ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠢᠢᠳᠪᠦᠷᠢᠲᠦ | ᠪᠣᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠳᠦᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ | ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠤᠬᠠᠶ ᠳᠣᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠲᠣᠭᠲᠠᠭᠤᠨ ᠢᠶᠠᠷ ᠣᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠬᠤᠪᠢᠶᠠᠷᠢᠯᠠᠵᠤ᠂ ᠥᠭᠡᠷᠡᠴᠢᠯᠡᠯᠲᠡ | ᠪᠠᠷ ᠳᠠᠮᠵᠢᠨ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠲᠠᠢ ᠲᠣᠬᠢᠷᠠᠯᠴᠠᠭᠰᠠᠨ᠂ ᠤᠯᠤᠰ ᠤᠨ ᠵᠠᠰᠠᠯᠲᠠ ᠶᠢᠨ | ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠱᠠᠭᠠᠷᠳᠠᠯᠭ᠎ᠠ ᠲᠠᠢ ᠵᠣᠬᠢᠴᠠᠭᠰᠠᠨ | ᠬᠤᠪᠢᠶᠠᠷᠢᠯᠠᠯᠲᠠ ᠶᠢᠨ ᠬᠡᠪ ᠵᠠᠭᠪᠤᠷ ᠢ ᠪᠦᠷᠢᠯᠳᠦᠭᠦᠯᠵᠦ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠬᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠶᠢᠨ ᠲᠤᠰᠠᠳᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | ︵ᠬᠤᠶᠠᠷ︶ ᠦᠨᠳᠦᠰᠦᠨ ᠵᠠᠷᠴᠢᠮ᠃ | — ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠲᠥᠪ ᠤᠨ ᠰᠢᠢᠳᠪᠦᠷᠢᠲᠦ | ᠪᠣᠳᠣᠯᠭ᠎ᠠ ᠶᠢᠨ ᠲᠣᠭᠲᠠᠭᠠᠯ᠂ ᠣᠷᠣᠨ ᠨᠤᠲᠤᠭ ᠤᠨ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠭᠰᠡᠨ | ᠰᠠᠭᠤᠷᠢᠨ ᠳᠡᠭᠡᠷ᠎ᠡ᠂ ᠲᠥᠪ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡ ᠢ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠪᠣᠯᠤᠨ ᠴᠢᠳᠠᠪᠤᠷᠢ ᠶᠢ ᠵᠣᠬᠢᠰᠲᠠᠶ | ᠴᠢᠩᠭᠠᠳᠬᠠᠵᠤ᠂ ᠲᠥᠪ ᠤᠨ ᠡᠷᠬᠡ ᠣᠯᠭᠤᠭᠰᠠᠨ ᠬᠡᠪᠴᠢᠶᠡᠨ ᠳᠠᠬᠢ ᠣᠷᠣᠨ ᠨᠤᠲᠤᠭ ᠤᠨ ᠵᠠᠰᠠᠭ ᠤᠨ ᠣᠷᠳᠣᠨ ᠤ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠣᠷᠣᠨ | ᠪᠦᠰᠡ ᠶᠢᠨ ᠬᠠᠮᠢᠶᠠᠷᠤᠯᠲᠠ ᠶᠢᠨ ᠳᠠᠪᠠᠭᠤᠯᠢᠭ ᠪᠠ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠥᠭᠡᠷᠡᠴᠢᠯᠡᠯᠲᠡ | ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | — ᠠᠷᠠᠳ ᠲᠦᠮᠡᠨ ᠤ ᠵᠠᠮ ᠬᠠᠷᠢᠯᠴᠠᠭ᠎ᠠ ᠨᠢ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠨ᠎ᠠ᠃ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠡᠭᠦᠰᠦᠯᠲᠡ ᠪᠠ ᠵᠣᠭᠰᠣᠴᠠ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠦᠷᠢᠶᠡᠨ ᠳᠠᠬᠢ ᠬᠥᠭᠵᠢᠯᠲᠡ ᠶᠢᠨ ᠲᠡᠩᠴᠡᠭᠦᠷᠢ ᠦᠭᠡᠶ ᠭᠦᠢᠴᠡᠳ ᠦᠭᠡᠶ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | — ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣ ᠶᠢ | ᠵᠢᠷᠤᠮᠯᠠᠨ᠎ᠠ᠃ ᠠᠵᠢᠯ ᠲᠥᠷᠥᠯ ᠤᠨ ᠣᠨᠴᠠᠯᠢᠭ ᠢ ᠭᠦᠢᠴᠡᠳ ᠪᠣᠳᠣᠯᠬᠢᠯᠠᠵᠤ᠂ ᠠᠵᠢᠯᠯᠠᠭᠠᠨ ᠤ ᠪᠠᠶᠢᠳᠠᠯ ᠨᠢ ᠰᠠᠶᠢᠨ᠂ | ᠬᠠᠮᠢᠶᠠᠷᠤᠯᠲᠠ ᠨᠢ ᠪᠦᠲᠦᠮᠵᠢᠲᠡᠶ ᠪᠠ ᠠᠵᠢᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ | ᠵᠦᠢᠯᠡᠰ ᠢ ᠳ᠋ᠦᠩᠨᠡᠨ ᠨᠤᠲᠠᠯᠠᠵᠤ᠂ ᠠᠰᠠᠭᠤᠳᠠᠯ ᠣᠷᠣᠰᠢᠵᠤ ᠪᠠᠶᠢᠭ᠎ᠠ ᠵᠦᠢᠯᠡᠰ ᠢ ᠲᠣᠬᠢᠷᠠᠭᠤᠯᠤᠨ ᠲᠡᠭᠦᠯᠳᠡᠷᠵᠢᠭᠦᠯᠵᠦ | ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠬᠤᠶᠠᠷ᠂ ᠭᠤᠤᠯ ᠠᠭᠤᠯᠭ᠎ᠠ | ︽ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ | ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ︹ 2016 ︺ 49 ᠳ᠋ᠦ᠋ᠭᠡᠷ ᠲᠣᠭᠠᠲᠤ︶ ᠢ | ᠦᠨᠳᠦᠰᠦᠯᠡᠨ᠂ ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠤᠨ ᠣᠨᠴᠠᠯᠢᠭ ᠶᠣᠰᠤᠭᠠᠷ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ | ᠲᠡᠭᠡᠭᠡᠪᠦᠷᠢ᠂ ᠰᠢᠤᠳᠠᠨ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠵᠡᠷᠭᠡ ᠵᠢᠷᠭᠤᠭᠠᠨ ᠲᠠᠯ᠎ᠠ ᠶᠢᠨ ᠲᠥᠪ ᠪᠠ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠬᠡᠷᠡᠭᠲᠡᠶ᠃ | ︵ᠨᠢᠭᠡ︶ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ᠃ | 1. ᠵᠠᠰᠠᠮᠠᠯ ᠵᠠᠮ᠃ ︵1︶ ᠤᠯᠤᠰ ᠤᠨ ᠵᠠᠮ᠃ ᠲᠥᠪ ᠠᠴᠠ ᠤᠯᠤᠰ ᠤᠨ ᠵᠠᠮ ︵ᠤᠯᠤᠰ ᠤᠨ ᠳᠡᠭᠡᠳᠦ | ᠬᠤᠷᠳᠤ ᠶᠢᠨ ᠵᠠᠰᠠᠮᠠᠯ ᠵᠠᠮ ᠪᠠ ᠡᠩ ᠤᠨ ᠤᠯᠤᠰ ᠤᠨ ᠵᠠᠮ ᠪᠠᠭᠲᠠᠨ᠎ᠠ︶ ᠤᠨ ᠬᠤᠷᠸ᠎ᠠ ᠬᠠᠮᠢᠶᠠᠷᠤᠯᠲᠠ᠂ ᠲᠤᠰᠬᠠᠶ | ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ᠂ ᠵᠠᠮ ᠤᠨ | ᠲᠣᠣᠷ ᠤᠨ ᠠᠵᠢᠯᠯᠠᠭᠠᠨ ᠢ ᠬᠢᠨᠠᠨ ᠬᠡᠮᠵᠢᠬᠦ ᠪᠠ ᠵᠣᠬᠢᠴᠠᠭᠤᠯᠬᠤ ᠠᠵᠢᠯ ᠢ ᠡᠭᠦᠷᠭᠡᠯᠡᠵᠦ᠂ ᠤᠯᠤᠰ ᠤᠨ ᠳᠡᠭᠡᠳᠦ | ᠬᠤᠷᠳᠤ ᠶᠢᠨ ᠵᠠᠰᠠᠮᠠᠯ ᠵᠠᠮ ᠤᠨ ᠳᠣᠲᠣᠷ᠎ᠠ ᠲᠥᠪ ᠠᠴᠠ ᠬᠡᠰᠡᠭ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ | ᠬᠠᠷᠢᠭᠤᠴᠠᠵᠤ᠂ ᠡᠩ ᠤᠨ ᠤᠯᠤᠰ ᠤᠨ ᠵᠠᠮ ᠤᠨ ᠳᠣᠲᠣᠷ᠎ᠠ ᠲᠥᠪ ᠠᠴᠠ ᠬᠡᠰᠡᠭ ᠪᠦᠲᠦᠭᠡᠨ ᠪᠠᠶᠢᠭᠤᠯᠬᠤ᠂ | ᠬᠠᠮᠢᠶᠠᠷᠬᠤ ᠪᠠ ᠠᠷᠠᠴᠢᠯᠠᠨ ᠬᠠᠮᠠᠭᠠᠯᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃ ᠲᠥᠪ ᠠᠴᠠ | ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠥᠷᠥᠩᠭᠡ ᠮᠦᠩᠭᠦ ᠶᠢᠨ | ᠳᠣᠲᠣᠷᠠᠬᠢ ᠵᠣᠬᠢᠴᠠᠩᠭᠤᠶ ᠵᠠᠷᠤᠯᠭ᠎ᠠ ᠶᠢ ᠡᠭᠦᠷᠭᠡᠯᠡᠵᠦ᠂ ᠡᠩ ᠤᠨ ᠤᠯᠤᠰ ᠤᠨ ᠵᠠᠮ ᠤᠨ ᠪᠦᠲᠦᠭᠡᠨ ᠪᠠᠶᠢᠭᠤᠯᠬᠤ᠂ | ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠳᠣᠲᠤᠷ᠎ᠠ ᠬᠠᠷᠢᠭᠤᠴᠠᠬᠤ ᠵᠦᠢᠯᠡᠰ ᠤᠨ ᠵᠣᠬᠢᠴᠠᠩᠭᠤᠶ ᠵᠠᠷᠤᠯᠭ᠎ᠠ ᠶᠢ ᠲᠥᠪ | ᠠᠴᠠ ᠡᠭᠦᠷᠭᠡᠯᠡᠨ᠎ᠡ᠃ ︵2︶ ᠬᠢᠯᠢ ᠶᠢᠨ ᠭᠤᠤᠯ ᠤᠨ ᠬᠥᠭᠦᠷᠭᠡ᠃ ᠲᠥᠪ ᠠᠴᠠ ᠲᠤᠰᠬᠠᠶ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ | ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ | ᠵᠦᠢᠯᠡᠰ ᠢ ᠲᠥᠪ ᠠᠴᠠ ᠣᠷᠣᠨ ᠨᠤᠲᠤᠭ ᠲᠤ ᠨᠠᠶᠢᠳᠠᠨ ᠬᠡᠷᠡᠭᠵᠢᠭᠦᠯᠦᠨ᠎ᠡ᠃ ︵3︶ ᠬᠢᠯᠢ ᠶᠢᠨ ᠪᠣᠭᠤᠮᠲᠠ ᠶᠢᠨ | ᠮᠠᠰᠢᠨ ᠲᠡᠷᠭᠡᠨ ᠤ ᠬᠢᠯᠢ ᠪᠠᠷ ᠣᠷᠣᠵᠤ ᠭᠠᠷᠬᠤ ᠲᠡᠭᠡᠭᠡᠪᠦᠷᠢ ᠶᠢᠨ ᠬᠠᠮᠢᠶᠠᠷᠤᠯᠲᠠ᠃ ᠲᠥᠪ ᠠᠴᠠ ᠲᠤᠰᠬᠠᠶ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ | ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ᠠᠴᠠ ᠣᠷᠣᠨ ᠨᠤᠲᠤᠭ ᠲᠤ ᠨᠠᠶᠢᠳᠠᠨ ᠬᠡᠷᠡᠭᠵᠢᠭᠦᠯᠦᠨ᠎ᠡ᠃ ᠬᠢᠯᠢ | ᠶᠢᠨ ᠭᠤᠤᠯ ᠤᠨ ᠬᠥᠭᠦᠷᠭᠡ᠂ ᠬᠢᠯᠢ ᠶᠢᠨ ᠪᠣᠭᠤᠮᠲᠠ ᠶᠢᠨ ᠮᠠᠰᠢᠨ ᠲᠡᠷᠭᠡᠨ ᠤ ᠬᠢᠯᠢ ᠪᠠᠷ ᠣᠷᠣᠵᠤ ᠭᠠᠷᠬᠤ | ᠲᠡᠭᠡᠭᠡᠪᠦᠷᠢ ᠶᠢᠨ ᠬᠠᠮᠢᠶᠠᠷᠤᠯᠲᠠ ᠳᠤ ᠲᠥᠪ ᠠᠴᠠ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | 2. ᠤᠰᠤᠨ ᠵᠠᠮ᠃ ︵1︶ ᠬᠥᠬᠡᠮᠥ᠋ᠷᠡᠨ ᠤ ᠭᠤᠤᠯ ᠱᠤᠭᠤᠮ ᠤᠨ ᠠᠶᠠᠯᠠᠯ ᠤᠨ ᠵᠠᠮ᠃ ᠲᠥᠪ ᠠᠴᠠ | ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ | ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ᠠᠴᠠ ᠬᠡᠷᠡᠭᠵᠢᠭᠦᠯᠦᠨ᠎ᠡ᠃ ︵2︶ ᠰᠢᠵᠢᠶᠠᠩ ᠮᠥᠷᠡᠨ ᠤ ᠤᠰᠤᠨ | ᠵᠠᠮ ᠤᠨ ᠲᠡᠭᠡᠭᠡᠪᠦᠷᠢ ᠶᠢᠨ ᠭᠤᠣᠯ ᠱᠤᠭᠤᠮ᠃ ᠲᠥᠪ ᠠᠴᠠ ᠲᠤᠰᠬᠠᠶ ᠲᠥᠯᠥᠪᠵᠢᠭᠦᠯᠪᠡ᠂ ᠲᠥᠷᠥ ᠶᠢᠨ | ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ | ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ | ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠵᠡᠵᠦ᠂ ᠠᠯᠬᠤᠮ ᠠᠯᠬᠤᠮ ᠢᠶᠠᠷ ᠲᠥᠪ ᠠᠴᠠ ᠬᠡᠷᠡᠭᠵᠢᠭᠦᠯᠦᠨ᠎ᠡ︔ | ᠥᠭᠡᠷᠡᠴᠢᠯᠡᠯᠲᠡ ᠶᠢ ᠪᠣᠳᠠᠲᠠᠶᠢᠵᠢᠭᠤᠯᠬᠤ ᠠᠴᠠ ᠡᠮᠦᠨ᠎ᠡ᠂ ᠣᠳᠣ ᠶᠢᠨ ᠬᠡᠷᠡᠭᠵᠢᠭᠦᠯᠵᠦ ᠪᠦᠬᠦᠢ ᠬᠠᠮᠢᠶᠠᠷᠤᠯᠲᠠ ᠶᠢᠨ | ᠪᠠᠶᠢᠭᠤᠯᠤᠯ ᠤᠨ ᠶᠣᠰᠣᠭᠠᠷ ᠬᠡᠷᠡᠭᠵᠢᠭᠦᠯᠦᠨ᠎ᠡ᠃ ︵3︶ ᠤᠯᠤᠰ ᠤᠨ ᠬᠢᠯᠢ᠂ ᠣᠯᠠᠨ ᠤᠯᠤᠰ ᠤᠨ ᠠᠶᠠᠯᠠᠯ | ᠨᠡᠪᠲᠡᠷᠡᠬᠦ ᠭᠤᠤᠯ ᠮᠥᠷᠡᠨ ᠤ ᠠᠶᠠᠯᠠᠯ ᠤᠨ ᠵᠠᠮ᠃ ᠲᠥᠪ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ | ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ ︵ᠤᠰᠤᠨ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ | ᠪᠠᠭᠲᠠᠨ᠎ᠠ︶᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ᠠᠴᠠ ᠬᠡᠷᠡᠭᠵᠢᠭᠦᠯᠬᠦ ᠪᠤᠶᠤ ᠣᠷᠣᠨ | ᠨᠤᠲᠤᠭ ᠲᠤ ᠨᠠᠶᠢᠳᠠᠨ ᠬᠡᠷᠡᠭᠵᠢᠭᠦᠯᠦᠨ᠎ᠡ᠃ ︵4︶ ᠲᠥᠪ ᠠᠴᠠ ᠬᠠᠮᠢᠶᠠᠷᠴᠤ ᠪᠦᠬᠦᠢ ᠤᠰᠤᠨ ᠣᠷᠣᠨ ᠤ ᠤᠰᠤᠨ | ᠳᠡᠭᠡᠷᠡᠬᠢ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠵᠤ | ᠱᠦᠭᠦᠬᠦ᠃ ᠲᠥᠪ ᠠᠴᠠ ᠲᠤᠰᠬᠠᠶ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ | ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ᠠᠴᠠ | ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠤᠰᠤᠨ ᠵᠠᠮ ᠤᠨ ᠬᠦᠷᠢᠶᠡᠨ ᠳᠠᠬᠢ ᠵᠦᠢᠯᠡᠰ ᠲᠤ ᠲᠥᠪ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 3. ᠲᠡᠮᠦᠷ ᠵᠠᠮ᠃ ︵1︶ ᠬᠤᠷᠸ᠎ᠠ ᠬᠠᠮᠢᠶᠠᠷᠤᠯᠲᠠ᠃ ᠲᠥᠪ ᠠᠴᠠ ᠪᠦᠬᠦ ᠤᠯᠤᠰ ᠤᠨ ᠲᠡᠮᠦᠷ ᠵᠠᠮ ᠤᠨ | ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ᠂ ᠵᠠᠮ ᠤᠨ | ᠲᠣᠤᠷ ᠢ ᠨᠢᠭᠡᠳᠦᠯᠲᠡᠶ ᠲᠣᠬᠢᠷᠠᠭᠤᠯᠬᠤ ᠪᠠ ᠬᠠᠮᠢᠶᠠᠷᠬᠤ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ︵2︶ | ᠲᠥᠪ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠲᠡᠮᠦᠷ ᠵᠠᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠡᠢ | ᠲᠡᠭᠡᠭᠡᠪᠦᠷᠢ᠃ ᠲᠥᠪ ᠠᠴᠠ ᠵᠣᠬᠢᠴᠠᠩᠭᠤᠶ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ | ᠬᠡᠷᠡᠭᠵᠢᠭᠦᠯᠬᠦ ᠵᠦᠢᠯᠡᠰ ᠢ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠠᠴᠠ ᠬᠡᠷᠡᠭᠵᠢᠭᠦᠯᠦᠨ᠎ᠡ᠃ ︵3︶ | ᠪᠤᠰᠤᠳ ᠵᠦᠢᠯ ᠤᠳ᠃ ᠲᠥᠪ ᠠᠴᠠ ᠤᠯᠤᠰ ᠵᠢᠴᠢ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠪᠠ ᠲᠡᠮᠦᠷ | ᠵᠠᠮ ᠤᠨ ᠲᠡᠭᠡᠭᠡᠪᠦᠷᠢ ᠶᠢ ᠲᠤᠬᠢᠷᠠᠭᠤᠯᠤᠨ ᠵᠢᠯᠣᠭᠤᠳᠬᠤ ᠠᠵᠢᠯ ᠢ ᠡᠭᠦᠷᠭᠡᠯᠡᠵᠦ᠂ ᠤᠯᠤᠰ ᠤᠨ ᠲᠡᠮᠦᠷ ᠵᠠᠮ᠂ | ᠤᠯᠤᠰ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠪᠡᠯᠡ ᠨᠡᠶᠢᠯᠡᠭᠦᠯᠦᠭᠰᠡᠨ ᠲᠡᠮᠦᠷ ᠵᠠᠮ ᠤᠨ | ᠠᠮᠤᠷ ᠲᠦᠪᠰᠢᠨ ᠤ ᠬᠠᠮᠠᠭᠠᠯᠠᠯᠲᠠ᠂ ᠲᠡᠮᠦᠷ ᠵᠠᠮ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ | ᠪᠠᠶᠢᠴᠠᠭᠠᠨ ᠰᠢᠢᠳᠪᠦᠷᠢᠯᠡᠬᠦ᠂ ᠲᠡᠮᠦᠷ ᠵᠠᠮ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠬᠢᠵᠢᠭ ᠪᠠᠶᠢᠴᠠᠭᠠᠬᠤ | ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠲᠡᠮᠦᠷ ᠵᠠᠮ ᠤᠨ ᠠᠵᠢᠯ ᠲᠥᠷᠥᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠡᠭᠦᠷᠭᠡ ᠬᠠᠷᠢᠭᠤᠴᠠᠯᠭ᠎ᠠ ᠶᠢ ᠪᠣᠳᠠᠲᠠᠶ ᠬᠠᠮᠢᠶᠠᠷᠤᠨ᠎ᠠ | ᠃ ᠳᠡᠭᠡᠷ᠎ᠡ ᠳᠤᠷᠠᠳᠤᠭᠰᠠᠨ ᠲᠡᠮᠦᠷ ᠵᠠᠮ ᠤᠨ ᠬᠦᠷᠢᠶᠡᠨ ᠳᠠᠬᠢ ᠵᠦᠢᠯᠡᠰ ᠲᠤ ᠲᠥᠪ ︵ᠲᠥᠪ ᠤᠨ ᠠᠵᠤ ᠠᠬᠤᠶᠢᠯᠠᠯ | ᠪᠠᠭᠲᠠᠨ᠎ᠠ︶ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 4. ᠠᠷᠠᠳ ᠤᠨ ᠠᠭᠠᠷ ᠤᠨ ᠠᠶᠠᠯᠠᠯ᠃ ︵1︶ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ᠃ ᠲᠥᠪ | ᠠᠴᠠ ᠲᠤᠰᠬᠠᠶ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ᠠᠴᠠ ᠬᠡᠷᠡᠭᠵᠢᠭᠦᠯᠦᠨ᠎ᠡ᠃ ︵ | 2︶ ᠠᠷᠠᠳ ᠤᠨ ᠠᠭᠠᠷ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ᠃ ᠲᠥᠪ ᠠᠴᠠ ᠲᠥᠷᠥ ᠶᠢᠨ | ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ | ᠬᠡᠷᠡᠭᠵᠢᠭᠦᠯᠬᠦ ᠵᠦᠢᠯᠡᠰ ᠢ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠠᠴᠠ ᠬᠡᠷᠡᠭᠵᠢᠭᠦᠯᠦᠨ᠎ᠡ᠃ ︵3︶ | ᠲᠤᠰᠬᠠᠶ ᠵᠦᠢᠯ ᠤᠨ ᠡᠭᠦᠷᠭᠡ ᠶᠢᠨ ᠨᠢᠰᠬᠡᠯ ᠤᠨ ᠠᠩᠭᠢ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ᠃ | ᠲᠥᠪ ᠠᠴᠠ ᠵᠣᠬᠢᠴᠠᠩᠭᠤᠶ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ | ᠵᠦᠢᠯᠡᠰ ᠢ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠠᠴᠠ ᠬᠡᠷᠡᠭᠵᠢᠭᠦᠯᠦᠨ᠎ᠡ᠃ ︵4︶ ᠴᠢᠬᠤᠯᠠ ᠶᠡᠭᠡ | ᠪᠠ ᠪᠠᠴᠢᠮ ᠠᠭᠠᠷ ᠤᠨ ᠲᠡᠭᠡᠭᠡᠪᠦᠷᠢ᠃ ᠲᠥᠪ ᠠᠴᠠ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ | ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ︵ᠲᠥᠪ | ᠤᠨ ᠠᠵᠤ ᠠᠬᠤᠶᠢᠯᠠᠯ ᠪᠠᠭᠲᠠᠨ᠎ᠠ︶ ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ | ᠲᠡᠭᠡᠭᠡᠪᠦᠷᠢ ᠶᠢᠨ ᠬᠦᠷᠢᠶᠡᠨ ᠳᠠᠬᠢ ᠵᠦᠢᠯᠡᠰ ᠲᠤ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 5. ᠰᠢᠦᠳᠠᠨ᠃ ︵1︶ ᠰᠢᠤᠳᠠᠨ ᠤ ᠲᠦᠭᠡᠮᠡᠯ ᠦᠢᠯᠡᠴᠢᠯᠡᠭᠡ ᠪᠠ ᠣᠨᠴᠠᠭᠠᠢ ᠦᠢᠯᠡᠴᠢᠯᠡᠭᠡᠨ ᠤ ᠭᠤᠤᠯ | ᠪᠣᠯᠬᠤ ᠰᠦᠯᠵᠢᠶ᠎ᠡ᠃ ᠲᠥᠪ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ | ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠬᠠᠮᠠᠭᠠᠯᠠᠬᠤ᠂ | ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ | ︶ ᠠᠴᠠ ᠬᠡᠷᠡᠭᠵᠢᠭᠦᠯᠦᠨ᠎ᠡ᠃ ︵2︶ ᠰᠢᠤᠳᠠᠨ ᠤ ᠵᠦᠢᠯ ᠪᠠ ᠲᠦᠷᠭᠡᠨ ᠬᠦᠷᠭᠡᠬᠦ ᠵᠦᠢᠯ ᠤᠨ ᠬᠢᠯᠢ ᠪᠠᠷ | ᠣᠷᠣᠭᠤᠯᠵᠤ ᠭᠠᠷᠭᠠᠬᠤ ᠲᠥᠬᠦᠭᠡᠷᠦᠮᠵᠢ᠃ ᠲᠥᠪ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ | ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ | ᠪᠠᠶᠢᠭᠤᠯᠬᠤ᠂ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ︵ | ᠲᠥᠪ ᠤᠨ ᠠᠵᠤ ᠠᠬᠤᠶᠢᠯᠠᠯ ᠪᠠᠭᠲᠠᠨ᠎ᠠ︶ ᠠᠴᠠ ᠬᠡᠷᠡᠭᠵᠢᠭᠦᠯᠬᠦ ᠪᠤᠶᠤ ᠣᠷᠣᠨ ᠨᠤᠲᠤᠭ ᠲᠤ ᠨᠠᠶᠢᠳᠠᠨ | ᠬᠡᠷᠡᠭᠵᠢᠭᠦᠯᠦᠨ᠎ᠡ᠃ ︵3︶ ᠪᠤᠰᠤᠳ ᠵᠦᠢᠯ ᠤᠳ᠃ ᠲᠥᠪ ᠠᠴᠠ ᠰᠢᠤᠳᠠᠨ ᠬᠤᠯᠪᠣᠭ᠎ᠠ ᠪᠣᠯᠤᠨ ᠮᠡᠳᠡᠭᠡ ᠵᠠᠩᠭᠢ | ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠳᠡᠭᠡᠷ᠎ᠡ | ᠳᠤᠷᠠᠳᠤᠭᠰᠠᠨ ᠰᠢᠤᠳᠠᠨ ᠤ ᠬᠦᠷᠢᠶᠡᠨ ᠳᠠᠬᠢ ᠵᠦᠢᠯᠡᠰ ᠲᠤ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ | ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠡᠭᠦᠨ ᠠᠴᠠ ᠭᠠᠳᠠᠨ᠎ᠠ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ | ᠰᠢᠤᠳᠠᠨ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠷᠢᠶᠡᠨ ᠳᠠᠬᠢ ᠲᠥᠪ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ᠂ ᠲᠥᠪ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠭᠤᠤᠯᠳᠠᠭᠤ ᠬᠠᠮᠢᠶ᠎ᠠ ᠪᠦᠬᠦᠢ ᠬᠦᠷᠢᠶ᠎ᠡ ᠬᠡᠪᠴᠢᠶᠡᠨ ᠳᠤ | ᠲᠥᠪ ᠠᠴᠠ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ | ᠥᠷᠨᠢᠭᠦᠯᠦᠭᠰᠡᠨ ᠪᠦᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠ ᠪᠠᠷᠠᠯᠠᠯᠲᠤ ᠴᠢᠨᠠᠷᠲᠠᠶ | ᠴᠢᠬᠤᠯᠠ ᠶᠡᠭᠡ ᠠᠰᠠᠭᠤᠳᠠᠯ ᠤᠨ ᠰᠣᠳᠤᠯᠤᠯ ᠪᠠᠭᠲᠠᠵᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠲᠥᠯᠥᠪᠵᠢᠭᠦᠯᠪᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠬᠢᠭᠡᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠲᠣᠭᠲᠠᠭᠠᠵᠤ᠂ ᠰᠠᠭᠤᠷᠢ ᠲᠥᠷᠥᠯ᠂ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠤᠯᠤᠰ ᠵᠢᠴᠢ | ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠠᠵᠢᠯ | ᠲᠥᠷᠥᠯ ᠤᠨ ᠲᠤᠭ᠎ᠠ ᠪᠦᠷᠢᠳᠬᠡᠯ ᠬᠢᠭᠡᠳ ᠠᠵᠢᠯᠯᠠᠭᠠᠨ ᠤ ᠬᠢᠨᠠᠨ ᠬᠡᠮᠵᠢᠯᠲᠡ᠂ ᠣᠯᠠᠨ ᠤᠯᠤᠰ ᠤᠨ ᠬᠠᠮᠲᠤᠷᠠᠯᠴᠠᠭ᠎ᠠ | ᠵᠡᠷᠭᠡ ᠵᠦᠢᠯᠡᠰ ᠢ ᠥᠷᠨᠢᠭᠦᠯᠦᠨ᠎ᠡ᠃ | ︵ᠬᠤᠶᠠᠷ︶ ᠲᠥᠪ ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ᠃ | 1. ᠵᠠᠰᠠᠮᠠᠯ ᠵᠠᠮ᠃ ︵1︶ ᠤᠯᠤᠰ ᠤᠨ ᠲᠠᠰ ᠤᠨ ᠪᠣᠭᠤᠮᠲᠠ ᠶᠢᠨ ᠵᠠᠰᠠᠮᠠᠯ ᠵᠠᠮ᠃ ᠲᠥᠪ ᠠᠴᠠ ᠲᠤᠰᠬᠠᠶ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ | ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠣᠷᠣᠨ ᠨᠤᠲᠤᠭ ᠠᠴᠠ ᠬᠡᠷᠡᠭᠵᠢᠭᠦᠯᠦᠨ᠎ᠡ᠃ ︵2︶ ᠤᠯᠤᠰ ᠤᠨ ᠣᠷᠣᠨ | ᠪᠦᠰᠡ ᠶᠢᠨ ᠴᠢᠨᠠᠷᠲᠠᠶ ᠵᠠᠰᠠᠮᠠᠯ ᠵᠠᠮ ᠤᠨ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ | ᠶᠢᠨ ᠨᠥᠭᠡᠴᠡ᠃ ᠲᠥᠪ ᠠᠴᠠ ᠲᠤᠰᠬᠠᠶ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ | ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ ᠣᠷᠣᠨ | ᠨᠤᠲᠤᠭ ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠵᠠᠰᠠᠮᠠᠯ ᠵᠠᠮ ᠤᠨ ᠬᠦᠷᠢᠶᠡᠨ ᠳᠠᠬᠢ ᠵᠦᠢᠯᠡᠰ ᠲᠤ ᠲᠥᠪ | ᠪᠣᠯᠤᠨ ᠣᠷᠣᠨ ᠨᠤᠲᠤᠭ ᠬᠠᠮᠲᠤᠪᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 2. ᠤᠰᠤᠨ ᠵᠠᠮ᠃ ︵1︶ ᠵᠢᠩ ᠬᠠᠩ ᠲᠠᠲᠠᠮᠠᠯ ᠭᠤᠤᠯ ᠵᠢᠴᠢ ᠪᠤᠰᠤᠳ ᠳᠣᠲᠣᠭᠠᠳᠤ ᠭᠤᠤᠯ ᠤᠨ | ᠳᠡᠭᠡᠳᠦ ᠲᠠᠰ ᠤᠨ ᠠᠶᠠᠯᠠᠯ ᠤᠨ ᠵᠠᠮ᠃ ᠲᠥᠪ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ ᠪᠠᠶᠢᠭᠤᠯᠬᠤ᠂ | ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠣᠷᠣᠨ | ᠨᠤᠲᠤᠭ ᠠᠴᠠ ᠬᠡᠷᠡᠭᠵᠢᠭᠦᠯᠦᠨ᠎ᠡ᠃ ︵2︶ ᠲᠠᠯᠠᠢ ᠳᠠᠭᠠᠤ ᠭᠠᠷᠠᠮ ᠤᠨ ᠤᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ᠃ ᠲᠥᠪ ᠠᠴᠠ ᠲᠠᠯᠠᠢ ᠳᠠᠭᠠᠤ ᠭᠠᠷᠠᠮ ᠤᠨ ᠲᠤᠰᠬᠠᠶ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ | ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠠᠯᠠᠢ ᠳᠠᠭᠠᠤ | ᠭᠠᠷᠠᠮ ᠤᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ | ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠣᠷᠣᠨ ᠨᠤᠲᠤᠭ ᠠᠴᠠ ᠬᠡᠷᠡᠭᠵᠢᠭᠦᠯᠦᠨ᠎ᠡ᠃ ︵ | 3︶ ᠳᠠᠯᠠᠢ ᠳᠡᠭᠡᠷ᠎ᠡ ᠲᠤᠰᠦ ᠪᠢᠯᠬᠠᠵᠤ ᠭᠠᠷᠤᠭᠰᠠᠨ ᠬᠦᠨᠳᠦ ᠶᠡᠭᠡ ᠪᠠᠴᠢᠮ ᠪᠠᠶᠢᠳᠠᠯ ᠢ ᠠᠷᠠᠭᠠᠴᠠᠭᠠᠨ ᠰᠢᠢᠳᠪᠦᠷᠢᠯᠡᠬᠦ | ᠪᠠ ᠳᠠᠯᠠᠢ ︵ᠤᠰᠤ︶ ᠳᠡᠭᠡᠷ᠎ᠡ ᠠᠴᠠ ᠡᠷᠢᠵᠦ ᠠᠪᠤᠷᠠᠬᠤ᠃ ᠲᠥᠪ ᠠᠴᠠ ᠲᠦᠷᠦ ᠶᠢᠨ ᠪᠤᠳᠤᠯᠭ᠎ᠠ ᠶᠢᠨ ᠲᠣᠭᠲᠠᠭᠠᠯ᠂ | ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ | ᠲᠥᠪ ᠪᠠ ᠣᠷᠣᠨ ᠨᠤᠲᠤᠭ ᠬᠠᠮᠲᠤᠪᠡᠷ ᠬᠡᠷᠡᠭᠵᠢᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ | ᠵᠣᠬᠢᠶᠠᠨ ᠪᠠᠶᠢᠭᠤᠯᠬᠤ ᠴᠢᠳᠠᠪᠤᠷᠢ ᠴᠢᠩᠭ᠎ᠠ᠂ ᠦᠨᠳᠦᠰᠦᠨ ᠱᠠᠲᠤᠨ ᠳᠤ ᠣᠶᠢᠷᠠᠳᠬᠤ᠂ ᠮᠡᠳᠡᠭᠡ ᠵᠠᠩᠭᠢ ᠣᠯᠬᠤ ᠳᠤ | ᠳᠥᠭᠦᠮ ᠳᠠᠪᠠᠭᠤᠯᠢᠭ ᠢ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠠᠶ ᠳᠡᠭᠡᠷ᠎ᠡ ᠲᠣᠰᠣ | ᠪᠢᠯᠬᠠᠵᠤ ᠭᠠᠷᠤᠭᠰᠠᠨ ᠬᠦᠨᠳᠦ ᠶᠡᠭᠡ ᠪᠠᠴᠢᠮ ᠪᠠᠶᠢᠳᠠᠯ ᠢ ᠠᠷᠠᠭᠠᠴᠠᠭᠠᠨ ᠰᠢᠢᠳᠪᠦᠷᠢᠯᠡᠬᠦ ᠪᠠ ᠳᠠᠯᠠᠶ ︵ᠤᠰᠤ︶ | ᠳᠡᠭᠡᠷ᠎ᠡ ᠠᠴᠠ ᠡᠷᠢᠵᠦ ᠠᠪᠤᠷᠠᠬᠤ ᠲᠠᠯ᠎ᠠ ᠪᠠᠷ ᠬᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠬᠤ | ᠬᠡᠷᠡᠭᠲᠡᠶ᠃ ︵4︶ ᠤᠰᠤᠨ ᠲᠡᠭᠡᠭᠡᠪᠦᠷᠢ ᠶᠢᠨ ᠪᠣᠬᠢᠷᠲᠤᠯ ᠦᠭᠡᠢ ᠬᠥᠭᠵᠢᠯᠲᠡ᠃ ᠲᠥᠪ ᠠᠴᠠ ᠲᠤᠰᠬᠠᠶ | ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ ᠣᠷᠣᠨ ᠨᠤᠲᠤᠭ ᠠᠴᠠ ᠬᠡᠷᠡᠭᠵᠢᠭᠦᠯᠦᠨ᠎ᠡ᠃ | ᠳᠡᠭᠡᠷ᠎ᠡ ᠳᠤᠷᠠᠳᠤᠭᠰᠠᠨ ᠤᠰᠤᠨ ᠵᠠᠮ ᠤᠨ ᠬᠦᠷᠢᠶᠡᠨ ᠳᠠᠬᠢ ᠵᠦᠢᠯᠡᠰ ᠲᠤ ᠲᠥᠪ ᠪᠠ ᠣᠷᠣᠨ ᠨᠤᠲᠤᠭ ᠠᠴᠠ | ᠬᠠᠮᠲᠤᠪᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 3. ᠲᠡᠮᠦᠷ ᠵᠠᠮ᠃ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠬᠢᠭᠡᠳ ᠣᠷᠣᠨ ᠨᠤᠲᠤᠭ ᠠᠴᠠ | ᠭᠤᠣᠯ ᠱᠤᠭᠤᠮ ᠤᠨ ᠲᠡᠮᠦᠷ ᠵᠠᠮ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ | ᠬᠠᠮᠲᠤᠪᠡᠷ ᠡᠭᠦᠷᠭᠡᠯᠡᠵᠦ᠂ ᠡᠭᠦᠨ ᠳᠤ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ | ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠪᠠᠭᠲᠠᠵᠤ᠂ ᠡᠭᠦᠨ ᠳᠤ ᠭᠤᠤᠯ ᠱᠤᠭᠤᠮ ᠤᠨ ᠲᠡᠮᠦᠷ ᠵᠠᠮ ᠤᠨ ᠡᠵᠡᠩᠨᠡᠯᠲᠡ | ᠬᠠᠮᠢᠶᠠᠷᠤᠯᠲᠠ ᠶᠢ ᠲᠥᠪ ᠤᠨ ᠠᠵᠤ ᠠᠬᠤᠶᠢᠯᠠᠯ ᠠᠴᠠ ᠬᠠᠷᠢᠭᠤᠴᠠᠨ ᠬᠡᠷᠡᠭᠵᠢᠭᠦᠯᠦᠨ᠎ᠡ᠃ ᠲᠥᠪ ︵ᠲᠥᠪ ᠤᠨ | ᠠᠵᠤ ᠠᠬᠤᠶᠢᠯᠠᠯ ᠪᠠᠭᠲᠠᠨ᠎ᠠ︶ ᠪᠣᠯᠤᠨ ᠣᠷᠣᠨ ᠨᠤᠲᠤᠭ ᠠᠴᠠ ᠬᠠᠮᠲᠤᠪᠡᠷ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | 4. ᠠᠷᠠᠳ ᠤᠨ ᠠᠭᠠᠷ ᠤᠨ ᠲᠡᠭᠡᠭᠡᠪᠦᠷᠢ᠃ ᠲᠥᠪ ᠪᠣᠯᠤᠨ ᠣᠷᠣᠨ ᠨᠤᠲᠤᠭ ᠠᠴᠠ ᠬᠠᠮᠲᠤᠪᠠᠷ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ᠡᠭᠦᠨ ᠳᠤ᠂ ᠲᠥᠪ ᠠᠴᠠ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠠᠶᠢᠷᠢᠯᠠᠭᠤᠯᠤᠯᠲᠠ᠂ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠬᠠᠮᠢᠶ᠎ᠠ ᠪᠥᠬᠦᠶ ᠬᠢᠨᠠᠨ | ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ | ᠲᠣᠪᠴᠢᠶ᠎ᠠ ᠠᠴᠠ ᠰᠢᠭᠤᠳ ᠬᠠᠮᠢᠶᠠᠷᠴᠤ ᠪᠠᠶᠢᠭ᠎ᠠ ᠪᠡᠭᠡᠵᠢᠩ ᠤᠨ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ | ᠪᠠᠭᠤᠳᠠᠯ᠂ ᠪᠡᠭᠡᠵᠢᠩ ᠤᠨ ᠳ᠋ᠠᠰᠢᠩ ᠣᠯᠠᠨ ᠤᠯᠤᠰ ᠤᠨ ᠨᠢᠰᠬᠡᠯ ᠤᠨ ᠪᠠᠭᠤᠳᠠᠯ᠂ ᠲᠢᠶᠠᠨᠵᠢᠨ ᠤ ᠨᠢᠰᠬᠡᠯ ᠤᠨ | ᠪᠠᠭᠤᠳᠠᠯ᠂ ᠲᠥᠪᠡᠳ ᠤᠨ ᠣᠷᠣᠨ ᠤ ᠳᠣᠲᠣᠷᠠᠬᠢ ᠨᠢᠰᠬᠡᠯ ᠤᠨ ᠪᠠᠭᠤᠳᠠᠯ᠂ ᠯᠦᠸᠧᠶᠠᠩ ᠨᠢᠰᠬᠡᠯ ᠤᠨ ᠪᠠᠭᠤᠳᠠᠯ ᠤᠨ | ᠪᠥᠲᠥᠭᠡᠨ ᠪᠠᠶᠢᠭᠤᠯᠬᠤ᠂ ᠬᠠᠮᠠᠭᠠᠯᠠᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ︵ᠲᠥᠪ ᠤᠨ | ᠠᠵᠤ ᠠᠬᠤᠶᠢᠯᠠᠯ ᠪᠠᠭᠲᠠᠨ᠎ᠠ︶ ᠠᠴᠠ ᠬᠠᠷᠢᠭᠤᠴᠠᠨ ᠬᠡᠷᠡᠭᠵᠢᠭᠦᠯᠦᠨ᠎ᠡ ᠭᠡᠵᠦ ᠲᠥᠷᠥ ᠶᠢᠨ ᠶᠠᠪᠤᠳᠠᠯ ᠤᠨ ᠬᠤᠷᠢᠶ᠎ᠠ | ᠠᠴᠠ ᠲᠣᠳᠣᠷᠬᠠᠶ ᠲᠣᠭᠲᠠᠭᠠᠪᠠ︔ ᠣᠷᠣᠨ ᠨᠤᠲᠤᠭ ᠤᠨ ᠬᠢᠨ ᠪᠦᠬᠦ ᠤᠯᠤᠰ ᠤᠨ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠪᠠᠶᠢᠷᠢᠯᠠᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ᠂ ᠪᠦᠲᠦᠭᠡᠨ ᠪᠠᠶᠢᠭᠤᠯᠬᠤ᠂ ᠡᠵᠡᠩᠨᠡᠬᠦ᠂ | ᠨᠢᠰᠬᠡᠯ ᠤᠨ ᠪᠠᠭᠤᠳᠠᠯ ᠤᠨ ᠳᠣᠲᠣᠭᠠᠳᠤ ᠶᠢ ᠬᠠᠮᠠᠭᠠᠯᠠᠬᠤ ᠵᠡᠷᠭᠡ ᠪᠣᠳᠠᠲᠠᠶ ᠵᠦᠢᠯᠡᠰ ᠢ ᠬᠡᠷᠡᠭᠵᠢᠭᠦᠯᠬᠦ ᠶᠢ | ᠬᠠᠷᠢᠭᠤᠴᠠᠨ᠎ᠠ᠃ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠪᠣᠯᠤᠨ ᠣᠷᠣᠨ ᠨᠤᠲᠤᠭ ᠠᠴᠠ ᠬᠠᠮᠲᠤᠪᠡᠷ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 5. ᠰᠢᠦᠳᠠᠨ᠃ ︵1︶ ᠰᠢᠤᠳᠠᠨ ᠤ ᠦᠢᠯᠡᠰ ᠤᠨ ᠠᠶᠤᠯᠭᠦᠢ ᠶᠢᠨ ᠬᠠᠮᠢᠶᠠᠷᠤᠯᠲᠠ ᠪᠠ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ᠃ ᠲᠥᠪ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ | ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ | ︵ᠲᠥᠪ ᠤᠨ ᠠᠵᠤ ᠠᠬᠤᠶᠢᠯᠠᠯ ᠪᠠᠭᠲᠠᠨ᠎ᠠ︶ ᠪᠣᠯᠤᠨ ᠣᠷᠣᠨ ᠨᠤᠲᠤᠭ ᠠᠴᠠ ᠬᠠᠮᠲᠤᠪᠡᠷ ᠬᠡᠷᠡᠭᠵᠢᠭᠦᠯᠦᠨ᠎ᠡ᠃ ︵2 | ︶ ᠪᠤᠰᠤᠳ ᠰᠢᠦᠳᠠᠨ ᠤ ᠣᠯᠠᠨ ᠨᠡᠶᠢᠲᠡ ᠶᠢᠨ ᠦᠢᠯᠡᠴᠢᠯᠡᠭᠡ᠃ ᠲᠥᠪ ᠠᠴᠠ ᠲᠤᠰᠬᠠᠶ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ | ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠪᠣᠯᠤᠨ ᠣᠷᠣᠨ | ᠨᠤᠲᠤᠭ ᠠᠴᠠ ᠬᠠᠮᠲᠤᠪᠡᠷ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠰᠢᠤᠳᠠᠨ ᠤ ᠬᠦᠷᠢᠶᠡᠨ ᠤ ᠵᠦᠢᠯᠡᠰ ᠢ ᠲᠥᠪ | ︵ᠲᠥᠪ ᠤᠨ ᠠᠵᠤ ᠠᠬᠤᠶᠢᠯᠠᠯ ᠪᠠᠭᠲᠠᠨ᠎ᠠ︶ ᠪᠣᠯᠤᠨ ᠣᠷᠣᠨ ᠨᠤᠲᠤᠭ ᠬᠠᠮᠲᠤᠪᠡᠷ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | 6. ᠶᠡᠷᠦᠩᠬᠡᠶᠢᠯᠡᠭᠰᠡᠨ ᠵᠠᠮ ᠬᠠᠷᠢᠯᠴᠠᠭ᠎ᠠ᠃ ︵1︶ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ᠂ | ᠪᠦᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠬᠢᠭᠡᠳ ᠲᠥᠪᠯᠡᠷᠡᠭᠦᠯᠦᠨ ᠲᠠᠷᠬᠠᠭᠠᠬᠤ | ᠲᠡᠭᠡᠭᠡᠪᠦᠷᠢ ᠶᠢᠨ ᠰᠢᠰᠲ᠋ᠧᠮᠵᠢ᠃ ᠲᠥᠪ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ ᠪᠠᠶᠢᠭᠤᠯᠬᠤ᠂ | ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠲᠥᠪ ︵ᠲᠥᠪ ᠤᠨ | ᠠᠵᠤ ᠠᠬᠤᠶᠢᠯᠠᠯ ᠪᠠᠭᠲᠠᠨ᠎ᠠ︶ ᠬᠢᠭᠡᠳ ᠣᠷᠣᠨ ᠨᠤᠲᠤᠭ ᠠᠴᠠ ᠬᠠᠮᠲᠤᠪᠡᠷ ᠬᠡᠷᠡᠭᠵᠢᠭᠦᠯᠦᠨ᠎ᠡ᠃ ︵2︶ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠃ ᠲᠥᠪ ᠪᠣᠯᠤᠨ ᠣᠷᠣᠨ | ᠨᠤᠲᠤᠭ ᠠᠴᠠ ᠤᠯᠤᠰ ᠤᠨ ᠲᠦᠷᠭᠡᠨ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ | ᠦᠢᠯᠡᠴᠢᠯᠡᠭᠡ᠂ ᠴᠡᠷᠢᠭ ᠠᠷᠠᠳ ᠢ ᠠᠭᠤᠰᠤᠯᠴᠠᠭᠤᠯᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ | ᠬᠠᠷᠢᠯᠴᠠᠭᠠᠨ ᠤ ᠳᠠᠶᠢᠴᠢᠯᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠤᠯᠤᠰ ᠤᠨ | ᠣᠨᠴᠠᠭᠠᠢ ᠭᠤᠤᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠪᠠᠲᠤᠯᠠᠭ᠎ᠠ ᠵᠡᠷᠭᠡ ᠡᠭᠦᠷᠭᠡ ᠬᠠᠷᠢᠭᠤᠴᠠᠯᠭ᠎ᠠ ᠶᠢ | ᠬᠠᠮᠲᠤᠪᠠᠷ ᠡᠭᠦᠷᠭᠡᠯᠡᠨ᠎ᠡ᠃ ︵3︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯ ᠲᠥᠷᠥᠯ ᠤᠨ | ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠯᠲᠠ᠃ ᠲᠥᠪ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠲᠥᠭᠡᠨ | ᠪᠠᠶᠢᠭᠤᠯᠬᠤ᠂ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠣᠷᠣᠨ ᠨᠤᠲᠤᠭ | ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠷᠢᠶᠡᠨ ᠳᠠᠬᠢ | ᠵᠦᠢᠯᠡᠰ ᠲᠤ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠪᠣᠯᠤᠨ ᠣᠷᠣᠨ ᠨᠤᠲᠤᠭ ᠠᠴᠠ ᠬᠠᠮᠲᠤᠪᠡᠷ | ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ︵ᠭᠤᠷᠪᠠ︶ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ᠃ | 1. ᠵᠠᠰᠠᠮᠠᠯ ᠵᠠᠮ᠃ ︵1︶ ᠤᠯᠤᠰ ᠤᠨ ᠵᠠᠮ᠃ ᠣᠷᠣᠨ ᠨᠤᠲᠤᠭ ᠠᠴᠠ ᠤᠯᠤᠰ ᠤᠨ ᠵᠠᠮ ︵ᠤᠯᠤᠰ ᠤᠨ | ᠳᠡᠭᠡᠳᠦ ᠬᠤᠷᠳᠤ ᠶᠢᠨ ᠵᠠᠰᠠᠮᠠᠯ ᠵᠠᠮ ᠪᠠ ᠡᠩ ᠤᠨ ᠤᠯᠤᠰ ᠤᠨ ᠵᠠᠮ ᠪᠠᠭᠲᠠᠨ᠎ᠠ︶ ᠤᠨ ᠪᠦᠲᠦᠭᠡᠨ ᠪᠠᠶᠢᠭᠤᠯᠬᠤ᠂ | ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢᠨ | ᠵᠣᠬᠢᠴᠠᠩᠭᠤᠶ ᠡᠭᠦᠷᠭᠡ ᠬᠠᠷᠢᠭᠤᠴᠠᠯᠭ᠎ᠠ ᠪᠠ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠭᠦᠷᠭᠡᠯᠡᠨ᠎ᠡ᠃ | ᠣᠷᠣᠨ ᠨᠤᠲᠤᠭ ᠠᠴᠠ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠠᠬᠢ | ᠲᠥᠪ ᠤᠨ ᠡᠳ᠋ ᠤᠨ ᠵᠠᠰᠠᠭ ᠠᠴᠠ ᠪᠡᠯᠡ ᠭᠠᠷᠭᠠᠭᠰᠠᠨ ᠠᠴᠠ ᠭᠠᠳᠠᠨᠠᠬᠢ ᠪᠤᠰᠤᠳ ᠪᠡᠯᠡ ᠮᠥᠩᠭᠦ ᠶᠢ | ᠬᠤᠷᠠᠮᠳᠤᠭᠤᠯᠵᠤ᠂ ᠡᠩ ᠤᠨ ᠤᠯᠤᠰ ᠤᠨ ᠵᠠᠮ ᠤᠨ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ | ᠬᠠᠮᠢᠶᠠᠷᠬᠤ᠂ ᠡᠵᠡᠩᠨᠡᠬᠦ ᠲᠤᠮᠳᠠ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠤᠨ ᠬᠠᠷᠢᠭᠤᠴᠠᠯᠭ᠎ᠠ ᠶᠢ | ᠡᠭᠦᠷᠭᠡᠯᠡᠨ᠎ᠡ᠃ ︵2︶ ᠮᠤᠵᠢ ᠶᠢᠨ ᠵᠠᠮ᠂ ᠬᠥᠳᠡᠭᠡ ᠲᠣᠰᠬᠤᠨ ᠤ ᠵᠠᠰᠠᠮᠠᠯ ᠵᠠᠮ᠂ ᠵᠠᠮ ᠲᠡᠭᠡᠭᠡᠪᠦᠷᠢ ᠶᠢᠨ ᠥᠷᠲᠡᠭᠡ | ᠲᠠᠯᠠᠪᠤᠷ᠃ ᠣᠷᠣᠨ ᠨᠤᠲᠤᠭ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ | ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ | ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ | ᠡᠭᠦᠷᠭᠡᠯᠡᠨ᠎ᠡ᠃ ︵3︶ ᠵᠠᠮ ᠲᠡᠭᠡᠭᠡᠪᠦᠷᠢ ᠶᠢᠨ ᠬᠠᠮᠢᠶᠠᠷᠤᠯᠲᠠ᠃ ᠣᠷᠣᠨ ᠨᠤᠲᠤᠭ ᠠᠴᠠ ᠲᠤᠰᠬᠠᠶ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠪᠣᠳᠠᠲᠠᠶ ᠵᠦᠢᠯᠡᠰ ᠢ ᠬᠦᠢᠴᠡᠳᠬᠡᠨ ᠬᠡᠷᠡᠭᠵᠢᠭᠦᠯᠬᠦ ᠶᠢ ᠡᠭᠦᠷᠭᠡᠯᠡᠨ᠎ᠡ᠃ | ᠮᠤᠵᠢ ᠶᠢᠨ ᠵᠠᠮ᠂ ᠬᠥᠳᠡᠭᠡ ᠲᠣᠰᠬᠤᠨ ᠤ ᠵᠠᠰᠠᠮᠠᠯ ᠵᠠᠮ᠂ ᠵᠠᠮ ᠲᠡᠭᠡᠭᠡᠪᠦᠷᠢ ᠶᠢᠨ ᠥᠷᠲᠡᠭᠡ ᠲᠠᠯᠠᠪᠤᠷ ᠪᠠ ᠵᠠᠮ | ᠲᠡᠭᠡᠪᠦᠷᠢ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠨ ᠨᠤᠲᠤᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | 2. ᠤᠰᠤᠨ ᠵᠠᠮ᠃ ︵1︶ ᠪᠤᠰᠤᠳ ᠳᠣᠲᠣᠭᠠᠳᠤ ᠭᠤᠤᠯ ᠮᠥᠷᠡᠨ ᠤ ᠠᠶᠠᠯᠠᠯ ᠤᠨ ᠵᠠᠮ᠂ ᠳᠣᠲᠣᠭᠠᠳᠤ | ᠭᠤᠤᠯ ᠮᠥᠷᠡᠨ ᠤ ᠭᠠᠷᠠᠮ ᠤᠨ ᠣᠯᠠᠨ ᠨᠡᠶᠢᠲᠡ ᠶᠢᠨ ᠵᠠᠩᠭᠤᠳᠠᠬᠤ ᠭᠠᠵᠠᠷ᠂ ᠬᠠᠭᠤᠷᠠᠶ ᠠᠷᠠᠯ ᠤᠨ ᠵᠠᠮ | ᠬᠠᠷᠢᠯᠴᠠᠭᠠᠨ ᠤ ᠭᠠᠷᠠᠮ᠃ ᠣᠷᠣᠨ ᠨᠤᠲᠤᠭ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠪᠥᠲᠥᠭᠡᠨ | ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ | ᠬᠡᠷᠡᠭᠵᠢᠭᠦᠯᠬᠦ ᠶᠢ ᠡᠭᠦᠷᠭᠡᠯᠡᠨ᠎ᠡ᠃ ︵2︶ ᠠᠶᠠᠨᠴᠢᠳ ᠤᠨ ᠲᠡᠭᠡᠭᠡᠪᠦᠷᠢ ᠶᠢᠨ ᠭᠠᠷᠠᠮ ᠤᠨ ᠠᠶᠤᠯᠭᠦᠢ ᠶᠢ ᠪᠠᠶᠢᠴᠠᠭᠠᠨ | ᠬᠡᠮᠵᠢᠬᠦ ᠲᠦᠬᠦᠭᠡᠷᠦᠮᠵᠢ᠂ ᠬᠥᠳᠡᠭᠡ ᠲᠣᠰᠬᠤᠨ ᠤ ᠤᠰᠤᠨ ᠳᠡᠭᠡᠷᠡᠬᠢ ᠠᠶᠠᠨᠴᠢᠳ ᠤᠨ ᠲᠡᠭᠡᠭᠡᠪᠦᠷᠢ ᠶᠢᠨ | ᠬᠠᠮᠢᠶᠠᠷᠤᠯᠲᠠ᠃ ᠣᠷᠣᠨ ᠨᠤᠲᠤᠭ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ | ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ | ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ | ᠡᠭᠦᠷᠭᠡᠯᠡᠨ᠎ᠡ᠃ ︵3︶ ᠣᠷᠣᠨ ᠨᠤᠲᠤᠭ ᠤᠨ ᠬᠠᠮᠢᠶᠠᠷᠴᠤ ᠪᠦᠬᠦᠢ ᠤᠰᠤᠨ ᠣᠷᠣᠨ ᠤ ᠤᠰᠤᠨ ᠳᠡᠭᠡᠷᠡᠬᠢ | ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠡᠷᠢᠵᠦ ᠠᠪᠤᠷᠠᠨ ᠲᠤᠰᠠᠯᠠᠬᠤ᠃ ᠣᠷᠣᠨ ᠨᠤᠲᠤᠭ ᠠᠴᠠ ᠪᠣᠳᠠᠲᠠᠶ | ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠤᠰᠤᠨ ᠵᠠᠮ ᠤᠨ | ᠬᠦᠷᠢᠶᠡᠨ ᠳᠠᠬᠢ ᠵᠦᠢᠯᠡᠰ ᠢ ᠣᠷᠣᠨ ᠨᠤᠲᠤᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 3. ᠲᠡᠮᠦᠷ ᠵᠠᠮ᠃ ︵1︶ ᠬᠤᠲᠠ ᠶᠢᠨ ᠬᠤᠭᠤᠷᠣᠨᠳᠣᠬᠢ ᠲᠡᠮᠦᠷ ᠵᠠᠮ᠂ ᠬᠤᠲᠠ ᠶᠢᠨ ᠬᠡᠪᠴᠢᠶᠠᠨ ︵ | ᠳᠡᠭᠦᠷᠭᠡ︶ ᠤ ᠲᠡᠮᠦᠷ ᠵᠠᠮ᠂ ᠰᠠᠯᠪᠤᠷᠢ ᠱᠤᠭᠤᠮ ᠤᠨ ᠲᠡᠮᠦᠷ ᠵᠠᠮ᠂ ᠲᠡᠮᠦᠷ ᠵᠠᠮ ᠤᠨ ᠲᠤᠰᠬᠠᠶ ᠬᠡᠷᠡᠭᠯᠡᠬᠦ ᠱᠤᠭᠤᠮ᠃ | ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ | ᠵᠦᠢᠯᠡᠰ ᠢ ᠣᠷᠣᠨ ᠨᠤᠲᠤᠭ ᠠᠴᠠ ᠬᠡᠷᠡᠭᠵᠢᠭᠦᠯᠬᠦ ᠪᠤᠶᠤ ᠣᠷᠣᠨ ᠨᠤᠲᠤᠭ ᠠᠴᠠ ᠲᠥᠪ ᠤᠨ ᠠᠵᠤ ᠠᠬᠤᠶᠢᠯᠠᠯ ᠳᠤ | ᠨᠠᠶᠢᠳᠠᠨ ᠬᠡᠷᠡᠭᠵᠢᠭᠦᠯᠦᠨ᠎ᠡ᠃ ︵2︶ ᠣᠷᠣᠨ ᠨᠤᠲᠤᠭ ᠠᠴᠠ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠲᠡᠮᠦᠷ | ᠵᠠᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠡᠭᠡᠭᠡᠪᠦᠷᠢ᠃ ᠣᠷᠣᠨ ᠨᠤᠲᠤᠭ ᠠᠴᠠ ᠵᠣᠬᠢᠴᠠᠩᠭᠤᠶ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢᠯᠡᠰ ᠢ ᠣᠷᠣᠨ | ᠨᠤᠲᠤᠭ ᠠᠴᠠ ᠬᠡᠷᠡᠭᠵᠢᠭᠦᠯᠬᠦ ᠪᠤᠶᠤ ᠣᠷᠣᠨ ᠨᠤᠲᠤᠭ ᠠᠴᠠ ᠲᠥᠪ ᠤᠨ ᠠᠵᠤ ᠠᠬᠤᠶᠢᠯᠠᠯ ᠳᠤ ᠨᠠᠶᠢᠳᠠᠨ | ᠬᠡᠷᠡᠭᠵᠢᠭᠦᠯᠦᠨ᠎ᠡ᠃ ︵3︶ ᠪᠤᠰᠤᠳ ᠵᠦᠢᠯ ᠤᠳ᠃ ᠣᠷᠣᠨ ᠨᠤᠲᠤᠭ ᠠᠴᠠ ᠲᠡᠮᠦᠷ ᠵᠠᠮ ᠳᠠᠭᠠᠤ ᠶᠢᠨ ︵ᠤᠯᠠᠭᠠᠨ | ᠱᠤᠭᠤᠮ ᠤᠨ ᠭᠠᠳᠠᠨᠠᠬᠢ︶ ᠣᠷᠴᠢᠨ ᠲᠣᠭᠤᠷᠢᠨ ᠤ ᠪᠤᠬᠢᠷᠳᠤᠯ ᠢ ᠵᠠᠰᠠᠬᠤ ᠪᠠ ᠲᠡᠮᠦᠷ ᠵᠠᠮ ᠳᠠᠭᠠᠤ ᠶᠢᠨ ᠠᠮᠤᠷ | ᠲᠦᠪᠰᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠡᠭᠦᠷᠭᠡᠯᠡᠵᠦ᠂ ᠤᠯᠤᠰ ᠤᠨ ᠲᠡᠮᠦᠷ ᠵᠡᠮ᠂ | ᠤᠯᠤᠰ ᠤᠨ ᠲᠡᠮᠦᠷ ᠵᠡᠮ ᠤᠨ ᠲᠡᠭᠡᠭᠡᠪᠦᠷᠢ ᠶᠢᠨ ᠠᠵᠤ ᠠᠬᠤᠶᠢᠯᠠᠯ ᠪᠡᠯᠠ ᠨᠡᠶᠢᠯᠡᠭᠦᠯᠦᠭᠰᠡᠨ ᠲᠡᠮᠦᠷ ᠵᠡᠮ ᠢ ᠪᠣᠳᠠᠲᠠᠶ | ᠬᠠᠮᠢᠶᠠᠷᠬᠤ ᠠᠴᠠ ᠪᠤᠰᠤᠳ ᠲᠡᠮᠦᠷ ᠵᠡᠮ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠲᠡᠮᠦᠷ ᠵᠠᠮ ᠤᠨ ᠬᠦᠷᠢᠶᠡᠨ ᠳᠠᠬᠢ ᠵᠦᠢᠯᠡᠰ ᠲᠤ ᠣᠷᠣᠨ ᠨᠤᠲᠤᠭ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 4. ᠠᠷᠠᠳ ᠤᠨ ᠠᠭᠠᠷ ᠤᠨ ᠲᠡᠭᠡᠪᠦᠷᠢ᠃ ᠣᠷᠣᠨ ᠨᠤᠲᠤᠭ ᠠᠴᠠ ᠨᠡᠶᠢᠳᠡᠮ ᠬᠡᠷᠡᠭᠯᠡᠬᠦ ᠨᠢᠰᠬᠡᠯ ᠤᠨ | ᠪᠠᠭᠤᠳᠠᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠭᠤᠤᠯᠳᠠᠭᠤ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠠᠶᠢᠷᠢᠯᠠᠭᠤᠯᠤᠯᠲᠠ ᠪᠠ ᠪᠦᠲᠦᠭᠡᠨ | ᠪᠠᠶᠢᠭᠤᠯᠤᠯᠲᠠ ᠶᠢᠨ ᠲᠦᠯᠦᠪᠵᠢᠭᠦᠯᠭᠡ᠂ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠬᠤ ᠶᠢᠨ | ᠬᠠᠮᠲᠤ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠬᠤ᠂ ᠬᠠᠮᠠᠭᠠᠯᠠᠬᠤ᠂ ᠡᠵᠡᠩᠨᠡᠬᠦ ᠵᠡᠷᠭᠡ | ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ︵ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠵᠢᠴᠢ | ᠲᠡᠭᠦᠨ ᠤ ᠬᠠᠷᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠦᠮᠴᠢᠯᠡᠵᠦ ᠪᠠᠶᠢᠭ᠎ᠠ ᠨᠡᠶᠢᠳᠡᠮ | ᠬᠡᠷᠡᠭᠯᠡᠬᠦ ᠨᠢᠰᠬᠡᠯ ᠤᠨ ᠪᠠᠭᠤᠳᠠᠯ ᠨᠢ ᠡᠭᠦᠨ ᠳᠤ ᠪᠠᠭᠲᠠᠬᠤ ᠦᠭᠡᠢ︶ ᠶᠢ ᠬᠠᠷᠢᠭᠤᠴᠠᠵᠤ᠂ ᠵᠣᠬᠢᠴᠠᠩᠭᠤᠶ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 5. ᠰᠢᠦᠳᠠᠨ᠃ ᠣᠷᠣᠨ ᠨᠤᠲᠤᠭ ᠠᠴᠠ ᠰᠢᠤᠳᠠᠨ ᠤ ᠲᠦᠭᠡᠮᠡᠯ ᠦᠢᠯᠡᠴᠢᠯᠡᠭᠡ᠂ ᠣᠨᠴᠠᠭᠠᠢ ᠦᠢᠯᠡᠴᠢᠯᠡᠭᠡ | ᠪᠠ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠲᠡᠭᠦᠰᠬᠡᠯ ᠤᠨ ᠰᠠᠭᠤᠷᠢ ᠲᠥᠬᠦᠭᠡᠷᠦᠮᠵᠢ᠂ ᠰᠢᠤᠳᠠᠨ ᠤ ᠦᠢᠯᠡᠰ | ᠤᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠵᠡᠷᠭᠡ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ | ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠠᠭᠠᠯᠠᠬᠤ᠂ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ | ᠬᠡᠷᠡᠭᠵᠢᠭᠦᠯᠬᠦ ᠶᠢ ᠬᠠᠷᠢᠭᠤᠴᠠᠵᠤ᠂ ᠵᠣᠬᠢᠴᠠᠩᠭᠤᠶ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 6. ᠶᠡᠷᠦᠩᠬᠡᠶᠢᠯᠡᠭᠰᠡᠨ ᠵᠠᠮ ᠬᠠᠷᠢᠯᠴᠠᠭ᠎ᠠ᠃ ᠣᠷᠣᠨ ᠨᠤᠲᠤᠭ ᠠᠴᠠ ᠡᠩ ᠤᠨ ᠶᠡᠷᠦᠩᠬᠡᠶᠢᠯᠡᠭᠰᠡᠨ | ᠲᠡᠭᠡᠭᠡᠪᠦᠷᠢ ᠶᠢᠨ ᠵᠠᠩᠭᠢᠯᠠᠭ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠭᠤᠤᠯᠳᠠᠭᠤ | ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠶᠢ | ᠪᠠᠭᠲᠠᠭᠠᠵᠤ᠂ ᠪᠥᠲᠥᠭᠡᠨ ᠪᠠᠶᠢᠭᠤᠯᠬᠤ᠂ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠵᠦᠢᠯᠡᠰ ᠢ | ᠬᠡᠷᠡᠭᠵᠢᠭᠦᠯᠬᠦ ᠶᠢ ᠬᠠᠷᠢᠭᠤᠴᠠᠵᠤ᠂ ᠵᠣᠬᠢᠴᠠᠩᠭᠤᠶ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠡᠭᠦᠨ ᠠᠴᠠ ᠭᠠᠳᠠᠨ᠎ᠠ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠠᠶᠠᠯᠠᠯ᠂ | ᠰᠢᠤᠳᠠᠨ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠷᠢᠶᠡᠨ ᠳᠠᠬᠢ ᠣᠷᠣᠨ ᠨᠤᠲᠤᠭ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ᠂ ᠣᠷᠣᠨ ᠨᠤᠲᠤᠭ ᠠᠴᠠ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠤᠯᠳᠠᠭᠤ ᠬᠠᠮᠢᠶ᠎ᠠ ᠪᠦᠬᠦᠢ | ᠬᠦᠷᠢᠶᠡᠨ ᠳᠠᠬᠢ ᠣᠷᠣᠨ ᠨᠤᠲᠤᠭ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠥᠷᠨᠢᠭᠦᠯᠦᠭᠰᠡᠨ ᠴᠢᠬᠤᠯᠠ ᠶᠡᠭᠡ ᠠᠰᠠᠭᠤᠳᠠᠯ ᠤᠨ ᠰᠤᠳᠤᠯᠤᠯ᠂ ᠣᠷᠣᠨ ᠨᠤᠲᠤᠭ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠶᠢ | ᠪᠠᠭᠲᠠᠭᠠᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ | ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠵᠢᠯ ᠲᠥᠷᠥᠯ ᠤᠨ ᠲᠤᠭ᠎ᠠ ᠪᠦᠷᠢᠳᠬᠡᠯ ᠬᠢᠭᠡᠳ | ᠠᠵᠢᠯᠯᠠᠭᠠᠨ ᠢ ᠬᠢᠨᠠᠨ ᠬᠡᠮᠵᠢᠬᠦ᠂ ᠲᠦᠷᠭᠡᠨ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠵᠡᠷᠭᠡ ᠵᠦᠢᠯᠡᠰ ᠢ ᠡᠭᠦᠷᠭᠡᠯᠡᠨ᠎ᠡ᠃ | ᠲᠥᠪ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠳᠬᠡᠯ ᠠᠩᠭᠢ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠳᠤ᠂ | ᠲᠥᠪ ᠬᠢᠭᠡᠳ ᠣᠷᠣᠨ ᠨᠤᠲᠤᠭ ᠤᠨ ᠬᠤᠪᠢᠶᠠᠷᠢᠯᠠᠯᠲᠠ ᠶᠢᠨ ᠵᠠᠷᠴᠢᠮ ᠶᠣᠰᠤᠭᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ︔ ᠡᠳ᠋ ᠤᠨ ᠵᠠᠰᠠᠭ ᠠᠴᠠ ᠳᠡᠮᠵᠢᠬᠦ ᠲᠦᠷᠦ ᠶᠢᠨ ᠪᠤᠳᠤᠯᠭ᠎ᠠ ᠶᠢ ᠵᠠᠷᠴᠢᠮ ᠳᠡᠭᠡᠷ᠎ᠡ ᠪᠠᠨ | ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠶᠢᠨ ᠬᠠᠮᠲᠤ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠳᠬᠡᠯ ᠠᠩᠭᠢ ᠶᠢᠨ ᠣᠨᠴᠠᠭᠠᠶ ᠬᠦᠴᠦᠨ | ᠵᠦᠢᠯ ᠢ ᠵᠣᠬᠢᠰᠲᠠᠶ ᠪᠠᠷ ᠪᠣᠳᠤᠯᠬᠢᠯᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠪᠤᠰᠤᠳ | ᠵᠢᠭᠰᠠᠭᠠᠭᠰᠠᠨ ᠥᠬᠡᠶ ᠵᠦᠢᠯᠡᠰ ᠲᠤ᠂ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ | ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶ | ᠲᠣᠭᠲᠠᠭᠠᠨ᠎ᠠ᠃ | ᠭᠤᠷᠪᠠ᠂ ᠲᠥᠬᠦᠷ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ | ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠢᠭᠡᠳ | ᠵᠣᠬᠢᠴᠠᠭᠤᠯᠭ᠎ᠠ ᠬᠠᠮᠵᠢᠯᠴᠠᠭ᠎ᠠ ᠪᠠᠨ ᠦᠨᠡᠨ ᠬᠦ ᠴᠢᠩᠭᠠᠳᠬᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠠᠴᠠ ᠲᠤᠰ ᠲᠥᠰᠦᠯ ᠢ ᠦᠨᠳᠦᠰᠦᠯᠡᠨ᠂ | ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠥᠭᠡᠷᠡᠴᠢᠯᠡᠯᠲᠡ | ᠶᠢᠨ ᠡᠭᠦᠷᠭᠡ ᠶᠢᠨ ᠠᠬᠢᠴᠠ ᠶᠢᠨ ᠪᠠᠶᠢᠳᠠᠯ ᠢ ᠰᠢᠪᠠᠳᠠᠨ ᠪᠠᠶᠢᠴᠠᠭᠠᠬᠤ ᠪᠠ ᠦᠨᠡᠯᠡᠨ ᠵᠢᠱᠢᠬᠦ ᠶᠢ ᠴᠢᠩᠭᠠᠳᠬᠠᠨ᠎ᠠ᠃ | ᠡᠯ᠎ᠡ ᠭᠠᠵᠠᠷ ᠣᠷᠣᠨ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠬᠠᠩᠭᠠᠬᠤ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠥᠭᠡᠷᠡᠴᠢᠯᠡᠯᠲᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ | ᠦᠨᠡᠨ ᠬᠦ ᠪᠠᠲᠤᠯᠠᠨ᠎ᠠ᠃ | ︵ᠬᠤᠶᠠᠷ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠣᠷᠣᠭᠤᠯᠤᠯᠲᠠ ᠶᠢᠨ | ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠲᠤᠰ ᠲᠥᠰᠦᠯ ᠢ ᠦᠨᠳᠦᠰᠦᠯᠡᠨ᠂ ᠲᠣᠭᠲᠠᠭᠠᠯ ᠶᠣᠰᠣᠭᠠᠷ ᠲᠥᠰᠦᠪ ᠤᠨ ᠲᠣᠬᠢᠷᠠᠭᠤᠯᠤᠯᠲᠠ ᠪᠠ ᠪᠡᠯᠡ | ᠣᠷᠣᠭᠤᠯᠤᠯᠲᠠ ᠶᠢᠨ ᠲᠥᠯᠥᠪᠯᠡᠭᠡ ᠶᠢ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ | ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ | ᠬᠠᠷᠢᠶᠠᠯᠠᠭᠳᠠᠪᠠᠯ᠂ ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠥᠪᠡᠷ ᠤᠨ ᠡᠳ᠋ ᠤᠨ | ᠬᠦᠴᠦᠨ ᠢᠶᠠᠨ ᠲᠣᠬᠢᠷᠠᠭᠤᠯᠬᠤ ᠪᠠᠷ ᠳᠠᠮᠵᠢᠭᠤᠯᠤᠨ᠂ ᠣᠷᠣᠨ ᠨᠤᠲᠤᠭ ᠤᠨ ᠡᠭᠦᠷᠭᠡᠯᠡᠵᠦ ᠪᠦᠬᠦᠢ ᠵᠠᠷᠤᠯᠭ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠨ ᠭᠦᠢᠴᠡᠳᠬᠡᠬᠦ᠂ ᠵᠠᠷᠤᠯᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠤ ᠣᠷᠣᠯᠭ᠎ᠠ ᠵᠠᠷᠤᠯᠭ᠎ᠠ ᠶᠢᠨ ᠳᠤᠲᠠᠭᠳᠠᠯ ᠣᠷᠤᠰᠢᠵᠤ ᠪᠠᠶᠢᠪᠠᠯ᠂ ᠳᠡᠭᠡᠳᠦ ᠱᠠᠲᠤᠨ ᠤ | ᠵᠠᠰᠠᠭ ᠤᠨ ᠣᠷᠳᠣᠨ ᠨᠢ ᠠᠳᠠᠯᠢ ᠪᠤᠰᠤ ᠴᠠᠭ ᠦᠶ᠎ᠡ ᠶᠢᠨ ᠬᠥᠭᠵᠢᠯᠲᠡ ᠶᠢᠨ ᠬᠠᠷᠠᠯᠲᠠ ᠶᠢ ᠦᠨᠳᠦᠰᠦᠯᠡᠨ ᠵᠣᠬᠢᠬᠤ | ᠪᠡᠯᠡ ᠮᠥᠩᠭᠦ ᠶᠢᠨ ᠳᠡᠮᠵᠢᠯᠭᠡ ᠦᠵᠡᠭᠦᠯᠵᠦ ᠪᠣᠯᠤᠨ᠎ᠠ᠃ | ︵ᠭᠤᠷᠪᠠ︶ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠮᠤᠵᠢ ᠠᠴᠠ | ᠳᠣᠷᠣᠭᠰᠢᠬᠢ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠡᠯ᠎ᠡ ᠭᠠᠵᠠᠷ ᠣᠷᠣᠨ ᠨᠢ ᠲᠤᠰ ᠲᠥᠰᠦᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳ᠋ ᠤᠨ | ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠮᠤᠵᠢ ᠠᠴᠠ ᠳᠣᠷᠣᠭᠰᠢᠬᠢ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠤᠨ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠲᠣᠭᠲᠠᠭᠠᠵᠤ᠂ ᠬᠠᠮᠢᠶ᠎ᠠ | ᠪᠦᠬᠦᠢ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠤ ᠠᠬᠢᠭᠤᠯᠤᠨ᠎ᠠ᠃ ᠮᠤᠵᠢ ᠶᠢᠨ ᠱᠠᠲᠤᠨ ᠤ ᠨᠢᠭᠡᠳᠦᠯᠲᠡᠶ | ᠲᠥᠯᠥᠪᠯᠡᠬᠦ ᠶᠢ ᠴᠢᠩᠭᠠᠳᠬᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠭᠦᠷᠭᠡᠯᠡᠬᠦ ᠲᠤᠰᠢᠶᠠᠯ ᠬᠠᠷᠢᠭᠤᠴᠠᠯᠭ᠎ᠠ ᠪᠠ | ᠴᠢᠳᠠᠪᠤᠷᠢ ᠶᠢ ᠵᠣᠬᠢᠰᠲᠠᠶ ᠴᠢᠩᠭᠠᠳᠬᠠᠵᠤ᠂ ᠬᠡᠳᠦ ᠠᠷᠪᠢᠨ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠳᠦᠰᠦᠨ ᠱᠠᠲᠤᠨ | ᠤ ᠵᠠᠰᠠᠭ ᠤᠨ ᠣᠷᠳᠣᠨ ᠳᠤ ᠲᠤᠰᠢᠶᠠᠨ ᠥᠭᠴᠦ ᠡᠭᠦᠷᠭᠡᠯᠡᠭᠦᠯᠬᠦ ᠠᠴᠠ ᠵᠠᠶᠢᠯᠠᠰᠬᠢᠨ᠎ᠡ᠃ | ︵ᠳᠥᠷᠪᠡ︶ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠰᠠᠶᠢᠨ ᠨᠥᠬᠦᠴᠡᠯᠳᠦᠯ ᠢ ᠪᠣᠶ ᠪᠣᠯᠭᠠᠨ᠎ᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠤᠨ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠤᠳᠤ ᠶᠢᠨ ᠪᠠᠶᠢᠭ᠎ᠠ ᠴᠢᠬᠤᠯᠠ | ᠶᠡᠭᠡ ᠥᠭᠡᠷᠡᠴᠢᠯᠡᠯᠲᠡ ᠯᠦᠭᠡ ᠣᠷᠭᠠᠨᠢᠭ ᠢᠶᠠᠷ ᠵᠣᠯᠭᠠᠭᠤᠯᠵᠤ᠂ ᠪᠦᠬᠦᠯᠢ ᠴᠣᠭᠴᠠ ᠪᠠᠷ ᠠᠬᠢᠭᠤᠯᠵᠤ᠂ ᠡᠷᠬᠡᠪᠰᠢ | ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ | ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠴᠠᠭ ᠲᠣᠬᠢᠶᠠᠯ᠂ | ᠡᠷᠴᠢᠮ ᠪᠠ ᠠᠶᠢᠵᠠᠮ ᠢ ᠣᠨᠣᠪᠴᠢᠲᠠᠶ ᠡᠵᠡᠮᠰᠢᠨ᠂ ᠰᠠᠶᠢᠨ ᠨᠥᠬᠦᠴᠡᠯᠳᠦᠯ᠂ ᠬᠠᠮᠵᠢᠯᠴᠠᠨ ᠠᠬᠢᠭᠤᠯᠬᠤ ᠪᠠᠶᠢᠳᠠᠯ ᠢ | ᠪᠣᠶ ᠪᠣᠯᠭᠠᠨ᠎ᠠ᠃ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠯᠡᠳᠡᠭᠡᠯ ᠪᠡᠯᠡ ᠮᠥᠩᠭᠦ ᠶᠢ ᠠᠮᠢᠳᠤᠯᠢᠭ | ᠪᠣᠯᠭᠠᠵᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ | ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠦᠨ᠎ᠡ᠃ | ︵ᠲᠠᠪᠤ︶ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠵᠢᠷᠤᠮᠵᠢᠭᠰᠠᠨ ᠠᠵᠢᠯᠯᠠᠭᠠᠨ ᠢ | ᠠᠬᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠲᠠᠯ᠎ᠠ ᠳᠠᠬᠢ ᠬᠠᠮᠢᠶ᠎ᠠ | ᠪᠦᠬᠦᠢ ᠬᠠᠤᠯᠢ ᠴᠠᠭᠠᠵᠠ ᠶᠢᠨ ᠳᠦᠷᠢᠮ ᠢ ᠪᠦᠬᠦ ᠲᠠᠯ᠎ᠠ ᠪᠠᠷ ᠰᠢᠰᠲ᠋ᠧᠮ ᠲᠠᠢ ᠪᠠᠷ ᠡᠮᠬᠢᠯᠡᠭᠰᠡᠨ ᠰᠠᠭᠤᠷᠢᠨ ᠳᠡᠭᠡᠷ᠎ᠡ᠂ | ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠵᠤ᠂ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠵᠢᠴᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠰᠣᠳᠤᠯᠤᠨ ᠲᠡᠭᠦᠯᠳᠡᠷᠵᠢᠭᠦᠯᠬᠦ | ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠠᠤᠯᠢᠵᠢᠭᠤᠯᠬᠤ᠂ ᠵᠢᠷᠤᠮᠵᠢᠭᠤᠯᠬᠤ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ | ᠲᠤᠰ ᠲᠥᠰᠦᠯ ᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠬᠠᠮᠢᠶ᠎ᠠ ᠪᠥᠬᠦᠶ ᠲᠠᠶᠢᠯᠤᠮᠵᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠵᠣᠭᠤᠰ ᠵᠠᠷᠤᠬᠤ ᠳᠤ᠂ | ᠲᠥᠪ ᠪᠠ ᠣᠷᠣᠨ ᠨᠤᠲᠤᠭ ᠠᠴᠠ ᠢᠩᠭᠢᠵᠦ ᠬᠤᠪᠢᠶᠠᠨ᠎ᠠ | |