭᠤᠲᠤ ᠠᠴᠠ ᠮᠣᠤᠮᠢᠩ ᠬᠦᠷᠲᠡᠯᠡᠬᠢ ᠳᠡᠭᠡᠳᠦ ᠬᠤᠷᠲᠤ ᠶᠢᠨ ᠵᠠᠰᠠᠮᠠᠯ ᠵᠠᠮ ᠢᠶᠠᠷ ᠨᠡᠪᠲᠡᠷᠡᠬᠦ ᠪᠠᠷᠠᠭᠠᠨ ᠤ ᠲᠡᠷᠭᠡ 94.4 ᠲᠦᠮᠡ ᠪᠠᠶᠢᠵᠤ᠂ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠨᠢ 2.76% ᠪᠠᠶᠢᠭᠰᠠᠨ ᠠᠴᠠ ᠪᠠᠨ 1.40% ᠪᠣᠯᠲᠠᠯ᠎ᠠ ᠪᠠᠭᠤᠷᠠᠵᠤ᠂ ᠬᠦᠲᠡᠯᠦᠩᠭᠦᠢ ᠬᠤᠯᠪᠣᠭᠠᠯᠠᠨ ᠬᠠᠤᠯᠢ ᠬᠡᠷᠡᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃     ᠬᠥᠲᠥᠯᠥᠭᠴᠢ      ᠳᠡᠭᠡᠳᠦ ᠬᠤᠷᠲᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠲᠠᠯ᠎ᠠ ᠶᠢᠨ ᠠᠵᠢᠯ ᠢ ᠬᠡᠷᠬᠢᠨ ᠪᠠᠶᠢᠩᠭᠤᠵᠢᠭᠤᠯᠬᠤ ᠪᠤᠢ︖      ᠶᠦᠨ ᠸᠧᠨ ᠵᠢᠩ      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ 2019 ᠣᠨ ᠤ ᠡᠴᠦᠰ ᠲᠤ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠣᠷᠦᠴᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠣᠳᠤᠬᠠᠨ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 238 ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠲᠣᠲᠤᠷ᠎ᠠ᠂ 123 ᠨᠢ ᠨᠢᠭᠡᠨᠲᠡ ᠣᠷᠤᠴᠠ ᠳᠠᠬᠢ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠶᠢ ᠦᠷᠨᠢᠭᠦᠯᠵᠤ᠂ ᠪᠦᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡᠨ ᠤ 51.7% ᠶᠢ ᠡᠵᠡᠯᠡᠵᠦ᠂ 2018 ᠣᠨ ᠳᠤ ᠣᠷᠤᠴᠠ ᠳᠠᠬᠢ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠲᠥᠬᠦᠭᠡᠷᠦᠮᠵᠢ ᠤᠭᠰᠠᠷᠠᠭᠰᠠᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠥᠷᠲᠡᠭᠡ ᠨᠢ 33 ᠰᠢᠨ᠎ᠡ ᠪᠠᠷ ᠨᠡᠮᠡᠭᠳᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠢ ᠪᠠᠷᠤᠭ 500 ᠺᠢᠯᠣᠮᠧᠲᠷ ᠪᠦᠷᠬᠦᠭᠦᠯᠪᠠ᠃ ᠣᠷᠦᠴᠠ ᠳᠠᠬᠢ ᠬᠦᠨᠳᠦ ᠶᠢ ᠨᠢ ᠬᠡᠮᠵᠢᠵᠤ ᠪᠠᠶᠢᠴᠠᠭᠠᠨ ᠰᠢᠨᠵᠢᠯᠡᠬᠦ ᠬᠠᠮᠢᠶᠠᠷᠤᠯᠲᠠ ᠬᠢᠬᠦ ᠪᠠᠷ ᠳᠠᠮᠵᠢᠭᠤᠯᠤᠨ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠡᠭᠠᠨ ᠤ ᠲᠡᠭᠡᠭᠡᠪᠦᠷᠢ ᠶᠢᠨ ᠲᠡᠷᠭᠡ ᠬᠦᠰᠭᠡ ᠶᠢ ᠳᠡᠭᠡᠳᠦ ᠬᠤᠷᠳᠤ ᠶᠢᠨ ᠵᠠᠰᠠᠮᠠᠯ ᠵᠠᠮ ᠳᠤ ᠣᠷᠣᠬᠤ ᠶᠢ ᠴᠢᠩᠭ᠎ᠠ ᠴᠠᠭᠠᠵᠠᠯᠠᠵᠤ᠂ ᠵᠠᠮ ᠤᠨ ᠬᠡᠰᠡᠭ ᠤᠨ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠶᠢ ᠪᠦᠲᠦᠮᠵᠢᠲᠡᠶ ᠪᠠᠭᠤᠷᠠᠭᠤᠯᠪᠠ᠃ ᠡᠭᠦᠨ ᠳᠤ᠂ G18 ᠷᠦᠩᠴᠧᠩ ᠠᠴᠠ ᠦᠬᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠨᠢ 2018 ᠣᠨ ᠤ 8 ᠳ᠋ᠤᠭᠠᠷ ᠰᠠᠷ᠎ᠠ ᠶᠢᠨ 15.20% ᠪᠠᠶᠢᠭᠰᠠᠨ ᠠᠴᠠ ᠪᠠᠨ ᠪᠠᠭᠤᠷᠠᠭᠠᠳ 12 ᠳ᠋ᠤᠭᠠᠷ ᠰᠠᠷ᠎ᠠ ᠶᠢᠨ 4.69% ᠪᠣᠯᠵᠣ᠂ S31 ᠬᠥᠬᠡᠬᠤᠲᠠ ᠠᠴᠠ ᠳ᠋ᠠᠨᠳᠦ᠋ᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠨᠢ 2018 ᠣᠨ ᠤ 8 ᠳ᠋ᠤᠭᠠᠷ ᠰᠠᠷ᠎ᠠ ᠶᠢᠨ 16.12% ᠪᠠᠶᠢᠭᠰᠠᠨ ᠠᠴᠠ ᠪᠠᠨ ᠪᠠᠭᠤᠷᠠᠭᠠᠳ 12 ᠳ᠋ᠤᠭᠠᠷ ᠰᠠᠷ᠎ᠠ ᠶᠢᠨ 9.66% ᠪᠣᠯᠪᠠ᠃ ᠵᠢᠱᠢᠯᠲᠡ ᠪᠠᠷ ᠵᠢᠯ ᠤᠨ ᠰᠡᠭᠦᠯᠴᠢ ᠠᠴᠠ ᠡᠮᠦᠨ᠎ᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠤᠷᠤᠴᠠ ᠳᠠᠬᠢ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠲᠡᠷᠡ ᠦᠶ᠎ᠡ ᠳᠤ ᠮᠠᠨ ᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠢᠷᠢ ᠲᠦᠪᠰᠢᠨ ᠶᠢ ᠲᠦᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃      ᠬᠥᠲᠥᠯᠥᠭᠴᠢ      ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠣᠯᠬᠤᠷ ᠵᠥᠪ ᠲᠠᠯ᠎ᠠ ᠶᠢᠨ ᠤᠬᠠᠭᠤᠯᠭ᠎ᠠ ᠪᠠ ᠬᠥᠲᠥᠯᠥᠨ ᠵᠢᠯᠣᠭᠤᠳᠬᠤ ᠴᠢᠬᠤᠯᠠᠲᠠᠶ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠤᠬᠠᠭᠤᠯᠭ᠎ᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖      ᠶᠦᠨ ᠸᠧᠨ ᠵᠢᠩ      ᠵᠢᠯ ᠪᠦᠷᠢ ᠨᠢᠭᠡ ᠤᠳᠠᠭᠠᠨ ᠤ ᠪᠦᠬᠦ ᠤᠯᠤᠰ ᠤᠨ ᠵᠠᠮ ᠤᠨ ᠶᠠᠪᠤᠳᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠰᠦᠢᠳᠭᠡᠯ ᠬᠤᠷᠢᠶᠠᠬᠤ ᠥᠷᠲᠡᠭᠡ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠦᠷᠲᠡᠭᠡᠨ ᠴᠡᠭ᠂ ᠳᠡᠭᠡᠳᠦ ᠬᠤᠷᠲᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠭᠤᠤᠯᠳᠠᠯᠭ᠎ᠠ ᠲᠠᠢ ᠪᠠᠷᠠᠭ᠎ᠠ ᠶᠢᠨ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠵᠡᠷᠭᠡ ᠲᠠᠯᠠᠪᠤᠷ ᠭᠠᠵᠠᠷ ᠲᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠶᠡᠭᠡ ᠬᠡᠪᠴᠢᠶ᠎ᠡ ᠪᠠᠷ ᠳᠡᠯᠭᠡᠷᠡᠭᠦᠯᠦᠨ ᠨᠠᠭᠠᠯᠳᠤᠭᠤᠯᠵᠤ ᠲᠠᠷᠬᠠᠭᠠᠨ᠂ ᠠᠵᠤ ᠠᠬᠤᠶᠢᠯᠠᠯ᠂ ᠲᠡᠷᠭᠡᠨ ᠤ ᠡᠵᠡᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠭᠦᠨᠵᠡᠭᠡᠶ ᠤᠬᠠᠭᠤᠯᠭ᠎ᠠ ᠬᠢᠵᠦ᠂ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠡᠯᠡᠭᠰᠡᠨ ᠬᠤᠤᠷ ᠬᠦᠨᠦᠭᠡᠯᠳᠤ ᠴᠢᠨᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠬᠠᠤᠯᠢ ᠪᠤᠰᠤ ᠪᠠᠷ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠡᠯᠡᠭᠰᠡᠨ ᠢ ᠡᠰᠡᠷᠭᠦᠴᠡᠨ ᠬᠤᠷᠢᠭᠯᠠᠬᠤ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠪᠤᠢ ᠪᠣᠯᠭᠠᠪᠠ᠃ ᠣᠨᠴᠠᠭᠠᠶᠢᠯᠠᠨ 2018 ᠤᠨ 9 ᠳ᠋ᠦ᠋ᠭᠡᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠲᠧᠯᠸᠢᠰ ᠬᠤᠷᠢᠶᠠᠨ ᠤ ᠰᠣᠨᠢᠨ ᠮᠡᠳᠡᠭᠡᠨ ᠤ ᠪᠤᠯᠤᠩ ᠤᠨ ᠳᠤᠭᠤᠶᠢᠯᠠᠩ ᠠᠴᠠ ᠵᠠᠮ ᠤᠨ ᠶᠠᠪᠤᠳᠠᠯ ᠤᠨ ᠶᠡᠷᠦᠩᠬᠡᠢ ᠠᠩᠭᠢ ᠶᠢᠨ ᠰᠢᠭᠤᠳ ᠬᠠᠷᠢᠶ᠎ᠠ ᠰᠠᠯᠪᠤᠷᠢ ᠠᠩᠭᠢ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ 9 ᠳ᠋ᠦ᠋ᠭᠡᠷ ᠰᠠᠷ᠎ᠠ ᠶᠢᠨ 30 ᠤ ᠦᠳᠡ ᠶᠢᠨ ᠡᠮᠦᠨ᠎ᠡ ᠠᠬᠤᠶ ᠲᠠᠯᠠᠪᠠᠶ ᠶᠢᠨ ᠰᠤᠷᠪᠤᠯᠵᠢᠯᠠᠭ᠎ᠠ ᠬᠢᠵᠦ᠂ ᠲᠤᠰ ᠡᠳᠦᠷ ᠤᠨ ︽ᠦᠳᠡ ᠶᠢᠨ ᠰᠣᠨᠢᠨ ᠮᠡᠳᠡᠭᠡ︾ ᠪᠣᠯᠤᠨ 10 ᠳ᠋ᠤᠭᠠᠷ ᠰᠠᠷ᠎ᠠ ᠶᠢᠨ 6 ᠤ ᠡᠳᠦᠷ ᠤᠨ ︽ᠡᠳᠦᠷ ᠪᠦᠷᠢ ᠶᠢᠨ ᠰᠣᠨᠢᠨ ᠮᠡᠳᠡᠭᠡ︾ ᠭᠡᠬᠦ ᠫᠷᠤᠭ᠍ᠷᠠᠮ ᠳᠤ ᠲᠤᠰ ᠲᠤᠰ ᠲᠤ ᠨᠢ ᠮᠡᠳᠡᠭᠡᠯᠡᠯ ᠬᠢᠪᠡ᠃ 10 ᠳ᠋ᠤᠭᠠᠷ ᠰᠠᠷ᠎ᠠ ᠶᠢᠨ 17 ᠤ ᠡᠳᠦᠷ᠂ ᠵᠠᠮ ᠬᠠᠷᠢᠯᠴᠠᠭᠠᠨ ᠤ ᠶᠡᠷᠦᠩᠬᠡᠶ ᠠᠩᠭᠢ ᠶᠢᠨ ᠰᠢᠭᠤᠳ ᠬᠠᠷᠢᠶ᠎ᠠ ᠰᠠᠯᠪᠤᠷᠢ ᠠᠩᠭᠢ ᠶᠢᠨ ᠳᠠᠷᠤᠭ᠎ᠠ ᠨᠢ FM105.6 ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠬᠦᠷᠴᠦ᠂ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ︾᠂ ᠬᠡᠮᠵᠢᠶ᠎ᠡ ᠠᠴᠠ ᠬᠡᠲᠦᠷᠡᠭᠦᠯᠦᠭᠰᠡᠨ ᠲᠡᠷᠭᠡ ᠬᠥᠰᠬᠡ ᠶᠢᠨ ᠬᠤᠤᠷ ᠬᠥᠨᠥᠭᠡᠯ᠂ ︽ᠨᠢᠭᠡ ᠶᠢ ᠬᠡᠲᠦᠷᠡᠭᠦᠯᠪᠡᠯ ᠳᠦᠷᠪᠡ ᠪᠠᠷ ᠲᠤᠷᠭᠠᠬᠤ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠬᠦ ᠲᠤᠬᠠᠶ ᠲᠠᠶᠢᠯᠤᠮᠵᠢ ᠬᠢᠵᠤ᠂ ᠰᠣᠨᠣᠰᠤᠭᠴᠢᠳ ᠤᠨ ᠠᠩᠬᠠᠷᠴᠤ ᠪᠠᠶᠢᠭ᠎ᠠ ᠵᠠᠮ ᠤᠨ ᠶᠠᠪᠤᠳᠠᠯ ᠤᠨ ᠲᠤᠬᠠᠶᠢᠯᠠᠭᠰᠠᠨ ᠠᠵᠢᠯ ᠳᠤ ᠬᠤᠯᠪᠣᠭᠳᠠᠬᠤ ᠠᠰᠠᠭᠤᠳᠠᠯ ᠢ ᠨᠠᠷᠢᠨ ᠨᠢᠮᠪᠠᠶ ᠬᠠᠷᠢᠭᠤᠯᠪᠠ᠃ 11 ᠳ᠋ᠦ᠋ᠭᠡᠷ ᠰᠠᠷ᠎ᠠ ᠶᠢᠨ 1 ᠤ ᠡᠳᠦᠷ᠂ ᠵᠠᠮ ᠤᠨ ᠶᠠᠪᠤᠳᠠᠯ ᠤᠨ ᠶᠡᠷᠦᠩᠬᠡᠶ ᠠᠩᠭᠢ ᠶᠢᠨ ᠰᠢᠭᠤᠳ ᠬᠠᠷᠢᠶ᠎ᠠ ᠰᠠᠯᠪᠤᠷᠢ ᠠᠩᠭᠢ ᠶᠢᠨ ᠳᠠᠷᠤᠭ᠎ᠠ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠢᠭᠤᠷᠭ᠎ᠠ︾ ᠶᠢᠨ ᠲᠤᠰᠬᠠᠶ ᠠᠵᠢᠯᠯᠠᠭ᠎ᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠥᠪ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠶᠢᠨ ᠬᠠᠮᠲᠤ ᠲᠣᠰᠬᠠᠢ ᠠᠵᠢᠯᠯᠠᠭ᠎ᠠ ᠶᠢᠨ ᠠᠬᠢᠴᠠ ᠪᠣᠯᠤᠨ ᠠᠮᠵᠢᠯᠲᠠ ᠪᠦᠲᠦᠮᠵᠢ ᠶᠢ ᠨᠠᠷᠢᠨ ᠲᠠᠨᠢᠯᠴᠠᠭᠤᠯᠪᠠ᠃ 11 ᠳ᠋ᠦ᠋ᠭᠡᠷ ᠰᠠᠷ᠎ᠠ ᠶᠢᠨ 27 ᠤ ᠡᠳᠦᠷ᠂ ᠲᠥᠪ ᠤᠨ ᠲᠧᠯᠸᠢᠰ ᠤᠨ ᠰᠣᠨᠢᠨ ᠮᠡᠳᠡᠭᠡᠨ ᠤ ᠰᠤᠪᠠᠭ ᠠᠴᠠ ᠮᠠᠨ ᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠮᠡᠳᠡᠭᠡᠯᠡᠵᠦ᠂ 28 ᠤ ᠡᠳᠦᠷ᠂ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠶ ᠶᠢᠨ ᠰᠤᠪᠠᠭ ᠠᠴᠠ ᠳᠠᠬᠢᠨᠲᠠ ᠮᠡᠳᠡᠭᠡᠯᠡᠵᠦ᠂ ᠣᠷᠣᠨ ᠤ ᠳᠣᠲᠣᠷᠠᠬᠢ ᠲᠧᠯᠸᠢᠰ ᠬᠤᠷᠢᠶ᠎ᠠ᠂ ᠷᠠᠳᠢᠣ᠋ ᠬᠤᠷᠢᠶ᠎ᠠ᠂ ᠰᠣᠨᠢᠨ ᠰᠡᠳᠬᠦᠯ᠂ ᠰᠦᠯᠵᠢᠶᠡᠨ ᠤ ᠣᠯᠠᠨ ᠤᠳᠠᠭ᠎ᠠ ᠶᠢᠨ ᠤᠬᠠᠭᠤᠯᠭ᠎ᠠ ᠲᠠᠢ ᠤᠶᠠᠯᠳᠤᠭᠤᠯᠤᠨ᠂ ᠮᠠᠨ ᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠢᠯᠡᠷᠡᠭᠦᠯᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠶᠠᠷᠢᠶ᠎ᠠ ᠬᠡᠯᠡᠯᠴᠡᠭᠡᠨ ᠢᠶᠠᠷ ᠬᠥᠲᠥᠯᠥᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠪᠠ᠃      ᠬᠥᠲᠥᠯᠥᠭᠴᠢ      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ ᠵᠠᠩᠭᠢᠴᠢᠯᠠᠯᠲᠠ ᠵᠡᠷᠭᠡ ᠠᠷᠭ᠎ᠠ ᠪᠠᠷᠢᠯ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠨᠢᠭᠡᠨᠲᠡ ᠥᠷᠭᠡᠨ ᠢᠶᠠᠷ ᠬᠡᠷᠡᠭᠯᠡᠭᠳᠡᠨ᠂ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠲᠠᠯ᠎ᠠ ᠪᠠᠷ ᠶᠠᠮᠠᠷ ᠶᠠᠮᠠᠷ ᠲᠤᠷᠰᠢᠯᠲᠠ ᠬᠢᠭᠰᠡᠨ ᠪᠣᠶ︖      ᠶᠦᠨ ᠸᠧᠨ ᠵᠢᠩ      ᠨᠢᠭᠡ ᠳᠤ᠂ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠥᠷᠲᠡᠭᠡ ᠳᠤ ᠡᠯᠧᠺᠲᠷᠣᠨ ᠵᠠᠪᠳᠤᠨ ᠰᠡᠭᠦᠳᠡᠷᠯᠡᠬᠦ ᠲᠥᠬᠦᠭᠡᠷᠦᠮᠵᠢ ᠨᠡᠮᠡᠵᠦ ᠣᠬᠰᠠᠷᠠᠪᠠ᠃ ᠮᠠᠨ ᠤ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠠᠮᠲᠤᠷᠠᠨ ︽ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠴᠢᠩᠭᠠᠳᠬᠠᠬᠤ ᠲᠤᠬᠠᠶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠥᠷᠲᠡᠭᠡ ᠳᠤ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠨᠡᠮᠡᠵᠦ ᠤᠭᠰᠠᠷᠠᠵᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠮᠬᠢ ᠵᠢᠷᠤᠮ ᠢ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠮᠡᠳᠡᠭᠳᠡᠯ︾ ︵ᠥᠪᠥᠷ ᠬᠠᠷᠢᠯᠴᠠᠭ᠎ᠠ ᠲᠠᠷᠬᠠᠭᠠᠭᠰᠠᠨ ︹ 2018 ︺ 409 ᠳ᠋ᠦ᠋ᠭᠡᠷ ᠲᠣᠭᠠᠲᠤ︶ ᠢ ᠲᠤᠭᠤᠷᠪᠢᠵᠤ᠂ ︽ᠴᠢᠭᠯᠡᠭᠦᠯᠬᠦ ᠲᠡᠷᠭᠡᠨ ᠵᠠᠮ ᠢᠶᠠᠷ ᠶᠠᠪᠤᠬᠤ ᠦᠭᠡᠶ︾ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠥᠷᠲᠡᠭᠡᠨ ᠳᠤ ᠤᠷᠤᠭᠰᠠᠨ ᠦᠭᠡᠶ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠢᠳᠭᠡᠨ ᠲᠣᠷᠭᠠᠵᠤ᠂ ᠵᠠᠮ ᠤᠨ ᠶᠠᠪᠦᠳᠠᠯ ᠤᠨ ᠬᠡᠮᠵᠢᠶ᠎ᠡ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠬᠦ  ᠠᠵᠢᠯᠲᠠᠨ ᠲᠤᠲᠠᠭᠳᠠᠵᠤ ᠪᠠᠶᠢᠭ᠎ᠠ ᠳᠠᠷᠤᠯᠲᠠ ᠶᠢ ᠨᠠᠮᠳᠠᠭᠤᠯᠬᠤ ᠪᠣᠯᠤᠨ᠎ᠠ᠃ ᠬᠤᠶᠠᠷ ᠲᠤ᠂ ᠪᠥᠬᠦ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠪᠦᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ︽ᠶᠠᠮᠤᠨ᠂ ᠥᠪᠡᠷᠲᠡᠭᠡᠨ ᠵᠠᠰᠠᠬᠤ ᠣᠷᠣᠨ᠂ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠥᠷᠲᠡᠭᠡ︾ ᠭᠤᠷᠪᠠᠨ ᠱᠠᠲᠤ ᠶᠢᠨ ᠰᠦᠯᠵᠢᠶ᠎ᠡ ᠨᠡᠪᠲᠡᠷᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠲᠡᠷᠭᠡ ᠵᠣᠭᠰᠣᠬᠤ ᠦᠭᠡᠢ ᠪᠠᠷ ᠪᠠᠶᠢᠴᠠᠭᠠᠨ ᠰᠢᠨᠵᠢᠯᠡᠬᠦ ᠵᠢᠴᠢ ᠲᠤᠬᠠᠶ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠬᠦ ᠵᠡᠷᠭᠡ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽13.5︾ ᠲᠥᠯᠥᠪᠵᠢᠭᠦᠯᠭᠡ ᠶᠣᠰᠤᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠦᠯᠵᠢᠶ᠎ᠡ ᠨᠡᠪᠲᠡᠷᠡᠭᠦᠯᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠢᠨᠵᠧᠨᠧᠷᠢᠩ ᠠᠴᠠ ᠨᠢᠭᠡᠨᠲᠡ ᠢᠨᠵᠧᠨᠧᠷᠢᠩ ᠤᠨ ᠪᠣᠯᠤᠮᠵᠢᠲᠤ ᠰᠤᠳᠤᠯᠭᠠᠨ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠵᠦ ᠴᠤᠬᠤᠯᠠᠪᠤᠷᠢ ᠬᠦᠯᠢᠶᠡᠪᠡ᠃     ᠬᠥᠲᠥᠯᠥᠭᠴ᠊ ᠢ᠄      ᠲᠡᠭᠡᠭᠡᠪᠦᠷᠢᠯᠡᠬᠦ ᠶᠠᠪᠤᠴᠠ ᠳᠤ᠂ ᠵᠠᠷᠢᠮ ᠡᠩ ᠤᠨ ᠪᠣᠰᠤ ᠲᠣᠮᠣ ᠵᠦᠢᠯ ᠤᠨ ᠡᠳ᠋ ᠪᠣᠳᠠᠰ ᠢ ᠲᠡᠭᠡᠭᠡᠪᠦᠷᠢᠯᠡᠬᠦ ᠪᠠᠶᠢᠳᠠᠯ ᠭᠠᠷᠬᠤ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠠᠴᠠ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠠᠵᠢᠯ ᠢ ᠬᠡᠷᠬᠢᠨ ᠦᠷᠨᠢᠭᠦᠯᠦᠭᠰᠡᠨ ᠪᠤᠢ︖      ᠶᠦᠨ ᠸᠧᠨ ᠵᠢᠩ      ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠵᠥᠪᠰᠢᠶᠡᠷᠡᠯ ᠤᠨ ᠦᠢᠯᠡᠴᠢᠯᠡᠭᠡᠨ ᠤ ᠠᠵᠢᠯ ᠢ ᠴᠢᠩᠭᠠᠷᠠᠭᠤᠯᠪᠠ᠃ 2019 ᠣᠨ ᠤ ᠡᠬᠢ ᠪᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ ︽ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠢ ᠪᠠᠶᠢᠯᠭᠠᠬᠤ᠂ ᠠᠮᠤᠷ ᠲᠦᠪᠰᠢᠨ ᠢ ᠪᠠᠲᠤᠯᠠᠬᠤ︾ ᠵᠠᠷᠴᠢᠮ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠦᠢᠯᠡᠴᠢᠯᠡᠭᠡ ᠬᠢᠭᠡᠳ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ ᠭᠤᠭᠴᠤᠭ᠎ᠠ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠵᠦᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠶᠢᠷᠢᠯᠠᠭᠤᠯᠤᠯᠲᠠ ᠶᠣᠰᠣᠭᠠᠷ᠂ ︽ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ᠂ ᠨᠠᠷᠢᠯᠢᠭ ᠣᠨᠣᠴᠠᠲᠠᠶ ᠵᠣᠯᠭᠠᠭᠤᠯᠬᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠪᠠᠷ ᠭᠤᠤᠯ ᠰᠡᠳᠦᠪ ᠪᠣᠯᠭᠠᠭᠰᠠᠨ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠦᠢᠯᠡᠴᠢᠯᠡᠭᠡᠨ ᠤ ᠶᠡᠭᠡ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠲᠣᠮᠣ ᠵᠦᠢᠯ ᠤᠨ ᠲᠡᠭᠡᠭᠡᠪᠦᠷᠢ ᠶᠢᠨ ︽ᠡᠬᠢ ᠪᠠᠶᠠᠯᠢᠭ ᠤᠨ ᠬᠦᠮᠦᠷᠭᠡ︾ ᠶᠢ ᠪᠦᠷᠢᠯᠳᠦᠭᠦᠯᠵᠦ᠂ ᠨᠠᠷᠢᠯᠢᠭ ᠣᠨᠣᠴᠠᠲᠠᠶ ᠪᠠᠷ ᠵᠣᠯᠭᠠᠭᠤᠯᠬᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠᠷ ᠳᠠᠮᠵᠢᠭᠤᠯᠤᠨ᠂ ᠳᠠᠭᠠᠭᠠᠴᠢᠯᠠᠨ ᠲᠡᠭᠡᠭᠡᠪᠦᠷᠢᠯᠡᠭᠴᠢ ᠵᠢᠴᠢ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠪᠦᠷᠢᠳᠬᠡᠯ ᠢᠶᠠᠷ ᠳᠠᠮᠵᠢᠭᠤᠯᠤᠨ᠂ 2019 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠳᠤ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠵᠥᠪᠰᠢᠶᠡᠷᠡᠯ ᠤᠨ ᠦᠨᠡᠮᠯᠡᠯ ᠢ ᠨᠡᠶᠢᠲᠡ 18994 ᠬᠤᠪᠢ ᠭᠦᠢᠴᠡᠳᠭᠡᠵᠦ᠂ ᠡᠨᠡ ᠬᠦ ᠲᠤᠭ᠎ᠠ ᠬᠡᠮᠵᠢᠶ᠎ᠡ ᠨᠢ 2018 ᠣᠨ ᠤ ᠨᠢᠭᠡ ᠵᠢᠯ ᠤᠨ ᠭᠦᠢᠴᠡᠳᠭᠡᠭᠰᠡᠨ ᠬᠡᠮᠵᠢᠶ᠎ᠡ ᠠᠴᠠ ᠶᠡᠭᠡ ᠳᠠᠪᠠᠭᠰᠠᠨ ᠪᠠᠶᠢᠨ᠎ᠠ᠃     ᠬᠥᠲᠥᠯᠥᠭᠴᠢ      ᠲᠠᠨ ᠤ ᠡᠮᠦᠨ᠎ᠡ ᠲᠠᠨᠢᠯᠴᠠᠭᠤᠯᠤᠭᠰᠠᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠲᠣᠭᠲᠠᠴᠠ ᠪᠠ ᠦᠷ᠎ᠡ ᠪᠦᠲᠦᠭᠡᠯ ᠠᠴᠠ ᠭᠠᠳᠠᠨ᠎ᠠ᠂ ᠣᠯᠠᠨ ᠢᠶᠠᠷ ᠢᠶᠠᠨ ᠬᠠᠤᠯᠢ ᠬᠡᠷᠡᠭᠵᠢᠭᠦᠯᠬᠦ ᠶᠢᠨ ᠲᠦᠷᠢᠮᠵᠢᠭᠦᠯᠬᠦ ᠴᠢᠨᠠᠷ ᠪᠠ ᠡᠷᠬᠡ ᠲᠡᠭᠰᠢ᠂ ᠲᠥᠪ ᠭᠤᠤᠯᠴᠢ ᠴᠢᠨᠠᠷ ᠢ ᠨᠠᠩ ᠢᠯᠡᠭᠦᠤ ᠠᠩᠬᠠᠷᠴᠤ᠂ ᠥᠪᠡᠷᠲᠡᠭᠡᠨ ᠵᠠᠰᠠᠬᠤ ᠣᠷᠣᠨ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖      ᠶᠦᠨ ᠸᠧᠨ ᠵᠢᠩ      ᠨᠢᠭᠡ ᠳᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠮᠠᠨ ᠤ ᠲᠢᠩᠬᠢᠮ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠠ ᠲᠡᠭᠡᠭᠡᠪᠦᠷᠢ ᠶᠢᠨ ᠶᠠᠪᠤᠳᠠᠯ᠂ ᠵᠠᠮ ᠤᠨ ᠶᠠᠪᠤᠳᠠᠯ ᠤᠨ ᠪᠠᠶᠢᠭᠤᠯᠤᠮᠵᠢ ᠶᠢᠨ ᠠᠵᠢᠯᠲᠠᠨ ᠢ ᠣᠯᠠᠨ ᠤᠳᠠᠭ᠎ᠠ ᠵᠣᠬᠢᠶᠠᠨ ᠪᠠᠶᠢᠭᠤᠯᠵᠤ᠂ ︽ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠭᠠᠯ︾ ᠵᠢᠴᠢ ︽ᠮᠠᠰᠢᠨ ᠲᠡᠷᠭᠡ᠂ ᠴᠢᠷᠦᠭᠦᠯ ᠲᠡᠷᠭᠡ ᠵᠢᠴᠢ ᠮᠠᠰᠢᠨ ᠲᠡᠷᠭᠡᠨ ᠤ ᠴᠣᠪᠤᠭ᠎ᠠ ᠲᠡᠷᠭᠡ ᠶᠢᠨ ᠭᠠᠳᠠᠷ ᠲᠥᠯᠥᠪ ᠤᠨ ᠬᠡᠮᠵᠢᠶ᠎ᠡ᠂ ᠲᠡᠩᠭᠡᠯᠢᠭ ᠵᠢᠴᠢ ᠶᠠᠰᠤ ᠴᠢᠨᠠᠷ ᠤᠨ ᠬᠢᠵᠠᠭᠠᠷ ᠬᠡᠮᠵᠢᠭᠳᠡᠯ︾ ︵GB1589 — 2016︶ ᠳᠤ ᠬᠠᠨᠳᠤᠭᠤᠯᠤᠭᠰᠠᠨ ᠰᠤᠷᠤᠯᠴᠠᠬᠤ ᠪᠣᠯᠪᠠᠰᠤᠷᠠᠭᠤᠯᠤᠯ ᠢ ᠦᠷᠨᠢᠭᠦᠯᠵᠤ᠂ ᠲᠡᠷᠭᠡ ᠬᠦᠰᠭᠡ ᠶᠢᠨ ᠬᠡᠮᠵᠢᠶ᠎ᠡ ᠠᠴᠠ ᠬᠡᠲᠦᠷᠡᠭᠦᠯᠦᠭᠰᠡᠨ ᠳᠤ ᠬᠠᠤᠯᠢ ᠬᠡᠷᠡᠭᠵᠢᠭᠦᠯᠬᠦ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠡᠭᠦᠨ ᠤ ᠬᠠᠮᠲᠤ ᠡᠯ᠎ᠡ ᠱᠠᠲᠤᠨ ᠤ ᠵᠠᠰᠠᠮᠠᠯ ᠵᠠᠮ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠵᠤ᠂ ᠣᠷᠣᠨ ᠨᠤᠲᠤᠭ ᠤᠨ ᠪᠠᠷᠢᠮᠵᠢᠶ᠎ᠠ ᠨᠢ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠭᠰᠡᠨ ᠪᠣᠯ᠂ ᠡᠷᠬᠡᠪᠰᠢ ᠲᠡᠷᠡ ᠳᠠᠷᠤᠶ ᠳᠤ ᠨᠢ ᠵᠠᠯᠠᠷᠠᠭᠤᠯᠬᠤ ᠬᠡᠷᠡᠭᠲᠡᠶ᠃ ᠡᠭᠦᠨ ᠤ ᠬᠠᠮᠲᠤ᠂ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠢ ᠮᠠᠭᠠᠳᠯᠠᠨ ᠲᠣᠭᠲᠠᠭᠠᠵᠤ᠂ ᠡᠷᠬᠡᠪᠰᠢ ᠬᠡᠮᠵᠢᠬᠦ᠂ ᠬᠦᠨᠳᠦ ᠶᠢ ᠬᠡᠮᠵᠢᠬᠦ ᠬᠡᠷᠡᠭᠲᠡᠶ᠂ ᠪᠠᠷᠠᠯᠠᠨ ᠬᠡᠮᠵᠢᠬᠦ ᠪᠤᠶᠤ ᠲᠤᠷᠰᠢᠯᠭ᠎ᠠ ᠪᠠᠨ ᠦᠨᠳᠦᠰᠦᠯᠡᠨ ᠢᠯᠭᠠᠨ ᠲᠤᠳᠤᠯᠠᠬᠤ ᠶᠢ ᠴᠢᠩᠭ᠎ᠠ ᠴᠠᠭᠠᠵᠠᠯᠠᠨ᠎ᠠ᠃ ᠬᠤᠪᠢᠶᠠᠨ ᠲᠡᠭᠡᠭᠡᠪᠦᠷᠢᠯᠡᠵᠦ ᠪᠣᠯᠬᠤ ᠪᠠᠷᠠᠭ᠎ᠠ ᠶᠢ ᠲᠡᠭᠡᠭᠡᠪᠦᠷᠢᠯᠡᠬᠦ ᠳᠤ᠂ ᠲᠣᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠠᠴᠢᠶ᠎ᠠ ᠪᠠᠭᠤᠯᠭᠠᠬᠤ᠂ ᠬᠤᠪᠢᠶᠠᠨ ᠲᠡᠭᠡᠭᠡᠪᠦᠷᠢᠯᠡᠬᠦ ᠵᠡᠷᠭᠡ  ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠨ ᠤ ᠲᠡᠭᠡᠭᠡᠪᠦᠷᠢ ᠶᠢᠨ ᠪᠠᠶᠢᠳᠠᠯ ᠢ ᠰᠡᠷᠭᠦᠭᠡᠬᠦ ᠬᠡᠷᠡᠭᠲᠡᠶ᠃ ᠵᠠᠳᠠᠯᠵᠤ ᠪᠣᠯᠤᠰᠢ ᠦᠭᠡᠢ ᠲᠣᠮᠣ ᠡᠳ᠋ ᠪᠠᠷᠠᠭ᠎ᠠ ᠢ ᠲᠡᠭᠡᠭᠡᠪᠦᠷᠢᠯᠡᠵᠦ ᠬᠦᠷᠭᠡᠬᠦ ᠳᠤ᠂ ᠬᠡᠷᠪᠡ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠬᠦ ᠨᠥᠬᠦᠴᠡᠯ ᠳᠤ ᠨᠡᠶᠢᠴᠡᠪᠡᠯ᠂ ᠲᠣᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠬᠢᠨᠠᠨ ᠵᠥᠪᠰᠢᠶᠡᠷᠡᠭᠦᠯᠬᠦ ᠭᠠᠷᠳᠠᠮ ᠢ ᠨᠦᠬᠦᠪᠦᠷᠢᠯᠡᠵᠦ ᠬᠢᠯᠭᠡᠬᠦ ᠬᠡᠷᠡᠭᠲᠡᠢ᠃ ᠬᠡᠷᠪᠡ ᠵᠥᠪᠰᠢᠶᠡᠷᠡᠬᠦ ᠨᠥᠬᠦᠴᠡᠯ ᠢ ᠬᠠᠩᠭᠠᠬᠤ ᠦᠭᠡᠢ ᠪᠣᠯ ᠲᠣᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠲᠡᠭᠡᠭᠡᠪᠦᠷᠢ ᠶᠢᠨ ᠲᠡᠷᠭᠡ ᠶᠢ ᠨᠢ ᠰᠣᠯᠢᠭᠤᠯᠬᠤ ᠪᠤᠶᠤ ᠪᠠᠬᠢᠵᠢᠭᠦᠯᠬᠦ᠂ ᠥᠭᠡᠷᠡᠴᠢᠯᠡᠬᠦ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠬᠢᠨᠠᠨ ᠵᠥᠪᠰᠢᠶᠡᠷᠡᠭᠦᠯᠬᠦ ᠭᠠᠷᠳᠠᠮ ᠢ ᠨᠦᠬᠦᠪᠦᠷᠢᠯᠡᠵᠦ ᠬᠢᠯᠭᠡᠬᠦ ᠬᠡᠷᠡᠭᠲᠡᠶ᠃ ᠡᠯ᠎ᠡ ᠱᠠᠲᠤᠨ ᠤ ᠵᠠᠰᠠᠮᠠᠯ ᠵᠠᠮ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠱᠠᠭᠠᠷᠳᠠᠵᠤ ᠪᠠᠶᠢᠭᠠᠳ ︽ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠦᠰᠭᠡ ᠶᠢᠨ ᠶᠠᠪᠤᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠡᠨ᠂ ᠬᠡᠮᠵᠢᠶ᠎ᠡ ᠠᠴᠠ ᠬᠡᠲᠦᠷᠡᠭᠦᠯᠦᠭᠰᠡᠨ ᠪᠠᠶᠢᠳᠠᠯ ᠢ ᠪᠠᠶᠢᠴᠠᠭᠠᠨ ᠰᠢᠨᠵᠢᠯᠡᠬᠦ ᠲᠣᠭᠲᠠᠮᠠᠯ ᠥᠷᠲᠡᠭᠡ ᠲᠤ ᠲᠦᠰᠢᠭᠯᠡᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠥᠷᠨᠢᠭᠦᠯᠵᠦ᠂ ᠬᠦᠳᠡᠯᠦᠩᠭᠦᠢ ᠪᠠᠶᠢᠴᠠᠭᠠᠨ ᠰᠢᠨᠵᠢᠯᠡᠬᠦ ᠪᠠᠷ ᠮᠠᠭᠠᠳᠯᠠᠨ ᠲᠣᠭᠲᠠᠭᠠᠭᠰᠠᠨ ᠬᠠᠤᠯᠢ ᠪᠤᠰᠤ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠲᠡᠷᠭᠡ ᠬᠥᠰᠬᠡ ᠶᠢ ᠣᠶᠢᠷ᠎ᠠ ᠬᠠᠪᠢ ᠳᠤ ᠨᠢ ᠬᠥᠲᠥᠯᠥᠨ ᠵᠢᠯᠣᠭᠤᠳᠴᠤ ᠪᠠᠶᠢᠭᠠᠳ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠲᠣᠭᠲᠠᠮᠠᠯ ᠥᠷᠲᠡᠭᠡ ᠲᠤ ᠬᠦᠷᠭᠡᠵᠦ ᠰᠢᠢᠳᠪᠦᠷᠢᠯᠡᠵᠦ᠂ ᠡᠰᠡᠬᠦᠯ᠎ᠡ ᠣᠷᠣᠨ ᠨᠤᠲᠤᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠭᠠᠨ ᠲᠣᠭᠲᠠᠭᠠᠭᠰᠠᠨ ᠪᠥᠭᠡᠳ ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠲᠡᠷᠭᠡᠨ ᠵᠣᠭᠰᠣᠭᠠᠯ᠂ ᠠᠴᠢᠶ᠎ᠠ ᠪᠠᠭᠤᠯᠭᠠᠬᠤ ᠲᠠᠯᠠᠪᠠᠶ ᠵᠡᠷᠭᠡ ᠲᠡᠷᠭᠡ ᠵᠣᠭᠰᠤᠭᠠᠬᠤ ᠵᠢᠴᠢ ᠠᠴᠢᠶ᠎ᠠ ᠪᠠᠭᠤᠯᠭᠠᠬᠤ ᠨᠥᠬᠦᠴᠡᠯ ᠲᠠᠢ ᠭᠠᠵᠠᠷ ᠪᠤᠶᠤ ᠲᠠᠯᠠᠪᠤᠷ ᠭᠠᠵᠠᠷ ᠲᠤ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠪᠠᠶᠢᠭᠤᠯᠤᠭᠰᠠᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠥᠷᠲᠡᠭᠡ ᠶᠢ ᠡᠷᠬᠡᠪᠰᠢ ᠳᠠᠷᠦ᠋ᠢᠬᠠᠨ ᠪᠢᠲᠡᠭᠦᠮᠵᠢᠯᠡᠨ ᠵᠣᠭᠰᠤᠭᠠᠨ᠎ᠠ᠃ ᠲᠡᠭᠡᠭᠡᠪᠦᠷᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠠᠴᠠ ᠵᠠᠮ ᠲᠡᠭᠡᠭᠡᠪᠦᠷᠢ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠲᠠᠯᠠᠪᠤᠷ ᠭᠠᠵᠠᠷ᠂ ᠠᠶᠠᠨᠴᠢᠳ ᠪᠠ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ ᠭᠠᠵᠠᠷ ᠲᠤ ᠭᠤᠤᠯᠳᠠᠯᠭ᠎ᠠ ᠲᠠᠢ ᠬᠢᠨᠠᠯᠲᠠ ᠪᠠᠶᠢᠴᠠᠭᠠᠯᠲᠠ ᠬᠢᠵᠦ᠂ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠶᠠᠷ ᠲᠤ᠂ ︽ᠬᠤᠶᠠᠷ ᠢ ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ︽ᠬᠤᠶᠠᠷ ᠢ ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠲᠣᠭᠲᠠᠴᠠ ᠶᠢ ᠠᠰᠢᠭᠯᠠᠨ᠂ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠠᠵᠢᠯᠲᠠᠨ ᠵᠢᠴᠢ ᠳᠠᠩᠰᠠ ᠡᠪᠬᠡᠮᠡᠯ ᠢ ᠰᠤᠭᠤᠴᠢᠨ ᠪᠠᠶᠢᠴᠠᠭᠠᠵᠤ᠂ ᠬᠢᠨᠠᠨ ᠬᠠᠮᠢᠶᠠᠷᠬᠤ ᠬᠦᠴᠦᠨ ᠴᠢᠲᠠᠪᠤᠷᠢ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ᠃ ᠡᠭᠦᠨ ᠤ ᠬᠠᠮᠲᠤ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠬᠠᠮᠲᠤᠷᠠᠨ ᠪᠠᠶᠢᠴᠠᠭᠠᠬᠤ ᠠᠵᠢᠯ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠨ ᠬᠠᠮᠲᠤᠷᠠᠨ ᠪᠠᠶᠢᠴᠠᠭᠠᠬᠤ ᠠᠵᠢᠯ ᠥᠷᠨᠢᠭᠦᠯᠦᠨ᠎ᠡ᠃ ᠮᠠᠨ ᠤ ᠲᠢᠩᠬᠢᠮ ᠤᠨ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠳᠦᠷᠢᠮ︾ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠲᠠᠢ ᠵᠣᠯᠭᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠷᠢᠯᠴᠢᠨ ᠡᠳ᠋ᠯᠡᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠪᠠ᠃ ᠭᠤᠷᠪᠠ ᠳᠤ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ ᠲᠣᠭᠲᠠᠭᠠᠯ︾ ᠢ ᠲᠣᠭᠤᠰᠢᠯᠠᠭᠤᠯᠤᠨ ᠨᠠᠶᠢᠳᠠᠪᠤᠷᠢᠵᠢᠭᠤᠯᠪᠠ᠃ ᠡᠩ ᠲᠡᠷᠢᠭᠦᠨ ᠳᠤ ᠤᠤᠯ ᠤᠨ ︽ᠵᠢᠷᠤᠮ ᠤᠨ ᠲᠣᠭᠲᠠᠭᠠᠯ︾ ᠲᠠᠢ ᠬᠠᠷᠭᠤᠭᠤᠯᠤᠨ᠂ ᠬᠠᠷᠢᠴᠠᠭᠤᠯᠤᠨ ᠰᠤᠷᠤᠯᠴᠠᠵᠤ᠂ ᠰᠢᠨ᠎ᠡ ︽ᠵᠢᠷᠤᠮ ᠤᠨ ᠲᠣᠭᠲᠠᠭᠠᠯ︾ ᠶᠢᠨ ᠰᠢᠨ᠎ᠡ ᠨᠡᠮᠡᠯᠲᠡ᠂ ᠲᠣᠬᠢᠷᠠᠭᠤᠯᠤᠭᠰᠠᠨ ᠠᠭᠤᠯᠭ᠎ᠠ ᠵᠢᠴᠢ ᠪᠣᠳᠠᠲᠠᠶ ᠱᠠᠭᠠᠷᠳᠠᠯᠭ᠎ᠠ ᠶᠢ ᠡᠵᠡᠮᠰᠢᠨ᠎ᠡ᠃ ᠳᠠᠷᠠᠭ᠎ᠠ ᠨᠢ ᠰᠢᠨ᠎ᠡ ᠲᠣᠭᠲᠠᠭᠠᠭᠰᠠᠨ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠬᠡᠪ ᠶᠠᠩᠵᠤ ᠲᠠᠢ ᠬᠠᠷᠢᠴᠠᠭᠤᠯᠤᠨ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠳᠤ ᠲᠣᠬᠢᠷᠠᠭᠤᠯᠤᠯᠲᠠ ᠬᠢᠵᠦ᠂ ᠨᠢᠭᠡᠳᠦᠯᠲᠡᠶ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠲᠣᠭᠲᠠᠭᠠᠵᠤ᠂ ᠰᠢᠨ᠎ᠡ ︽ᠵᠢᠷᠤᠮ ᠤᠨ ᠲᠣᠭᠲᠠᠭᠠᠯ︾ ᠤᠨ ᠶᠣᠰᠣᠭᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠤᠷᠤᠭᠰᠢᠲᠠᠶ ᠡᠮᠬᠢ ᠵᠢᠷᠤᠮ ᠲᠠᠢ ᠵᠣᠯᠭᠠᠯᠳᠤᠨ ᠰᠢᠯᠵᠢᠬᠦ ᠶᠢ ᠦᠨᠡᠨ ᠬᠦ ᠪᠠᠲᠤᠯᠠᠨ᠎ᠠ᠃ ᠳᠠᠬᠢᠨᠲᠠ ︽ᠵᠢᠷᠤᠮ ᠤᠨ ᠲᠣᠭᠲᠠᠭᠠᠯ︾ ᠳᠠᠬᠢ ︽ᠭᠤᠷᠪᠠᠨ ᠵᠦᠢᠯ ᠤᠨ ᠲᠦᠷᠢᠮ︾ ︵ᠳᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠲᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠢ ᠬᠢᠨᠠᠨ ᠬᠠᠷᠭᠤᠭᠤᠯᠬᠤ ᠲᠦᠷᠢᠮ︶᠂ ᠪᠠᠶᠢᠴᠠᠭᠠᠨ ᠭᠡᠷᠡᠴᠢ ᠠᠪᠬᠤ ᠭᠡᠷᠡᠴᠢ ᠪᠠᠷᠢᠮᠲᠠ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠦᠷᠭᠡᠬᠦ ᠠᠷᠭ᠎ᠠ ᠮᠠᠶ᠋ᠢᠭ ᠵᠡᠷᠭᠡ ᠰᠢᠨ᠎ᠡ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠡᠮᠬᠢᠯᠡᠵᠦ᠂ ᠬᠠᠮᠢᠶ᠎ᠠ ᠪᠦᠬᠦᠢ ᠵᠥᠭᠡᠯᠡᠨ ᠲᠣᠨᠤᠭ᠂ ᠬᠠᠲᠠᠭᠤ ᠲᠣᠨᠤᠭ ᠤᠨ ᠪᠡᠯᠡᠳᠬᠡᠯ ᠠᠵᠢᠯ ᠢ ᠬᠢᠨ᠎ᠡ᠃ ᠬᠠᠮᠤᠭ ᠰᠡᠭᠦᠯ ᠳᠤ ︽ᠵᠢᠷᠤᠮ ᠤᠨ ᠲᠣᠭᠲᠠᠭᠠᠯ︾ ᠳᠠᠬᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠠᠤᠯᠢ ᠬᠡᠷᠡᠭᠵᠢᠭᠦᠯᠬᠦ ᠨᠠᠷᠢᠨ ᠵᠦᠢᠯᠡᠰ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡᠪᠰᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠲᠣᠭᠠᠴᠢᠯᠲᠠ ᠬᠢᠬᠦ᠂ ᠵᠥᠪᠲᠦᠭᠡᠨ ᠲᠣᠳᠣᠷᠬᠠᠶᠢᠯᠠᠬᠤ ᠪᠠ ᠭᠡᠷᠡᠴᠢᠯᠡᠭᠡ ᠰᠣᠨᠣᠰᠬᠤ ᠵᠡᠷᠭᠡ ᠬᠠᠤᠯᠢ ᠪᠠᠷ ᠲᠣᠭᠲᠠᠭᠠᠭᠰᠠᠨ ᠡᠷᠬᠡ ᠶᠢ ᠪᠠᠲᠤᠯᠠᠵᠤ᠂ ᠬᠠᠤᠯᠢ ᠬᠡᠷᠡᠭᠵᠢᠭᠦᠯᠬᠦ ᠳᠤᠷ᠎ᠠ ᠵᠣᠷᠢᠭ ᠤᠨ ᠴᠢᠨᠠᠷ ᠶᠡᠭᠡ ᠪᠠᠶᠢᠬᠤ ᠠᠴᠠ ᠪᠣᠯᠵᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠡᠷᠬᠡ ᠶᠢ ᠭᠦᠢᠴᠡᠳ ᠪᠠᠲᠤᠯᠠᠭᠰᠠᠨ ᠦᠭᠡᠢ ᠪᠠᠶᠢᠳᠠᠯ ᠡᠭᠦᠰᠬᠦ ᠶᠢ ᠰᠡᠷᠭᠡᠶᠢᠯᠡᠨ ᠬᠤᠷᠢᠭᠯᠠᠨ᠎ᠠ᠃ ᠳᠥᠷᠪᠡ ᠳᠤ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠪᠠ᠃ 2019 ᠣᠨ ᠤ ᠳᠡᠭᠡᠷ᠎ᠡ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠲᠤᠰᠬᠠᠶ ᠵᠣᠬᠢᠴᠠᠭᠤᠯᠬᠤ ᠠᠯᠪᠠᠨ ᠭᠡᠷ ᠠᠴᠠ ᠬᠥᠬᠡᠬᠤᠲᠠ᠂ ᠤᠯᠠᠭᠠᠨᠴᠠᠪ ᠬᠤᠲᠠ᠂ ᠪᠤᠭᠤᠲᠤ ᠬᠤᠲᠠ᠂ ᠣᠷᠳᠣᠰ ᠬᠤᠲᠠ ᠳᠤ ᠲᠤᠬᠠᠶ ᠶᠢᠨ ᠭᠠᠵᠠᠷ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠴᠢᠩᠭᠠᠳᠬᠠᠬᠤ ᠲᠤᠬᠠᠶ ᠰᠢᠮᠳᠠᠭᠤᠯᠤᠨ ᠰᠢᠢᠳᠪᠦᠷᠢᠯᠡᠭᠦᠯᠬᠦ ᠮᠡᠳᠡᠭᠳᠡᠯ ᠪᠠᠭᠤᠯᠭᠠᠵᠤ᠂ ᠲᠤᠬᠠᠶ ᠶᠢᠨ ᠭᠠᠵᠠᠷ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠣᠷᠴᠢᠨ ᠨᠦᠬᠦᠴᠡᠯ ᠢ ᠪᠦᠲᠦᠮᠵᠢᠲᠡᠶ ᠰᠠᠶᠢᠵᠢᠷᠠᠭᠤᠯᠪᠠ᠃ ᠡᠭᠦᠨ ᠤ ᠬᠠᠮᠲᠤ᠂ ᠶᠡᠷᠦᠩᠬᠡᠶ ᠠᠩᠭᠢ ᠨᠢ ᠰᠠᠷ᠎ᠠ᠂ ᠤᠯᠠᠷᠢᠯ ᠢᠶᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠢ ᠲᠦᠯᠦᠭᠡᠯᠡᠨ ᠪᠦᠬᠦ ᠣᠷᠣᠨ ᠤ ᠰᠦᠯᠵᠢᠶ᠎ᠡ ᠨᠡᠪᠲᠡᠷᠡᠭᠦᠯᠦᠭᠰᠡᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠲᠤᠭ᠎ᠠ ᠪᠠᠷᠢᠮᠲᠠ ᠶᠢ ᠬᠢᠨᠠᠨ ᠰᠢᠨᠵᠢᠯᠡᠬᠦ ᠪᠠᠶᠢᠳᠠᠯ ᠳᠤ ᠮᠡᠳᠡᠭᠡᠯᠡᠯ ᠬᠢᠵᠦ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠯ᠎ᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠪᠠᠶᠢᠳᠠᠯ ᠳᠤ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠴᠤ ᠂ ᠪᠥᠬᠦ ᠣᠷᠣᠨ ᠤ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠥᠲᠥᠯᠥᠭᠴᠢ      ᠳᠠᠷᠠᠭ᠎ᠠ ᠠᠯᠬᠤᠮ ᠳᠤ ᠥᠪᠡᠷᠲᠡᠭᠡᠨ ᠵᠠᠰᠠᠬᠤ ᠣᠷᠣᠨ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠲᠠᠯ᠎ᠠ ᠪᠠᠷ ᠶᠠᠮᠠᠷ ᠲᠥᠯᠥᠪᠯᠡᠭᠡ ᠲᠠᠢ ᠪᠣᠶ︖     ᠶᠦᠨ ᠸᠧᠨ ᠵᠢᠩ      ᠬᠤᠶᠢᠰᠢᠳᠠ ᠶᠢᠨ ᠨᠢᠭᠡ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠤᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠢᠯᠪᠠᠷ ᠪᠤᠰᠤ ᠪᠠᠷ ᠣᠯᠤᠭᠰᠠᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠭᠤᠣᠯᠳᠠᠯᠭ᠎ᠠ ᠲᠠᠢ ᠬᠠᠷᠠᠯᠲᠠ ᠪᠣᠯ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠨᠣᠷᠮ᠎ᠠ ᠶᠢ 0.5% ᠶᠢᠨ ᠳᠣᠲᠣᠷ᠎ᠠ ᠬᠢᠵᠠᠭᠠᠷᠯᠠᠵᠤ ᠂ ᠪᠦᠬᠦ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠶᠢ 4% ᠶᠢᠨ ᠳᠣᠲᠤᠷ᠎ᠠ ᠬᠢᠵᠠᠭᠠᠷᠯᠠᠨ᠎ᠠ᠃ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠨᠢ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠴᠢᠩᠭᠠᠳᠬᠠᠵᠤ᠂ ᠡᠬᠢ ᠡᠭᠦᠰᠦᠯ᠂ ᠵᠠᠮ ᠶᠢᠨ ᠭᠠᠲᠠᠷᠭᠤ ᠶᠢᠨ ᠵᠠᠰᠠᠯᠲᠠ ᠶᠢ ᠴᠢᠩᠭᠠᠳᠬᠠᠵᠤ᠂ ᠣᠷᠤᠴᠠ  ᠳᠠᠬᠢ ᠬᠦᠨᠳᠦ ᠶᠢ ᠨᠢ ᠬᠡᠮᠵᠢᠬᠦ ᠲᠦᠭᠦᠭᠡᠷᠦᠮᠵᠢ ᠶᠢ ᠪᠦᠬᠦᠨ ᠢ ᠪᠦᠷᠬᠦᠭᠦᠯᠬᠦ ᠶᠢ ᠠᠬᠢᠭᠤᠯᠵᠤ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢ ᠴᠢᠩᠭᠠᠷᠠᠭᠤᠯᠵᠤ᠂ ᠨᠢᠭᠡᠨᠲᠡ ᠪᠠᠶᠢᠭ᠎ᠠ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠡᠷᠭᠡ ᠬᠦᠷᠢᠶ᠎ᠡ ᠶᠢ ᠦᠷᠭᠦᠯᠵᠢᠯᠡᠨ ᠠᠬᠢᠭᠤᠯᠤᠨ᠎ᠠ᠃ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠳᠤ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ︾ ᠵᠠᠷᠴᠢᠮ ᠢ ᠪᠠᠷᠢᠮᠲᠠᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠵᠢᠯ ᠤᠨ ᠬᠤᠪᠢᠶᠠᠷᠢᠯᠠᠯ ᠢᠶᠠᠨ ᠲᠣᠳᠤᠷᠬᠠᠶᠢᠯᠠᠵᠤ᠂ ᠨᠢᠭᠲᠠ ᠬᠠᠮᠵᠢᠯᠴᠠᠨ᠂ ᠪᠠᠶᠢᠭᠤᠯᠤᠯ ᠪᠣᠯᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠬᠦ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢ ᠨᠢᠭᠡ ᠬᠥᠯᠭᠡ ᠰᠢᠲᠠᠷ᠎ᠠ ᠮᠡᠲᠦ ᠪᠠᠶᠢᠯᠭᠠᠨ᠎ᠠ᠃ ᠪᠠᠷᠠᠭ᠎ᠠ ᠲᠡᠭᠡᠭᠡᠪᠦᠷᠢ ᠶᠢᠨ ᠲᠡᠭᠡᠭᠡᠪᠦᠷᠢᠯᠡᠬᠦ ᠡᠬᠢ ᠡᠭᠦᠰᠦᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠲᠡᠭᠡᠭᠡᠪᠦᠷᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠪᠠᠷᠠᠭ᠎ᠠ ᠶᠢᠨ ᠲᠡᠭᠡᠭᠡᠪᠦᠷᠢ ᠶᠢᠨ ᠡᠬᠢ ᠡᠭᠦᠰᠦᠯ ᠨᠢᠭᠡᠴᠢ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠯᠲᠠ ᠲᠠᠯᠪᠢᠬᠤ ᠪᠦᠷᠢᠨ ᠪᠦᠷᠬᠦᠯᠲᠡ ᠶᠢᠨ ᠳᠦᠷᠢᠮ ᠢ ᠪᠠᠶᠢᠭᠤᠯᠵᠤ᠂ 80% ᠠᠴᠠ ᠳᠡᠭᠡᠭᠰᠢᠬᠢ ᠭᠤᠤᠯᠳᠠᠯᠭ᠎ᠠ ᠲᠠᠢ ᠪᠠᠷᠠᠭ᠎ᠠ ᠶᠢᠨ ᠲᠡᠭᠡᠭᠡᠪᠦᠷᠢ  ᠶᠢᠨ ᠡᠬᠢ ᠡᠭᠦᠰᠦᠯ ᠨᠢᠭᠡᠴᠢ ᠳᠤ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠲᠥᠬᠦᠭᠡᠷᠦᠮᠵᠢ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠨ ᠬᠡᠷᠡᠭᠯᠡᠬᠦ ᠶᠢ ᠪᠡᠶᠡᠯᠡᠭᠦᠯᠵᠦ᠂ ᠲᠠᠯᠠᠪᠤᠷ ᠲᠤ ᠭᠠᠷᠬᠤ ᠬᠠᠮᠢᠶᠠᠷᠤᠯᠲᠠ ᠶᠢᠨ ᠳᠦᠷᠢᠮ ᠢ 100% ᠪᠠᠷ ᠨᠠᠶᠢᠳᠠᠪᠤᠷᠢᠵᠢᠭᠤᠯᠤᠨ᠎ᠠ᠃ ᠭᠤᠤᠯ ᠱᠤᠭᠤᠮ ᠤᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠰᠢᠨᠵᠢᠯᠡᠬᠦ ᠦᠷᠲᠡᠭᠡ ᠵᠢᠴᠢ ᠬᠥᠳᠡᠭᠡ ᠲᠣᠰᠬᠤᠨ ᠤ ᠵᠠᠰᠠᠮᠠᠯ ᠵᠠᠮ ᠤᠨ ᠥᠨᠳᠥᠷ ᠥᠷᠭᠡᠨ ᠢ ᠬᠢᠵᠠᠭᠠᠷᠯᠠᠬᠤ ᠪᠡᠯᠡᠳᠬᠡᠮᠵᠢ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠮ ᠤᠨ ᠭᠠᠳᠠᠷᠭᠤ ᠶᠢ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ ᠲᠡᠭᠡᠳᠦ ᠬᠤᠷᠳᠤ ᠶᠢᠨ ᠵᠠᠰᠠᠮᠠᠯ ᠵᠠᠮ ᠤᠨ ᠣᠷᠤᠴᠠ ᠳᠤ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠲᠥᠬᠦᠭᠡᠷᠦᠮᠵᠢ ᠨᠡᠮᠡᠵᠦ ᠤᠭᠰᠠᠷᠠᠬᠤ ᠶᠢ ᠭᠦᠨᠵᠡᠭᠡᠶ ᠠᠬᠢᠭᠤᠯᠵᠤ᠂ ᠣᠷᠤᠴᠠ ᠳᠠᠬᠢ ᠬᠦᠨᠳᠦ ᠶᠢ ᠨᠢ ᠬᠡᠮᠵᠢᠬᠦ ᠲᠥᠬᠦᠭᠡᠷᠦᠮᠵᠢ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠵᠢᠱᠢᠯᠲᠡ ᠪᠠᠷ 2019 ᠣᠨ ᠤ ᠵᠢᠯ ᠤᠨ ᠡᠴᠦᠰ ᠲᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠣᠷᠤᠴᠠ ᠶᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠨᠳᠦ ᠶᠢ ᠨᠢ ᠬᠡᠮᠵᠢᠵᠦ ᠪᠠᠶᠢᠴᠠᠭᠠᠨ ᠰᠢᠨᠵᠢᠯᠡᠬᠦ ᠬᠠᠮᠢᠶᠠᠷᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠦᠬᠦ ᠣᠷᠣᠨ ᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢ ᠰᠦᠯᠵᠢᠶ᠎ᠡ ᠨᠡᠪᠲᠡᠷᠡᠭᠦᠯᠦᠨ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠤᠯᠢ ᠬᠡᠷᠡᠭᠵᠢᠭᠦᠯᠦᠯᠲᠡ ᠶᠢᠨ ᠰᠢᠨᠵᠢᠯᠡᠬᠦ ᠤᠬᠠᠭᠠᠨᠴᠢᠯᠠᠯᠲᠠ ᠪᠠ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠶᠢ ᠳᠡᠭᠡᠭᠰᠢᠯᠡᠭᠦᠯᠦᠨ᠎ᠡ᠃ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠲᠤᠰᠬᠠᠶ ᠵᠠᠰᠠᠬᠤ ᠪᠠ ᠪᠠᠶᠢᠩᠭᠤᠵᠢᠭᠤᠯᠤᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠭ ᠲᠣᠭᠲᠠᠭᠠᠨ ᠬᠤᠯᠪᠤᠭᠠᠯᠠᠨ ᠬᠠᠤᠯᠢ ᠬᠡᠷᠡᠭᠵᠢᠭᠦᠯᠬᠦ᠂ ᠬᠦᠳᠡᠯᠦᠩᠭᠦᠢ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠮᠵᠢᠯᠲᠠ ᠪᠠᠨ ᠪᠠᠳᠠᠷᠠᠭᠤᠯᠤᠨ᠂ ᠲᠤᠷᠰᠢᠯᠭ᠎ᠠ ᠪᠠᠨ ᠳ᠋ᠦᠩᠨᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠢᠩᠭ᠎ᠠ ᠰᠡᠷᠭᠡᠶᠢᠯᠡᠵᠦ ᠰᠠᠬᠢᠵᠤ᠂ ᠳᠠᠬᠢᠨ ᠨᠡᠮᠡᠭᠳᠡᠬᠦ ᠶᠢ ᠰᠡᠷᠭᠡᠶᠢᠯᠡᠵᠦ ᠪᠠᠲᠤ ᠰᠠᠬᠢᠨ᠂ ᠣᠳᠣ ᠪᠠᠶᠢᠭ᠎ᠠ ᠬᠡᠮᠵᠢᠶ᠎ᠡ ᠠᠴᠠ ᠬᠡᠲᠦᠷᠡᠭᠦᠯᠦᠭᠰᠡᠨ ᠨᠣᠷᠮ᠎ᠠ ᠶᠢᠨ ᠰᠠᠭᠤᠷᠢᠨ ᠳᠡᠭᠡᠷ᠎ᠡ ᠦᠷ᠎ᠡ ᠪᠦᠲᠦᠭᠡᠯ ᠢᠶᠠᠨ ᠪᠠᠬᠢᠵᠢᠭᠦᠯᠦᠨ᠂ ᠳᠠᠶᠢᠨ ᠤ ᠦᠷ᠎ᠡ ᠪᠦᠲᠦᠭᠡᠯ ᠢᠶᠠᠨ ᠥᠷᠭᠡᠳᠬᠡᠵᠦ᠂ ᠴᠢᠩᠭ᠎ᠠ ᠱᠠᠭᠠᠷᠳᠠᠬᠤ ᠪᠠ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠬᠡᠮᠵᠢᠶ᠎ᠡ ᠠᠴᠠ ᠬᠡᠲᠦᠷᠡᠭᠦᠯᠦᠭᠰᠡᠨ ᠲᠡᠷᠭᠡ ᠬᠥᠰᠬᠡ ᠶᠢ ᠵᠠᠰᠠᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠪᠠᠬᠢᠵᠢᠭᠦᠯᠬᠦ ᠶᠢ ᠠᠬᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠰᠠᠶᠢᠵᠢᠷᠠᠭᠤᠯᠤᠨ᠂ ᠵᠠᠮ ᠤᠨ ᠠᠮᠤᠷ ᠲᠦᠪᠰᠢᠨ ᠤ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃     ᠬᠥᠲᠥᠯᠥᠭᠴᠢ      ᠶᠦᠨ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ᠃ ᠳᠣᠣᠷ᠎ᠠ ᠰᠦᠯᠵᠢᠶᠡᠨ ᠤ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠭᠤᠭᠴᠤᠭ᠎ᠠ ᠳᠤ ᠣᠷᠣᠶ᠎ᠠ᠃ ᠰᠦᠯᠵᠢᠶᠡᠨ ᠤ ᠠᠨᠳᠠ ︽ᠲᠠ ᠲᠠ︾ ᠬᠡᠯᠡᠬᠦ ᠳᠡᠭᠡᠨ᠄ ᠮᠤᠵᠢ ᠠᠯᠤᠰᠯᠠᠭᠰᠠᠨ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠰᠦᠯᠵᠢᠶᠡᠨ ᠳᠤ ᠭᠦᠢᠴᠡᠳᠭᠡᠭᠰᠡᠨ ᠤ ᠳᠠᠷᠠᠭ᠎ᠠ᠂ ᠨᠡᠪᠲᠡᠷᠡᠬᠦ ᠦᠨᠡᠮᠯᠡᠯ ᠤᠨ ᠰᠠᠭᠠᠲᠠᠭᠰᠠᠨ ᠴᠠᠭ ᠨᠢ ᠳᠡᠩᠳᠡᠭᠦᠦ ᠤᠷᠲᠤ᠃      ᠶᠦᠨ ᠸᠧᠨ ᠵᠢᠩ      ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠳᠤ ︽ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 62 ᠳ᠋ᠤᠭᠠᠷ ᠲᠣᠭᠠᠲᠤ ᠵᠠᠷᠯᠢᠭ ︶ ᠳᠤ ᠲᠣᠭᠲᠠᠭᠠᠭᠰᠠᠨ ᠬᠢᠨᠠᠨ ᠵᠥᠪᠰᠢᠶᠡᠷᠡᠬᠦ ᠴᠠᠭ ᠲᠤ ᠨᠢ ᠭᠦᠢᠴᠡᠳᠭᠡᠬᠦ ᠶᠢ ᠴᠢᠩᠭ᠎ᠠ ᠵᠢᠷᠦᠮᠯᠡᠬᠤ ᠶᠢᠨ ᠬᠠᠮᠲᠤ᠂ 2018 ᠣᠨ ᠳᠤ ᠵᠠᠮ ᠬᠠᠷᠢᠯᠴᠠᠭᠠᠨ ᠤ ᠴᠠᠭᠳᠠᠭᠠᠨ ᠤ ᠰᠠᠯᠠᠭ᠎ᠠ ᠮᠥᠴᠢᠷ ᠲᠠᠢ ᠢᠳᠡᠪᠬᠢᠲᠡᠢ ᠵᠥᠪᠳᠡᠯᠴᠡᠵᠦ᠂ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠵᠠᠮ ᠤᠨ ᠴᠠᠭᠳᠠᠭ᠎ᠠ ᠶᠢᠨ ᠬᠤᠯᠪᠤᠭᠠᠯᠠᠨ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠮᠣ ᠵᠦᠢᠯ ᠤᠨ ᠬᠢᠨᠠᠨ ᠵᠥᠪᠰᠢᠶᠡᠷᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠵᠤ᠂ ᠳᠠᠭᠠᠭᠠᠨ ᠲᠡᠭᠡᠭᠡᠪᠦᠷᠢᠯᠡᠭᠴᠢ ᠶᠢᠨ ᠬᠦᠯᠢᠶᠡᠬᠦ ᠴᠠᠭ ᠢ ᠲᠦᠢᠯ ᠤᠨ ᠶᠡᠭᠡ ᠪᠠᠷ ᠪᠠᠭᠠᠰᠬᠠᠭᠰᠠᠨ ᠪᠠᠶᠢᠨ᠎ᠠ᠃      ᠬᠥᠲᠥᠯᠥᠭᠴᠢ      ᠰᠦᠯᠵᠢᠶᠡᠨ ᠤ ᠠᠨᠳᠠ ︽ᠰᠢᠶᠣᠣ ᠰᠢ︾ ᠠᠠᠰᠠᠭᠤᠭᠰᠠᠨ ᠨᠢ᠄ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠭᠤᠶᠤᠴᠢᠯᠠᠬᠤ ᠰᠦᠯᠵᠢᠶᠡᠨ ᠬᠠᠶ᠋ᠢᠭ ᠨᠢ ᠶᠠᠭᠤ ᠪᠣᠶ︖      ᠶᠦᠨ ᠸᠧᠨ ᠵᠢᠩ      ᠮᠤᠵᠢ ᠠᠯᠤᠰᠯᠠᠭᠰᠠᠨ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ ᠰᠦᠯᠵᠢᠶᠡᠨ ᠤ ᠬᠠᠶ᠋ᠢᠭ ᠪᠣᠯ᠄ http://zclic. tpri. org. cn/licweb/login. html᠂ ᠮᠤᠵᠢ ᠶᠢᠨ ᠳᠣᠲᠣᠷᠠᠬᠢ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ ᠰᠦᠯᠵᠢᠶᠡᠨ ᠤ ᠬᠠᠶ᠋ᠢᠭ᠄ http://116.112. 7.21᠄ 8084 / djyssnpt᠂ ᠮᠣᠵᠢ ᠠᠯᠤᠰᠯᠠᠭᠰᠠᠨ ᠪᠠ ᠮᠤᠵᠢ ᠶᠢᠨ ᠳᠣᠲᠣᠷᠠᠬᠢ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ ᠳᠤ᠂ ᠠᠵᠤ ᠠᠬᠤᠶᠢᠯᠠᠯ ᠨᠢ ᠰᠦᠯᠵᠢᠶᠡᠨ ᠬᠠᠶ᠋ᠢᠭ ᠤᠨ ᠰᠠᠨᠠᠭᠤᠯᠤᠮᠵᠢ ᠶᠣᠰᠣᠭᠠᠷ ᠬᠡᠷᠡᠭᠯᠡᠭᠴᠢ ᠶᠢ ᠳᠠᠩᠰᠠᠯᠠᠭᠤᠯᠤᠭᠰᠠᠨ ᠤ ᠳᠠᠷᠠᠭ᠎ᠠ ᠭᠦᠢᠴᠡᠳᠭᠡᠬᠦ ᠴᠢᠬᠤᠯᠠᠲᠠᠶ᠃ ᠮᠤᠵᠢ ᠶᠢᠨ ᠳᠣᠲᠣᠷᠠᠬᠢ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠭᠦᠢᠴᠡᠳᠭᠡᠬᠦ ᠳᠤ ᠤᠷᠢᠳᠤᠪᠠᠷ ᠮᠣᠵᠢ ᠠᠯᠤᠰᠯᠠᠭᠰᠠᠨ ᠲᠣᠮᠣ ᠵᠦᠢᠯ ᠤᠨ ᠲᠡᠭᠡᠭᠡᠪᠦᠷᠢ ᠶᠢᠨ ᠭᠦᠢᠴᠡᠳᠭᠡᠬᠦ ᠲᠠᠪᠴᠠᠩ ᠳᠤ ᠳᠠᠩᠰᠠᠯᠠᠭᠤᠯᠤᠭᠰᠠᠨ ᠤ ᠳᠠᠷᠠᠭ᠎ᠠ᠂ ᠰᠠᠶ᠋ᠢ ᠳᠠᠩᠰᠠᠯᠠᠵᠤ ᠪᠣᠯᠬᠤ ᠶᠢᠨ ᠬᠠᠮᠲᠤ ᠵᠡᠷᠭᠡ ᠪᠠᠷ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠮᠤᠵᠢ ᠶᠢᠨ ᠳᠣᠲᠣᠷᠠᠬᠢ ᠲᠣᠮᠣ ᠵᠦᠢᠯ ᠤᠨ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠤᠨ ᠭᠦᠢᠴᠡᠳᠭᠡᠬᠦ ᠲᠠᠪᠴᠠᠩ ᠳᠤ ᠬᠦᠷᠭᠡᠨ᠎ᠡ᠃      ᠬᠥᠲᠥᠯᠥᠭᠴᠢ      ᠶᠦᠨ ᠲᠢᠩᠬᠢᠮ ᠤᠨ ᠳᠠᠷᠤᠭ᠎ᠠ ᠶᠢᠨ ᠨᠠᠷᠢᠨ ᠲᠣᠳᠣᠷᠬᠠᠶ ᠲᠠᠨᠢᠯᠴᠠᠭᠤᠯᠭ᠎ᠠ ᠪᠠ ᠬᠦᠯᠢᠴᠡᠩᠭᠦᠶ ᠲᠠᠶᠢᠯᠤᠮᠵᠢ ᠬᠢᠭᠰᠡᠨ ᠲᠤ ᠳᠠᠬᠢᠨᠲᠠ ᠲᠠᠯᠠᠷᠬᠠᠵᠤ᠂ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠳᠤ ᠠᠭᠤᠯᠵᠠᠶ᠎ᠠ︕
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号