︵1987 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ᠂ ᠵᠢᠷᠭᠤᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠬᠤᠶᠠᠳᠤᠭᠠᠷ ᠬᠤᠷᠠᠯᠳᠤᠭᠠᠨ ᠠᠴᠠ ᠪᠠᠲᠤᠯᠠᠪᠠ 1996 ᠣᠨ ᠤ 7 ᠳ᠋ᠤᠭᠠᠷ ᠰᠠᠷ᠎ᠠ ᠶᠢᠨ 5 ᠤ ᠡᠳᠦᠷ ᠤᠨ | ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠠᠩᠰᠠ ᠡᠪᠬᠡᠮᠡᠯ ᠤᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ | ᠠᠩᠬ᠎ᠠ ᠤᠳᠠᠭ᠎ᠠ ᠵᠠᠰᠠᠪᠤᠷᠢᠯᠠᠪᠠ 2016 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ᠤᠨ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠷᠢᠨ ᠳᠥᠷᠪᠡᠳᠦᠭᠡᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠭᠠᠳᠠᠭᠠᠳᠤ ᠠᠷᠠᠯᠵᠢᠶᠠᠨ ᠤ ᠬᠠᠤᠯᠢ﹀ ᠵᠡᠷᠭᠡ ᠠᠷᠪᠠᠨ ᠬᠤᠶᠠᠷ ᠲᠦᠷᠦᠯ ᠤᠨ ᠬᠠᠤᠯᠢ ᠳᠤ ᠵᠠᠰᠠᠪᠤᠷᠢ ᠣᠷᠣᠭᠤᠯᠬᠤ | ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠤᠷᠢᠯᠠᠪᠠ 2020 ᠣᠨ ᠤ 6 ᠳ᠋ᠤᠭᠠᠷ | ᠰᠠᠷ᠎ᠠ ᠶᠢᠨ 20 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ | ᠵᠠᠰᠠᠪᠤᠷᠢ ᠣᠷᠣᠭᠤᠯᠪᠠ︶ | ᠭᠠᠷᠴᠠᠭ | ᠨᠢᠭᠡᠳᠦᠭᠡᠷ ᠪᠦᠯᠦᠭ ᠶᠡᠷᠦᠩᠬᠡᠶ ᠲᠦᠷᠢᠮ | ᠬᠤᠶᠠᠳᠤᠭᠠᠷ ᠪᠦᠯᠦᠭ ᠳᠠᠩᠰᠠ ᠡᠪᠬᠡᠮᠡᠯ ᠤᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ | ᠭᠤᠷᠪᠠᠳᠤᠭᠠᠷ ᠪᠦᠯᠦᠭ ᠳᠠᠩᠰᠠ ᠡᠪᠬᠡᠮᠡᠯ ᠤᠨ ᠬᠠᠮᠢᠶᠠᠷᠤᠯᠲᠠ | ᠳᠥᠷᠪᠡᠳᠦᠭᠡᠷ ᠪᠦᠯᠦᠭ ᠳᠠᠩᠰᠠ ᠡᠪᠬᠡᠮᠡᠯ ᠢ ᠠᠰᠢᠭᠯᠠᠬᠤ ᠪᠠ ᠨᠡᠶᠢᠲᠡᠯᠡᠬᠦ | ᠲᠠᠪᠤᠳᠤᠭᠠᠷ ᠪᠦᠯᠦᠭ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ | ᠵᠢᠷᠭᠤᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | | | ᠨᠢᠭᠡᠳᠦᠭᠡᠷ ᠪᠦᠯᠦᠭ ᠶᠡᠷᠦᠩᠬᠡᠶ ᠲᠦᠷᠢᠮ | | ᠨᠢᠭᠡᠳᠦᠭᠡᠷ ᠵᠦᠢᠯ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠳᠠᠩᠰᠠ | ᠡᠪᠬᠡᠮᠡᠯ ᠢ ᠴᠤᠭᠯᠠᠭᠤᠯᠬᠤ ᠪᠠ ᠡᠮᠬᠢᠯᠡᠬᠦ ᠠᠵᠢᠯ ᠢ ᠵᠢᠷᠤᠮᠵᠢᠭᠤᠯᠵᠤ᠂ ᠳᠠᠩᠰᠠ ᠡᠪᠬᠡᠮᠡᠯ ᠢ ᠪᠦᠲᠦᠮᠵᠢᠲᠡᠢ ᠬᠠᠮᠠᠭᠠᠯᠠᠬᠤ | ᠪᠠ ᠠᠰᠢᠭᠯᠠᠵᠤ᠂ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠤᠯᠤᠰ ᠠᠴᠠ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ | ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠲᠤ ᠦᠢᠯᠡᠴᠢᠯᠡᠬᠦ ᠪᠠᠷ | ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ᠂ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠰᠢᠭᠯᠠᠬᠤ ᠵᠢᠴᠢ | ᠬᠢᠨᠠᠨ ᠬᠠᠮᠢᠶᠠᠷᠬᠤ ᠠᠵᠢᠯᠯᠠᠭ᠎ᠠ ᠬᠢᠬᠦ ᠳᠤ᠂ ᠲᠤᠰ ᠬᠠᠤᠯᠢ ᠶᠢ ᠬᠡᠷᠡᠭᠯᠡᠨ᠎ᠡ᠃ | ᠲᠤᠰ ᠬᠠᠤᠯᠢ ᠳᠤ ᠬᠡᠯᠡᠵᠦ ᠪᠠᠶᠢᠭ᠎ᠠ ᠳᠠᠩᠰᠠ ᠡᠪᠬᠡᠮᠡᠯ ᠭᠡᠳᠡᠭ ᠪᠣᠯ ᠥᠩᠭᠡᠷᠡᠭᠰᠡᠨ ᠪᠠ ᠤᠳᠤ ᠶᠢᠨ | ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠤᠰᠤᠳ ᠵᠣᠬᠢᠶᠠᠨ ᠪᠠᠶᠢᠭᠤᠯᠤᠯᠲᠠ | ᠵᠢᠴᠢ ᠬᠤᠪᠢ ᠬᠦᠮᠦᠨ ᠤ ᠠᠵᠤ ᠠᠬᠤᠶ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ᠂ | ᠴᠡᠷᠢᠭ ᠤᠨ ᠶᠠᠪᠤᠳᠠᠯ᠂ ᠭᠠᠳᠠᠭᠠᠳᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠠᠵᠢᠯᠯᠠᠭ᠎ᠠ ᠳᠤ | ᠰᠢᠭᠤᠳ ᠪᠦᠷᠢᠯᠳᠦᠭᠰᠡᠨ ᠤᠯᠤᠰ ᠣᠷᠣᠨ ᠪᠠ ᠨᠡᠶᠢᠭᠡᠮ ᠳᠤ ᠬᠠᠳᠠᠭᠠᠯᠠᠬᠤ ᠦᠨ᠎ᠡ ᠥᠷᠲᠡᠭ ᠲᠠᠢ ᠡᠯ᠎ᠡ ᠵᠦᠢᠯ ᠤᠨ | ᠦᠰᠦᠭ ᠪᠢᠴᠢᠭ᠂ ᠵᠢᠷᠤᠭ ᠬᠦᠰᠦᠨᠦᠭᠲᠦ᠂ ᠳᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ ᠶᠢᠨ ᠲᠡᠤᠬᠡ ᠶᠢᠨ | ᠲᠡᠮᠳᠡᠭᠯᠡᠯ ᠢ ᠵᠢᠭᠠᠪᠠ᠃ | ᠭᠤᠷᠪᠠᠳᠤᠭᠠᠷ ᠵᠦᠢᠯ᠂ ᠳᠠᠩᠰᠠ ᠡᠪᠬᠡᠮᠡᠯ ᠤᠨ ᠠᠵᠢᠯ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠤᠨ | ᠠᠵᠢᠯ ᠢᠶᠠᠨ ᠴᠢᠩᠭᠠᠳᠬᠠᠵᠤ᠂ ᠳᠠᠩᠰᠠ ᠡᠪᠬᠡᠮᠡᠯ ᠤᠨ ᠦᠢᠯᠡᠰ ᠢ ᠤᠯᠤᠰ ᠠᠷᠠᠳ ᠤᠨ ᠠᠵᠤ ᠠᠬᠤᠶ ᠪᠣᠯᠤᠨ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠳᠠᠩᠰᠠ ᠡᠪᠬᠡᠮᠡᠯ ᠤᠨ ᠦᠢᠯᠡᠰ ᠤᠨ | ᠬᠥᠭᠵᠢᠯᠲᠡ ᠶᠢᠨ ᠵᠠᠷᠤᠳᠠᠯ ᠢ ᠵᠠᠰᠠᠭ ᠤᠨ ᠣᠷᠳᠣᠨ ᠤ ᠲᠥᠰᠦᠪ ᠲᠤ ᠣᠷᠣᠭᠤᠯᠵᠤ᠂ ᠳᠠᠩᠰᠠ ᠡᠪᠬᠡᠮᠡᠯ ᠤᠨ | ᠦᠢᠯᠡᠰ ᠤᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠢᠷᠢ | ᠬᠡᠮᠵᠢᠶ᠎ᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠳᠥᠷᠪᠡᠳᠦᠭᠡᠷ ᠵᠦᠢᠯ᠂ ᠳᠠᠩᠰᠠ ᠡᠪᠬᠡᠮᠡᠯ ᠤᠨ ᠠᠵᠢᠯ ᠳᠤ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ | ᠬᠠᠮᠢᠶᠠᠷᠬᠤ ᠵᠠᠷᠴᠢᠮ ᠢ ᠬᠡᠷᠡᠭᠵᠢᠭᠦᠯᠵᠦ᠂ ᠳᠠᠩᠰᠠ ᠡᠪᠬᠡᠮᠡᠯ ᠤᠨ ᠪᠦᠷᠢᠨ ᠪᠦᠲᠦᠨ ᠪᠠ ᠠᠮᠤᠷ ᠲᠦᠪᠰᠢᠨ ᠢ | ᠬᠠᠮᠠᠭᠠᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠠᠰᠢᠭᠯᠠᠯᠲᠠ ᠳᠤ ᠳᠥᠭᠦᠮ ᠦᠵᠡᠭᠦᠯᠬᠦ ᠬᠡᠷᠡᠭᠲᠡᠢ᠃ | ᠲᠠᠪᠤᠳᠤᠭᠠᠷ ᠵᠦᠢᠯ᠂ ᠠᠯᠢᠪᠠ ᠲᠥᠷᠥ ᠶᠢᠨ ᠪᠠᠶᠢᠭᠤᠯᠭ᠎ᠠ᠂ ᠵᠡᠪᠰᠡᠭᠲᠦ ᠬᠦᠴᠦᠨ᠂ ᠲᠥᠷᠥ ᠶᠢᠨ ᠨᠠᠮ᠂ | ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠠᠷᠠᠳ ᠢᠷᠭᠡᠨ ᠳᠤ ᠴᠥᠮ ᠳᠠᠩᠰᠠ ᠡᠪᠬᠡᠮᠡᠯ ᠢ | ᠬᠠᠮᠠᠭᠠᠯᠠᠬᠤ ᠡᠭᠦᠷᠭᠡ ᠲᠠᠢ᠂ ᠳᠠᠩᠰᠠ ᠡᠪᠬᠡᠮᠡᠯ ᠢ ᠬᠠᠤᠯᠢ ᠶᠣᠰᠣᠭᠠᠷ ᠠᠰᠢᠭᠯᠠᠬᠤ ᠡᠷᠬᠡ ᠲᠠᠢ᠃ | ᠵᠢᠷᠭᠤᠳᠤᠭᠠᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ | ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠠᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠂ ᠠᠰᠢᠭᠯᠠᠬᠤ ᠵᠡᠷᠭᠡ ᠲᠠᠯ᠎ᠠ ᠪᠠᠷ | ᠬᠤᠪᠢᠷᠠᠭᠤᠯᠬᠤ ᠪᠠ ᠬᠡᠷᠡᠭᠯᠡᠬᠦ ᠶᠢ ᠠᠬᠢᠭᠤᠯᠵᠤ᠂ ᠳᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ᠤᠯᠤᠰ ᠠᠴᠠ ᠠᠷᠭ᠎ᠠ ᠬᠡᠮᠵᠢᠶ᠎ᠡ ᠠᠪᠴᠤ᠂ ᠳᠠᠩᠰᠠ ᠡᠪᠬᠡᠮᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠪᠦᠬᠦ ᠨᠡᠶᠢᠭᠡᠮ ᠤᠨ ᠳᠠᠩᠰᠠ ᠡᠪᠬᠡᠮᠡᠯ ᠤᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ | ᠤᠯᠤᠰ ᠠᠴᠠ ᠳᠠᠩᠰᠠ ᠡᠪᠬᠡᠮᠡᠯ ᠤᠨ ᠬᠦᠷᠢᠶᠡᠨ ᠳᠤ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ | ᠦᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ | ᠳᠣᠯᠣᠳᠤᠭᠠᠷ ᠵᠦᠢᠯ᠂ ᠤᠯᠤᠰ ᠠᠴᠠ ᠨᠡᠶᠢᠭᠡᠮ ᠤᠨ ᠬᠦᠴᠦᠨ ᠤ ᠳᠠᠩᠰᠠ ᠡᠪᠬᠡᠮᠡᠯ ᠤᠨ ᠦᠢᠯᠡᠰ ᠤᠨ | ᠬᠥᠭᠵᠢᠯᠲᠡ ᠳᠤ ᠣᠷᠤᠯᠴᠠᠬᠤ ᠪᠠ ᠳᠡᠮᠵᠢᠬᠦ ᠶᠢ ᠵᠣᠷᠢᠭᠵᠢᠭᠤᠯᠤᠨ᠎ᠠ᠃ | ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠰᠢᠭᠯᠠᠬᠤ ᠵᠡᠷᠭᠡ ᠲᠠᠯ᠎ᠠ ᠪᠠᠷ ᠳᠣᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠶ᠃ | | | ᠬᠤᠶᠠᠳᠤᠭᠠᠷ ᠪᠦᠯᠦᠭ ᠳᠠᠩᠰᠠ ᠡᠪᠬᠡᠮᠡᠯ ᠤᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ | | ᠨᠠᠢᠮᠠᠳᠤᠭᠠᠷ ᠵᠦᠢᠯ᠂ ᠤᠯᠤᠰ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ | ᠪᠦᠬᠦ ᠤᠯᠤᠰ ᠤᠨ ᠳᠠᠩᠰᠠ ᠡᠪᠬᠡᠮᠡᠯ ᠤᠨ ᠠᠵᠢᠯ ᠢ ᠡᠷᠬᠢᠯᠡᠨ ᠬᠠᠮᠢᠶᠠᠷᠴᠤ᠂ ᠪᠦᠬᠦ ᠤᠯᠤᠰ ᠤᠨ ᠳᠠᠩᠰᠠ ᠡᠪᠬᠡᠮᠡᠯ | ᠤᠨ ᠦᠢᠯᠡᠰ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠂ | ᠨᠢᠭᠡᠳᠦᠯᠲᠡᠶ ᠳᠦᠷᠢᠮ ᠲᠣᠭᠲᠠᠭᠠᠵᠤ᠂ ᠬᠢᠨᠠᠯᠲᠠ ᠲᠠᠯᠪᠢᠬᠤ ᠪᠠ ᠵᠢᠯᠤᠭᠤᠳᠬᠤ ᠶᠢ ᠬᠡᠷᠡᠭᠵᠢᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ | ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠳᠠᠬᠢ ᠳᠠᠩᠰᠠ ᠡᠪᠬᠡᠮᠡᠯ ᠤᠨ ᠠᠵᠢᠯ ᠢ ᠡᠷᠬᠢᠯᠡᠨ | ᠬᠠᠮᠢᠶᠠᠷᠴᠤ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠠᠵᠢᠯ ᠳᠤ | ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠶᠢ ᠬᠡᠷᠡᠭᠵᠢᠭᠦᠯᠦᠨ᠎ᠡ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠠᠵᠢᠯᠲᠠᠨ ᠵᠢᠭᠠᠨ ᠲᠣᠭᠲᠠᠭᠠᠵᠤ᠂ ᠲᠣᠰ | ᠪᠠᠶᠢᠭᠤᠯᠭ᠎ᠠ ᠶᠢᠨ ᠳᠠᠩᠰᠠ ᠡᠪᠬᠡᠮᠡᠯ ᠢ ᠬᠠᠷᠢᠭᠤᠴᠠᠨ ᠬᠠᠮᠢᠶᠠᠷᠤᠭᠤᠯᠵᠤ᠂ ᠡᠭᠦᠨ ᠤ ᠬᠠᠮᠲᠤ ᠬᠠᠷᠢᠶ᠎ᠠ ᠨᠢᠭᠡᠴᠢ ᠪᠠ | ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠵᠡᠷᠭᠡ ᠶᠢᠨ | ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠬᠤ ᠪᠠ ᠵᠢᠭᠠᠨ ᠵᠢᠯᠤᠭᠤᠳᠬᠤ ᠶᠢ ᠬᠡᠷᠡᠭᠵᠢᠭᠦᠯᠬᠦ ᠬᠡᠷᠡᠭᠲᠡᠢ᠃ | ᠶᠢᠰᠦᠳᠦᠭᠡᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ | ᠪᠤᠰᠤᠳ ᠵᠣᠬᠢᠶᠠᠨ ᠪᠠᠶᠢᠭᠤᠯᠤᠯᠲᠠ ᠠᠴᠠ ᠳᠠᠩᠰᠠ ᠡᠪᠬᠡᠮᠡᠯ ᠤᠨ ᠪᠠᠶᠢᠭᠤᠯᠤᠮᠵᠢ ᠪᠤᠶᠤ ᠳᠠᠩᠰᠠ ᠡᠪᠬᠡᠮᠡᠯ ᠤᠨ | ᠠᠵᠢᠯᠳᠠᠨ ᠢ ᠲᠣᠭᠲᠠᠭᠠᠵᠤ ᠲᠤᠰ ᠨᠢᠭᠡᠴᠢ ᠶᠢᠨ ᠢᠶᠠᠨ ᠳᠠᠩᠰᠠ ᠡᠪᠬᠡᠮᠡᠯ ᠢ ᠬᠠᠷᠢᠭᠤᠴᠠᠨ ᠬᠠᠮᠢᠶᠠᠷᠤᠭᠤᠯᠵᠤ᠂ | ᠡᠭᠦᠨ ᠤ ᠬᠠᠮᠲᠤ ᠬᠠᠷᠢᠶ᠎ᠠ ᠨᠢᠭᠡᠴᠢ ᠶᠢᠨ ᠢᠶᠠᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠬᠤ ᠪᠠ ᠵᠠᠭᠠᠨ | ᠵᠢᠯᠤᠭᠤᠳᠬᠤ ᠶᠢ ᠬᠡᠷᠡᠭᠵᠢᠭᠦᠯᠬᠦ ᠬᠡᠷᠡᠭᠲᠡᠶ᠃ | ᠲᠥᠪ ᠤᠨ ᠲᠥᠷᠥ ᠶᠢᠨ ᠪᠠᠶᠢᠭᠤᠯᠭ᠎ᠠ ᠠᠴᠠ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠡᠷᠡᠭᠴᠡᠭᠡ ᠶᠢ | ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠲᠣᠰ ᠰᠢᠰᠲ᠋ᠧᠮ ᠤᠨ ᠢᠶᠠᠨ ᠳᠠᠩᠰᠠ | ᠡᠪᠬᠡᠮᠡᠯ ᠤᠨ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃ | ᠠᠷᠪᠠᠳᠤᠭᠠᠷ ᠵᠦᠢᠯ᠂ ᠲᠥᠪ ᠪᠠ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ | ᠱᠠᠲᠤᠨ ᠤ ᠡᠯ᠎ᠡ ᠲᠥᠷᠥᠯ ᠤᠨ ᠳᠠᠩᠰᠠ ᠡᠪᠬᠡᠮᠡᠯ ᠤᠨ ᠣᠷᠳᠤᠨ ᠪᠣᠯ ᠳᠠᠩᠰᠠ ᠡᠪᠬᠡᠮᠡᠯ ᠢ ᠲᠥᠪᠯᠡᠷᠡᠭᠦᠯᠦᠨ | ᠬᠠᠮᠢᠶᠠᠷᠬᠤ ᠰᠣᠶᠣᠯ ᠤᠨ ᠦᠢᠯᠡᠰ ᠤᠨ ᠪᠠᠶᠢᠭᠤᠯᠤᠮᠵᠢ ᠮᠥᠨ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ | ᠬᠡᠪᠴᠢᠶᠡᠨ ᠳᠣᠲᠣᠷᠠᠬᠢ ᠳᠠᠩᠰᠠ ᠡᠪᠬᠡᠮᠡᠯ ᠢ ᠬᠤᠷᠢᠶᠠᠨ ᠴᠤᠭᠯᠠᠭᠤᠯᠬᠤ᠂ ᠡᠮᠬᠢᠯᠡᠬᠦ᠂ ᠬᠠᠳᠠᠭᠠᠯᠠᠨ ᠬᠠᠮᠢᠶᠠᠷᠬᠤ ᠪᠠ | ᠬᠠᠩᠭᠠᠨ ᠠᠰᠢᠭᠯᠠᠬᠤ ᠶᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠠᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠠᠩᠰᠠ ᠡᠪᠬᠡᠮᠡᠯ ᠤᠨ ᠠᠵᠢᠯᠳᠠᠨ ᠤ | ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ | ᠳᠠᠩᠰᠠ ᠡᠪᠬᠡᠮᠡᠯ ᠤᠨ ᠠᠵᠢᠯᠲᠠᠳ ᠨᠢ ᠡᠭᠦᠷᠭᠡ ᠲᠤᠰᠢᠶᠠᠯ ᠳᠤ ᠪᠠᠨ ᠦᠨᠡᠨᠴᠢ ᠰᠢᠳᠤᠷᠭᠤ ᠪᠠᠶᠢᠵᠤ᠂ ᠬᠠᠤᠯᠢ | ᠰᠠᠬᠢᠯᠭ᠎ᠠ ᠶᠢ ᠵᠢᠷᠤᠮᠯᠠᠨ ᠰᠠᠬᠢᠵᠤ᠂ ᠵᠣᠬᠢᠴᠠᠩᠭᠤᠶ ᠲᠤᠰᠬᠠᠶ ᠮᠡᠷᠭᠡᠵᠢᠯ ᠤᠨ ᠮᠡᠳᠡᠯᠭᠡ ᠬᠢᠭᠡᠳ ᠮᠡᠷᠭᠡᠵᠢᠯ | ᠴᠢᠳᠠᠪᠤᠷᠢ ᠲᠠᠢ ᠪᠠᠶᠢᠵᠤ᠂ ᠡᠭᠦᠨ ᠳᠤ᠂ ᠳᠠᠩᠰᠠ ᠡᠪᠬᠡᠮᠡᠯ ᠤᠨ ᠲᠤᠰᠬᠠᠶ ᠮᠡᠷᠭᠡᠵᠢᠯ ᠤᠨ ᠠᠵᠢᠯᠲᠠᠳ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰᠬᠠᠶ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠵᠤ ᠪᠣᠯᠤᠨ᠎ᠠ᠃ | | ᠭᠤᠷᠪᠠᠳᠤᠭᠠᠷ ᠪᠦᠯᠦᠭ ᠳᠠᠩᠰᠠ ᠡᠪᠬᠡᠮᠡᠯ ᠤᠨ ᠬᠠᠮᠢᠶᠠᠷᠤᠯᠲᠠ | | ᠠᠷᠪᠠᠨ ᠬᠤᠶᠠᠳᠤᠭᠠᠷ ᠵᠦᠢᠯ᠂ ᠤᠯᠤᠰ ᠤᠨ ᠲᠣᠭᠲᠠᠭᠠᠯ ᠶᠣᠰᠣᠭᠠᠷ ᠳᠠᠩᠰᠠ ᠡᠪᠬᠡᠮᠡᠯ ᠢ ᠪᠦᠷᠢᠯᠳᠦᠭᠦᠯᠪᠡᠰᠦ | ᠵᠣᠬᠢᠬᠤ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠪᠤᠰᠤᠳ ᠵᠣᠬᠢᠶᠠᠨ | ᠪᠠᠶᠢᠭᠤᠯᠤᠯᠲᠠ ᠨᠢ ᠳᠠᠩᠰᠠ ᠡᠪᠬᠡᠮᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠳᠠᠩᠰᠠ | ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠬᠠᠤᠯᠢ ᠶᠣᠰᠣᠭᠠᠷ ᠲᠡᠭᠦᠯᠳᠡᠷᠵᠢᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ᠂ ᠤᠯᠤᠰ ᠪᠠ ᠨᠡᠶᠢᠭᠡᠮ ᠳᠤ ᠬᠠᠳᠠᠭᠠᠯᠠᠬᠤ ᠥᠷᠲᠡᠭ ᠪᠦᠬᠦᠢ ᠰᠢᠭᠤᠳ | ᠪᠦᠷᠢᠯᠳᠦᠭᠰᠡᠨ ᠮᠠᠲ᠋ᠧᠷᠢᠶᠠᠯ ᠢ ᠲᠠᠩᠰᠠ ᠡᠪᠬᠡᠮᠡᠯ ᠤᠨ ᠬᠡᠪᠴᠢᠶᠡᠨ ᠳᠤ ᠣᠷᠣᠭᠤᠯᠬᠤ ᠬᠡᠷᠡᠭᠲᠡᠶ᠂ ᠡᠭᠦᠨ ᠳᠤ ᠳᠣᠣᠷᠠᠬᠢ | ᠮᠡᠲᠦ᠄ | ︵ᠨᠢᠭᠡ︶ ᠪᠠᠶᠢᠭᠤᠯᠭ᠎ᠠ᠂ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠠᠷᠢᠯ ᠬᠤᠪᠢᠰᠤᠯ ᠪᠠ ᠭᠤᠤᠯ | ᠡᠭᠦᠷᠭᠡ ᠴᠢᠳᠠᠪᠤᠷᠢ ᠶᠢᠨ ᠠᠵᠢᠯᠯᠠᠭ᠎ᠠ ᠶᠢ ᠲᠤᠰᠬᠠᠭᠰᠠᠨ︔ | ︵ᠬᠤᠶᠠᠷ︶ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ | ᠰᠤᠳᠤᠯᠤᠨ ᠨᠡᠭᠡᠭᠡᠬᠦ᠂ ᠪᠦᠲᠦᠭᠡᠨ ᠪᠠᠶᠢᠭᠤᠯᠬᠤ᠂ ᠦᠢᠯᠡᠳᠪᠦᠷᠢᠯᠡᠬᠦ᠂ ᠡᠵᠡᠩᠨᠡᠬᠦ ᠪᠠ ᠦᠢᠯᠡᠴᠢᠯᠡᠬᠦ ᠠᠵᠢᠯᠯᠠᠭ᠎ᠠ ᠶᠢ | ᠲᠤᠰᠬᠠᠬᠤ ᠵᠢᠴᠢ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠷᠬᠡ ᠠᠰᠢᠭ | ᠪᠠ ᠠᠵᠢᠯᠲᠠᠳ ᠤᠨ ᠡᠷᠬᠡ ᠠᠰᠢᠭ ᠢ ᠬᠠᠮᠠᠭᠠᠯᠠᠭᠰᠠᠨ︔ | ︵ᠭᠤᠷᠪᠠ︶ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠶᠢᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ | ᠠᠵᠢᠯᠯᠠᠭ᠎ᠠ ᠶᠢ ᠲᠤᠰᠬᠠᠭᠰᠠᠨ︔ | ︵ᠲᠦᠷᠪᠡ︶ ᠲᠡᠤᠬᠡᠨ ᠳᠠᠬᠢ ᠡᠯ᠎ᠡ ᠴᠠᠭ ᠦᠶ᠎ᠡ ᠶᠢᠨ ᠤᠯᠤᠰ ᠢ ᠵᠠᠰᠠᠬᠤ ᠠᠵᠢᠯᠯᠠᠭ᠎ᠠ᠂ ᠠᠵᠤ ᠠᠬᠤᠶ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠨᠡᠶᠢᠭᠡᠮ ᠤᠨ ᠲᠡᠦᠬᠡ ᠶᠢᠨ ᠳᠦᠷᠰᠦ ᠪᠠᠶᠢᠳᠠᠯ᠂ ᠰᠣᠶᠣᠯ ᠵᠠᠩ | ᠳᠠᠳᠬᠠᠯ᠂ ᠠᠮᠢ ᠠᠬᠤᠶ ᠶᠢᠨ ᠣᠷᠴᠢᠨ ᠨᠥᠬᠦᠴᠡᠯ ᠢ ᠲᠤᠰᠬᠠᠭᠰᠠᠨ︔ | ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠳᠠᠩᠰᠠ ᠡᠪᠬᠡᠮᠡᠯ ᠳᠤ | ᠣᠷᠣᠭᠤᠯᠬᠤ ᠬᠡᠷᠡᠭᠲᠡᠢ ᠭᠡᠵᠦ ᠲᠣᠭᠲᠠᠭᠠᠭᠰᠠᠨ᠃ | ᠤᠯᠤᠰ ᠤᠨ ᠦᠮᠴᠢᠯᠡᠯ ᠤᠨ ᠪᠤᠰᠤ ᠠᠵᠤ ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ | ᠵᠡᠷᠭᠡ ᠨᠢᠭᠡᠴᠢ ᠨᠢ ᠡᠮᠦᠨᠡᠬᠢ ᠪᠠᠳᠠᠭ ᠤᠨ ᠬᠤᠶᠠᠳᠤᠭᠠᠷ ᠵᠤᠷᠪᠤᠰ ᠲᠤ ᠵᠢᠭᠰᠠᠭᠠᠭᠰᠠᠨ ᠬᠡᠪᠴᠢᠶ᠎ᠡ ᠶᠣᠰᠣᠭᠠᠷ ᠲᠤᠰ | ᠨᠢᠭᠡᠴᠢ ᠶᠢᠨ ᠢᠶᠠᠨ ᠬᠤᠯᠪᠣᠭᠳᠠᠯ ᠪᠦᠬᠦᠢ ᠮᠠᠲ᠋ᠧᠷᠢᠶᠠᠯ ᠢ ᠬᠠᠳᠠᠭᠠᠯᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ᠂ ᠳᠠᠩᠰᠠ ᠡᠪᠬᠡᠮᠡᠯ ᠳᠤ ᠣᠷᠣᠭᠤᠯᠬᠤ ᠶᠣᠰᠣᠲᠠᠶ ᠮᠠᠲ᠋ᠧᠷᠢᠶᠠᠯ ᠢ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠨᠢᠭᠡᠴᠢ ᠶᠢᠨ ᠢᠶᠠᠨ ᠳᠠᠩᠰᠠ ᠡᠪᠬᠡᠮᠡᠯ ᠤᠨ ᠪᠠᠶᠢᠭᠤᠯᠤᠮᠵᠢ ᠪᠤᠶᠤ | ᠳᠠᠩᠰᠠ ᠡᠪᠬᠡᠮᠡᠯ ᠤᠨ ᠠᠵᠢᠯᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠯᠵᠢᠭᠦᠯᠦᠨ ᠲᠤᠰᠢᠶᠠᠵᠤ᠂ | ᠲᠥᠪᠯᠡᠷᠡᠭᠦᠯᠦᠨ ᠬᠠᠮᠢᠶᠠᠷᠠᠭᠤᠯᠵᠤ᠂ ᠶᠠᠮᠠᠷᠪᠠ ᠬᠤᠪᠢ ᠬᠥᠮᠦᠨ ᠴᠤ ᠲᠠᠩᠰᠠ ᠡᠪᠬᠡᠮᠡᠯ ᠳᠤ ᠣᠷᠣᠭᠤᠯᠬᠤ ᠶᠢ | ᠲᠡᠪᠴᠢᠬᠦ ᠪᠤᠶᠤ ᠥᠪᠡᠷ ᠤᠨ ᠬᠢ ᠪᠠᠨ ᠪᠣᠯᠭᠠᠵᠤ ᠪᠣᠯᠬᠤ ᠦᠭᠡᠢ᠃ | ᠤᠯᠤᠰ ᠠᠴᠠ ᠳᠠᠩᠰᠠ ᠡᠪᠬᠡᠮᠡᠯ ᠳᠤ ᠣᠷᠣᠭᠤᠯᠵᠤ ᠪᠣᠯᠬᠤ ᠦᠭᠡᠢ ᠭᠡᠵᠦ ᠲᠣᠭᠲᠠᠭᠠᠭᠰᠠᠨ ᠮᠠᠲ᠋ᠧᠷᠢᠶᠠᠯ ᠢ | ᠳᠤᠷ᠎ᠠ ᠪᠠᠷ ᠢᠶᠠᠨ ᠳᠠᠩᠰᠠ ᠡᠪᠬᠡᠮᠡᠯ ᠳᠤ ᠣᠷᠣᠭᠤᠯᠬᠤ ᠶᠢ ᠴᠠᠭᠠᠵᠠᠯᠠᠨ᠎ᠠ᠃ | ᠠᠷᠪᠠᠨ ᠲᠠᠪᠤᠳᠤᠭᠠᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠪᠣᠯᠤᠨ ᠪᠤᠰᠤᠳ ᠵᠣᠬᠢᠶᠠᠨ ᠪᠠᠶᠢᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠩᠰᠠ | ᠡᠪᠬᠡᠮᠡᠯ ᠤᠨ ᠣᠷᠳᠤᠨ ᠳᠤ ᠳᠠᠩᠰᠠ ᠡᠪᠬᠡᠮᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠵᠢᠭᠦᠯᠦᠨ ᠲᠤᠰᠢᠶᠠᠵᠤ᠂ | ᠳᠠᠩᠰᠠ ᠡᠪᠬᠡᠮᠡᠯ ᠤᠨ ᠣᠷᠳᠤᠨ ᠠᠴᠠ ᠬᠦᠯᠢᠶᠡᠨ ᠠᠪᠬᠤ ᠶᠢ ᠲᠡᠪᠴᠢᠵᠦ ᠪᠣᠯᠬᠤ ᠦᠭᠡᠢ᠃ | ᠳᠠᠩᠰᠠ ᠡᠪᠬᠡᠮᠡᠯ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠳᠠᠩᠰᠠ ᠡᠪᠬᠡᠮᠡᠯ ᠢ ᠳᠠᠩᠰᠠ ᠡᠪᠬᠡᠮᠡᠯ ᠤᠨ | ᠣᠷᠳᠤᠨ ᠳᠤ ᠤᠷᠢᠳᠴᠢᠯᠠᠨ ᠲᠤᠰᠢᠶᠠᠵᠤ ᠬᠠᠳᠠᠭᠠᠯᠠᠭᠤᠯᠤᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ | ᠰᠢᠯᠵᠢᠭᠦᠯᠦᠨ ᠲᠤᠰᠢᠶᠠᠬᠤ ᠬᠤᠭᠤᠴᠠᠭ᠎ᠠ ᠳᠦᠭᠦᠷᠬᠦ ᠠᠴᠠ ᠡᠮᠦᠨ᠎ᠡ᠂ ᠲᠣᠰ ᠲᠠᠩᠰᠠ ᠡᠪᠬᠡᠮᠡᠯ ᠳᠤ ᠬᠤᠯᠪᠣᠭᠳᠠᠭᠰᠠᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠢᠯᠡᠰ ᠢ ᠮᠥᠨ ᠬᠦ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠦᠢᠯᠡᠳᠬᠦ ᠪᠤᠶᠤ ᠬᠠᠳᠠᠭᠠᠯᠠᠵᠤ ᠪᠠᠶᠢᠭ᠎ᠠ ᠤᠤᠯ ᠤᠨ ᠨᠢᠭᠡᠴᠢ ᠠᠴᠠ ᠭᠦᠢᠴᠡᠳᠬᠡᠨ᠎ᠡ᠃ ᠰᠢᠯᠵᠢᠭᠦᠯᠦᠨ | ᠲᠤᠰᠢᠶᠠᠬᠤ ᠬᠤᠭᠤᠴᠠᠭ᠎ᠠ ᠨᠢ ᠳᠦᠭᠦᠷᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠵᠦᠢᠯᠡᠰ ᠲᠤ ᠬᠤᠯᠪᠣᠭᠳᠠᠬᠤ ᠳᠠᠩᠰᠠ ᠡᠪᠬᠡᠮᠡᠯ ᠢ ᠨᠢ ᠳᠠᠩᠰᠠ ᠡᠪᠬᠡᠮᠡᠯ ᠢ ᠠᠰᠢᠭᠯᠠᠬᠤ ᠲᠣᠭᠲᠠᠭᠠᠯ ᠶᠣᠰᠤᠭᠠᠷ | ᠭᠦᠢᠴᠡᠳᠬᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠪᠣᠯᠤᠨ ᠪᠣᠰᠤᠳ ᠵᠣᠬᠢᠶᠠᠨ ᠪᠠᠶᠢᠭᠤᠯᠤᠯᠲᠠ ᠳᠤ ᠪᠠᠶᠢᠭᠤᠯᠤᠮᠵᠢ ᠬᠤᠪᠢᠷᠠᠬᠤ ᠪᠤᠶᠤ ᠬᠦᠴᠦᠨ ᠦᠭᠡᠢ ᠪᠣᠯᠭᠠᠬᠤ᠂ | ᠨᠡᠶᠢᠯᠡᠭᠦᠯᠬᠦ ᠵᠡᠷᠭᠡ ᠪᠠᠶᠢᠳᠠᠯ ᠭᠠᠷᠬᠤ ᠦᠶᠡᠰ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠤᠶᠤ | ᠳᠠᠩᠰᠠ ᠡᠪᠬᠡᠮᠡᠯ ᠤᠨ ᠣᠷᠳᠤᠨ ᠳᠤ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠤᠭᠠᠷ ᠰᠢᠯᠵᠢᠭᠦᠯᠦᠨ ᠲᠤᠰᠢᠶᠠᠭᠰᠠᠨ ᠳᠠᠩᠰᠠ ᠡᠪᠬᠡᠮᠡᠯ ᠢ ᠬᠦᠯᠢᠶᠡᠨ ᠠᠪᠬᠤ ᠠᠴᠠ ᠭᠠᠳᠠᠨ᠎ᠠ᠂ | ᠬᠠᠨᠳᠢᠪᠯᠠᠬᠤ᠂ ᠬᠤᠳᠠᠯᠳᠤᠨ ᠠᠪᠬᠤ᠂ ᠣᠷᠣᠯᠠᠨ ᠬᠠᠳᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠩᠰᠠ ᠡᠪᠬᠡᠮᠡᠯ ᠢ | ᠴᠤᠭᠯᠠᠭᠤᠯᠵᠤ ᠪᠣᠯᠤᠨ᠎ᠠ᠃ | ᠠᠷᠪᠠᠨ ᠨᠠᠢᠮᠠᠳᠤᠭᠠᠷ ᠵᠦᠢᠯ᠂ ᠮᠦᠽᠧᠶ᠂ ᠨᠣᠮ ᠤᠨ ᠰᠠᠩ ᠪᠠ ᠳᠤᠷᠠᠰᠬᠠᠯ ᠤᠨ ᠣᠷᠳᠣᠨ ᠵᠡᠷᠭᠡ | ᠨᠢᠭᠡᠴᠢ ᠶᠢᠨ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯ᠂ ᠰᠤᠷᠪᠤᠯᠵᠢ ᠪᠢᠴᠢᠭ ᠤᠨ ᠮᠡᠳᠡᠭᠡ ᠵᠠᠩᠭᠢ | ᠨᠢ ᠬᠠᠮᠲᠤ ᠳᠤ ᠨᠢ ᠳᠠᠩᠰᠠ ᠡᠪᠬᠡᠮᠡᠯ ᠳᠤ ᠪᠠᠭᠲᠠᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ ᠳᠡᠭᠡᠷ᠎ᠡ ᠳᠤᠷᠠᠳᠤᠭᠰᠠᠨ ᠨᠢᠭᠡᠴᠢ ᠠᠴᠠ ᠥᠪᠡᠰᠦᠪᠡᠨ ᠬᠠᠮᠢᠶᠠᠷᠴᠤ | ᠪᠣᠯᠤᠨ᠎ᠠ᠃ | ᠳᠠᠩᠰᠠ ᠡᠪᠬᠡᠮᠡᠯ ᠤᠨ ᠣᠷᠳᠤᠨ ᠬᠢᠭᠡᠳ ᠡᠮᠦᠨᠡᠬᠢ ᠪᠠᠳᠠᠭ ᠲᠤ ᠵᠢᠭᠰᠠᠭᠠᠭᠰᠠᠨ ᠨᠢᠭᠡᠴᠢ ᠨᠢ ᠳᠠᠩᠰᠠ | ᠡᠪᠬᠡᠮᠡᠯ ᠢ ᠠᠰᠢᠭᠯᠠᠬᠤ ᠲᠠᠯ᠎ᠠ ᠪᠠᠷ ᠬᠠᠷᠢᠯᠴᠠᠨ ᠬᠠᠮᠵᠢᠯᠴᠠᠬᠤ ᠬᠡᠷᠡᠭᠲᠡᠶ᠂ ᠳᠠᠪᠲᠠᠯᠲᠠ᠂ ᠪᠠᠭᠤᠯᠭᠠᠪᠤᠷᠢ ᠪᠤᠶᠤ | ᠭᠠᠷᠴᠠᠭ ᠢᠶᠠᠨ ᠬᠠᠷᠢᠯᠴᠠᠨ ᠰᠣᠯᠢᠯᠴᠠᠵᠤ᠂ ᠦᠵᠡᠰᠬᠦᠯᠡᠩ ᠢ ᠬᠠᠮᠲᠤᠷᠠᠨ ᠡᠷᠬᠢᠯᠡᠵᠦ᠂ ᠬᠤᠯᠪᠣᠭᠳᠠᠯ ᠪᠦᠬᠦᠢ ᠲᠡᠤᠬᠡᠨ | ᠮᠠᠲ᠋ᠧᠷᠢᠶᠠᠯ ᠢ ᠬᠠᠮᠲᠤ ᠪᠠᠷ ᠰᠤᠳᠤᠯᠵᠤ ᠨᠠᠶᠢᠷᠠᠭᠤᠯᠤᠨ ᠬᠡᠪᠯᠡᠭᠦᠯᠵᠦ ᠪᠣᠯᠤᠨ᠎ᠠ᠃ | ᠠᠷᠪᠠ ᠶᠢᠰᠦᠳᠦᠭᠡᠷ ᠵᠦᠢᠯ᠂ ᠳᠠᠩᠰᠠ ᠡᠪᠬᠡᠮᠡᠯ ᠢ ᠠᠰᠢᠭᠯᠠᠬᠤ ᠳᠤ ᠳᠥᠭᠦᠮ ᠤᠨ ᠲᠤᠰᠠᠳᠠ᠂ ᠳᠠᠩᠰᠠ | ᠡᠪᠬᠡᠮᠡᠯ ᠤᠨ ᠣᠷᠳᠤᠨ ᠵᠢᠴᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ | ᠪᠤᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠪᠠᠶᠢᠭᠤᠯᠤᠮᠵᠢ ᠨᠢ ᠰᠢᠨᠵᠢᠯᠡᠬᠦ ᠤᠬᠠᠭᠠᠨᠴᠢ | ᠬᠠᠮᠢᠶᠠᠷᠤᠯᠲᠠ ᠶᠢᠨ ᠳᠦᠷᠢᠮ ᠪᠠᠶᠢᠭᠤᠯᠬᠤ ᠬᠡᠷᠡᠭᠲᠡᠢ︔ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠳᠠᠩᠰᠠ ᠡᠪᠬᠡᠮᠡᠯ ᠢ ᠬᠠᠳᠠᠭᠠᠯᠠᠬᠤ ᠳᠤ ᠲᠣᠬᠢᠷᠠᠬᠤ ᠬᠦᠮᠦᠷᠭᠡ ᠪᠠ ᠴᠢᠬᠤᠯᠠ ᠪᠦᠬᠦᠢ ᠪᠡᠯᠡᠳᠬᠡᠮᠵᠢ᠂ | ᠲᠥᠬᠦᠭᠡᠷᠦᠮᠵᠢ ᠶᠢ ᠲᠣᠬᠢᠷᠠᠭᠤᠯᠵᠤ᠂ ᠲᠠᠩᠰᠠ ᠡᠪᠬᠡᠮᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ︔ | ᠲᠡᠷᠢᠭᠦᠨ ᠤ ᠮᠡᠷᠭᠡᠵᠢᠯ ᠢ ᠬᠡᠷᠡᠭᠯᠡᠵᠦ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ | ᠬᠡᠷᠡᠭᠲᠡᠢ᠃ | ᠳᠠᠩᠰᠠ ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠨᠢ ᠳᠠᠩᠰᠠ ᠡᠪᠬᠡᠮᠡᠯ ᠤᠨ ᠠᠮᠤᠷ ᠲᠦᠪᠰᠢᠨ ᠤ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠩᠰᠠ ᠡᠪᠬᠡᠮᠡᠯ ᠤᠨ ᠠᠮᠤᠷ ᠲᠥᠪᠰᠢᠨ ᠤ ᠲᠦᠭᠰᠢᠭᠦᠷᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠳᠠᠩᠰᠠ ᠡᠪᠬᠡᠮᠡᠯ ᠤᠨ ᠠᠮᠤᠷ ᠲᠥᠪᠰᠢᠨ ᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠷᠢᠳᠤᠭᠠᠷ ᠵᠦᠢᠯ᠂ ᠤᠯᠤᠰ ᠤᠨ ᠨᠢᠭᠤᠴᠠ ᠳᠤ ᠬᠤᠯᠪᠤᠭᠳᠠᠬᠤ ᠳᠠᠩᠰᠠ ᠡᠪᠬᠡᠮᠡᠯ ᠤᠨ ᠬᠠᠮᠢᠶᠠᠷᠤᠯᠲᠠ ᠪᠠ | ᠠᠰᠢᠭᠯᠠᠯᠲᠠ᠂ ᠨᠢᠭᠤᠴᠠ ᠶᠢᠨ ᠳᠡᠰ ᠢ ᠬᠤᠪᠢᠷᠠᠭᠤᠯᠬᠤ ᠪᠠ ᠨᠢᠭᠤᠴᠠ ᠶᠢ ᠲᠠᠶᠢᠯᠬᠤ ᠳᠤ ᠤᠯᠤᠰ ᠤᠨ ᠨᠢᠭᠤᠴᠠ ᠶᠢ | ᠬᠠᠮᠠᠭᠠᠯᠠᠬᠤ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠤᠭᠠᠷ | ᠰᠢᠢᠳᠪᠦᠷᠢᠯᠡᠬᠦ ᠬᠡᠷᠡᠭᠲᠡᠢ ᠃ | ᠬᠤᠷᠢᠨ ᠨᠢᠭᠡᠳᠦᠭᠡᠷ ᠵᠦᠢᠯ᠂ ᠳᠠᠩᠰᠠ ᠡᠪᠬᠡᠮᠡᠯ ᠤᠨ ᠬᠠᠳᠠᠭᠠᠯᠠᠬᠤ ᠦᠨ᠎ᠡ ᠥᠷᠲᠡᠭ ᠤᠨ ᠵᠠᠷᠴᠢᠮ᠂ | ᠬᠠᠳᠠᠭᠠᠯᠠᠬᠤ ᠬᠤᠭᠤᠴᠠᠭ᠎ᠠ ᠶᠢᠨ ᠪᠠᠷᠢᠮᠵᠢᠶ᠎ᠠ ᠵᠢᠴᠢ ᠳᠠᠩᠰᠠ ᠡᠪᠬᠡᠮᠡᠯ ᠢ ᠤᠰᠠᠳᠬᠠᠬᠤ ᠳᠡᠰ ᠳᠠᠷᠠᠭᠠᠯᠠᠯ ᠪᠠ ᠠᠷᠭ᠎ᠠ | ᠮᠠᠶ᠋ᠢᠭ ᠢ ᠰᠢᠯᠭᠠᠨ ᠲᠣᠭᠲᠠᠭᠠᠬᠤ ᠳᠤ᠂ ᠤᠯᠤᠰ ᠤᠨ ᠳᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠣᠭᠲᠠᠭᠠᠨ᠎ᠠ᠃ | ᠳᠠᠩᠰᠠ ᠡᠪᠬᠡᠮᠡᠯ ᠢ ᠥᠭᠡᠷᠡᠲᠦᠭᠦᠯᠬᠦ᠂ ᠡᠪᠳᠡᠨ ᠰᠦᠢᠳᠬᠡᠬᠦ᠂ ᠬᠠᠭᠤᠷᠮᠠᠭᠯᠠᠨ ᠵᠣᠭᠢᠶᠠᠬᠤ ᠶᠢ ᠴᠠᠭᠠᠵᠠᠯᠠᠨ᠎ᠠ᠃ | ᠳᠠᠩᠰᠠ ᠡᠪᠬᠡᠮᠡᠯ ᠢ ᠳᠤᠷ᠎ᠠ ᠪᠠᠷ ᠤᠰᠠᠳᠬᠠᠬᠤ ᠶᠢ ᠴᠠᠭᠠᠵᠠᠯᠠᠨ᠎ᠠ᠃ | ᠬᠤᠷᠢᠨ ᠬᠤᠶᠠᠳᠤᠭᠠᠷ ᠵᠦᠢᠯ᠂ ᠤᠯᠤᠰ ᠤᠨ ᠦᠮᠴᠢᠯᠡᠯ ᠤᠨ ᠪᠣᠰᠤ ᠠᠵᠤ ᠠᠬᠤᠶᠢᠯᠠᠯ᠂ ᠨᠡᠶᠢᠭᠡᠮ ᠤᠨ | ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠪᠣᠯᠤᠨ ᠬᠤᠪᠢ ᠬᠥᠮᠦᠨ ᠠᠴᠠ ᠪᠦᠷᠢᠯᠳᠦᠭᠰᠡᠨ ᠳᠠᠩᠰᠠ ᠡᠪᠬᠡᠮᠡᠯ | ᠨᠢ ᠤᠯᠤᠰ ᠪᠠ ᠨᠡᠶᠢᠭᠡᠮ ᠳᠤ ᠴᠢᠬᠤᠯᠠ ᠬᠠᠳᠠᠭᠠᠯᠠᠬᠤ ᠦᠨ᠎ᠡ ᠦᠷᠲᠡᠭ ᠲᠠᠢ ᠪᠤᠶᠤ ᠨᠢᠭᠤᠴᠠ ᠶᠢ ᠬᠠᠮᠠᠭᠠᠯᠠᠬᠤ | ᠬᠡᠷᠡᠭᠲᠡᠶ ᠪᠠᠶᠢᠪᠠᠯ᠂ ᠳᠠᠩᠰᠠ ᠡᠪᠬᠡᠮᠡᠯ ᠤᠨ ᠥᠮᠴᠢᠯᠡᠭᠴᠢ ᠠᠴᠠ ᠲᠣᠬᠢᠲᠠᠶ ᠬᠠᠳᠠᠭᠠᠯᠠᠨ ᠬᠠᠮᠢᠶᠠᠷᠬᠤ ᠬᠡᠷᠡᠭᠲᠡᠶ᠃ | ᠬᠠᠳᠠᠭᠠᠯᠠᠨ ᠬᠠᠮᠢᠶᠠᠷᠬᠤ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠪᠤᠰᠤᠳ ᠰᠢᠯᠲᠠᠭᠠᠨ ᠣᠷᠤᠰᠢᠵᠤ | ᠳᠠᠩᠰᠠ ᠡᠪᠬᠡᠮᠡᠯ ᠢ ᠬᠦᠨᠳᠦ ᠨᠣᠴᠢᠲᠠᠶ ᠡᠪᠳᠡᠵᠦ ᠰᠦᠢᠳᠬᠡᠵᠦ ᠮᠡᠳᠡᠬᠦ ᠪᠠ ᠠᠶᠤᠯ ᠲᠠᠢ ᠪᠣᠯᠭᠠᠵᠤ ᠮᠡᠳᠡᠬᠦ ᠪᠠᠶᠢᠳᠠᠯ | ᠳᠤ᠂ ᠮᠤᠵᠢ ᠶᠢᠨ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠨᠢ | ᠬᠠᠪᠰᠤᠷᠤᠯᠭ᠎ᠠ ᠦᠵᠡᠭᠦᠯᠬᠦ ᠪᠤᠶᠤ ᠵᠥᠪᠳᠡᠯᠴᠡᠵᠦ ᠪᠠᠶᠢᠭᠠᠳ ᠳᠠᠩᠰᠠ ᠡᠪᠬᠡᠮᠡᠯ ᠤᠨ ᠣᠷᠳᠤᠨ ᠢ ᠣᠷᠣᠯᠠᠨ | ᠬᠠᠮᠢᠶᠠᠷᠬᠤ ᠵᠠᠷᠭᠡ ᠳᠠᠩᠰᠠ ᠡᠪᠬᠡᠮᠡᠯ ᠤᠨ ᠪᠦᠷᠢᠨ ᠪᠦᠲᠦᠨ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ ᠠᠷᠭ᠎ᠠ | ᠬᠡᠮᠵᠢᠶ᠎ᠡ ᠠᠪᠴᠤ ᠪᠣᠯᠤᠨ᠎ᠠ︔ ᠴᠢᠬᠤᠯᠠᠲᠠᠶ ᠦᠶ᠎ᠡ ᠳᠤ ᠬᠠᠤᠯᠢ ᠶᠣᠰᠣᠭᠠᠷ ᠬᠤᠳᠠᠯᠳᠤᠨ ᠠᠪᠬᠤ ᠪᠤᠶᠤ ᠲᠠᠲᠠᠪᠤᠷᠢᠯᠠᠨ | ᠬᠤᠳᠠᠯᠳᠤᠨ ᠠᠪᠴᠤ ᠪᠣᠯᠤᠨ᠎ᠠ᠃ | ᠡᠮᠦᠨᠡᠬᠢ ᠪᠠᠳᠠᠭ ᠲᠤ ᠵᠢᠭᠰᠠᠭᠠᠭᠰᠠᠨ ᠳᠠᠩᠰᠠ ᠡᠪᠬᠡᠮᠡᠯ ᠢ ᠳᠠᠩᠰᠠ ᠡᠪᠬᠡᠮᠡᠯ ᠤᠨ ᠥᠮᠴᠢᠯᠡᠭᠴᠢ ᠠᠴᠠ | ᠤᠯᠤᠰ ᠤᠨ ᠳᠠᠩᠰᠠ ᠡᠪᠬᠡᠮᠡᠯ ᠤᠨ ᠣᠷᠳᠤᠨ ᠳᠤ ᠬᠠᠳᠠᠭᠠᠯᠠᠭᠤᠯᠬᠤ ᠪᠤᠶᠤ ᠰᠢᠯᠵᠢᠭᠦᠯᠦᠨ ᠥᠭᠴᠦ ᠪᠣᠯᠤᠨ᠎ᠠ᠃ | ᠭᠠᠳᠠᠭᠠᠳᠤ ᠤᠯᠤᠰ ᠤᠨ ᠬᠥᠮᠦᠨ ᠪᠤᠶᠤ ᠭᠠᠳᠠᠭᠠᠳᠤ ᠤᠯᠤᠰ ᠤᠨ ᠵᠣᠬᠢᠶᠠᠨ ᠪᠠᠶᠢᠭᠤᠯᠤᠯᠲᠠ ᠳᠤ ᠬᠤᠳᠠᠯᠳᠤᠬᠤ ᠪᠠ | ᠪᠡᠯᠭᠡᠯᠡᠨ ᠬᠦᠷᠭᠡᠬᠦ ᠶᠢ ᠴᠢᠩᠭ᠎ᠠ ᠴᠠᠭᠠᠵᠠᠯᠠᠨ᠎ᠠ᠃ | ᠤᠯᠤᠰ ᠲᠤ ᠴᠢᠬᠤᠯᠠ᠂ ᠬᠤᠪᠣᠷ ᠨᠠᠨᠳᠢᠨ ᠳᠠᠩᠰᠠ ᠡᠪᠬᠡᠮᠡᠯ ᠢᠶᠠᠨ ᠬᠠᠨᠳᠢᠪᠯᠠᠭᠰᠠᠨ ᠪᠠᠶᠢᠪᠠᠯ᠂ ᠤᠯᠤᠰ ᠤᠨ | ᠳᠠᠩᠰᠠ ᠡᠪᠬᠡᠮᠡᠯ ᠤᠨ ᠣᠷᠳᠤᠨ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠬᠤ ᠬᠡᠷᠡᠭᠲᠡᠶ | ᠃ | ᠬᠤᠷᠢᠨ ᠭᠤᠷᠪᠠᠳᠤᠭᠠᠷ ᠵᠦᠢᠯ᠂ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ | ᠬᠤᠳᠠᠯᠳᠤᠭᠠᠯᠠᠬᠤ ᠶᠢ ᠴᠠᠭᠠᠵᠠᠯᠠᠨ᠎ᠠ᠃ | ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠡᠳ᠋ ᠬᠥᠷᠥᠩᠭᠡ | ᠰᠢᠯᠵᠢᠭᠦᠯᠦᠨ ᠥᠭᠬᠦ ᠳᠤ᠂ ᠬᠤᠯᠪᠣᠭᠳᠠᠯ ᠪᠦᠬᠦᠢ ᠳᠠᠩᠰᠠ ᠡᠪᠬᠡᠮᠡᠯ ᠢ ᠰᠢᠯᠵᠢᠭᠦᠯᠦᠨ ᠥᠭᠬᠦ ᠪᠣᠳᠠᠲᠠᠶ ᠠᠷᠭ᠎ᠠ ᠶᠢ | ᠤᠯᠤᠰ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠠᠨ᠎ᠠ᠃ | ᠳᠠᠩᠰᠠ ᠡᠪᠬᠡᠮᠡᠯ ᠤᠨ ᠪᠠᠭᠤᠯᠭᠠᠪᠤᠷᠢ ᠶᠢ ᠰᠣᠯᠢᠯᠴᠠᠬᠤ᠂ ᠰᠢᠯᠵᠢᠭᠦᠯᠦᠨ ᠥᠭᠬᠦ ᠳᠤ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠳᠠᠩᠰᠠ ᠡᠪᠬᠡᠮᠡᠯ ᠢ ᠡᠮᠬᠢᠯᠡᠬᠦ᠂ | ᠬᠠᠳᠠᠭᠠᠯᠠᠭᠤᠯᠬᠤ᠂ ᠨᠡᠭᠡᠭᠡᠨ ᠠᠰᠢᠭᠯᠠᠬᠤ ᠪᠠ ᠲᠣᠭᠠᠵᠢᠭᠤᠯᠬᠤ ᠵᠡᠷᠭᠡ ᠦᠢᠯᠡᠴᠢᠯᠡᠭᠡ ᠳᠤ ᠨᠠᠶᠢᠳᠠᠭᠰᠠᠨ ᠢ | ᠨᠥᠬᠦᠴᠡᠯ ᠳᠤ ᠨᠡᠶᠢᠴᠡᠭᠰᠡᠨ ᠳᠠᠩᠰᠠ ᠡᠪᠬᠡᠮᠡᠯ ᠤᠨ ᠦᠢᠯᠡᠴᠢᠯᠡᠭᠡᠨ ᠤ ᠠᠵᠤ ᠠᠬᠤᠶᠢᠯᠠᠯ ᠲᠠᠢ ᠨᠠᠶᠢᠳᠠᠯᠭ᠎ᠠ ᠶᠢᠨ | ᠬᠡᠯᠡᠯᠴᠡᠭᠡᠷ ᠲᠣᠭᠲᠠᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ᠂ ᠶᠠᠰᠤ ᠴᠢᠨᠠᠷ ᠪᠠ ᠮᠡᠷᠭᠡᠵᠢᠯ ᠤᠨ ᠪᠠᠷᠢᠮᠵᠢᠶ᠎ᠠ | ᠵᠡᠷᠭᠡ ᠠᠭᠤᠯᠭ᠎ᠠ ᠶᠢ ᠪᠣᠯᠵᠣᠨ ᠲᠣᠭᠲᠠᠭᠠᠬᠤ ᠶᠢᠨ ᠬᠠᠮᠲᠤ ᠨᠠᠶᠢᠳᠠᠯᠭ᠎ᠠ ᠬᠦᠯᠢᠶᠡᠭᠰᠡᠨ ᠲᠠᠯ᠎ᠠ ᠳᠤ ᠬᠢᠨᠠᠯᠲᠠ ᠲᠠᠯᠪᠢᠬᠤ | ᠬᠡᠷᠡᠭᠲᠡᠢ᠃ | ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠳᠠᠩᠰᠠ ᠡᠪᠬᠡᠮᠡᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ | ᠪᠠᠶᠢᠭᠤᠯᠵᠤ᠂ ᠬᠤᠯᠪᠣᠭᠳᠠᠯ ᠪᠦᠬᠦᠢ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠲᠣᠭᠲᠠᠭᠠᠯ ᠢ ᠵᠢᠷᠤᠮᠯᠠᠨ | ᠰᠠᠬᠢᠵᠤ᠂ ᠳᠠᠩᠰᠠ ᠡᠪᠬᠡᠮᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ᠂ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠪᠣᠯᠤᠨ ᠲᠤᠰ | ᠬᠠᠤᠯᠢ ᠤᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠳᠠᠩᠰᠠ ᠡᠪᠬᠡᠮᠡᠯ ᠵᠢᠴᠢ ᠲᠡᠭᠦᠨ ᠤ ᠪᠠᠭᠤᠯᠭᠠᠪᠤᠷᠢ | ᠮᠠᠲ᠋ᠧᠷᠢᠶᠠᠯ ᠢ ᠳᠤᠷ᠎ᠠ ᠪᠠᠷ ᠢᠶᠠᠨ ᠵᠥᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ᠂ ᠪᠡᠶ᠎ᠡ ᠳᠤ ᠪᠠᠨ ᠠᠪᠴᠤ ᠬᠢᠯᠢ ᠠᠴᠠ | ᠭᠠᠷᠬᠤ ᠪᠣᠶᠤ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠬᠢᠯᠢ ᠠᠴᠠ ᠭᠠᠷᠭᠠᠬᠤ ᠶᠢ ᠴᠠᠭᠠᠵᠠᠯᠠᠬᠤ ᠬᠡᠷᠡᠭᠲᠡᠢ᠃ | ᠦᠨᠡᠬᠡᠷ ᠬᠢᠯᠢ ᠠᠴᠠ ᠭᠠᠷᠭᠠᠬᠤ ᠴᠢᠬᠤᠯᠠᠲᠠᠶ ᠪᠣᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ | ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ᠂ ᠤᠯᠤᠰ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ | ᠠᠴᠠ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯᠯᠠᠭ᠎ᠠ ᠶᠢᠨ ᠬᠤᠯᠪᠣᠭᠳᠠᠯ ᠪᠦᠬᠦᠢ ᠳᠠᠩᠰᠠ ᠡᠪᠬᠡᠮᠡᠯ ᠢ | ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠰᠢᠭᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠶ᠃ | ᠳᠠᠩᠰᠠ ᠡᠪᠬᠡᠮᠡᠯ ᠤᠨ ᠣᠷᠳᠤᠨ ᠠᠴᠠ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯᠯᠠᠭ᠎ᠠ ᠶᠢᠨ ᠬᠠᠮᠢᠶ᠎ᠠ | ᠪᠦᠬᠦᠢ ᠳᠠᠩᠰᠠ ᠡᠪᠬᠡᠮᠡᠯ ᠢ ᠰᠤᠳᠤᠯᠤᠨ ᠡᠮᠬᠢᠳᠬᠡᠬᠦ ᠪᠠ ᠨᠡᠭᠡᠭᠡᠨ ᠠᠰᠢᠭᠯᠠᠬᠤ ᠪᠠᠨ ᠴᠢᠩᠭᠠᠳᠬᠠᠵᠤ᠂ ᠭᠡᠨᠡᠳᠲᠡ ᠶᠢᠨ | ᠬᠡᠷᠡᠭ ᠢ ᠠᠷᠭᠠᠴᠠᠭᠠᠬᠤ ᠠᠵᠢᠯᠯᠠᠭ᠎ᠠ ᠳᠤ ᠰᠤᠷᠪᠤᠯᠵᠢ ᠪᠢᠴᠢᠭ ᠤᠨ ᠯᠠᠪᠯᠠᠯᠲᠠ ᠪᠠ ᠰᠢᠢᠳᠪᠦᠷᠢᠲᠦ ᠪᠣᠳᠤᠯᠭ᠎ᠠ ᠶᠢᠨ | ᠳᠡᠮᠵᠢᠯᠭᠡ ᠬᠠᠩᠭᠠᠬᠤ ᠬᠡᠷᠡᠭᠲᠡᠢ᠃ | | | ᠳᠥᠷᠪᠡᠳᠦᠭᠡᠷ ᠪᠦᠯᠦᠭ ᠳᠠᠩᠰᠠ ᠡᠪᠬᠡᠮᠡᠯ ᠢ ᠠᠰᠢᠭᠯᠠᠬᠤ ᠪᠠ ᠨᠡᠶᠢᠲᠡᠯᠡᠬᠦ | | ᠬᠤᠷᠢᠨ ᠳᠣᠯᠣᠳᠤᠭᠠᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠳᠠᠩᠰᠠ | ᠡᠪᠬᠡᠮᠡᠯ ᠤᠨ ᠣᠷᠳᠤᠨ ᠤ ᠳᠠᠩᠰᠠ ᠡᠪᠬᠡᠮᠡᠯ ᠢ ᠪᠤᠢ ᠪᠣᠯᠤᠭᠰᠠᠨ ᠡᠳᠦᠷ ᠠᠴᠠ ᠡᠬᠢᠯᠡᠨ ᠪᠦᠬᠦᠯᠢ ᠬᠤᠷᠢᠨ ᠲᠠᠪᠤᠨ ᠵᠢᠯ | ᠪᠣᠯᠲᠠᠯ᠎ᠠ ᠨᠡᠶᠢᠭᠡᠮ ᠳᠤ ᠨᠡᠭᠡᠭᠡᠬᠦ ᠬᠡᠷᠡᠭᠲᠡᠶ᠃ ᠠᠵᠤ ᠠᠬᠤᠶ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠰᠣᠶᠣᠯ ᠵᠡᠷᠭᠡ ᠲᠦᠷᠦᠯ ᠤᠨ ᠳᠠᠩᠰᠠ ᠡᠪᠬᠡᠮᠡᠯ ᠢ ᠬᠤᠷᠢᠨ ᠲᠠᠪᠤᠨ ᠵᠢᠯ ᠠᠴᠠ ᠳᠣᠷᠤᠭᠰᠢ ᠨᠡᠶᠢᠭᠡᠮ ᠳᠤ | ᠨᠡᠭᠡᠭᠡᠵᠦ ᠪᠣᠯᠤᠨ᠎ᠠ︔ ᠤᠯᠤᠰ ᠣᠷᠣᠨ ᠤ ᠠᠮᠤᠷ ᠲᠦᠪᠰᠢᠨ ᠪᠤᠶᠤ ᠴᠢᠬᠤᠯᠠ ᠶᠡᠭᠡ ᠠᠰᠢᠭ ᠲᠤᠰᠠ ᠳᠤ | ᠬᠤᠯᠪᠣᠭᠳᠠᠭᠰᠠᠨ ᠵᠢᠴᠢ ᠬᠤᠭᠤᠴᠠᠭ᠎ᠠ ᠨᠢ ᠲᠤᠯᠪᠠᠯ ᠨᠡᠭᠡᠭᠡᠬᠦ ᠳᠤ ᠲᠣᠬᠢᠷᠠᠮᠵᠢ ᠦᠭᠡᠢ ᠪᠤᠰᠤᠳ ᠳᠠᠩᠰᠠ ᠡᠪᠬᠡᠮᠡᠯ ᠢ | ᠬᠤᠷᠢᠨ ᠲᠠᠪᠤᠨ ᠵᠢᠯ ᠠᠴᠠ ᠢᠯᠡᠭᠦᠤ ᠨᠡᠶᠢᠭᠡᠮ ᠳᠤ ᠨᠡᠭᠡᠭᠡᠵᠦ ᠪᠣᠯᠤᠨ᠎ᠠ᠃ ᠤᠯᠤᠰ ᠠᠴᠠ ᠳᠠᠩᠰᠠ ᠡᠪᠬᠡᠮᠡᠯ ᠤᠨ | ᠪᠤᠰᠤᠳ ᠭᠠᠵᠠᠷ ᠤᠨ ᠳᠠᠩᠰᠠ ᠡᠪᠬᠡᠮᠡᠯ ᠢ ᠨᠡᠶᠢᠭᠡᠮ ᠳᠤ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠤᠨ ᠳᠡᠮᠵᠢᠨ᠎ᠡ᠃ | ᠳᠠᠩᠰᠠ ᠡᠪᠬᠡᠮᠡᠯ ᠢ ᠨᠡᠭᠡᠭᠡᠬᠦ ᠪᠣᠳᠠᠲᠠᠶ ᠠᠷᠭ᠎ᠠ ᠶᠢ ᠤᠯᠤᠰ ᠤᠨ ᠳᠠᠩᠰᠠ ᠡᠪᠬᠡᠮᠡᠯ ᠢ ᠭᠤᠣᠯᠯᠠ ᠬᠠᠮᠢᠶᠠᠷᠬᠤ ᠰᠠᠯᠠᠭ᠎ᠠ | ᠮᠦᠴᠢᠷ ᠠᠴᠠ ᠲᠣᠭᠲᠠᠭᠠᠵᠤ᠂ ᠳᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃ | ᠬᠤᠷᠢᠨ ᠨᠠᠢᠮᠠᠳᠤᠭᠠᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠰᠦᠯᠵᠢᠶᠡᠨ ᠥᠷᠲᠡᠭᠡ ᠪᠤᠶᠤ ᠪᠤᠰᠤᠳ | ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠩᠰᠠ ᠡᠪᠬᠡᠮᠡᠯ ᠤᠨ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠵᠦ᠂ ᠠᠰᠢᠭᠯᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠡᠯᠪᠡᠷᠢ ᠶᠢᠨ | ᠰᠢᠨ᠎ᠡ ᠶᠢ ᠡᠭᠦᠳᠴᠦ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠳᠠᠩᠰᠠ ᠡᠪᠬᠡᠮᠡᠯ ᠢ ᠠᠰᠢᠭᠯᠠᠬᠤ ᠳᠤ ᠢᠳᠡᠪᠬᠢᠲᠠᠢ ᠪᠠᠷ ᠨᠥᠬᠦᠴᠡᠯ ᠪᠦᠷᠢᠯᠳᠦᠭᠦᠯᠵᠦ᠂ ᠭᠠᠷᠳᠠᠮ ᠢ | ᠳᠥᠭᠦᠮᠴᠢᠯᠡᠵᠦ᠂ ᠳᠥᠭᠦᠮ ᠦᠵᠡᠭᠦᠯᠬᠦ ᠬᠡᠷᠡᠭᠲᠡᠶ᠃ | ᠨᠢᠭᠡᠴᠢ ᠪᠠ ᠬᠤᠪᠢ ᠬᠥᠮᠦᠨ ᠨᠢ ᠬᠠᠤᠯᠢ ᠶᠣᠰᠣᠨ ᠤ ᠭᠡᠷᠡᠴᠢ ᠲᠠᠢ ᠪᠠᠶᠢᠪᠠᠯ᠂ ᠨᠢᠭᠡᠨᠲᠡ ᠨᠡᠭᠡᠭᠡᠭᠰᠡᠨ ᠳᠠᠩᠰᠠ | ᠡᠪᠬᠡᠮᠡᠯ ᠢ ᠠᠰᠢᠭᠯᠠᠵᠤ ᠪᠣᠯᠤᠨ᠎ᠠ᠃ ᠳᠠᠩᠰᠠ ᠡᠪᠬᠡᠮᠡᠯ ᠤᠨ ᠣᠷᠳᠤᠨ ᠨᠢ ᠲᠣᠭᠲᠠᠭᠠᠯ ᠶᠣᠰᠣᠭᠠᠷ ᠨᠡᠭᠡᠭᠡᠨ | ᠠᠰᠢᠭᠯᠠᠭᠤᠯᠬᠤ ᠦᠭᠡᠢ ᠪᠣᠯ᠂ ᠨᠢᠭᠡᠴᠢ ᠪᠣᠯᠤᠨ ᠬᠤᠪᠢ ᠬᠥᠮᠦᠨ ᠠᠴᠠ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ | ᠰᠠᠯᠠᠭ᠎ᠠ ᠮᠦᠴᠢᠷ ᠲᠤ ᠵᠠᠭᠠᠯᠳᠤᠵᠤ ᠪᠣᠯᠤᠨ᠎ᠠ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠩᠰᠠ ᠡᠪᠬᠡᠮᠡᠯ ᠤᠨ | ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ | ᠰᠢᠢᠳᠪᠦᠷᠢᠯᠡᠭᠰᠡᠨ ᠦᠷ᠎ᠡ ᠳ᠋ᠦᠩ ᠢᠶᠠᠨ ᠵᠠᠭᠠᠯᠳᠤᠭᠴᠢ ᠳᠤ ᠮᠡᠳᠡᠭᠳᠡᠬᠦ ᠬᠡᠷᠡᠭᠲᠡᠶ᠃ | ᠳᠠᠩᠰᠠ ᠡᠪᠬᠡᠮᠡᠯ ᠢ ᠠᠰᠢᠭᠯᠠᠬᠤ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠤᠪᠢ | ᠬᠥᠮᠦᠨ ᠤ ᠮᠡᠳᠡᠭᠡ ᠵᠠᠩᠭᠢ ᠲᠠᠢ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠪᠣᠯᠤᠨ ᠪᠤᠰᠤᠳ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠳ ᠠᠴᠠ ᠠᠵᠤ ᠠᠬᠤᠶ ᠶᠢᠨ ᠪᠦᠳᠦᠭᠡᠠ | ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠠ ᠪᠠᠶᠢᠭᠤᠯᠤᠯᠲᠠ᠂ ᠵᠢᠭᠠᠨ ᠰᠤᠷᠭᠠᠬᠤ | ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠪᠤᠰᠤᠳ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠩᠰᠠ ᠡᠪᠬᠡᠮᠡᠯ ᠤᠨ ᠣᠷᠳᠤᠨ ᠤ ᠨᠡᠬᠡᠭᠡᠳᠦᠶ ᠳᠠᠩᠰᠠ ᠡᠪᠬᠡᠮᠡᠯ | ᠵᠢᠴᠢ ᠬᠤᠯᠪᠣᠭᠳᠠᠯ ᠪᠦᠬᠦᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ | ᠪᠤᠰᠤᠳ ᠵᠣᠬᠢᠶᠠᠨ ᠪᠠᠶᠢᠭᠤᠯᠤᠯᠲᠠ ᠶᠢᠨ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠢ ᠠᠰᠢᠭᠯᠠᠵᠤ ᠪᠣᠯᠤᠨ᠎ᠠ᠃ | ᠭᠤᠴᠢᠳᠤᠭᠠᠷ ᠵᠦᠢᠯ᠂ ᠣᠷᠳᠤᠨ ᠳᠤ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠤᠨ ᠨᠡᠭᠡᠭᠡᠬᠦ᠂ ᠬᠢᠨᠠᠨ | ᠬᠠᠷᠭᠤᠭᠤᠯᠬᠤ ᠶᠢ ᠳᠠᠩᠰᠠ ᠡᠪᠬᠡᠮᠡᠯ ᠤᠨ ᠭᠠᠵᠠᠷ ᠨᠢ ᠳᠠᠩᠰᠠ ᠡᠪᠬᠡᠮᠡᠯ ᠤᠨ ᠪᠦᠷᠢᠯᠳᠦᠭᠰᠡᠨ ᠨᠢᠭᠡᠴᠢ ᠪᠣᠶᠤ | ᠰᠢᠯᠵᠢᠭᠦᠯᠦᠨ ᠲᠤᠰᠢᠶᠠᠬᠤ ᠨᠢᠭᠡᠴᠢ ᠲᠠᠢ ᠬᠠᠮᠲᠤᠷᠠᠨ ᠬᠠᠮᠲᠤ ᠪᠠᠷ ᠬᠠᠷᠢᠭᠤᠴᠠᠨ᠎ᠠ᠃ ᠣᠷᠳᠣᠨ ᠳᠤ ᠰᠢᠯᠵᠢᠭᠦᠯᠦᠨ | ᠲᠤᠰᠢᠶᠠᠵᠤ ᠣᠷᠣᠭᠤᠯᠤᠭ᠎ᠠ ᠦᠭᠡᠢ ᠳᠠᠩᠰᠠ ᠡᠪᠬᠡᠮᠡᠯ ᠤᠨ ᠨᠡᠭᠡᠭᠡᠯᠲᠡ ᠬᠢᠨᠠᠨ ᠬᠠᠷᠭᠤᠭᠤᠯᠤᠯᠲᠠ ᠶᠢ᠂ ᠳᠠᠩᠰᠠ | ᠡᠪᠬᠡᠮᠡᠯ ᠪᠦᠷᠢᠯᠳᠦᠭᠰᠡᠨ ᠨᠢᠭᠡᠴᠢ ᠪᠤᠶᠤ ᠬᠠᠳᠠᠭᠠᠯᠠᠨ ᠬᠠᠮᠢᠶᠠᠷᠬᠤ ᠨᠢᠭᠡᠴᠢ ᠠᠴᠠ ᠬᠠᠷᠢᠭᠤᠴᠠᠬᠤ ᠶᠢᠨ ᠬᠠᠮᠲᠤ | ᠰᠢᠯᠵᠢᠭᠦᠯᠦᠨ ᠲᠤᠰᠢᠶᠠᠬᠤ ᠳᠤ ᠪᠠᠨ ᠰᠠᠨᠠᠯ ᠢᠶᠠᠨ ᠳᠠᠭᠠᠯᠳᠤᠭᠤᠯᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠳᠤ ᠳᠠᠩᠰᠠ ᠡᠪᠬᠡᠮᠡᠯ ᠢ ᠰᠢᠯᠵᠢᠭᠦᠯᠦᠨ | ᠲᠤᠰᠢᠶᠠᠭᠰᠠᠨ᠂ ᠬᠠᠨᠳᠢᠪᠯᠠᠭᠰᠠᠨ᠂ ᠬᠠᠳᠠᠭᠠᠯᠠᠭᠤᠯᠤᠭᠰᠠᠨ ᠨᠢᠭᠡᠴᠢ ᠪᠠ ᠬᠤᠪᠢ ᠬᠥᠮᠦᠨ ᠨᠢ ᠲᠣᠰ ᠳᠠᠩᠰᠠ | ᠡᠪᠬᠡᠮᠡᠯ ᠢ ᠤᠷᠢᠳᠠᠪᠠᠷ ᠠᠰᠢᠭᠯᠠᠵᠤ ᠪᠣᠯᠤᠨ᠎ᠠ᠂ ᠲᠡᠷᠡᠴᠢᠯᠡᠨ ᠳᠠᠩᠰᠠ ᠡᠪᠬᠡᠮᠡᠯ ᠤᠨ ᠳᠣᠲᠣᠷᠠᠬᠢ ᠨᠡᠶᠢᠭᠡᠮ ᠳᠤ | ᠨᠡᠭᠡᠭᠡᠬᠦ ᠳᠤ ᠲᠣᠬᠢᠷᠠᠮᠵᠢ ᠦᠭᠡᠢ ᠬᠡᠰᠡᠭ ᠲᠤ ᠠᠰᠢᠭᠯᠠᠬᠤ ᠶᠢ ᠬᠢᠵᠠᠭᠠᠷᠯᠠᠬᠤ ᠰᠠᠨᠠᠯ ᠳᠤᠷᠠᠳᠴᠤ ᠪᠣᠯᠤᠨ᠎ᠠ᠂ ᠳᠠᠩᠰᠠ | ᠡᠪᠬᠡᠮᠡᠯ ᠤᠨ ᠣᠷᠳᠤᠨ ᠠᠴᠠ ᠳᠡᠮᠵᠢᠵᠦ᠂ ᠳᠥᠭᠦᠮ ᠦᠵᠡᠭᠦᠯᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ᠂ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ | ᠤᠯᠤᠰ ᠠᠴᠠ ᠡᠷᠬᠡ ᠣᠯᠭᠤᠭᠰᠠᠨ ᠳᠠᠩᠰᠠ ᠡᠪᠬᠡᠮᠡᠯ ᠤᠨ ᠣᠷᠳᠤᠨ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠠᠴᠠ | ᠨᠡᠶᠢᠲᠡᠯᠡᠨ᠎ᠡ︔ ᠲᠡᠩᠰᠠ ᠡᠪᠬᠡᠮᠡᠯ ᠤᠨ ᠣᠷᠳᠤᠨ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠶᠢᠨ ᠵᠥᠪᠰᠢᠶᠡᠷᠡᠯ | ᠤᠢᠭᠡᠢ ᠪᠠᠷ ᠶᠠᠮᠠᠷᠪᠠ ᠨᠢᠭᠡᠴᠢ ᠪᠠ ᠬᠤᠪᠢ ᠬᠥᠮᠦᠨ ᠨᠡᠶᠢᠲᠡᠯᠡᠬᠦ ᠡᠷᠬᠡ ᠤᠢᠭᠡᠢ᠃ ᠤᠯᠤᠰ ᠤᠨ ᠥᠮᠴᠢᠯᠡᠯ ᠤᠨ ᠪᠤᠰᠤ | ᠠᠵᠤ ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠪᠠ ᠬᠤᠪᠢ ᠬᠥᠮᠦᠨ ᠤ | ᠪᠦᠷᠢᠯᠳᠦᠭᠰᠡᠨ ᠳᠠᠩᠰᠠ ᠡᠪᠬᠡᠮᠡᠯ ᠢ ᠳᠠᠩᠰᠠ ᠡᠪᠬᠡᠮᠡᠯ ᠤᠨ ᠥᠮᠴᠢᠯᠡᠭᠴᠢ ᠨᠢ ᠨᠡᠶᠢᠲᠡᠯᠡᠬᠦ ᠡᠷᠬᠡ ᠲᠠᠢ᠃ | ᠳᠠᠩᠰᠠ ᠡᠪᠬᠡᠮᠡᠯ ᠢ ᠨᠡᠶᠢᠲᠡᠯᠡᠬᠦ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠂ ᠤᠯᠤᠰ ᠣᠷᠣᠨ ᠤ ᠠᠮᠤᠷ ᠲᠦᠪᠰᠢᠨ ᠪᠠ ᠠᠰᠢᠭ ᠲᠤᠰᠠ ᠶᠢ | ᠬᠤᠬᠢᠷᠠᠭᠤᠯᠵᠤ ᠪᠣᠯᠬᠤ ᠦᠭᠡᠢ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ᠃ | | ᠭᠤᠴᠢᠨ ᠭᠤᠷᠪᠠᠳᠤᠭᠠᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠥᠪᠡᠷ ᠤᠨ ᠨᠥᠬᠦᠴᠡᠯ ᠢᠶᠠᠨ | ᠦᠨᠳᠦᠰᠦᠯᠡᠵᠦ᠂ ᠲᠦᠷᠦ ᠶᠢᠨ ᠪᠠᠶᠢᠭᠤᠯᠭ᠎ᠠ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ | ᠲᠣᠭᠲᠠᠭᠠᠬᠤ ᠪᠠ ᠬᠤᠯᠪᠤᠭᠳᠠᠯ ᠪᠦᠬᠦᠢ ᠠᠰᠠᠭᠤᠳᠠᠯ ᠤᠨ ᠰᠤᠳᠤᠯᠭᠠᠨ ᠥᠷᠨᠢᠭᠦᠯᠬᠦ ᠳᠤ ᠳᠡᠮᠵᠢᠯᠭᠡ ᠪᠠ ᠳᠦᠭᠦᠮ | ᠦᠵᠡᠭᠦᠯᠬᠦ ᠬᠡᠷᠡᠭᠲᠡᠢ᠃ | ᠳᠠᠩᠰᠠ ᠡᠪᠬᠡᠮᠡᠯ ᠤᠨ ᠣᠷᠳᠤᠨ ᠳᠤ ᠰᠤᠳᠤᠯᠭᠠᠨ ᠤ ᠠᠵᠢᠯᠲᠠᠨ ᠲᠣᠬᠢᠷᠠᠭᠤᠯᠵᠤ᠂ ᠳᠠᠩᠰᠠ ᠡᠪᠬᠡᠮᠡᠯ ᠢ | ᠰᠤᠳᠤᠯᠤᠨ ᠡᠮᠬᠢᠯᠡᠬᠦ ᠠᠵᠢᠯ ᠢ ᠴᠢᠩᠭᠠᠳᠬᠠᠵᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠲᠦᠯᠦᠪᠯᠡᠭᠡ ᠲᠠᠢ ᠪᠠᠷ | ᠨᠠᠶᠢᠷᠠᠭᠤᠯᠤᠨ ᠬᠡᠪᠯᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠠᠳᠠᠯᠢ ᠪᠤᠰᠤ ᠬᠡᠪᠴᠢᠶᠡᠨ ᠳᠤ ᠲᠠᠷᠬᠠᠭᠠᠬᠤ ᠬᠡᠷᠡᠭᠲᠡᠢ᠃ | | ᠳᠠᠩᠰᠠ ᠡᠪᠬᠡᠮᠡᠯ ᠤᠨ ᠰᠤᠳᠤᠯᠭᠠᠨ ᠤ ᠠᠵᠢᠯᠲᠠᠨ ᠠᠴᠠ ᠳᠠᠩᠰᠠ ᠡᠪᠬᠡᠮᠡᠯ ᠢ ᠰᠤᠳᠤᠯᠤᠨ ᠡᠮᠬᠢᠯᠡᠬᠦ ᠳᠤ ᠪᠠᠨ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠣᠷᠳᠤᠨ ᠤ ᠬᠠᠳᠠᠭᠠᠯᠠᠵᠤ ᠪᠠᠶᠢᠭ᠎ᠠ | ᠳᠠᠩᠰᠠ ᠡᠪᠬᠡᠮᠡᠯ ᠢ ᠨᠡᠭᠡᠭᠡᠨ ᠠᠰᠢᠭᠯᠠᠬᠤ ᠶᠢ ᠵᠣᠷᠢᠭᠵᠢᠭᠤᠯᠵᠤ᠂ ᠲᠤᠰᠬᠠᠶ ᠰᠡᠳᠦᠪᠲᠦ ᠦᠵᠡᠭᠦᠯᠦᠯᠭᠡ᠂ ᠨᠡᠶᠢᠲᠡ | ᠶᠢᠨ ᠠᠰᠠᠷᠠᠮᠵᠢ ᠶᠢᠨ ᠲᠠᠶᠢᠯᠤᠮᠵᠢ᠂ ᠵᠠᠭᠤᠴᠢᠯᠠᠭᠤᠷ ᠤᠨ ᠤᠬᠠᠭᠤᠯᠭ᠎ᠠ ᠵᠡᠷᠭᠡ ᠠᠵᠢᠯᠯᠠᠭ᠎ᠠ ᠥᠷᠨᠢᠭᠦᠯᠬᠦ ᠪᠠᠷ | ᠳᠠᠮᠵᠢᠭᠤᠯᠤᠨ᠂ ᠡᠬᠡ ᠣᠷᠣᠨᠴᠢ ᠦᠵᠡᠯ᠂ ᠨᠡᠶᠢᠲᠡᠴᠢ ᠦᠵᠡᠯ ᠪᠠ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠬᠥᠮᠦᠵᠢᠯ ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠬᠥᠭᠵᠢᠭᠦᠯᠵᠦ᠂ ᠬᠤᠪᠢᠰᠬᠠᠯᠲᠤ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠬᠥᠭᠵᠢᠭᠦᠯᠵᠦ᠂ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ | ᠦᠵᠡᠯᠲᠡ ᠶᠢ ᠪᠠᠳᠠᠷᠠᠭᠤᠯᠤᠨ᠎ᠠ᠃ | | ᠲᠠᠪᠤᠳᠤᠭᠠᠷ ᠪᠦᠯᠦᠭ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ | | ᠭᠤᠴᠢᠨ ᠲᠠᠪᠤᠳᠤᠭᠠᠷ ᠵᠦᠢᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠩᠰᠠ | ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ | ᠣᠷᠣᠭᠤᠯᠵᠤ᠂ ᠡᠯᠧᠺᠲᠷᠣᠨ ᠳᠠᠩᠰᠠ ᠡᠪᠬᠡᠮᠡᠯ ᠪᠠ ᠤᠯᠠᠮᠵᠢᠯᠠᠯᠲᠤ ᠠᠴᠢᠶᠠᠯᠠᠪᠤᠷᠢ ᠶᠢᠨ ᠳᠠᠩᠰᠠ ᠡᠪᠬᠡᠮᠡᠯ ᠤᠨ | ᠲᠣᠭᠠᠵᠢᠭᠤᠯᠤᠭᠰᠠᠨ ᠦᠷ᠎ᠡ ᠪᠦᠲᠦᠭᠡᠯ ᠵᠡᠷᠭᠡ ᠳᠠᠩᠰᠠ ᠡᠪᠬᠡᠮᠡᠯ ᠤᠨ ᠲᠣᠭᠠᠵᠢᠭᠤᠯᠤᠭᠰᠠᠨ ᠡᠬᠢ ᠪᠠᠶᠠᠯᠢᠭ ᠢ ᠠᠶᠤᠯ | ᠦᠭᠡᠢ ᠬᠠᠳᠠᠭᠠᠯᠠᠬᠤ ᠪᠠ ᠪᠦᠲᠦᠮᠵᠢᠲᠡᠶ ᠠᠰᠢᠭᠯᠠᠬᠤ ᠶᠢ ᠪᠠᠲᠤᠯᠠᠬᠤ ᠬᠡᠷᠡᠭᠲᠡᠶ᠃ | ᠳᠠᠩᠰᠠ ᠡᠪᠬᠡᠮᠡᠯ ᠤᠨ ᠣᠷᠳᠤᠨ ᠪᠠ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠠᠴᠠ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠭᠦᠨ ᠤ ᠬᠠᠮᠲᠤ ᠠᠷᠭ᠎ᠠ ᠬᠡᠮᠵᠢᠶ᠎ᠡ ᠠᠪᠴᠤ ᠳᠠᠩᠰᠠ ᠡᠪᠬᠡᠮᠡᠯ ᠤᠨ ᠮᠡᠳᠡᠭᠡ | ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠪᠣᠯᠤᠨ ᠪᠤᠰᠤᠳ ᠵᠣᠬᠢᠶᠠᠨ ᠪᠠᠶᠢᠭᠤᠯᠤᠯᠲᠠ ᠠᠴᠠ ᠡᠯᠧᠺᠲᠷᠣᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠯᠪᠠᠨ ᠠᠵᠢᠯ ᠤᠨ ᠠᠦ᠋ᠲ᠋ᠣᠴᠢᠯᠠᠭᠰᠠᠨ | ᠰᠢᠰᠲ᠋ᠧᠮ᠂ ᠲᠤᠬᠠᠶᠢᠯᠠᠭᠰᠠᠨ ᠠᠵᠢᠯ ᠤᠨ ᠰᠢᠰᠲ᠋ᠧᠮ ᠵᠡᠷᠭᠡ ᠲᠠᠢ ᠬᠠᠷᠢᠯᠴᠠᠨ ᠵᠣᠯᠭᠠᠭᠤᠯᠬᠤ ᠬᠡᠷᠡᠭᠲᠡᠢ᠃ | ᠭᠤᠴᠢᠨ ᠳᠣᠯᠣᠳᠤᠭᠠᠷ ᠵᠦᠢᠯ᠂ ᠡᠯᠧᠺᠲᠷᠣᠨ ᠳᠠᠩᠰᠠ ᠡᠪᠬᠡᠮᠡᠯ ᠤᠨ ᠢᠷᠡᠯᠲᠡ ᠨᠢ ᠨᠠᠶᠢᠳᠠᠪᠤᠷᠢᠲᠠᠶ᠂ ᠳᠡᠰ | ᠳᠠᠷᠠᠭᠠᠯᠠᠯ ᠨᠢ ᠵᠢᠷᠤᠮᠵᠢᠭᠰᠠᠨ᠂ ᠬᠦᠴᠦᠨ ᠵᠦᠢᠯ ᠨᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠡᠯᠧᠺᠲᠷᠣᠨ ᠳᠠᠩᠰᠠ ᠡᠪᠬᠡᠮᠡᠯ ᠬᠢᠭᠡᠳ ᠤᠯᠠᠮᠵᠢᠯᠠᠯᠲᠤ ᠠᠴᠢᠶᠠᠯᠠᠪᠤᠷᠢ ᠶᠢᠨ ᠳᠠᠩᠰᠠ ᠡᠪᠬᠡᠮᠡᠯ ᠨᠢ ᠠᠳᠠᠯᠢᠬᠠᠨ | ᠬᠦᠴᠦᠨ ᠲᠠᠢ ᠪᠠᠶᠢᠵᠤ᠂ ᠡᠯᠧᠺᠲᠷᠣᠨ ᠬᠡᠯᠪᠡᠷᠢ ᠪᠠᠷ ᠭᠡᠷᠡᠴᠢ ᠪᠠᠷᠢᠮᠲᠠ ᠪᠣᠯᠭᠠᠨ ᠬᠡᠷᠡᠭᠯᠡᠵᠦ ᠪᠣᠯᠤᠨ᠎ᠠ᠃ | ᠡᠯᠧᠺᠲᠷᠣᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ ᠶᠢ ᠤᠯᠤᠰ ᠤᠨ ᠳᠠᠩᠰᠠ ᠡᠪᠬᠡᠮᠡᠯ ᠤᠨ | ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠣᠭᠲᠠᠭᠠᠨ᠎ᠠ᠃ | ᠭᠤᠴᠢᠨ ᠨᠠᠢᠮᠠᠳᠤᠭᠠᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠣᠷᠳᠤᠨ ᠪᠠ ᠪᠠᠶᠢᠭᠤᠯᠭ᠎ᠠ᠂ ᠪᠦᠯᠬᠦᠮ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠤᠯᠠᠮᠵᠢᠯᠠᠯᠲᠤ | ᠠᠴᠢᠶᠠᠯᠠᠪᠤᠷᠢ ᠶᠢᠨ ᠳᠠᠩᠰᠠ ᠡᠪᠬᠡᠮᠡᠯ ᠢ ᠳᠤᠭᠠᠴᠠᠯᠠᠬᠤ ᠶᠢ ᠠᠬᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃ ᠨᠢᠭᠡᠨᠲᠡ | ᠲᠣᠭᠠᠴᠢᠯᠠᠭᠰᠠᠨ ᠪᠠᠶᠢᠪᠠᠯ᠂ ᠳᠠᠩᠰᠠ ᠡᠪᠬᠡᠮᠡᠯ ᠤᠨ ᠤᠭ ᠮᠠᠲ᠋ᠧᠷᠢᠶᠠᠯ ᠢ ᠲᠣᠬᠢᠲᠠᠶ ᠬᠠᠳᠠᠭᠠᠯᠠᠨ ᠬᠠᠮᠢᠶᠠᠷᠬᠤ ᠬᠡᠷᠡᠭᠲᠡᠶ᠃ | | ᠭᠤᠴᠢ ᠶᠢᠰᠦᠳᠦᠭᠡᠷ ᠵᠦᠢᠯ᠂ ᠡᠯᠧᠺᠲᠷᠣᠨ ᠳᠠᠩᠰᠠ ᠡᠪᠬᠡᠮᠡᠯ ᠢ ᠠᠮᠤᠷ ᠲᠦᠪᠰᠢᠨ ᠤ ᠬᠠᠮᠢᠶᠠᠷᠤᠯᠲᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠲᠣᠤᠷ ᠰᠦᠯᠵᠢᠶ᠎ᠡ ᠪᠤᠶᠤ ᠬᠠᠳᠠᠭᠠᠯᠠᠬᠤ ᠵᠠᠭᠤᠴᠢ ᠪᠠᠷ ᠳᠠᠮᠵᠢᠭᠤᠯᠤᠨ ᠳᠠᠩᠰᠠ | ᠡᠪᠬᠡᠮᠡᠯ ᠤᠨ ᠣᠷᠳᠤᠨ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ | ᠳᠠᠩᠰᠠ ᠡᠪᠬᠡᠮᠡᠯ ᠤᠨ ᠣᠷᠳᠤᠨ ᠨᠢ ᠬᠦᠯᠢᠶᠡᠨ ᠠᠪᠤᠭᠰᠠᠨ ᠡᠯᠧᠺᠲᠷᠣᠨ ᠳᠠᠩᠰᠠ ᠡᠪᠬᠡᠮᠡᠯ ᠢ ᠪᠠᠶᠢᠴᠠᠭᠠᠨ | ᠬᠡᠮᠵᠢᠵᠦ᠂ ᠡᠯᠧᠺᠲᠷᠣᠨ ᠳᠠᠩᠰᠠ ᠡᠪᠬᠡᠮᠡᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠡᠷᠡᠭᠯᠡᠵᠦ | ᠪᠣᠯᠬᠤᠶᠢᠴᠠ ᠴᠢᠨᠠᠷ ᠪᠠ ᠠᠶᠤᠯ ᠦᠭᠡᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ | ᠳᠠᠩᠰᠠ ᠡᠪᠬᠡᠮᠡᠯ ᠤᠨ ᠣᠷᠳᠤᠨ ᠨᠢ ᠴᠢᠬᠤᠯᠠ ᠡᠯᠧᠺᠲᠷᠣᠨ ᠳᠠᠩᠰᠠ ᠡᠪᠬᠡᠮᠡᠯ ᠢ ᠣᠨᠳᠣᠤ ᠭᠠᠵᠠᠷ ᠲᠤ ᠬᠤᠪᠢ | ᠪᠡᠯᠡᠳᠬᠡᠨ ᠬᠠᠳᠠᠭᠠᠯᠠᠵᠤ ᠪᠣᠯᠤᠨ᠎ᠠ᠃ | ᠳᠥᠴᠢᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠳᠠᠩᠰᠠ ᠡᠪᠬᠡᠮᠡᠯ ᠤᠨ ᠲᠣᠭᠠᠨ ᠤ ᠡᠬᠢ | ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ ᠪᠠ ᠬᠠᠩᠭᠠᠨ ᠠᠰᠢᠭᠯᠠᠬᠤ ᠶᠢ ᠬᠠᠷᠢᠭᠤᠴᠠᠨ᠎ᠠ᠃ ᠨᠥᠬᠦᠴᠡᠯ ᠲᠠᠢ ᠳᠠᠩᠰᠠ | ᠡᠪᠬᠡᠮᠡᠯ ᠤᠨ ᠣᠷᠳᠤᠨ ᠨᠢ ᠲᠣᠭᠠᠴᠢᠯᠠᠭᠰᠠᠨ ᠳᠠᠩᠰᠠ ᠡᠪᠬᠡᠮᠡᠯ ᠤᠨ ᠣᠷᠳᠤᠨ ᠪᠠᠶᠢᠭᠤᠯᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠠᠩᠰᠠ | ᠡᠪᠬᠡᠮᠡᠯ ᠤᠨ ᠲᠣᠭᠠᠴᠢᠯᠠᠭᠰᠠᠨ ᠡᠬᠢ ᠪᠠᠶᠠᠯᠢᠭ ᠢ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ | ᠬᠠᠮᠲᠤ ᠪᠠᠷ ᠡᠳ᠋ᠯᠡᠵᠦ ᠠᠰᠢᠭᠯᠠᠬᠤ ᠶᠢ ᠲᠦᠯᠬᠢᠨ ᠠᠬᠢᠭᠤᠯᠤᠨ᠎ᠠ᠃ | | ᠵᠢᠷᠭᠤᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | ᠳᠥᠴᠢᠨ ᠬᠤᠶᠠᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠩᠰᠠ ᠡᠪᠬᠡᠮᠡᠯ ᠤᠨ ᠣᠷᠳᠤᠨ ᠪᠠ ᠪᠠᠶᠢᠭᠤᠯᠭ᠎ᠠ᠂ ᠪᠦᠯᠬᠦᠮ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠳᠣᠤᠷ᠎ᠠ ᠵᠢᠭᠰᠠᠭᠠᠭᠰᠠᠨ | ᠪᠠᠶᠢᠳᠠᠯ ᠳᠤ ᠪᠠᠶᠢᠴᠠᠭᠠᠯᠲᠠ ᠬᠢᠵᠦ ᠪᠣᠯᠤᠨ᠎ᠠ᠄ | ︵ᠨᠢᠭᠡ︶ ᠲᠠᠩᠰᠠ ᠡᠪᠬᠡᠮᠡᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠬᠠᠮᠢᠶᠠᠷᠤᠯᠲᠠ ᠶᠢᠨ | ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠬᠤᠶᠠᠷ︶ ᠲᠠᠩᠰᠠ ᠡᠪᠬᠡᠮᠡᠯ ᠤᠨ ᠬᠥᠮᠥᠷᠭᠡ᠂ ᠪᠡᠯᠡᠳᠬᠡᠮᠵᠢ᠂ ᠲᠥᠬᠦᠭᠡᠷᠦᠮᠵᠢ ᠶᠢ ᠳᠣᠭᠢᠷᠠᠭᠤᠯᠤᠨ | ᠬᠡᠷᠡᠭᠯᠡᠭᠰᠡᠨ ᠪᠠᠶᠢᠳᠠᠯ︔ | ︵ᠭᠤᠷᠪᠠ︶ ᠲᠠᠩᠰᠠ ᠡᠪᠬᠡᠮᠡᠯ ᠤᠨ ᠠᠵᠢᠯᠲᠠᠨ ᠤ ᠬᠠᠮᠢᠶᠠᠷᠤᠯᠲᠠ ᠶᠢᠨ ᠪᠠᠶᠢᠳᠠᠯ︔ | ︵ᠳᠥᠷᠪᠡ︶ ᠲᠠᠩᠰᠠ ᠡᠪᠬᠡᠮᠡᠯ ᠢ ᠴᠤᠭᠯᠠᠭᠤᠯᠤᠭᠰᠠᠨ᠂ ᠡᠮᠬᠢᠳᠬᠡᠭᠰᠡᠨ᠂ ᠬᠠᠳᠠᠭᠠᠯᠠᠨ ᠬᠠᠮᠢᠶᠠᠷᠤᠭᠰᠠᠨ᠂ | ᠬᠠᠩᠭᠠᠨ ᠠᠰᠢᠭᠯᠠᠭᠰᠠᠨ ᠵᠡᠷᠭᠡ ᠪᠠᠶᠢᠳᠠᠯ︔ | ︵ᠲᠠᠪᠤ︶ ᠲᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠪᠠ ᠮᠡᠳᠡᠭᠡ ᠵᠠᠩᠭᠢ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ︔ | ︵ᠵᠢᠷᠭᠤᠭ᠎ᠠ︶ ᠬᠠᠷᠢᠶ᠎ᠠ ᠨᠢᠭᠡᠴᠢ ᠵᠡᠷᠭᠡ ᠶᠢᠨ ᠢᠶᠠᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠭᠰᠠᠨ | ᠪᠠ ᠵᠢᠭᠠᠨ ᠵᠢᠯᠣᠭᠤᠳᠤᠭᠰᠠᠨ ᠪᠠᠶᠢᠳᠠᠯ᠃ | ᠳᠥᠴᠢᠨ ᠭᠤᠷᠪᠠᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠨᠢ | ᠬᠠᠤᠯᠢ ᠠᠴᠠ ᠵᠦᠷᠢᠴᠡᠭᠰᠡᠨ ᠰᠦᠪᠡᠭᠴᠢ ᠶᠢ ᠦᠨᠳᠦᠰᠦᠯᠡᠨ ᠪᠠᠶᠢᠴᠠᠭᠠᠬᠤ ᠣᠶᠢᠶ᠎ᠠ ᠳᠤ᠂ ᠠᠮᠤᠷ ᠲᠦᠪᠰᠢᠨ ᠤ | ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠬᠠᠮᠢᠶ᠎ᠠ ᠪᠦᠬᠦᠢ ᠬᠥᠮᠥᠷᠭᠡ᠂ | ᠪᠡᠯᠡᠳᠬᠡᠮᠵᠢ᠂ ᠲᠥᠬᠦᠭᠡᠷᠦᠮᠵᠢ ᠶᠢ ᠪᠠᠶᠢᠴᠠᠭᠠᠵᠤ ᠪᠣᠯᠤᠨ᠎ᠠ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ | ᠦᠵᠡᠵᠦ᠂ ᠬᠤᠯᠪᠣᠭᠳᠠᠯ ᠪᠦᠬᠦᠢ ᠬᠥᠮᠦᠰ ᠠᠴᠠ ᠯᠠᠪᠯᠠᠨ ᠠᠰᠠᠭᠤᠵᠤ᠂ ᠬᠤᠯᠪᠣᠭᠳᠠᠯ ᠪᠦᠬᠦᠢ ᠪᠠᠶᠢᠳᠠᠯ ᠢ ᠲᠡᠮᠳᠡᠭᠯᠡᠵᠦ | ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠮᠵᠢᠯᠴᠠᠬᠤ ᠬᠡᠷᠡᠭᠲᠡᠶ᠃ | ᠳᠥᠴᠢᠨ ᠳᠥᠷᠪᠡᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠲᠣᠰ ᠨᠢᠭᠡᠴᠢ ᠶᠢᠨ ᠢᠶᠠᠨ | ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ | ᠲᠤᠬᠠᠶ ᠳᠤ ᠨᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ᠂ ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ | ᠭᠡᠮ ᠢ ᠠᠷᠢᠯᠭᠠᠬᠤ ᠬᠡᠷᠡᠭᠲᠡᠶ᠃ ᠳᠠᠩᠰᠠ ᠡᠪᠬᠡᠮᠡᠯ ᠡᠪᠳᠡᠷᠡᠵᠦ ᠰᠦᠢᠳᠦᠭᠰᠡᠨ᠂ ᠮᠡᠳᠡᠭᠡ ᠵᠠᠩᠭᠢ ᠵᠠᠳᠠᠷᠠᠭᠰᠠᠨ ᠵᠡᠷᠭᠡ | ᠪᠠᠶᠢᠳᠠᠯ ᠭᠠᠷᠪᠠᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠲᠤ ᠴᠠᠭ ᠲᠤᠬᠠᠶ ᠳᠤ ᠨᠢ | ᠮᠡᠳᠡᠭᠦᠯᠬᠦ ᠬᠡᠷᠡᠭᠲᠡᠶ᠃ | ᠳᠥᠴᠢᠨ ᠲᠠᠪᠤᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠳᠠᠩᠰᠠ | ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ | ᠪᠤᠰᠤᠳ ᠵᠣᠬᠢᠶᠠᠨ ᠪᠠᠶᠢᠭᠤᠯᠤᠯᠲᠠ ᠳᠤ ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ | ᠪᠠᠶᠢᠬᠤ ᠶᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠭᠤᠯᠵᠤ᠂ | ᠳᠠᠩᠰᠠ ᠡᠪᠬᠡᠮᠡᠯ ᠤᠨ ᠠᠮᠤᠷ ᠲᠥᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ᠂ ᠳᠠᠩᠰᠠ ᠡᠪᠬᠡᠮᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠶᠠᠮᠠᠷᠪᠠ ᠨᠢᠭᠡᠴᠢ ᠪᠠ ᠬᠤᠪᠢ ᠬᠥᠮᠦᠨ ᠠᠴᠠ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠪᠠ | ᠬᠤᠯᠪᠣᠭᠳᠠᠯ ᠪᠦᠬᠦᠢ ᠪᠠᠶᠢᠭᠤᠯᠭ᠎ᠠ ᠳᠤ ᠢᠯᠡᠴᠢᠯᠡᠨ ᠮᠡᠳᠡᠭᠦᠯᠬᠦ ᠡᠷᠬᠡ ᠲᠠᠢ᠃ | ᠢᠯᠡᠴᠢᠯᠡᠨ ᠮᠡᠳᠡᠭᠦᠯᠦᠯᠲᠡ ᠶᠢ ᠣᠯᠤᠭᠰᠠᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ | ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠨᠢ ᠴᠠᠭ ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠳᠥᠴᠢᠨ ᠳᠣᠯᠣᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠵᠢᠴᠢ | ᠲᠡᠭᠦᠨ ᠤ ᠠᠵᠢᠯᠲᠠᠳ ᠨᠢ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠪᠠ ᠵᠢᠷᠤᠮ ᠶᠣᠰᠣᠭᠠᠷ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢᠶᠠᠨ ᠥᠷᠨᠢᠭᠦᠯᠵᠦ᠂ ᠰᠢᠨᠵᠢᠯᠡᠬᠦ ᠤᠬᠠᠭᠠᠨᠴᠢ᠂ ᠲᠥᠪ ᠭᠤᠤᠯᠴᠢ᠂ ᠴᠢᠩᠭ᠎ᠠ ᠨᠢᠮᠪᠠᠶ᠂ | ᠥᠨᠳᠥᠷ ᠪᠦᠲᠦᠮᠵᠢᠲᠡᠶ ᠪᠠᠶᠢᠬᠤ ᠬᠡᠷᠡᠭᠲᠡᠶ᠂ ᠡᠷᠬᠡ ᠲᠤᠰᠢᠶᠠᠯ ᠢᠶᠠᠨ ᠠᠰᠢᠭᠯᠠᠨ ᠠᠰᠢᠭ ᠣᠯᠵᠤ ᠪᠣᠯᠬᠤ ᠦᠭᠡᠢ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠣᠯᠵᠤ ᠮᠡᠳᠡᠭᠰᠡᠨ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠶᠢ ᠵᠠᠳᠠᠷᠠᠭᠤᠯᠵᠤ ᠪᠣᠯᠬᠤ ᠦᠭᠡᠢ᠃ | | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠳᠥᠴᠢᠨ ᠨᠠᠢᠮᠠᠳᠤᠭᠠᠷ ᠵᠦᠢᠯ᠂ ᠨᠢᠭᠡᠴᠢ ᠪᠤᠶᠤ ᠬᠤᠪᠢ ᠬᠥᠮᠦᠨ ᠨᠢ ᠳᠣᠤᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ | ᠭᠤᠣᠯᠯᠠ ᠬᠠᠮᠢᠶᠠᠷᠬᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠪᠠᠶᠢᠭᠤᠯᠭ᠎ᠠ ᠠᠴᠠ ᠰᠢᠭᠤᠳ ᠬᠠᠷᠢᠭᠤᠴᠠᠯᠭᠠᠲᠠᠨ | ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠄ | ︵ᠨᠢᠭᠡ︶ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠭᠡᠭᠡᠭᠰᠡᠨ︔ | ︵ᠬᠤᠶᠠᠷ︶ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠳᠤᠷ᠎ᠠ ᠪᠠᠷ ᠢᠶᠠᠨ | ᠬᠠᠩᠭᠠᠭᠰᠠᠨ᠂ ᠬᠠᠭᠤᠯᠤᠭᠰᠠᠨ᠂ ᠪᠠᠭᠤᠯᠭᠠᠭᠰᠠᠨ᠂ ᠨᠡᠶᠢᠲᠡᠯᠡᠭᠰᠡᠨ︔ | ︵ᠭᠤᠷᠪᠠ︶ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠬᠤᠳᠠᠯᠳᠤᠭᠠᠯᠠᠭᠰᠠᠨ ᠪᠤᠶᠤ | ᠬᠠᠤᠯᠢ ᠪᠣᠰᠤ ᠪᠠᠷ ᠰᠢᠯᠵᠢᠭᠦᠯᠦᠨ ᠥᠭᠭᠦᠭᠰᠡᠨ︔ | ︵ᠳᠦᠷᠪᠡ︶ ᠳᠠᠩᠰᠠ ᠡᠪᠬᠡᠮᠡᠯ ᠢ ᠥᠭᠡᠷᠡᠲᠦᠭᠦᠯᠦᠭᠰᠡᠨ᠂ ᠡᠪᠳᠡᠨ ᠰᠦᠢᠳᠬᠡᠭᠰᠡᠨ᠂ ᠬᠠᠭᠤᠷᠮᠠᠭᠯᠠᠨ | ᠵᠣᠬᠢᠶᠠᠭᠰᠠᠨ ᠪᠣᠶᠤ ᠳᠠᠩᠰᠠ ᠡᠪᠬᠡᠮᠡᠯ ᠢ ᠳᠤᠷ᠎ᠠ ᠪᠠᠷ ᠢᠶᠠᠨ ᠤᠰᠠᠳᠬᠠᠭᠰᠠᠨ︔ | ︵ᠲᠠᠪᠤ︶ ᠳᠠᠩᠰᠠ ᠡᠪᠬᠡᠮᠡᠯ ᠢ ᠭᠠᠳᠠᠭᠠᠳᠤ ᠶᠢᠨ ᠬᠥᠮᠦᠨ ᠪᠤᠶᠤ ᠭᠠᠳᠠᠭᠠᠳᠤ ᠶᠢᠨ ᠵᠣᠬᠢᠶᠠᠨ | ᠪᠠᠶᠢᠭᠤᠯᠤᠯᠲᠠ ᠳᠤ ᠬᠤᠳᠠᠯᠳᠤᠭᠰᠠᠨ᠂ ᠪᠡᠯᠡᠭᠯᠡᠭᠰᠡᠨ︔ | ︵ᠵᠢᠷᠭᠤᠭ᠎ᠠ︶ ᠲᠣᠭᠲᠠᠭᠠᠯ ᠶᠣᠰᠣᠭᠠᠷ ᠳᠠᠩᠰᠠ ᠡᠪᠬᠡᠮᠡᠯ ᠳᠤ ᠣᠷᠣᠭᠤᠯᠬᠤ ᠦᠭᠡᠢ ᠪᠤᠶᠤ ᠳᠠᠩᠰᠠ | ᠡᠪᠬᠡᠮᠡᠯ ᠢ ᠬᠤᠭᠤᠴᠠᠭ᠎ᠠ ᠶᠣᠰᠣᠭᠠᠷ ᠰᠢᠯᠵᠢᠭᠦᠯᠦᠨ ᠲᠤᠰᠢᠶᠠᠬᠤ ᠦᠭᠡᠢ᠂ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ | ᠪᠠᠶᠢᠲᠠᠯ᠎ᠠ ᠵᠠᠯᠠᠷᠠᠭᠤᠯᠬᠤ ᠶᠢ ᠲᠡᠪᠴᠢᠭᠰᠡᠨ︔ | ︵ᠳᠣᠯᠤᠭ᠎ᠠ︶ ᠲᠠᠩᠰᠠ ᠡᠪᠬᠡᠮᠡᠯ ᠢ ᠲᠣᠭᠲᠠᠭᠠᠯ ᠶᠣᠰᠣᠭᠠᠷ ᠨᠡᠶᠢᠭᠡᠮ ᠳᠤ ᠨᠡᠭᠡᠭᠡᠭᠰᠡᠨ ᠥᠬᠡᠶ᠂ ᠬᠠᠩᠭᠠᠵᠤ | ᠠᠰᠢᠭᠯᠠᠭᠤᠯᠤᠭᠰᠠᠨ ᠥᠬᠡᠶ︔ | ︵ᠨᠠᠢᠮᠠ︶ ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠲᠣᠳᠣᠷᠬᠠᠶ | ᠮᠡᠳᠡᠵᠦ ᠪᠠᠶᠢᠭᠠᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠣᠯᠵᠤ᠂ ᠲᠠᠩᠰᠠ ᠡᠪᠬᠡᠮᠡᠯ ᠢ | ᠡᠪᠳᠡᠵᠦ ᠰᠦᠢᠳᠬᠡᠭᠰᠡᠨ᠂ ᠤᠰᠠᠳᠬᠠᠭᠰᠠᠨ᠂ ᠡᠰᠡᠬᠦᠯ᠎ᠡ ᠲᠠᠩᠰᠠ ᠡᠪᠬᠡᠮᠡᠯ ᠤᠨ ᠠᠮᠤᠷ ᠲᠦᠪᠰᠢᠨ ᠪᠤᠰᠤ ᠳᠠᠯᠳᠠ | ᠬᠡᠮ ᠣᠷᠣᠰᠢᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠪᠠᠶᠢᠲᠠᠯ᠎ᠠ | ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠥᠭᠡᠷᠡᠴᠢᠯᠡᠭᠰᠡᠨ ᠥᠬᠡᠶ︔ | ︵ᠶᠢᠰᠦ︶ ᠳᠠᠩᠰᠠ ᠡᠪᠬᠡᠮᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠤ ᠳᠠᠷᠠᠭ᠎ᠠ᠂ ᠠᠪᠤᠷᠠᠬᠤ ᠠᠷᠭ᠎ᠠ | ᠬᠡᠮᠵᠢᠶ᠎ᠡ ᠠᠪᠤᠭᠰᠠᠨ ᠦᠭᠡᠢ ᠪᠤᠶᠤ ᠨᠢᠭᠤᠨ ᠳᠠᠯᠳᠠᠯᠠᠵᠤ ᠮᠡᠳᠡᠭᠦᠯᠦᠭᠰᠡᠨ ᠦᠭᠡᠢ᠂ ᠪᠠᠶᠢᠴᠠᠭᠠᠬᠤ ᠶᠢ ᠲᠡᠪᠴᠢᠭᠰᠡᠨ︔ | ︵ᠠᠷᠪᠠ︶ ᠳᠠᠩᠰᠠ ᠡᠪᠬᠡᠮᠡᠯ ᠤᠨ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠳᠠᠩᠰᠠ | ᠡᠪᠬᠡᠮᠡᠯ ᠢ ᠡᠪᠳᠡᠨ ᠰᠦᠢᠳᠬᠡᠵᠦ᠂ ᠤᠰᠠᠳᠬᠠᠭᠰᠠᠨ ᠪᠠᠶᠢᠬᠤ᠃ | ᠳᠥᠴᠢ ᠶᠢᠰᠦᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠤ ᠳᠠᠩᠰᠠ ᠡᠪᠬᠡᠮᠡᠯ ᠢ ᠠᠰᠢᠭᠯᠠᠵᠤ᠂ ᠲᠤᠰ | ᠬᠠᠤᠯᠢ ᠶᠢᠨ ᠳᠥᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ ᠳᠥᠷᠪᠡᠳᠦᠭᠡᠷ | ᠵᠤᠷᠪᠤᠰ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ | ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠰᠡᠷᠡᠮᠵᠢ ᠥᠭᠴᠦ᠂ ᠲᠡᠷᠡᠴᠢᠯᠡᠨ ᠨᠢᠭᠡᠴᠢ ᠶᠢ | ᠨᠢ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠵᠦ᠂ ᠬᠤᠪᠢ ᠬᠥᠮᠦᠨ ᠢ ᠨᠢ ᠲᠠᠪᠤᠨ ᠵᠠᠭᠤᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ | ᠲᠦᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ | ᠳᠠᠩᠰᠠ ᠡᠪᠬᠡᠮᠡᠯ ᠤᠨ ᠦᠢᠯᠡᠴᠢᠯᠡᠭᠡᠨ ᠤ ᠠᠵᠤ ᠠᠬᠤᠶᠢᠯᠠᠯ ᠨᠢ ᠦᠢᠯᠡᠴᠢᠯᠡᠭᠡᠨ ᠤ ᠶᠠᠪᠤᠴᠠ ᠳᠤ ᠲᠤᠰ | ᠬᠠᠤᠯᠢ ᠶᠢᠨ ᠳᠥᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ ᠳᠥᠷᠪᠡᠳᠦᠭᠡᠷ | ᠵᠤᠷᠪᠤᠰ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠰᠡᠷᠡᠮᠵᠢ ᠥᠭᠴᠦ᠂ ᠬᠤᠶᠠᠷ | ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠨ᠎ᠡ᠃ | ᠨᠢᠭᠡᠴᠢ ᠪᠤᠶᠤ ᠬᠤᠪᠢ ᠬᠥᠮᠦᠨ ᠳᠤ ᠲᠤᠰ ᠬᠠᠤᠯᠢ ᠶᠢᠨ ᠳᠥᠴᠢᠨ ᠨᠠᠢᠮᠠᠳᠤᠭᠠᠷ ᠵᠦᠢᠯ ᠤᠨ ᠭᠤᠷᠪᠠᠳᠤᠭᠠᠷ | ᠵᠤᠷᠪᠤᠰ᠂ ᠲᠠᠪᠤᠳᠤᠭᠠᠷ ᠵᠤᠷᠪᠤᠰ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠰᠡᠷᠡᠮᠵᠢ ᠥᠭᠴᠦ᠂ | ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠡᠷᠡᠴᠢᠯᠡᠨ ᠨᠢᠭᠡᠴᠢ ᠶᠢ ᠨᠢ | ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠵᠦ᠂ ᠬᠤᠪᠢ ᠬᠥᠮᠦᠨ ᠢ ᠲᠠᠪᠤᠨ ᠵᠠᠭᠤᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠦᠭᠦᠷᠢᠭ ᠠᠴᠠ | ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠲᠡᠷᠡᠴᠢᠯᠡᠨ ᠲᠤᠰ ᠬᠠᠤᠯᠢ ᠶᠢᠨ ᠬᠤᠷᠢᠨ ᠬᠤᠶᠠᠳᠤᠭᠠᠷ | ᠵᠦᠢᠯ ᠤᠨ ᠲᠣᠭᠲᠠᠭᠠᠯ ᠶᠣᠰᠣᠭᠠᠷ ᠬᠤᠳᠠᠯᠳᠤᠬᠤ ᠪᠤᠶᠤ ᠪᠡᠯᠡᠭᠯᠡᠨ ᠬᠦᠷᠭᠡᠭᠰᠡᠨ ᠳᠠᠩᠰᠠ ᠡᠪᠬᠡᠮᠡᠯ ᠢ ᠲᠠᠲᠠᠪᠤᠷᠢᠯᠠᠨ | ᠬᠤᠳᠠᠯᠳᠤᠵᠤ ᠪᠣᠯᠤᠨ᠎ᠠ᠃ | ᠲᠠᠪᠢᠳᠤᠭᠠᠷ ᠵᠦᠢᠯ᠂ ᠲᠣᠰ ᠬᠠᠤᠯᠢ ᠲᠣᠭᠲᠠᠭᠠᠯ ᠢ ᠵᠦᠷᠢᠴᠡᠵᠦ᠂ ᠳᠤᠷ᠎ᠠ ᠪᠠᠷ ᠢᠶᠠᠨ ᠵᠥᠭᠡᠭᠡᠪᠦᠷᠢᠯᠡᠭᠰᠡᠨ᠂ | ᠰᠢᠤᠳᠠᠨ ᠢᠶᠠᠷ ᠢᠯᠡᠭᠡᠭᠰᠡᠨ᠂ ᠠᠪᠴᠤ ᠶᠠᠪᠤᠬᠤ ᠪᠤᠶᠤ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠬᠢᠯᠢ ᠪᠠᠷ ᠭᠠᠷᠬᠤ ᠶᠢ | ᠴᠠᠭᠠᠵᠠᠯᠠᠭᠰᠠᠨ ᠳᠠᠩᠰᠠ ᠡᠪᠬᠡᠮᠡᠯ ᠪᠤᠶᠤ ᠲᠡᠭᠦᠨ ᠤ ᠪᠠᠭᠤᠯᠭᠠᠪᠤᠷᠢ ᠮᠠᠲ᠋ᠧᠷᠢᠶᠠᠯ ᠢ ᠬᠢᠯᠢ ᠠᠴᠠ ᠭᠠᠷᠭᠠᠭᠰᠠᠨ ᠪᠠᠶᠢᠪᠠᠯ᠂ | ᠪᠣᠭᠤᠮᠲᠠ ᠪᠤᠶᠤ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠳᠠᠮᠵᠢᠭᠤᠯᠬᠤ ᠶᠢ ᠨᠢ ᠬᠤᠷᠢᠶᠠᠨ ᠠᠪᠴᠤ | ᠲᠠᠰᠤᠯᠤᠨ᠂ ᠲᠡᠷᠡᠴᠢᠯᠡᠨ ᠨᠢᠭᠡᠴᠢ ᠶᠢ ᠨᠢ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ | ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠬᠤᠪᠢ ᠬᠥᠮᠦᠨ ᠢ ᠨᠢ ᠲᠠᠪᠤᠨ ᠵᠠᠭᠤᠨ ᠲᠥᠭᠦᠷᠢᠭ ᠠᠴᠠ | ᠳᠡᠭᠡᠭᠰᠢ ᠲᠠᠪᠤᠨ ᠮᠢᠩᠭᠠᠨ ᠲᠦᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠲᠡᠷᠡᠴᠢᠯᠡᠨ | ᠳᠠᠮᠵᠢᠭᠤᠯᠬᠤ ᠳᠠᠩᠰᠠ ᠡᠪᠬᠡᠮᠡᠯ ᠪᠤᠶᠤ ᠲᠡᠭᠦᠨ ᠤ ᠪᠠᠭᠤᠯᠭᠠᠪᠤᠷᠢ ᠮᠠᠲ᠋ᠧᠷᠢᠶᠠᠯ ᠢ ᠳᠠᠩᠰᠠ ᠡᠪᠬᠡᠮᠡᠯ ᠤᠨ ᠭᠤᠣᠯᠯᠠ | ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠶ᠃ | ᠲᠠᠪᠢᠨ ᠨᠢᠭᠡᠳᠦᠭᠡᠷ ᠵᠦᠢᠯ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠡᠳ᠋ ᠬᠦᠷᠦᠩᠭᠡ ᠳᠤ ᠬᠤᠬᠢᠷᠠᠯ | ᠤᠴᠠᠷᠠᠭᠤᠯᠤᠭᠰᠠᠨ ᠪᠤᠶᠤ ᠪᠤᠰᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ | ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ | | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | | ᠲᠠᠪᠢᠨ ᠬᠤᠶᠠᠳᠤᠭᠠᠷ ᠵᠦᠢᠯ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ | ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠩᠰᠠ ᠡᠪᠬᠡᠮᠡᠯ ᠤᠨ ᠠᠵᠢᠯ ᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠨ ᠬᠠᠮᠢᠶᠠᠷᠤᠯᠲᠠ ᠶᠢᠨ ᠠᠷᠭ᠎ᠠ | ᠲᠣᠭᠲᠠᠭᠠᠨ᠎ᠠ᠃ | ᠲᠠᠪᠢᠨ ᠭᠤᠷᠪᠠᠳᠤᠭᠠᠷ ᠵᠦᠢᠯ᠂ ᠲᠤᠰ ᠬᠠᠤᠯᠢ ᠶᠢ 2021 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ | ᠡᠪᠬᠡᠮᠡᠯ ᠤᠨ ᠬᠠᠤᠯᠢ︾ ᠶᠢᠨ ᠲᠠᠶᠢᠯᠤᠮᠵᠢ᠄ http://jtyst.nmg.gov. | cn/doc/2020/07/24/362538.shtml |