︽ᠵᠠᠰᠠᠮᠠᠯ ᠵᠠᠮ ᠤᠨ ᠪᠠᠷᠢᠯᠭ᠎ᠠ ᠳᠠᠭᠤᠰᠤᠭᠰᠠᠨ ︵ᠲᠤᠰᠢᠶᠠᠭᠰᠠᠨ︶ ᠠᠵᠢᠯ ᠢ ᠰᠢᠯᠭᠠᠨ ᠬᠤᠷᠢᠶᠠᠬᠤ ᠠᠷᠭ᠎ᠠ | ᠶᠢ ᠬᠡᠷᠡᠭᠵᠢᠭᠦᠯᠬᠦ ᠨᠠᠷᠢᠨ ᠳᠦᠷᠢᠮ︾᠂ ︽ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ | ᠦᠨᠡᠯᠡᠨ ᠲᠣᠭᠲᠠᠭᠠᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ 4 ᠳ᠋ᠦ᠋ᠭᠡᠷ ᠰᠠᠷ᠎ᠠ ᠶᠢᠨ | 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠲᠥᠷᠦᠯ ᠵᠦᠢᠯ ᠤᠨ | ᠥᠮᠴᠢᠲᠡᠨ ᠤ ᠬᠠᠩᠭᠠᠭᠰᠠᠨ ᠪᠠᠷᠢᠯᠭ᠎ᠠ ᠳᠠᠭᠤᠰᠤᠭᠰᠠᠨ ᠠᠵᠢᠯ ᠢ ᠰᠢᠯᠭᠠᠨ ᠬᠤᠷᠢᠶᠠᠬᠤ ᠠᠴᠠ ᠡᠮᠦᠨᠡᠬᠢ ᠶᠠᠰᠤ | ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠ ᠠᠵᠢᠯ ᠳᠠᠭᠤᠰᠤᠭᠰᠠᠨ ᠢ ᠰᠢᠯᠭᠠᠨ ᠬᠤᠷᠢᠶᠠᠭᠰᠠᠨ | ᠮᠡᠳᠡᠭᠦᠯᠦᠯᠲᠡ ᠶᠢ ᠦᠨᠳᠦᠰᠦᠯᠡᠨ᠂ ᠲᠤᠬᠠᠶ ᠶᠢᠨ ᠲᠠᠯᠠᠪᠤᠷ ᠤᠨ ᠭᠤᠤᠯᠳᠠᠯᠭ᠎ᠠ ᠲᠠᠢ ᠣᠷᠣᠨ ᠪᠠᠶᠢᠷᠢ ᠵᠢᠴᠢ | ᠳᠣᠲᠤᠭᠠᠳᠤ ᠠᠵᠢᠯ ᠤᠨ ᠮᠠᠲ᠋ᠧᠷᠢᠶᠠᠯ ᠢ ᠰᠤᠭᠤᠴᠢᠨ ᠪᠠᠶᠢᠴᠠᠭᠠᠵᠤ᠂ ᠵᠢᠨᠢᠩ ᠤᠨ ᠵᠡᠭᠦᠨ ᠬᠤᠲᠠ ᠲᠣᠭᠤᠷᠢᠬᠤ | ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠲᠤᠰᠢᠶᠠᠭᠰᠠᠨ ᠶᠠᠰᠤ ᠴᠢᠨᠠᠷ ᠤᠨ ᠰᠢᠯᠭᠠᠨ | ᠲᠣᠭᠲᠠᠭᠠᠯᠲᠠ ᠶᠢ ᠴᠠᠭ ᠲᠤᠬᠠᠶ ᠳᠤ ᠨᠢ ᠪᠡᠶᠡᠯᠡᠭᠦᠯᠵᠦ᠂ ᠲᠣᠰ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ | ᠤᠨ ᠰᠢᠯᠭᠠᠨ ᠲᠣᠭᠲᠠᠭᠠᠯᠲᠠ ᠶᠢᠨ ᠬᠤᠪᠢ ᠨᠢ 90.4 ᠪᠠᠶᠢᠵᠤ᠂ ᠪᠠᠷᠢᠯᠭ᠎ᠠ ᠶᠢᠨ ᠶᠠᠰᠤ ᠴᠢᠨᠠᠷ ᠤᠨ ᠰᠢᠯᠭᠠᠨ | ᠲᠣᠭᠲᠠᠭᠠᠯᠲᠠ ᠶᠢᠨ ᠲᠠᠰ ᠨᠢ ᠰᠢᠯᠢᠳᠡᠭ ᠪᠣᠯᠪᠠ᠃ | ᠵᠢᠨᠢᠩ ᠬᠤᠲᠠ ᠶᠢᠨ ᠵᠡᠭᠦᠨ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ | ᠵᠦᠢᠯ ᠤᠨ ᠪᠠᠷᠢᠯᠭ᠎ᠠ ᠳᠠᠭᠤᠰᠬᠠᠬᠤ ᠶᠠᠰᠤ ᠴᠢᠨᠠᠷ ᠤᠨ ᠬᠢᠨᠠᠨ ᠲᠣᠭᠲᠠᠭᠠᠬᠤ ᠠᠵᠢᠯ ᠤᠨ ᠮᠡᠳᠡᠭᠦᠯᠦᠯᠲᠡ ᠶᠢ ᠴᠠᠭ | ᠲᠤᠬᠠᠶ ᠳᠤ ᠨᠢ ᠪᠡᠶᠡᠯᠡᠭᠦᠯᠦᠭᠰᠡᠨ ᠨᠢ᠂ ᠲᠣᠰ ᠲᠥᠷᠥᠯ ᠵᠦᠢᠯ ᠤᠨ ᠪᠠᠷᠢᠯᠭ᠎ᠠ ᠳᠠᠭᠤᠰᠬᠠᠭᠰᠠᠨ ᠢ ᠰᠢᠯᠭᠠᠨ | ᠬᠤᠷᠢᠶᠠᠬᠤ ᠶᠢ ᠠᠬᠢᠭᠤᠯᠬᠤ ᠳᠤ ᠭᠦᠢᠴᠡᠳ ᠪᠡᠯᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ | ᠶᠢᠨ ᠵᠠᠰᠠᠮᠠᠯ ᠵᠠᠮ ᠤᠨ ᠲᠣᠤᠷ ᠤᠨ ᠲᠥᠯᠥᠪᠵᠢᠭᠦᠯᠭᠡ ᠶᠢ ᠲᠦᠷᠭᠡᠳᠬᠡᠨ ᠬᠡᠷᠡᠭᠵᠢᠭᠦᠯᠬᠦ ᠪᠠ ᠥᠪᠡᠷᠲᠡᠭᠡᠨ ᠵᠠᠰᠠᠬᠤ | ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠲᠣᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ |