ᠬᠦᠬᠡᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠴᠡᠭᠡᠵᠢ ᠲᠦᠷᠢᠨ ᠭᠠᠷᠴᠤ ᠡᠷᠡᠯᠬᠡᠭ ᠢᠶᠠᠷ ᠭᠠᠯ ᠤᠨᠲᠠᠷᠠᠭᠠᠵᠤ ᠢᠳᠡᠪᠬᠢ ᠬᠦᠴᠦᠨ ᠢ ᠳᠠᠮᠵᠢᠭᠤᠯᠪᠠ
ᠨᠡᠶᠢᠲᠡᠯᠡᠭᠰᠡᠨ ᠴᠠᠭ᠄
2020/4/20
     4 ᠳ᠋ᠦ᠋ᠭᠡᠷ ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ ᠶᠢᠨ 36 ᠳ᠋ᠤᠭᠠᠷ ᠵᠠᠮ ᠤᠨ ᠵᠢᠯᠣᠭᠤᠴᠢ ᠹᠠᠨ ᠴᠢᠩ ᠡᠵᠡᠩᠨᠡᠯᠲᠡ ᠶᠢᠨ ᠡᠭᠦᠷᠭᠡ ᠪᠠᠨ ᠭᠦᠢᠴᠡᠳᠬᠡᠬᠦ ᠦᠶ᠎ᠡ ᠳᠤ᠂ 5303 ᠳ᠋ᠤᠭᠠᠷ ᠦᠢᠯᠡᠳᠪᠦᠷᠢ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠬᠦᠷᠬᠦ ᠦᠶ᠎ᠡ ᠳᠤ᠂ ᠵᠠᠮ ᠤᠨ ᠬᠠᠵᠠᠭᠤ ᠳᠠᠬᠢ ᠨᠢᠭᠡᠨ ᠬᠠᠶᠠᠭᠳᠠᠮᠠᠯ ᠪᠣᠳᠠᠰ ᠬᠤᠷᠢᠶᠠᠵᠤ ᠠᠪᠤᠭᠰᠠᠨ ᠭᠤᠷᠪᠠᠨ ᠬᠦᠷᠳᠦᠲᠦ ᠲᠡᠷᠭᠡ ᠭᠡᠨᠡᠳᠲᠡ ᠭᠠᠯ ᠭᠠᠷᠴᠤ᠂ ᠭᠤᠷᠪᠠᠨ ᠬᠦᠷᠳᠦᠲᠦ ᠲᠡᠷᠭᠡ ᠤᠨᠤᠵᠤ ᠪᠠᠶᠢᠭ᠎ᠠ ᠡᠪᠦᠭᠡᠨ ᠠᠪᠠᠭ᠎ᠠ ᠶᠢᠨ ᠠᠷᠤ ᠳᠠᠬᠢ ᠬᠤᠪᠴᠠᠰᠤ ᠶᠢ ᠴᠤ ᠨᠣᠴᠤᠭᠠᠪᠠ᠃ ᠹᠠᠨ ᠴᠢᠩ ᠰᠡᠩᠳᠡ ᠮᠡᠩᠳᠡ ᠲᠡᠷᠭᠡ ᠪᠠᠨ ᠠᠮᠤᠷ ᠲᠦᠪᠰᠢᠨ ᠭᠠᠵᠠᠷ ᠲᠤ ᠵᠣᠭᠰᠣᠭᠠᠵᠤ᠂ ᠥᠴᠦᠬᠡᠨ ᠴᠦ ᠲᠠᠲᠠᠭᠠᠯᠵᠠᠯ ᠦᠭᠡᠢ ᠪᠠᠷ ᠲᠡᠷᠭᠡᠨ ᠳᠣᠲᠣᠷ᠎ᠠ ᠲᠣᠬᠢᠷᠠᠭᠤᠯᠤᠭᠰᠠᠨ ᠭᠠᠯ ᠤᠨᠲᠠᠷᠠᠭᠠᠭᠤᠷ ᠢ ᠳᠡᠭᠦᠵᠢᠯᠡᠵᠦ᠂ ᠭᠠᠯ ᠤᠨᠲᠠᠷᠠᠭᠠᠬᠤ ᠪᠣᠯᠪᠠᠰᠤᠷᠠᠭᠤᠯᠤᠯ ᠤᠨ ᠳᠤᠮᠳᠠ ᠰᠤᠷᠤᠯᠴᠠᠭᠰᠠᠨ ᠭᠠᠯ ᠤᠨᠲᠠᠷᠠᠭᠠᠬᠤ ᠮᠡᠳᠡᠯᠭᠡ ᠶᠣᠰᠣᠭᠠᠷ ᠭᠠᠯ ᠢ ᠤᠨᠲᠠᠷᠠᠭᠠᠪᠠ᠃ ᠹᠠᠨ ᠴᠢᠩ ᠤᠨ ᠴᠠᠭ ᠲᠤᠬᠠᠢ ᠳᠤ ᠎ ᠨᠢ ᠠᠪᠤᠷᠬᠠᠰᠠᠨ ᠠᠴᠠ ᠨᠠᠰᠤᠲᠠᠨ ᠰᠢᠲᠠᠭᠳᠠᠨ ᠰᠢᠷᠬᠠᠲᠤᠬᠤ ᠠᠴᠠ ᠵᠠᠶᠢᠯᠠᠰᠬᠢᠪᠠ᠃      ᠹᠠᠨ ᠴᠢᠩ ᠤᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠦᠢᠯᠡ ᠠᠵᠢᠯᠯᠠᠭ᠎ᠠ ᠨᠢ ᠵᠠᠮ ᠤᠨ ᠬᠥᠮᠦᠰ ᠤᠨ ᠨᠡᠶᠢᠳᠡᠮ ᠰᠠᠶᠢᠨ ᠦᠨᠡᠯᠡᠯᠲᠡ ᠶᠢ ᠣᠯᠵᠤ᠂ ᠣᠯᠠᠨ ᠢᠶᠠᠷ ᠢᠶᠠᠨ ᠪᠦᠷ ᠲᠡᠭᠦᠨ ᠳᠤ ᠡᠷᠡᠬᠡᠶ ᠬᠤᠷᠤᠭᠤ ᠭᠠᠷᠭᠠᠵᠤ᠂ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠰᠢᠯᠢᠳᠡᠭ ᠵᠢᠯᠣᠭᠤᠴᠢ ᠶᠢ ᠬᠥᠮᠦᠵᠢᠭᠦᠯᠦᠭᠰᠡᠨ ᠳᠤ ᠰᠠᠶᠢᠰᠢᠶᠠᠯ ᠳᠡᠪᠰᠢᠭᠦᠯᠪᠡ᠃ ᠨᠡᠶᠢᠲᠡ ᠶᠢᠨ ᠮᠠᠰᠢᠨ ᠲᠡᠷᠭᠡᠨ ᠳᠡᠭᠡᠨ ᠪᠤᠴᠠᠵᠤ ᠢᠷᠡᠬᠦ ᠳᠤ ᠪᠠᠨ ᠹᠠᠨ ᠴᠢᠩ ᠲᠡᠷᠡ ᠳᠠᠷᠤᠢ ᠳᠤᠨᠢ ᠲᠡᠷᠭᠡᠨ ᠳᠣᠲᠤᠷᠠᠬᠢ ᠠᠶᠠᠨᠴᠢᠳ ᠲᠤ᠄ ︽ᠡᠪ ᠦᠭᠡᠢ ᠪᠣᠯᠤᠯ᠎ᠠ᠂ ᠤᠯᠠᠨ ᠤ ᠴᠠᠭ ᠢ ᠰᠠᠭᠠᠲᠠᠭᠠᠪᠠ︾ ᠭᠡᠵᠦ ᠪᠤᠷᠤᠭᠤ ᠬᠦᠯᠢᠶᠡᠪᠡ᠃ ᠲᠡᠷᠭᠡᠨ ᠳᠣᠲᠣᠷᠠᠬᠢ ᠠᠶᠠᠨᠴᠢᠳ ᠠᠭᠤᠷᠯᠠᠭᠰᠠᠨ ᠦᠭᠡᠢ ᠮᠥᠷᠲᠡᠭᠡᠨ ᠹᠠᠨ ᠴᠢᠩ ᠢ ᠮᠠᠭᠲᠠᠨ ᠰᠠᠶᠢᠰᠢᠶᠠᠵᠤ᠂ ᠲᠡᠭᠦᠨ ᠢ ᠡᠷᠡᠯᠬᠡᠭ ᠪᠠᠭᠠᠲᠤᠷᠯᠢᠭ ᠭᠠᠯ ᠤᠨᠲᠠᠷᠠᠭᠠᠬᠤ ᠪᠠᠭᠠᠲᠤᠷ ᠭᠡᠵᠦ ᠮᠠᠭᠲᠠᠨ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号